ᠭᠠᠳᠠᠨ᠎ᠠ ᠠᠴᠠ ᠬᠠᠯᠳᠠᠨ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢᠨ ᠱᠣᠷᠲᠤ ᠴᠤᠮᠤᠷᠯᠢᠭᠲᠤ ᠨᠠᠷᠠᠨ ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠦᠨᠡᠨ ᠬᠦ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/7/29
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠢᠩᠭᠠᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ᠄    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ᠊ ᠦᠨ ᠭᠠᠳᠠᠨ‌‍᠎ᠠ᠎ᠠ ᠴᠠ ᠲᠦᠷᠢᠮᠡᠭᠡᠢᠯᠡᠨ ᠣᠷᠣᠵᠤ ᠢᠷᠡᠭᠰᠡᠨ ᠠᠮᠢᠳᠤ ᠪᠣᠳᠠᠰ ᠢ᠊ ᠰᠡᠷᠭᠡᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠴᠢᠬᠤᠯᠠ ᠴᠣᠬᠤᠯᠠᠪᠤᠷ᠊ ᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠠᠷᠢᠶᠠᠯᠠᠩ᠊ ᠤᠨ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠢᠯᠳ᠋᠊ ᠡ ᠶᠢ ᠰᠡᠷᠭᠡᠢᠯᠡᠨ ᠡᠵᠡᠮᠳᠡᠬᠦ ᠰᠠᠢᠨ ᠰᠠᠢᠬᠠᠨ ᠠᠭᠤᠷ ᠠᠮᠢᠰᠭᠤᠯ ᠢ᠊ ᠦᠷᠭᠦᠯᠵᠢᠯᠡᠨ ᠪᠤᠢ ᠪᠣᠯᠭᠠᠵᠤ᠂ ᠭᠠᠳᠠᠨ‌‍᠎ᠠ᠎ᠠ ᠴᠠ ᠲᠦᠷᠢᠮᠡᠬᠡᠢᠯᠡᠨ ᠣᠷᠣᠵᠤ ᠢᠷᠡᠭᠰᠡᠨ ᠠᠮᠢᠳᠤ ᠪᠣᠳᠠᠰ ᠤᠨ ᠲᠥᠷᠥᠯ ᠢ᠊ ᠱᠣᠪᠣᠭᠤᠷ ᠴᠡᠴᠠᠭ᠋ ᠢ᠊ ᠰᠡᠷᠭᠡᠢᠯᠡᠨ ᠵᠠᠰᠠᠬᠤ ᠠᠵᠢᠯ ᠢ᠊ ᠯᠠᠪᠳᠠᠭᠤᠨ ᠪᠠᠲᠤᠲᠠᠢ ᠰᠠᠢᠲᠤᠷ ᠬᠢᠭ᠊ ᠦᠶ᠋ᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠶᠠᠪᠤᠳᠠᠯ ᠢ᠊ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠤᠨ ᠳᠠᠶᠢᠴᠢᠯᠠᠬᠤ ᠬᠡᠷᠡᠭᠲᠡᠶ    ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠱᠣᠷᠲᠤ ᠴᠤᠮᠤᠷᠯᠢᠭᠲᠤ ᠨᠠᠷᠠᠨ ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠶ ᠲᠦᠷᠭᠡᠨ ᠪᠠᠶᠢᠴᠠᠭᠠᠯᠲᠠ ᠬᠢᠵᠦ᠂ ᠲᠠᠷᠬᠠᠯᠲᠠ ᠶᠢᠨ ᠭᠠᠵᠠᠷ ᠣᠷᠣᠨ ᠢ ᠲᠣᠳᠣᠷᠬᠠᠶ ᠣᠶᠢᠯᠠᠭᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠠᠨᠠᠭᠠᠴᠢᠯᠠᠭ᠎ᠠ ᠨᠡᠶᠢᠲᠡᠯᠡᠬᠦ᠂ ᠬᠤᠤᠷ ᠬᠥᠨᠥᠭᠡᠯ ᠢ ᠤᠬᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠵᠤ᠂ ᠮᠠᠯᠴᠢᠨ ᠲᠠᠷᠢᠶᠠᠴᠢᠳ ᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠱᠣᠣᠲᠤ ᠴᠡᠴᠡᠭ ᠢ ᠰᠡᠷᠭᠡᠶᠢᠯᠡᠨ ᠵᠠᠰᠠᠬᠤ᠂ ᠠᠷᠢᠯᠭᠠᠬᠤ ᠵᠡᠷᠭᠡ ᠠᠵᠢᠯ ᠢ ᠥᠷᠨᠢᠭᠦᠯᠵᠦ᠂ ᠬᠠᠮᠤᠭ ᠤᠨ ᠲᠦᠷᠭᠡᠨ ᠬᠤᠷᠳᠤᠴᠠ ᠶᠢ ᠦᠨᠡᠨ ᠬᠦ ᠪᠠᠲᠤᠯᠠᠵᠤ᠂ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠲᠦᠷᠦᠯ ᠢ ᠥᠷᠭᠡᠵᠢᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠶ᠃    ᠬᠤᠶᠠᠷ᠂ ᠤᠬᠠᠭᠤᠯᠭ᠎ᠠ ᠪᠣᠯᠪᠠᠰᠤᠷᠠᠭᠤᠯᠤᠯ ᠬᠢᠵᠦ᠂ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠭᠠᠳᠠᠨ᠎ᠠ ᠠᠴᠠ ᠢᠷᠡᠭᠰᠡᠨ ᠠᠮᠢᠳᠤ ᠪᠣᠳᠠᠰ ᠤᠨ ᠳᠦᠷᠰᠦ ᠶᠢ ᠦᠷᠭᠡᠨ ᠢᠶᠠᠷ ᠴᠡᠴᠡᠭ ᠢ ᠰᠡᠷᠭᠡᠶᠢᠯᠡᠨ ᠵᠠᠰᠠᠬᠤ ᠠᠵᠢᠯ ᠤᠨ ᠤᠬᠠᠭᠤᠯᠭ᠎ᠠ ᠲᠠᠶᠢᠴᠢᠯᠠᠯᠳᠠ ᠶᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠪᠣᠳᠠᠰ ᠤᠨ ᠳᠦᠷᠰᠦ ᠶᠢᠨ ᠬᠤᠤᠷ ᠬᠥᠨᠥᠭᠡᠯ ᠢ ᠥᠷᠭᠡᠨ ᠢᠶᠠᠷ ᠤᠬᠠᠭᠤᠯᠵᠤ᠂ ᠬᠥᠮᠦᠨ ᠪᠦᠬᠦᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ᠂ ᠰᠡᠷᠭᠡᠶᠢᠯᠡᠨ ᠵᠠᠰᠠᠬᠤ᠂ ᠠᠷᠢᠯᠭᠠᠬᠤ ᠵᠡᠷᠭᠡ ᠲᠠᠯ᠎ᠠ ᠶᠢᠨ ᠮᠡᠷᠭᠡᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠶᠢᠮᠠᠭ ᠤᠨ ᠰᠡᠷᠭᠡᠶᠢᠯᠡᠨ ᠵᠠᠰᠠᠬᠤ ᠠᠵᠢᠯ ᠤᠨ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃    ᠭᠤᠷᠪᠠ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠮᠡᠷᠭᠡᠵᠢᠯ ᠤᠨ ᠵᠠᠭᠪᠤᠷ ᠤᠨ ᠰᠢᠨ᠎ᠡ ᠶᠢ ᠡᠭᠦᠳᠦᠨ᠎ᠡ    ᠱᠦᠭᠦᠷᠳᠡᠨ ᠠᠷᠢᠯᠭᠠᠬᠤ᠂ ᠰᠢᠲᠠᠭᠠᠬᠤ᠂ ᠭᠦᠨ ᠪᠤᠯᠠᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠮᠠᠰᠢᠨ ᠢᠶᠠᠷ ᠠᠵᠢᠯᠯᠠᠵᠤ ᠡᠪᠡᠰᠦ ᠠᠷᠢᠯᠭᠠᠭᠴᠢ ᠡᠳ᠋ ᠵᠡᠷᠭᠡ ᠬᠢᠮᠢ ᠶᠢᠨ ᠠᠷᠭ᠎ᠠ ᠬᠡᠮᠵᠢᠶ᠎ᠡ ᠲᠠᠢ ᠬᠠᠮᠵᠢᠯᠴᠠᠨ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠱᠣᠷᠲᠤ ᠴᠡᠴᠡᠭ ᠢ ᠠᠷᠢᠯᠭᠠᠬᠤ ᠠᠵᠢᠯ ᠢ ᠶᠡᠭᠡ ᠬᠡᠪᠴᠢᠶ᠎ᠡ ᠪᠠᠷ ᠥᠷᠨᠢᠭᠦᠯᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠡᠯ᠎ᠡ ᠭᠠᠵᠠᠷ ᠤᠨ ︽ᠡᠪᠡᠰᠦ ᠪᠡᠯᠴᠢᠭᠡᠷ ᠢᠶᠠᠷ ᠡᠪᠡᠰᠦ ᠵᠠᠰᠠᠬᠤ︾ ᠠᠷᠭ᠎ᠠ ᠶᠢ ᠰᠦᠪᠡᠭᠴᠢᠯᠡᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳᠠᠪᠠᠭᠤᠯᠢᠭ ᠡᠪᠡᠰᠦᠨ ᠤ ᠦᠷ᠎ᠡ ᠳᠠᠷᠢᠬᠤ ᠪᠠᠷ ᠳᠠᠮᠵᠢᠭᠤᠯᠤᠨ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠶᠢ ᠤᠰᠠᠳᠬᠠᠨ᠎ᠠ᠃    ᠳᠥᠷᠪᠡ᠂ ᠲᠣᠬᠢᠷᠠᠭᠤᠯᠤᠯᠲᠠ ᠶᠢ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠰᠦ ᠱᠣᠷᠲᠤ ᠴᠤᠮᠤᠷᠯᠢᠭᠲᠤ ᠨᠠᠷᠠᠨ ᠬᠤᠸᠠᠷ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠠᠷ ᠭᠤᠤᠯᠳᠠᠯᠭ᠎ᠠ ᠪᠣᠯᠭᠠᠵᠤ᠂ ᠬᠢᠨᠠᠨ ᠵᠢᠯᠣᠭᠤᠳᠴᠤ ᠵᠢᠯᠣᠭᠤᠳᠬᠤ ᠪᠠᠨ ᠦᠨᠡᠨ ᠬᠦ ᠴᠢᠩᠭᠠᠳᠬᠠᠨ᠂ ᠰᠡᠷᠭᠡᠶᠢᠯᠡᠨ ᠵᠠᠰᠠᠬᠤ ᠲᠥᠰᠦᠯ ᠲᠣᠭᠲᠠᠭᠠᠬᠤ ᠶᠢᠨ ᠬᠠᠮᠲᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠤᠤᠷᠲᠤ ᠡᠪᠡᠰᠦ ᠶᠢ ᠵᠠᠰᠠᠬᠤ ᠵᠡᠷᠭᠡ ᠲᠥᠷᠥᠯ ᠵᠦᠢᠯ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠴᠢᠬᠤᠯᠠ ᠪᠥᠬᠦᠶ ᠳᠡᠮᠵᠢᠯᠭᠡ ᠪᠠᠲᠤᠯᠠᠭ᠎ᠠ ᠣᠯᠭᠤᠵᠤ᠂ ᠭᠠᠳᠠᠨ᠎ᠠ ᠠᠴᠠ ᠣᠷᠣᠵᠤ ᠢᠷᠡᠭᠰᠡᠨ ᠠᠮᠢᠳᠤ ᠪᠣᠳᠠᠰ ᠤᠨ ᠳᠦᠷᠡᠮᠡᠬᠡᠶ ᠴᠡᠴᠡᠭ ᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠢᠩᠭᠠᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ 8 ᠳ᠋ᠤᠭᠠᠷ ᠰᠠᠷ᠎ᠠ ᠶᠢᠨ 10 ᠤ ᠡᠳᠦᠷ᠂ 9 ᠳ᠋ᠦ᠋ᠭᠡᠷ ᠰᠠᠷ᠎ᠠ ᠶᠢᠨ 15 ᠤ ᠡᠳᠦᠷ ᠲᠣᠰ ᠲᠣᠰ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃    2023 ᠣᠨ ᠤ 7 ᠰᠠᠷ᠎ᠠ ᠶᠢᠨ 28 ᠤ ᠡᠳᠦᠷ 
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号