ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ᠄ | ᠡᠳᠦᠭᠡ ︽ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ | ᠠᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ | ᠬᠢᠨᠠᠮᠠᠭᠠᠶ ᠵᠢᠷᠤᠮᠯᠠᠨ ᠬᠡᠷᠡᠭᠵᠢᠭᠦᠯᠦᠭᠡᠷᠡᠢ᠃ | 2023 ᠣᠨ ᠤ 7 ᠰᠠᠷ᠎ᠠ ᠶᠢᠨ 5 ᠤ ᠡᠳᠦᠷ | | | ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠡᠰᠢᠭᠦᠳ ᠤᠨ ᠳᠦᠷᠢᠮ ᠤᠨ ᠠᠵᠢᠯᠯᠠᠬᠤ | ᠳᠦᠷᠢᠮ | ︵ᠵᠠᠰᠠᠪᠤᠷᠢ ᠣᠷᠣᠭᠤᠯᠤᠭᠰᠠᠨ ᠬᠡᠪᠯᠡᠯ︶ | ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠳ ᠤᠨ ᠲᠦᠷᠢᠮ ᠢ ᠤᠯᠠᠮ ᠨᠢᠭᠡ | ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠦᠷᠢᠮ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠤᠨ᠂ | ᠦᠨᠳᠦᠰᠦᠲᠡᠨ ᠤ ᠠᠵᠢᠯ ᠢ ᠭᠡᠰᠢᠭᠦᠨ ᠨᠢᠭᠡᠴᠡ ᠶᠢᠨ ᠲᠤᠬᠠᠶᠢᠯᠠᠭᠰᠠᠨ ᠠᠵᠢᠯ ᠲᠠᠢ ᠨᠢᠭᠲᠠ ᠤᠶᠠᠯᠳᠤᠭᠤᠯᠵᠤ᠂ ᠡᠯ᠎ᠡ | ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ᠂ ᠬᠦᠴᠦ ᠪᠠᠨ ᠬᠠᠮᠲᠤᠳᠬᠠᠨ | ᠬᠠᠮᠲᠤᠷᠠᠯᠴᠠᠬᠤ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠠᠬᠢᠭᠤᠯᠬᠤ ᠶᠢᠨ ᠲᠥᠯᠥᠭᠡ᠂ ︽ | ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠵᠢᠯ ᠤᠨ ᠲᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠲᠦᠷᠢᠮ ᠤᠨ | ᠠᠵᠢᠯ ᠤᠨ ᠲᠦᠷᠢᠮ︾ ᠪᠣᠯᠤᠨ ᠬᠢᠩᠭᠠᠨ ᠠᠶᠢᠮᠠᠭ ᠤᠨ ︽ᠭᠤᠷᠪᠠ ᠶᠢ ᠲᠣᠭᠲᠠᠭᠠᠬᠤ︾ ᠲᠥᠰᠦᠯ ᠢ ᠦᠨᠳᠦᠰᠦᠯᠡᠨ᠂ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ | ᠨᠢᠭᠡ᠂ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠪᠦᠷᠢᠯᠳᠦᠬᠦᠨ ᠨᠢᠭᠡᠴᠢ | ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ᠂ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠠᠷᠠᠳ ᠤᠨ | ᠶᠠᠪᠤᠳᠠᠯ ᠤᠨ ᠲᠣᠪᠴᠢᠶ᠎ᠠ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ | ᠬᠡᠷ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ᠂ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ | ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ | ᠦᠢᠯᠡᠴᠢᠯᠡᠭᠡᠨ ᠤ ᠲᠣᠪᠴᠢᠶ᠎ᠠ᠂ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠶᠢᠮᠠᠭ ᠤᠨ | ᠠᠵᠢᠯᠴᠢᠨ ᠤ ᠡᠪᠯᠡᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠠᠷᠠᠳ ᠤᠨ ᠪᠠᠩᠬᠢ ᠶᠢᠨ ᠬᠢᠩᠭᠠᠨ | ᠠᠶᠢᠮᠠᠭ ᠤᠨ ᠲᠥᠪ ᠰᠠᠯᠪᠤᠷᠢ ᠪᠠᠩᠬᠢ᠃ | ᠬᠤᠶᠠᠷ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ | ︵ᠨᠢᠭᠡ︶ ᠨᠡᠶᠢᠲᠡ ᠶᠢᠨ ᠡᠭᠦᠷᠭᠡ ᠬᠠᠷᠢᠭᠤᠴᠠᠯᠭ᠎ᠠ | 1. ᠭᠤᠤᠯ ᠱᠤᠭᠤᠮ ᠢᠶᠠᠷ ᠬᠥᠲᠥᠯᠪᠦᠷᠢ ᠪᠣᠯᠭᠠᠬᠤ ᠶᠢ ᠲᠣᠪᠤᠶᠢᠯᠭᠠᠨ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ | ᠣᠨᠴᠠᠯᠢᠭ ᠪᠦᠬᠦᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ | ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ᠃ ︽ᠬᠠᠮᠲᠤ ᠪᠠᠷ ᠪᠦᠯᠬᠦᠮᠳᠡᠨ ᠲᠡᠮᠡᠴᠡᠵᠦ᠂ | ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽ | ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠬᠠᠷᠠᠯᠲᠠ ᠪᠣᠯᠭᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ | ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | 2. ᠣᠨᠣᠯ ᠢᠶᠠᠷ ᠵᠡᠪᠰᠡᠭᠯᠡᠬᠦ ᠶᠢ ᠴᠢᠩᠭᠠᠷᠠᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠶᠢ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ | ᠠᠭᠤᠯᠭ᠎ᠠ ᠪᠣᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠠᠨᠠᠯ ᠢᠶᠠᠨ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠶᠤᠨ ᠲᠠᠷᠢᠬᠢᠨ ᠳᠠᠭᠠᠨ ᠬᠠᠳᠠᠩᠰᠢᠭᠤᠯᠬᠤ ᠶᠢ | ᠠᠬᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠠᠵᠢᠯᠳᠠᠨ ᠠᠵᠢᠯᠴᠢᠨ ᠢ ᠬᠦᠳᠦᠯᠦᠨ ᠵᠢᠯᠣᠭᠤᠳᠴᠤ ᠪᠠᠶᠢᠭᠠᠳ | ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ | ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ | ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ | 3. ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠠᠵᠢᠯ ᠢ ᠡᠳᠦᠷ | ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠲᠤᠰ ᠰᠠᠯᠠᠭ᠎ᠠ ᠮᠥᠴᠢᠷ ᠲᠤᠰ ᠰᠢᠰᠲ᠋ᠧᠮ ᠤᠨ | ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ | ᠣᠷᠣᠭᠤᠯᠵᠤ᠂ ᠤᠯᠤᠰ ᠲᠦᠷᠦ ᠶᠢᠨ ᠪᠠᠶᠢᠴᠠᠭᠠᠯᠲᠠ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠬᠤ᠂ | ᠠᠵᠢᠯ ᠤᠨ ᠪᠦᠲᠦᠮᠵᠢ ᠶᠢ ᠬᠢᠨᠠᠨ ᠰᠢᠯᠭᠠᠬᠤ᠂ ᠬᠥᠮᠦᠵᠢᠯ ᠪᠣᠯᠪᠠᠰᠤᠷᠠᠯ ᠳᠤ ᠣᠷᠣᠭᠤᠯᠵᠤ᠂ ᠪᠠᠶᠢᠩᠭᠤᠵᠢᠭᠤᠯᠬᠤ᠂ | ᠳᠦᠷᠢᠮᠵᠢᠭᠦᠯᠦᠨ ᠥᠷᠨᠢᠭᠦᠯᠦᠨ᠎ᠡ᠃ | 4. ᠭᠦᠨᠵᠡᠭᠡᠶ ᠪᠠᠶᠢᠴᠠᠭᠠᠨ ᠰᠤᠳᠤᠯᠤᠯᠲᠠ ᠬᠢᠨ᠎ᠡ᠃ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠤᠷᠢ ᠶᠢ | ᠦᠨᠳᠦᠰᠦᠯᠡᠨ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠰ ᠨᠢᠭᠡᠴᠢ ᠲᠣᠰ ᠬᠦᠷᠢᠶ᠎ᠡ | ᠴᠠᠷᠠᠭ᠎ᠠ ᠶᠢᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ | ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠤᠨ ᠵᠢᠯᠣᠭᠤᠳᠴᠤ᠂ ᠠᠴᠢᠶᠠᠯᠠᠪᠤᠷᠢ ᠪᠠᠨ | ᠪᠠᠶᠠᠯᠢᠭᠵᠢᠭᠤᠯᠤᠨ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠢᠳᠡᠪᠬᠢᠲᠡᠶ ᠴᠢᠷᠮᠠᠶᠢᠨ ᠪᠠᠬᠢᠵᠢᠭᠦᠯᠵᠦ᠂ ᠪᠥᠬᠦ | ᠲᠠᠯ᠎ᠠ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | 5. ︽ᠭᠤᠷᠪᠠᠨ ᠠᠴᠢ ᠬᠤᠯᠪᠣᠭᠳᠠᠯ︾ ᠣᠯᠭᠤᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠰᠢᠭᠢᠳᠦᠨ ᠬᠥᠭᠵᠢᠬᠦ ᠶᠢ ᠳᠡᠮᠵᠢᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ | ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠪᠤᠢ ᠪᠦᠬᠦᠢ ᠥᠭᠡᠷᠡᠴᠢᠯᠡᠯᠲᠡ | ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ | ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠣᠯᠭᠤᠨ᠎ᠠ᠃ | | 6. ᠤᠷᠲᠤᠳᠬᠠᠨ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃ ᠡᠯ᠎ᠡ ᠰᠠᠯᠠᠭ᠎ᠠ ᠮᠥᠴᠢᠷ ᠤᠳ | ᠳᠠᠭᠠᠭᠠᠴᠢᠯᠠᠨ ᠬᠤᠯᠪᠣᠭᠠᠯᠠᠵᠤ ᠬᠠᠮᠲᠤ ᠪᠠᠷ ᠪᠠᠶᠢᠭᠤᠯᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠲᠠᠢ | ᠤᠶᠠᠯᠳᠤᠭᠤᠯᠤᠨ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠪᠠ ᠬᠠᠪᠰᠤᠷᠤᠨ ᠲᠡᠳᠬᠦᠭᠰᠡᠨ ᠭᠠᠴᠠᠭ᠎ᠠ | ᠲᠣᠰᠬᠤᠨ ᠳᠤ ᠬᠦᠷᠴᠦ᠂ ︽ᠠᠨᠠᠷ ᠤᠨ ᠦᠷ᠎ᠡ ᠮᠡᠲᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ | ᠠᠵᠢᠯᠯᠠᠭ᠎ᠠ ᠶᠢ ᠬᠢᠨᠠᠮᠠᠭᠠᠶ ᠰᠠᠶᠢᠲᠤᠷ ᠬᠢᠵᠦ᠂ ᠳᠠᠭᠠᠭᠠᠴᠢᠯᠠᠨ ᠬᠤᠯᠪᠣᠭᠠᠯᠠᠭᠰᠠᠨ ᠨᠡᠶᠢᠭᠡᠮ ᠲᠣᠭᠤᠷᠢᠭ ᠲᠤ | ᠬᠠᠮᠵᠢᠯᠴᠠᠨ ᠨᠢᠭᠡ ᠤᠳᠠᠭᠠᠨ ᠤ ︽ᠬᠠᠷᠢᠯᠴᠠᠨ ᠬᠠᠪᠰᠤᠷᠴᠤ ᠬᠠᠷᠢᠯᠴᠠᠨ ᠬᠠᠪᠰᠤᠷᠤᠯᠴᠠᠬᠤ︾ ᠠᠵᠢᠯᠯᠠᠭ᠎ᠠ ᠶᠢ | ᠰᠠᠶᠢᠲᠤᠷ ᠥᠷᠨᠢᠭᠦᠯᠵᠦ᠂ ᠬᠠᠪᠰᠤᠷᠤᠨ ᠲᠡᠳᠬᠦᠭᠰᠡᠨ ᠭᠠᠴᠠᠭ᠎ᠠ ᠲᠣᠰᠬᠤᠨ ᠳᠤ ︽ᠨᠢᠭᠡ ᠤᠳᠠᠭᠠᠨ ᠤ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠠᠵᠢᠯᠯᠠᠭ᠎ᠠ ᠶᠢ ᠰᠠᠶᠢᠲᠤᠷ | ᠥᠷᠨᠢᠭᠦᠯᠬᠦ ᠬᠡᠷᠡᠭᠲᠡᠶ᠃ ᠡᠯ᠎ᠡ ᠦᠨᠳᠦᠰᠦᠲᠡᠨ ᠤ ᠣᠯᠠᠨ ᠲᠦᠮᠡᠨ ᠢ ᠵᠣᠬᠢᠶᠠᠨ ᠪᠠᠶᠢᠭᠤᠯᠤᠨ ᠣᠯᠠᠨ ᠶᠠᠩᠵᠤ | ᠬᠡᠯᠪᠡᠷᠢ ᠶᠢᠨ ᠭᠤᠤᠯ ᠰᠡᠳᠦᠪᠲᠦ ᠬᠥᠮᠦᠵᠢᠯ ᠪᠠ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ | ᠳᠤᠮᠳᠠᠳᠤ ᠶᠢᠨ ᠰᠣᠶᠣᠯ ᠢ ᠣᠯᠠᠨ ᠢᠶᠠᠷ ᠢᠶᠠᠨ ᠰᠤᠷᠤᠯᠴᠠᠬᠤ᠂ ᠬᠠᠷᠢᠯᠴᠠᠨ ᠬᠠᠪᠰᠤᠷᠤᠯᠴᠠᠨ ᠬᠠᠷᠢᠯᠴᠠᠨ | ᠬᠠᠪᠰᠤᠷᠤᠯᠴᠠᠬᠤ ᠠᠵᠢᠯᠯᠠᠭ᠎ᠠ ᠶᠢ ᠢᠳᠡᠪᠬᠢᠲᠡᠶ ᠵᠢᠯᠣᠭᠤᠳᠤᠨ ᠰᠠᠶᠢᠲᠤᠷ ᠥᠷᠨᠢᠭᠦᠯᠵᠦ᠂ ᠨᠡᠶᠢᠭᠡᠮ ᠵᠢᠷᠤᠮ ᠤᠨ | ᠭᠤᠤᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠦᠨᠳᠦᠰᠦᠲᠡᠨ ᠤ ᠬᠡᠷᠡᠭ | ᠶᠠᠪᠤᠳᠠᠯ ᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ | ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠤᠨ ᠤᠬᠠᠮᠰᠠᠷ | ᠂ ᠠᠷᠠᠳ ᠢᠷᠭᠡᠳ ᠤᠨ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠨ᠎ᠠ᠃ | ︵ᠬᠤᠶᠠᠷ︶ ᠡᠯ᠎ᠡ ᠪᠦᠷᠢᠯᠳᠦᠬᠦᠨ ᠨᠢᠭᠡᠴᠡ ᠶᠢᠨ ᠪᠣᠳᠠᠲᠠᠶ ᠡᠭᠦᠷᠭᠡ ᠬᠠᠷᠢᠭᠤᠴᠠᠯᠭ᠎ᠠ | 1. ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ︵1︶ ᠪᠥᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠪᠥᠬᠦ ᠠᠶᠢᠮᠠᠭ ᠤᠨ ᠤᠯᠤᠰ | ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ᠂ | ᠣᠨ ᠤ ᠲᠥᠯᠥᠪᠯᠡᠭᠡ ᠶᠢ ᠲᠤᠭᠤᠰᠢᠯᠠᠭᠤᠯᠤᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠳᠠᠭᠠᠨ | ᠦᠨᠳᠦᠰᠦᠲᠡᠨ ᠤ ᠠᠵᠢᠯ ᠢ ᠬᠦᠨᠳᠦᠳᠬᠡᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠪᠣᠶ ᠪᠥᠬᠦᠶ | ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠢᠯᠡᠷᠡᠭᠦᠯᠬᠦ ᠠᠴᠢ ᠬᠤᠯᠪᠣᠭᠳᠠᠯ ᠢ ᠢᠯᠡᠷᠡᠭᠦᠯᠬᠦ ᠶᠢ ᠴᠢᠬᠤᠯᠠᠴᠢᠯᠠᠨ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ | ᠡᠰᠡᠷᠭᠦᠴᠡᠬᠦ ᠶᠢᠨ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ | ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠬᠠᠷᠢᠭᠤᠴᠠᠨ᠎ᠠ︔ | ︵2︶ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠠᠵᠢᠯ ᠤᠨ ᠳᠤᠮᠳᠠ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠎ᠠ︔ | ︵3︶ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠦᠶ ᠵᠣᠬᠢᠰᠲᠠᠶ ᠲᠣᠬᠢᠷᠠᠭᠤᠯᠵᠤ | ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠠᠬᠢᠭᠤᠯᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ︔ | ︵4︶ ᠪᠦᠬᠦ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 2. ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ | ︵1︶ ᠤᠯᠤᠰ ᠪᠠ ᠦᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠳᠤᠮᠳᠠ᠂ ᠡᠳ᠋ ᠤᠨ ᠵᠠᠰᠠᠭ ᠤᠨ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠤᠨ᠎ᠠ︔ | ︵2︶ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠡᠳ᠋ ᠤᠨ ᠵᠠᠰᠠᠭ ᠤᠨ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ | ︵3︶ ᠬᠡᠷᠡᠭᠴᠡᠭᠡ ᠪᠠᠨ ᠦᠨᠳᠦᠰᠦᠯᠡᠨ ᠠᠶᠢᠮᠠᠭ ᠤᠨ ᠲᠣᠰ ᠱᠠᠲᠤᠨ ᠤ ᠦᠨᠳᠦᠰᠦᠲᠡᠨ ᠤ ᠠᠵᠢᠯ ᠤᠨ ᠲᠤᠰᠬᠠᠶ | ᠵᠠᠷᠤᠳᠠᠯ ᠢ ᠪᠠᠲᠤᠯᠠᠨ᠎ᠠ︔ | ︵4︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠨ ᠪᠠᠲᠤᠯᠠᠬᠤ ᠬᠡᠷᠡᠭᠲᠡᠢ︔ | ︵5︶ ᠪᠦᠬᠦ ᠠᠶᠢᠮᠠᠭ ᠤᠨ ᠡᠳ᠋ ᠤᠨ ᠵᠠᠰᠠᠭ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | ︵6︶ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤ | ᠰᠤᠷᠭᠠᠨ ᠬᠥᠮᠦᠵᠢᠯ᠂ ᠵᠢᠭᠠᠨ ᠰᠤᠷᠭᠠᠯᠲᠠ ᠶᠢᠨ ᠡᠯ᠎ᠡ ᠲᠠᠯ᠎ᠠ ᠳᠤ ᠢᠯᠡᠷᠡᠭᠦᠯᠬᠦ ᠬᠡᠷᠡᠭᠲᠡᠶ︔ | ︵7︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ ᠶᠢ | ᠢᠳᠡᠪᠬᠢᠲᠡᠢ ᠰᠠᠶᠢᠲᠤᠷ ᠬᠡᠷᠡᠭᠵᠢᠭᠦᠯᠦᠨ᠎ᠡ᠃ | ︵8︶ ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | 4. ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ | ︵1︶ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ | ᠲᠡᠷᠢᠭᠦᠨ ᠤ ᠰᠣᠶᠣᠯ ᠢᠶᠠᠷ ᠭᠤᠤᠯ ᠬᠥᠭ ᠠᠶᠠᠰ ᠢᠶᠠᠷ ᠪᠥᠬᠦ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠪᠠ︔ | ︵2︶ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠬᠥᠭᠵᠢᠭᠦᠯᠵᠦ᠂ ᠰᠣᠶᠣᠯ ᠢ ᠬᠥᠳᠡᠭᠡ | ᠪᠠᠭᠤᠯᠭᠠᠬᠤ ᠠᠵᠢᠯᠯᠠᠭ᠎ᠠ ᠶᠢ ᠥᠷᠨᠢᠭᠦᠯᠦᠨ᠎ᠡ᠃ | ︵3︶ ︽ᠭᠡᠰᠡᠷ︾ ᠵᠡᠷᠭᠡ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠢ ᠠᠪᠤᠷᠠᠨ | ᠬᠠᠮᠠᠭᠠᠯᠠᠬᠤ ᠠᠵᠢᠯ ᠢ ᠳᠠᠮᠵᠢᠵᠤ᠂ ᠦᠨᠳᠦᠰᠦᠲᠡᠨ ᠤ ᠡᠷᠲᠡᠨ ᠤ ᠨᠣᠮ ᠪᠢᠴᠢᠭ᠂ ᠬᠤᠪᠣᠷ ᠨᠠᠨᠳᠢᠨ ᠲᠡᠦᠬᠡ ᠶᠢᠨ | ᠳᠤᠷᠠᠰᠬᠠᠯᠲᠤ ᠵᠦᠢᠯᠡᠰ ᠢ ᠠᠪᠤᠷᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠭᠦᠨ ᠤ ᠳᠣᠲᠣᠷᠠᠬᠢ | ᠦᠨᠳᠦᠰᠦᠲᠡᠨ ᠤ ᠪᠦᠯᠬᠦᠮᠳᠡᠯ ᠤᠨ ᠠᠭᠤᠯᠤᠭᠳᠠᠬᠤᠨ ᠢ ᠭᠦᠢᠴᠡᠳ ᠠᠭᠤᠳᠠᠯᠤᠨ᠎ᠠ᠃ | ︵4︶ ᠨᠤᠲᠤᠭ ᠤᠨ ᠠᠭᠤᠷ ᠠᠮᠢᠰᠬᠤᠯ ᠲᠠᠢ ᠤᠷᠠᠨ ᠰᠠᠶᠢᠬᠠᠨ ᠤ ᠴᠢᠳᠠᠪᠤᠷᠢᠲᠠᠨ ᠪᠠ ᠤᠷᠠᠯᠢᠭ ᠤᠨ | ᠪᠦᠯᠬᠦᠮ ᠢ ᠬᠥᠮᠦᠵᠢᠭᠦᠯᠦᠨ᠎ᠡ︔ | ︵5︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵6︶ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ | ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠦᠨᠳᠦᠰᠦᠲᠡᠨ ᠤ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠶ | ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠲᠥᠷᠥᠯ ᠵᠦᠢᠯ ᠢ ᠤᠯᠠᠮᠵᠢᠯᠠᠨ ᠵᠠᠯᠭᠠᠮᠵᠢᠯᠠᠬᠤ ᠪᠠ ᠳᠡᠯᠭᠡᠷᠡᠭᠦᠯᠵᠦ᠂ ᠪᠦᠬᠦ | ᠤᠯᠤᠰ᠂ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ | ᠴᠤᠭᠯᠠᠭᠠᠨ ᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠠ︔ | ︵7︶ ᠡᠯ᠎ᠡ ᠲᠦᠷᠦᠯ ᠤᠨ ᠲᠡᠦᠬᠡ ᠶᠢᠨ ᠳᠡᠯᠭᠡᠨ ᠦᠵᠡᠭᠦᠯᠭᠡ ᠶᠢᠨ ᠣᠷᠳᠣᠨ᠂ ᠮᠦᠽᠧᠢ᠂ ᠳᠤᠷᠠᠰᠬᠠᠯ ᠤᠨ | ᠣᠷᠳᠣᠨ᠂ ᠦᠵᠡᠰᠬᠦᠯᠡᠩ ᠤᠨ ᠣᠷᠳᠣᠨ᠂ ᠪᠠᠭᠤᠷᠢ ᠶᠢᠨ ᠬᠠᠭᠤᠴᠢᠨ ᠪᠠᠭᠤᠷᠢ ᠶᠢᠨ ᠲᠠᠶᠢᠯᠤᠮᠵᠢ ᠶᠢᠨ ᠦᠭᠡ ᠶᠢ | ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠨᠡᠶᠢᠴᠡᠬᠦ ᠦᠭᠡᠢ ᠳᠡᠯᠭᠡᠨ ᠦᠵᠡᠭᠦᠯᠬᠦ ᠪᠠ ᠲᠠᠶᠢᠯᠪᠤᠷᠢᠯᠠᠬᠤ ᠶᠢ ᠵᠠᠯᠠᠷᠠᠭᠤᠯᠤᠨ᠎ᠠ᠃ | ︵8︶ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠠᠷᠢᠯᠭ᠎ᠠ ᠶᠢᠨ ᠬᠡᠪ | ᠰᠤᠷᠲᠠᠯ ᠢ ᠴᠢᠩᠭ᠎ᠠ ᠬᠢᠨᠠᠨ ᠬᠠᠷᠭᠤᠭᠤᠯᠤᠨ᠎ᠠ᠃ | ︵9︶ ᠣᠲᠣ ᠶᠢᠨ ᠪᠠᠶᠢᠭ᠎ᠠ ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ | ᠳᠡᠯᠭᠡᠨ ᠦᠵᠡᠭᠦᠯᠬᠦ ᠳᠡᠯᠭᠡᠨ ᠦᠵᠡᠭᠦᠯᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠳᠤ ᠨᠡᠶᠢᠴᠡᠬᠦ ᠥᠬᠡᠶ ᠠᠭᠤᠯᠭ᠎ᠠ ᠶᠢ ᠵᠢᠭᠰᠠᠭᠠᠨ ᠪᠠᠶᠢᠴᠠᠭᠠᠵᠤ ᠢᠯᠭᠠᠷᠠᠭᠤᠯᠵᠤ᠂ ᠵᠢᠩᠬᠢᠨᠢ ᠪᠠᠷ | ᠳᠠᠩᠰᠠᠯᠠᠭᠤᠯᠤᠭᠰᠠᠨ ᠥᠬᠡᠶ ᠡᠯ᠎ᠡ ᠲᠥᠷᠥᠯ ᠤᠨ ᠦᠵᠡᠭᠦᠯᠦᠯᠭᠡ ᠶᠢᠨ ᠣᠷᠳᠣᠨ᠂ ᠵᠠᠩ ᠦᠢᠯᠡ ᠶᠢᠨ ᠣᠷᠳᠣᠨ᠂ | ᠳᠡᠯᠭᠡᠨ ᠦᠵᠡᠭᠦᠯᠬᠦ ᠣᠷᠳᠣᠨ ᠪᠠᠭᠲᠠᠨ᠎ᠠ︔ | ︵10︶ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠳᠤ ᠳᠤᠮᠳᠠᠳᠤ ᠶᠢᠨ | ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠲᠡᠮᠳᠡᠭ ᠢ ᠥᠷᠭᠡᠨ ᠢᠶᠠᠷ | ᠬᠡᠷᠡᠭᠯᠡᠨ᠎ᠡ᠃ | ︵11︶ ᠵᠢᠭᠤᠯᠴᠢᠯᠠᠯ ᠤᠨ ᠲᠠᠪᠤᠨ ᠵᠤᠷᠪᠤᠰ ᠵᠠᠮ ᠱᠤᠭᠤᠮ ᠢ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ | ᠣᠶᠢᠯᠠᠭᠠᠯᠲᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠬᠤ | ᠪᠦᠬᠦ ᠶᠠᠪᠤᠴᠠ ᠪᠣᠯᠭᠠᠨ᠎ᠠ︔ | ︵12︶ ᠪᠦᠬᠦ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 5. ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ | ︵1︶ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠳᠦᠷᠢᠮ︾ ᠵᠡᠷᠭᠡ ᠦᠨᠳᠦᠰᠦᠲᠡᠨ ᠤ ᠠᠵᠢᠯ ᠳᠤ ᠬᠤᠯᠪᠣᠭᠳᠠᠬᠤ ᠬᠠᠤᠯᠢ ᠴᠠᠭᠠᠵᠠ ᠬᠠᠤᠯᠢ | ᠲᠣᠭᠲᠠᠭᠠᠯ ᠢ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠭᠤᠤᠯᠳᠠᠯᠭ᠎ᠠ ᠳᠤ ᠣᠷᠣᠭᠤᠯᠵᠤ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ | ︵2︶ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ | ᠴᠠᠭᠠᠵᠠ ᠶᠢᠨ ᠪᠠᠲᠤᠯᠠᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠨ᠎ᠠ᠃ | ︵3︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ | ᠥᠷᠨᠢᠭᠦᠯᠬᠦ ᠳᠡᠭᠡᠨ᠂ ︽ᠦᠨᠳᠦᠰᠦᠨ ᠬᠠᠤᠯᠢ︾ ᠵᠡᠷᠭᠡ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠶᠢ ᠴᠢᠬᠤᠯᠠᠴᠢᠯᠠᠨ᠎ᠠ︔ | ︵4︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠴᠢᠩᠭᠠᠳᠬᠠᠬᠤ ᠶᠢ ᠳᠡᠮᠵᠢᠵᠦ᠂ ᠦᠨᠳᠦᠰᠦᠲᠡᠨ ᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ | ᠵᠣᠬᠢᠴᠠᠩᠭᠤᠶ ᠬᠥᠭᠵᠢᠯᠲᠡ ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ | ︵5︶ ᠵᠠᠰᠠᠭ ᠤᠨ ᠣᠷᠳᠣᠨ ᠠᠴᠠ ᠦᠨᠳᠦᠰᠦᠲᠡᠨ ᠤ ᠡᠯᠧᠮᠧᠨ᠋ᠲ ᠤᠨ ᠬᠡᠷᠡᠭ ᠶᠠᠪᠤᠳᠠᠯ ᠢ ᠰᠢᠢᠳᠪᠦᠷᠢᠯᠡᠬᠦ ᠳᠤ | ᠬᠠᠤᠯᠢ ᠴᠠᠭᠠᠵᠠ ᠶᠢᠨ ᠳᠡᠮᠵᠢᠯᠭᠡ ᠬᠠᠩᠭᠠᠨ᠎ᠠ︔ | ︵6︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠤᠬᠠᠭᠤᠯᠭ᠎ᠠ ᠥᠷᠨᠢᠭᠦᠯᠬᠦ ᠶᠢ ᠵᠢᠯᠣᠭᠤᠳᠤᠨ᠎ᠠ︔ | ︵7︶ ᠪᠥᠬᠦ ᠠᠶᠢᠮᠠᠭ ᠤᠨ ᠬᠠᠤᠯᠢ ᠴᠠᠭᠠᠵᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | 6. ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ︵1︶ ᠦᠨᠳᠦᠰᠦᠲᠡᠨ ᠤ ᠲᠠᠯ᠎ᠠ ᠳᠤ ᠬᠤᠯᠪᠣᠭᠳᠠᠬᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠤᠯᠤᠰ ᠣᠷᠣᠨ ᠤ ᠨᠢᠭᠡᠳᠦᠯ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠨ᠎ᠠ᠃ | ︵2︶ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠳᠤᠮᠳᠠ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠬᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵3︶ ᠪᠥᠬᠦ ᠠᠶᠢᠮᠠᠭ ᠤᠨ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠡᠷᠦᠬᠡ ᠠᠮᠠ ᠶᠢᠨ | ᠲᠠᠩᠰᠠ ᠶᠢᠨ ᠮᠡᠳᠡᠭᠡ ᠵᠠᠩᠭᠢ ᠶᠢ ᠬᠠᠪᠰᠤᠷᠤᠨ ᠬᠠᠩᠭᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ | ᠡᠯ᠎ᠡ ᠦᠨᠳᠦᠰᠦᠲᠡᠨ ᠤ ᠰᠢᠭᠢᠳᠬᠡᠯ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠬᠠᠮᠢᠶ᠎ᠠ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭᠠᠴᠠᠬᠤ | ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ︔ | ︵4︶ ᠦᠨᠳᠦᠰᠦᠲᠡᠨ ᠤ ᠪᠦᠷᠢᠯᠳᠦᠬᠦᠨ ᠢ ᠥᠭᠡᠷᠡᠴᠢᠯᠡᠬᠦ ᠠᠵᠢᠯ ᠤᠨ ᠳᠤᠮᠳᠠᠬᠢ ᠬᠤᠯᠪᠣᠭᠳᠠᠯ ᠪᠦᠬᠦᠢ | ᠣᠨᠴᠠᠭᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵5︶ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠦᠢᠯᠡᠴᠢᠯᠡᠭᠡᠨ ᠤ | ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ | ︵6︶ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠰᠠᠶᠢᠲᠤᠷ | ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠡᠪᠳᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ | ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃ | ︵7︶ ᠪᠦᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | 7. ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ︵1︶ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠦᠨᠳᠦᠰᠦᠲᠡᠨ ᠨᠦᠭᠦᠳ ᠤᠨ | ᠳᠤᠮᠳᠠᠳᠤ ᠶᠢᠨ ᠰᠣᠶᠣᠯ ᠤᠨ ᠲᠡᠮᠳᠡᠭ ᠢ ᠬᠠᠮᠲᠤ ᠪᠠᠷ ᠡᠳ᠋ᠯᠡᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠦᠨ᠎ᠡ︔ | ︵2︶ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢᠨ ᠲᠣᠭᠤᠷᠢᠨ ᠳᠤ᠂ ᠬᠤᠲᠠ ᠪᠠ | ᠭᠤᠤᠯᠳᠠᠯᠭ᠎ᠠ ᠲᠠᠢ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ | ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ︔ | ︵3︶ ᠭᠠᠵᠠᠷ ᠤᠨ ᠨᠢᠭᠤᠷ ᠤᠨ ᠪᠠᠷᠢᠯᠭ᠎ᠠ᠂ ᠬᠤᠲᠠ ᠶᠢᠨ ᠵᠠᠮ᠂ ᠴᠡᠴᠡᠷᠯᠢᠭ ᠤᠨ ᠦᠵᠡᠮᠵᠢ ᠳᠤᠮᠳᠠ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢᠨ ᠲᠡᠮᠳᠡᠭ ᠢ | ᠬᠡᠷᠡᠭᠯᠡᠨ᠎ᠡ︔ | ︵4︶ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ | ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 8. ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ︵1︶ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠶ︔ | ︵2︶ ᠵᠠᠮ ᠬᠠᠷᠢᠯᠴᠠᠭᠠᠨ ᠤ ᠢᠯᠡᠳᠬᠡᠮᠵᠢ ᠲᠡᠮᠳᠡᠭ᠂ ᠫᠠᠶᠢᠰᠠ ᠢᠯᠡᠷᠬᠡᠶᠢᠯᠡᠯ ᠢ ᠠᠰᠢᠭᠯᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ︔ | ︵3︶ ᠪᠦᠬᠦ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 9. ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ︵1︶ ᠡᠯ᠎ᠡ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠠᠰᠢᠭᠯᠠᠬᠤ᠂ ᠬᠠᠮᠠᠭᠠᠯᠠᠬᠤ | ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ | ᠵᠡᠷᠭᠡ ᠲᠠᠯ᠎ᠠ ᠪᠠᠷ ᠬᠢ ᠣᠨᠴᠠᠭᠠᠶ ᠠᠰᠠᠭᠤᠳᠠᠯ ᠢ ᠵᠢᠯᠣᠭᠤᠳᠤᠨ ᠰᠠᠶᠢᠲᠤᠷ ᠰᠢᠶ᠋ᠳᠪᠦᠷᠢᠯᠡᠵᠦ᠂ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠳᠠᠬᠢ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠠᠰᠠᠭᠤᠳᠠᠯ ᠢ ᠲᠣᠬᠢᠲᠠᠶ | ᠰᠠᠶᠢᠲᠤᠷ ᠰᠢᠶ᠋ᠳᠪᠦᠷᠢᠯᠡᠨ᠎ᠡ᠃ | ︵2︶ ᠬᠤᠲᠠ ᠬᠥᠳᠡᠭᠡ ᠶᠢᠨ ᠲᠥᠯᠥᠪᠵᠢᠭᠦᠯᠭᠡ ᠳᠤ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ | ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠣᠶ ᠪᠣᠯᠭᠠᠬᠤ ᠪᠠ ᠲᠣᠪᠤᠶᠢᠯᠭᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ︔ | ︵3︶ ᠪᠦᠬᠦ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 10. ᠠᠶᠢᠮᠠᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ | ︵1︶ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠳᠡᠭᠡᠳᠦ ᠬᠡᠪ ᠴᠢᠨᠠᠷ ᠲᠠᠢ ᠮᠠᠯᠴᠢᠨ ᠲᠠᠷᠢᠶᠠᠴᠢᠨ ᠢ | ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ | ᠠᠬᠢᠭᠤᠯᠤᠨ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠮᠠᠯᠵᠢᠬᠤ | ᠲᠠᠷᠢᠶᠠᠯᠠᠬᠤ ᠣᠷᠣᠨ ᠢ ᠪᠥᠲᠥᠭᠡᠨ ᠪᠠᠶᠢᠭᠤᠯᠤᠨ᠎ᠠ︔ | ︵2︶ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠡᠵᠡᠩᠨᠡᠯᠲᠡ ᠶᠢᠨ ᠬᠡᠯᠪᠡᠷᠢ ᠶᠢ | ᠪᠠᠶᠠᠯᠢᠭᠵᠢᠭᠤᠯᠵᠤ᠂ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ︵3︶ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ | ᠃ | 11 ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ︵1︶ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ | ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ | ᠲᠠᠨᠢᠯᠲᠠ︾ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ | ᠬᠥᠭᠵᠢᠬᠦ ᠶᠢ ᠨᠢᠭᠲᠠᠷᠠᠭᠤᠯᠤᠨ᠎ᠠ᠃ | ︵2︶ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤᠳᠬᠠᠬᠤ ᠲᠠᠢ ᠤᠶᠠᠯᠳᠤᠭᠤᠯᠵᠤ᠂ ᠪᠦᠬᠦ ᠠᠶᠢᠮᠠᠭ ᠤᠨ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ︵3︶ ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ | ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 12. ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ | ︵1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠮᠥᠨ︾ ᠭᠡᠬᠦ ᠠᠮᠢ ᠠᠬᠤᠢ ᠶᠢᠨ ᠪᠣᠯᠪᠠᠰᠤᠨ ᠤ ᠤᠢᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠵᠤ᠂ | ᠪᠣᠬᠢᠷᠲᠤᠯ ᠦᠭᠡᠢ ᠬᠢᠩᠭᠠᠨ ᠤ ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠢᠶᠠᠷ | ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ | ᠰᠣᠶᠣᠯ ᠤᠨ ᠲᠤᠬᠠᠢ ᠮᠡᠳᠡᠷᠡᠮᠵᠢ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠮᠠᠨ ᠤ ᠠᠶᠢᠮᠠᠭ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃ | ︵2︶ ᠪᠥᠬᠦ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 13᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ︵1︶ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠥᠭᠡᠨ ᠲᠣᠭᠠᠲᠤ | ᠦᠨᠳᠦᠰᠦᠲᠡᠨ ᠤ ᠺᠠᠳ᠋ᠷ ᠪᠣᠯᠤᠨ ᠡᠯ᠎ᠡ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ ᠰᠢᠯᠢᠨ | ᠳᠡᠪᠰᠢᠭᠦᠯᠬᠦ ᠲᠥᠷᠥ ᠶᠢᠨ ᠪᠣᠳᠣᠯᠭ᠎ᠠ ᠪᠣᠯᠤᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ | ︵2︶ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ | ︔ | ︵3︶ ᠡᠯ᠎ᠡ ᠦᠨᠳᠦᠰᠦᠲᠡᠨ ᠤ ᠣᠯᠠᠨ ᠲᠦᠮᠡᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ | ᠣᠷᠣᠰᠢᠵᠤ ᠪᠠᠶᠢᠭ᠎ᠠ ᠣᠨᠴᠣᠭᠤᠶ ᠬᠦᠴᠢᠷᠳᠡᠯ ᠪᠠ ᠠᠰᠠᠭᠤᠳᠠᠯ ᠢ ᠬᠢᠨᠠᠮᠠᠭᠠᠶ ᠰᠢᠶ᠋ᠳᠪᠦᠷᠢᠯᠡᠨ᠎ᠡ᠃ | ︵4︶ ᠪᠦᠬᠦ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 14. ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ | ︵1︶ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ᠂ | ᠨᠡᠶᠢᠭᠡᠮ ᠤᠨ ᠠᠰᠠᠷᠠᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ | ᠠᠷᠠᠳᠴᠢᠯᠠᠯ ᠪᠠ ᠨᠡᠶᠢᠭᠡᠮ ᠤᠨ ᠪᠠᠶᠢᠭᠤᠯᠤᠯᠲᠠ ᠵᠢᠴᠢ ᠭᠠᠵᠠᠷ ᠤᠨ ᠨᠡᠷ᠎ᠡ᠂ ᠣᠷᠣᠰᠢᠭᠤᠯᠭ᠎ᠠ ᠶᠢᠨ ᠬᠠᠮᠢᠶᠠᠷᠤᠯᠲᠠ᠂ | ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠤᠰᠬᠠᠢ | ᠵᠦᠢᠯ ᠤᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠶᠢᠨ ᠬᠤᠯᠪᠣᠭᠳᠠᠯ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵2︶ ᠬᠤᠳᠠ ᠶᠢᠨ ᠦᠨᠳᠦᠰᠦᠲᠡᠨ ᠤ ᠠᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ | ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢᠶᠠᠷ ᠬᠦᠴᠦᠯᠡᠬᠦ ᠴᠡᠭ ᠪᠣᠯᠭᠠᠵᠤ᠂ ᠬᠤᠳᠠ ᠶᠢᠨ | ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠡᠷᠡᠭᠲᠡᠢ︔ | ︵3︶ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | 15᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ︵1︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠪᠦᠬᠦ ᠲᠠᠯ᠎ᠠ ᠪᠠᠷ ᠴᠢᠩᠭᠠᠳᠬᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵2︶ ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠲᠠ ᠬᠥᠳᠡᠭᠡ ᠶᠢᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔ | ︵3︶ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠰᠢᠮᠡᠭᠦᠷ ᠬᠤᠷᠣᠬᠠᠶ ᠶᠢᠨ | ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠤᠨ᠎ᠠ︔ | ︵4︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠷᠴᠢᠮ ᠢᠶᠠᠨ ᠲᠠᠰᠤᠷᠠᠯᠲᠠ ᠥᠬᠡᠶ | ᠴᠢᠩᠭᠠᠷᠠᠭᠤᠯᠵᠤ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠠᠮᠤᠷ | ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ︵5︶ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳ᠋ᠭᠦᠨ ᠠᠬᠢᠭᠤᠯᠬᠤ ᠡᠯ᠎ᠡ ᠵᠦᠢᠯ ᠤᠨ | ᠬᠠᠤᠯᠢ ᠲᠣᠭᠲᠠᠭᠠᠯ ᠪᠠ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠡᠮᠨᠡᠯᠭᠡ ᠶᠢᠨ ᠬᠤᠷᠢᠶᠠᠨ ᠤ | ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠪᠠ ᠬᠢᠲᠠᠳ ᠡᠮ ᠡᠮᠨᠡᠯᠭᠡ ᠶᠢ ᠲᠡᠳ᠋ᠭᠦᠨ ᠳᠡᠮᠵᠢᠬᠦ | ᠡᠷᠴᠢᠮ ᠢᠶᠠᠨ ᠴᠢᠨ᠋ᠬᠠᠷᠠᠭᠤᠯᠵᠤ᠂ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠢ ᠢᠳᠡᠪᠬᠢᠲᠡᠢ ᠪᠠᠷ ᠬᠥᠮᠥᠵᠢᠭᠦᠯᠦᠨ᠎ᠡ︔ | ︵6︶ ᠪᠦᠬᠦ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 16. ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵1︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠯᠦᠭᠡ | ᠲᠣᠬᠢᠷᠠᠯᠴᠠᠭᠰᠠᠨ ᠪᠣᠳᠠᠲᠠᠶ ᠠᠷᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵2︶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠲᠦᠷᠭᠡᠳ᠋ᠬᠡᠬᠦ ᠶᠢ ᠳᠡᠮᠵᠢᠨ᠎ᠡ︔ | | ︵3︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ︽ᠰᠠᠭᠠᠳ ᠥᠬᠡᠶ ᠨᠡᠪᠲᠡᠷᠡᠬᠦ | ᠵᠠᠮ︾ ᠢ ᠰᠠᠭᠠᠳ ᠥᠬᠡᠶ ᠨᠡᠪᠲᠡᠷᠡᠭᠦᠯᠵᠦ᠂ ᠥᠨᠳᠥᠷ ᠪᠦᠲᠦᠮᠵᠢᠲᠡᠶ᠂ ᠳᠥᠭᠦᠮ ᠳᠥᠲᠡ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠦᠢᠯᠡᠴᠢᠯᠡᠭᠡ ᠶᠢ ᠬᠠᠩᠭᠠᠨ᠎ᠠ︔ | ︵4︶ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠵᠢᠷᠤᠮᠵᠢᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ︔ | | ︵5︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠥᠩᠭᠡᠨ ᠲᠠᠯ᠎ᠠ ᠳᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠵᠠᠷ ᠮᠡᠳᠡᠭᠡ ᠶᠢᠨ | ᠠᠭᠤᠯᠭ᠎ᠠ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ︔ | ︵6︶ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠨᠡᠷᠡᠶᠢᠳᠦᠯ᠂ ᠲᠠᠸᠠᠷ ᠤᠨ ᠲᠡᠮᠳᠡᠭ᠂ ᠵᠠᠷ | ᠮᠡᠳᠡᠭᠡ ᠬᠡᠷᠡᠭᠯᠡᠬᠦ ᠦᠭᠡ ᠬᠡᠯᠡ ᠵᠡᠷᠭᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠱᠠᠭᠠᠷᠳᠠᠯᠭ᠎ᠠ ᠶᠢ ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠨ᠎ᠡ︔ | ︵7︶ ᠪᠦᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | 17. ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | ︵1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ | ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠯᠠ ᠤᠰᠤ ᠤᠢ ᠰᠢᠭᠤᠢ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠎ᠡ᠃ | ︵2︶ ᠤᠢ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵3︶ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ | ᠬᠢᠭᠡᠳ ᠬᠠᠮᠠᠭᠠᠯᠠᠯᠲᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵4︶ ᠪᠥᠬᠦ ᠠᠶᠢᠮᠠᠭ ᠤᠨ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 18. ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ | ︵1︶ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | | ︵2︶ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠢᠨᠵᠧᠨᠧᠷᠢᠩ | ᠪᠣᠯᠤᠨ ᠤᠰᠤ ᠬᠥᠷᠥᠰᠥ ᠶᠢ ᠬᠠᠮᠠᠭᠠᠯᠠᠬᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ︵3︶ ᠪᠦᠬᠦ ᠠᠶᠢᠮᠠᠭ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | 19 ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ | ︵1︶ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠵᠥᠪᠰᠢᠶᠡᠷᠡᠭᠰᠡᠨ ᠲᠠᠸᠠᠷ ᠦᠢᠯᠡᠳ᠋ᠪᠦᠷᠢᠯᠡᠬᠦ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ︔ | ︵2︶ ᠦᠨᠳᠦᠰᠦᠲᠡᠨ ᠤ ᠠᠷᠠᠯᠵᠢᠶᠠᠨ ᠤ ᠬᠥᠭᠵᠢᠯᠲᠡ ᠶᠢ ᠲᠡᠳ᠋ᠭᠦᠨ ᠳᠡᠮᠵᠢᠵᠦ᠂ ᠦᠨᠳᠦᠰᠦᠲᠡᠨ ᠤ ᠠᠷᠠᠯᠵᠢᠶ᠎ᠠ | ᠠᠷᠠᠳ ᠤᠨ ᠬᠡᠷᠡᠭᠰᠡᠯ ᠤᠨ ᠠᠵᠤ ᠠᠬᠤᠶᠢᠯᠠᠯ ᠤᠳ ᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠪᠠ ᠭᠠᠳᠠᠭᠰᠢ | ᠴᠢᠭᠯᠡᠭᠦᠯᠦᠭᠰᠡᠨ ᠠᠵᠤ ᠠᠬᠤᠢ ᠶᠢ ᠬᠥᠭᠵᠢᠭᠦᠯᠬᠦ ᠨᠥᠬᠦᠴᠡᠯ ᠪᠠ ᠣᠷᠴᠢᠨ ᠨᠥᠬᠦᠴᠡᠯ ᠢ ᠢᠳᠡᠪᠬᠢᠲᠡᠢ ᠪᠠᠷ ᠪᠣᠢ | ᠪᠣᠯᠭᠠᠨ᠎ᠠ︔ | | ︵3︶ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠭᠤᠮᠲᠠ ᠳᠤ ᠬᠤᠯᠪᠣᠭᠳᠠᠬᠤ | ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠣᠬᠢᠴᠠᠭᠤᠯᠤᠨ ᠠᠬᠢᠭᠤᠯᠵᠤ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ | ᠰᠠᠶᠢᠲᠤᠷ ᠠᠳᠬᠤᠨ᠎ᠠ︔ | ︵4︶ ᠪᠥᠬᠦ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ | ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | 20 ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ | ︵1︶ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵ | ᠲᠤᠰᠬᠠᠢ ᠣᠷᠣᠨ᠂ ᠵᠸᠤ᠂ ᠠᠶᠢᠮᠠᠭ︶ ᠶᠣᠰᠣᠭᠠᠷ︶︾ ᠦᠨᠳᠦᠰᠦᠲᠡᠨ ᠤ ᠲᠤᠭ᠎ᠠ ᠪᠦᠷᠢᠳᠬᠡᠯ ᠪᠠ ᠠᠵᠤ | ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠬᠤ ᠠᠵᠢᠯ ᠢ ᠬᠠᠪᠰᠤᠷᠤᠨ ᠰᠠᠶᠢᠲᠤᠷ ᠬᠢᠵᠦ᠂ ᠬᠠᠮᠢᠶ᠎ᠠ ᠪᠥᠬᠦᠶ | ᠬᠤᠰᠢᠭᠤ ᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠬᠢᠯᠢ ᠶᠢᠨ ᠬᠤᠰᠢᠭᠤ | ᠬᠤᠲᠠ᠂ ᠮᠠᠯᠵᠢᠬᠤ ᠣᠷᠣᠨ ᠤ ᠬᠠᠭᠠᠰ ᠮᠠᠯᠵᠢᠬᠤ ᠣᠷᠣᠨ᠂ ᠦᠨᠳᠦᠰᠦᠲᠡᠨ ᠤ ᠰᠢᠶᠠᠩ ᠵᠡᠷᠭᠡ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠬᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ | ︵2︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ | ᠦᠨᠳᠦᠰᠦᠲᠡᠨ ᠨᠦᠭᠦᠳ ᠤᠨ ᠰᠢᠭᠢᠳᠬᠡᠯ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭᠠᠴᠠᠬᠤ | ᠪᠣᠳᠣᠯᠭ᠎ᠠ ᠰᠠᠨᠠᠭᠤᠯᠭ᠎ᠠ ᠳᠤᠷᠠᠳᠤᠨ᠎ᠠ︔ | ︵3︶ ᠲᠤᠭ᠎ᠠ ᠪᠦᠷᠢᠳᠬᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠬᠤ ᠬᠡᠷᠡᠭᠲᠡᠢ︔ | 21 ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ︵1︶ ᠡᠯ᠎ᠡ ᠲᠥᠷᠥᠯ ᠤᠨ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠮᠡᠷᠭᠡᠵᠢᠯ ᠤᠨ | ᠥᠭᠡᠷᠡᠴᠢᠯᠡᠯᠲᠡ ᠶᠢ ᠲᠦᠷᠭᠡᠳᠬᠡᠨ᠂ ᠰᠢᠨ᠎ᠡ ᠦᠢᠯᠡᠳᠬᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠠᠵᠤ | ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ᠃ | ︵2︶ ᠮᠡᠳᠡᠭᠡ ᠵᠠᠨ᠋ᠭᠢᠵᠢᠯᠲᠠ ᠶᠢᠨ ᠪᠠᠶᠢᠭᠤᠯᠤᠯᠲᠠ ᠵᠢᠴᠢ ᠮᠡᠳᠡᠭᠡ ᠵᠠᠨ᠋ᠭᠢ ᠶᠢᠨ ᠠᠵᠤ ᠦᠢᠯᠡᠰ ᠤᠨ | ᠬᠥᠭᠵᠢᠯᠲᠡ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ︔ | ︵3︶ ᠪᠦᠬᠦ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 22. ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ︵1︶ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠤᠳᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠶ ᠰᠢᠢᠳᠪᠦᠷᠢᠯᠡᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ | ︵2︶ ᠪᠦᠬᠦ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠲᠦᠯᠬᠢᠨ ᠠᠬᠢᠭᠤᠯᠤᠨ᠎ᠠ᠃ | 23 ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠭᠡᠷ | ︵1︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠤ ᠬᠤᠯᠪᠣᠭᠳᠠᠬᠤ ᠭᠠᠳᠠᠭᠠᠳᠤ ᠶᠠᠪᠤᠳᠠᠯ ᠤᠨ | ᠠᠵᠢᠯᠯᠠᠭ᠎ᠠ ᠶᠢ ᠵᠢᠯᠣᠭᠤᠳᠬᠤ ᠪᠠ ᠳᠡᠮᠵᠢᠨ᠎ᠡ︔ | ︵2︶ ᠦᠨᠳᠦᠰᠦᠲᠡᠨ ᠨᠦᠭᠦᠳ ᠤᠨ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠶᠢ ᠠᠬᠢᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠭᠠᠳᠠᠭᠠᠳᠤ ᠲᠠᠢ ᠨᠥᠬᠦᠷᠰᠡᠭ ᠢᠶᠠᠷ ᠬᠠᠷᠢᠯᠴᠠᠬᠤ ᠠᠵᠢᠯᠯᠠᠭ᠎ᠠ | ᠥᠷᠨᠢᠭᠦᠯᠦᠨ᠎ᠡ᠃ | ︵3︶ ᠬᠢᠯᠢ ᠶᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠬᠦᠯᠵᠦ᠂ ᠣᠶᠢᠷ᠎ᠠ ᠬᠠᠪᠢ ᠪᠠᠷ ᠳᠠᠮᠵᠢᠨ᠂ | ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠰᠠᠶᠢᠲᠤᠷ ᠬᠢᠬᠦ ᠬᠡᠷᠡᠭᠲᠡᠢ︔ | ︵4︶ ᠬᠢᠯᠢ ᠬᠢᠵᠠᠭᠠᠷ ᠣᠷᠣᠨ ᠳᠤ ᠬᠤᠯᠪᠣᠭᠳᠠᠬᠤ ᠰᠠᠯᠠᠭ᠎ᠠ ᠮᠥᠴᠢᠷ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | 24. ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ︵1︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ︔ | ︵2︶ ᠠᠵᠢᠯ ᠲᠥᠷᠥᠯ ᠤᠨ ᠴᠣᠩᠬᠤᠪᠴᠢ ᠨᠢᠭᠡᠴᠡ ᠶᠢ ᠵᠢᠯᠣᠭᠤᠳᠤᠨ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠨ᠎ᠡ︔ | ︵3︶ ᠪᠥᠬᠦ ᠠᠶᠢᠮᠠᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | 25. ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ | ︵1︶ ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ | ᠬᠦᠷᠢᠶᠡᠨ ᠳᠠᠬᠢ ᠴᠡᠷᠢᠭ ᠠᠴᠠ ᠬᠠᠯᠠᠭᠳᠠᠭᠰᠠᠳ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ | ᠡᠯ᠎ᠡ ᠦᠨᠳᠦᠰᠦᠲᠡᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ᠂ | ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ | ︵2︶ ᠪᠥᠬᠦ ᠠᠶᠢᠮᠠᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 26. ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ︵1︶ ᠪᠥᠬᠦ ᠠᠶᠢᠮᠠᠭ ᠤᠨ ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ | ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠳᠠᠭᠠᠨ᠂ ᠦᠨᠳᠦᠰᠦᠲᠡᠨ ᠤ | ᠬᠦᠴᠦᠨ ᠵᠦᠢᠯ ᠲᠠᠢ ᠬᠤᠯᠪᠣᠭᠳᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠦᠴᠦᠨ ᠵᠦᠢᠯ ᠢ | ᠭᠦᠢᠴᠡᠳ ᠪᠣᠳᠣᠯᠬᠢᠯᠠᠬᠤ ᠬᠡᠷᠡᠭᠲᠡᠶ︔ | ︵2︶ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠶᠤᠯᠭᠦᠢ ᠦᠢᠯᠡᠳ᠋ᠪᠦᠷᠢᠯᠡᠯ ᠤᠨ ᠲᠤᠬᠠᠢ ᠤᠬᠠᠭᠤᠯᠭ᠎ᠠ | ᠬᠥᠮᠥᠵᠢᠯ ᠪᠠ ᠪᠣᠯᠪᠠᠰᠤᠷᠠᠭᠤᠯᠤᠯ ᠤᠨ ᠠᠵᠢᠯ ᠢ ᠴᠢᠨ᠋ᠬᠠᠳᠭᠠᠨ᠎ᠠ︔ | ︵3︶ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠵᠢᠴᠢ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ︔ | ︵4︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠬᠢᠨ᠎ᠡ᠃ | 27 ᠠᠶᠢᠮᠠᠭ ᠤᠨ ᠬᠢᠨᠠᠨ ᠪᠣᠳᠣᠬᠤ ᠲᠣᠪᠴᠢᠶ᠎ᠠ | ︵1︶ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠡᠳ᠋ ᠤᠨ ᠵᠠᠰᠠᠭ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠡᠭᠦᠷᠭᠡ ᠶᠢ ᠰᠠᠶᠢᠲᠤᠷ ᠭᠦᠢᠴᠡᠳᠬᠡᠨ᠎ᠡ︶ ᠨᠥᠬᠦᠪᠥᠷᠢ ᠪᠡᠯᠡ ᠮᠥᠩᠭᠦ︾ ᠶᠢᠨ ᠲᠤᠰᠬᠠᠶ ᠵᠦᠢᠯ ᠢᠶᠠᠷ | ᠬᠢᠨᠠᠨ ᠪᠤᠳᠤᠵᠦ᠂ ᠪᠡᠯᠡ ᠮᠥᠩᠭᠦ ᠶᠢ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠬᠡᠷᠡᠭᠯᠡᠬᠦ ᠶᠢ ᠪᠠᠲᠤᠯᠠᠬᠤ ᠬᠡᠷᠡᠭᠲᠡᠶ︔ | | ︵2︶ ᠪᠦᠬᠦ ᠠᠶᠢᠮᠠᠭ ᠤᠨ ᠬᠢᠨᠠᠨ ᠪᠤᠳᠤᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | 28᠂ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | ︵1︶ ᠮᠥᠩᠭᠦᠨ ᠭᠦᠢᠯᠭᠡᠭᠡᠨ ᠤ ᠬᠢᠨᠠᠯᠲᠠ ᠲᠠᠯᠪᠢᠬᠤ ᠪᠠᠢᠭᠤᠯᠤᠮᠵᠢ ᠲᠠᠢ ᠬᠠᠮᠵᠢᠯᠴᠠᠨ᠂ ᠤᠯᠤᠰ ᠤᠨ | ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ | ︵2︶ ᠠᠷᠠᠳ ᠤᠨ ᠪᠠᠩᠬᠢ ᠪᠣᠯᠣᠨ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ᠂ ᠮᠥᠩᠭᠦᠨ | ᠭᠦᠢᠯᠭᠡᠭᠡᠨ ᠤ ᠦᠢᠯᠡᠴᠢᠯᠡᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ ᠤᠨ ᠬᠤᠯᠪᠣᠭᠳᠠᠯ ᠪᠦᠬᠦᠢ | ᠦᠨᠳᠦᠰᠦᠲᠡᠨ ᠤ ᠠᠷᠠᠯᠵᠢᠶ᠎ᠠ ᠪᠣᠯᠣᠨ ᠴᠥᠭᠡᠨ ᠲᠣᠭᠠᠲᠤ ᠦᠨᠳᠦᠰᠦᠲᠡᠨ ᠤ ᠣᠨᠴᠠ ᠬᠡᠷᠡᠭᠰᠡᠬᠦ ᠲᠠᠸᠠᠷ ᠤᠨ | ᠦᠢᠯᠡᠳᠪᠦᠷᠢᠯᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵3︶ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 29᠂ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ︵1︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠡᠮᠴᠢᠯᠡᠭᠡᠨ ᠤ ᠪᠠᠲᠤᠯᠠᠭ᠎ᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠥᠬᠡᠶ ᠨᠡᠮᠡᠭᠳᠡᠭᠦᠯᠦᠨ᠎ᠡ᠃ | ︵2︶ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠶ ᠵᠠᠰᠠᠯᠲᠠ ᠶᠢᠨ ᠡᠷᠴᠢᠮ ᠢ | ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔ | ︵3︶ ᠪᠦᠬᠦ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | 30᠂ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ | ︵1︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠪᠠᠶᠢᠭᠤᠯᠤᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠵᠡᠷᠭᠡ | ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠡᠯ᠎ᠡ ᠵᠦᠢᠯ ᠤᠨ ᠲᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ︵2︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠡᠭᠴᠡ ᠬᠠᠮᠢᠶᠠᠷᠬᠤ | ᠰᠠᠯᠠᠭ᠎ᠠ ᠮᠥᠴᠢᠷ᠂ ᠳᠠᠪᠬᠤᠷ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠴᠣᠩᠬᠤ ᠵᠢᠴᠢ ᠣᠷᠣᠵᠤ | ᠰᠠᠭᠤᠭᠰᠠᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠵᠢᠷᠤᠮᠵᠢᠯ᠂ | ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠎ᠠ︔ | ︵3︶ ᠪᠥᠬᠦ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | 31᠂ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ᠂ ᠪᠦᠬᠦ ᠤᠯᠤᠰ ᠤᠨ ᠡᠯ᠎ᠡ ᠭᠠᠵᠠᠷ ᠯᠤᠭ᠎ᠠ ᠶᠢᠨ | ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠠᠵᠢᠯ ᠤᠨ ᠳᠤᠮᠳᠠ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠨ᠎ᠠ᠃ | 32᠂ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ | ︵1︶ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ ᠪᠠᠶᠢᠭᠠᠳ ᠦᠨᠳᠦᠰᠦᠲᠡᠨ ᠤ ᠬᠡᠷᠡᠭᠰᠡᠯ ᠤᠨ | ᠲᠣᠭᠲᠠᠭᠰᠠᠨ ᠴᠢᠭ ᠪᠦᠬᠦᠢ ᠦᠢᠯᠡᠳᠪᠦᠷᠢᠯᠡᠬᠦ ᠠᠵᠤ ᠠᠬᠤᠶᠢᠯᠠᠯ᠂ ᠦᠨᠳᠦᠰᠦᠲᠡᠨ ᠤ ᠠᠷᠠᠯᠵᠢᠶ᠎ᠠ ᠪᠠ | ᠦᠨᠳᠦᠰᠦᠲᠡᠨ ᠤ ᠭᠠᠵᠠᠷ ᠣᠷᠣᠨ ᠤ ᠶᠠᠳᠠᠭᠤ ᠶᠢ ᠲᠡᠳᠬᠦᠬᠦ ᠲᠤᠰᠬᠠᠶ ᠵᠦᠢᠯ ᠤᠨ ᠵᠢᠭᠡᠯᠡᠯᠭᠡ ᠶᠢᠨ ᠭᠦᠢᠴᠡᠳᠬᠡᠯ | ᠲᠤᠭ᠎ᠠ ᠶᠢ ᠨᠠᠶᠢᠳᠠᠪᠤᠷᠢᠵᠢᠭᠤᠯᠤᠨ᠎ᠠ︔ | ︵2︶ ᠤᠯᠤᠰ ᠠᠴᠠ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠪᠠ ᠦᠨᠳᠦᠰᠦᠲᠡᠨ ᠤ ᠣᠨᠴᠠ | ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠡᠷᠡᠭᠵᠢᠭᠦᠯᠦᠭᠰᠡᠨ ᠵᠢᠭᠡᠯᠡᠯᠭᠡ ᠶᠢᠨ ᠳᠠᠮ | ᠬᠦᠦ᠂ ᠭᠦᠢᠯᠭᠡᠭᠡᠨ ᠤ ᠪᠡᠯᠡ ᠮᠦᠩᠭᠦ ᠶᠢᠨ ᠵᠢᠭᠡᠯᠡᠯᠭᠡ ᠶᠢᠨ ᠬᠠᠷᠠᠭᠠᠯᠵᠠᠬᠤ ᠬᠦᠦ ᠶᠢᠨ ᠨᠣᠷᠮ᠎ᠠ ᠵᠡᠷᠭᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︔ | ︵3︶ ᠠᠷᠠᠳ ᠤᠨ ᠪᠠᠩᠬᠢ ᠶᠢᠨ ᠬᠢᠩᠭᠠᠨ ᠠᠶᠢᠮᠠᠭ ᠤᠨ ᠲᠥᠪ ᠰᠠᠯᠪᠤᠷᠢ ᠪᠠᠩᠬᠢ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃ | 33. ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ | ︵1︶ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠴᠢᠭᠯᠡᠭᠦᠯᠦᠨ᠂ ᠬᠤᠯᠪᠣᠭᠳᠠᠯ ᠪᠦᠬᠦᠢ ᠤᠯᠤᠰ ᠤᠨ | ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢ ᠤᠬᠠᠭᠤᠯᠤᠨ᠎ᠠ᠃ | ︵2︶ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠤᠨ ᠲᠣᠭᠲᠠᠭᠠᠯ ᠶᠣᠰᠣᠭᠠᠷ᠂ | ᠬᠠᠷᠢᠭᠤᠴᠠᠯᠭᠠᠲᠤ ᠭᠠᠵᠠᠷ ᠣᠷᠣᠨ᠂ ᠠᠵᠢᠯ ᠶᠠᠪᠤᠳᠠᠯ ᠤᠨ ᠡᠷᠬᠡ ᠶᠢᠨ ᠰᠠᠯᠠᠭ᠎ᠠ ᠮᠥᠴᠢᠷ ᠲᠤ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠰᠢᠯᠵᠢᠭᠦᠯᠦᠨ ᠥᠭᠴᠦ᠂ ᠲᠤᠰᠢᠶᠠᠨ ᠰᠢᠢᠳᠪᠦᠷᠢᠯᠡᠭᠦᠯᠦᠨ᠎ᠡ︔ | ︵3︶ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠲᠣᠬᠢᠲᠠᠢ ᠵᠣᠬᠢᠴᠠᠭᠤᠯᠤᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠵᠠᠬᠢᠳᠠᠯ ᠰᠣᠷᠪᠤᠯᠵᠢᠯᠠᠭ᠎ᠠ ᠶᠢᠨ ᠣᠯᠠᠨ | ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠪᠦᠲᠦᠮᠵᠢᠲᠡᠢ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ | 34 ᠠᠶᠢᠮᠠᠭ ᠤᠨ ᠠᠵᠢᠯᠴᠢᠨ ᠤ ᠡᠪᠯᠡᠯ | ︵1︶ ᠠᠵᠢᠯᠲᠠᠨ ᠠᠵᠢᠯᠴᠢᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ︽ᠭᠤᠷᠪᠠᠨ | ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠬᠥᠮᠦᠵᠢᠯ ᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠎ᠡ᠃ | ︵2︶ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠵᠤ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠎ᠡ᠃ | | ︵3︶ ᠬᠦᠴᠢᠷᠳᠡᠯᠲᠡᠶ ᠠᠵᠢᠯᠲᠠᠨ ᠠᠵᠢᠯᠴᠢᠨ ᠢ ᠡᠷᠭᠢᠨ ᠦᠵᠡᠬᠦ ᠪᠠ ᠲᠣᠬᠤᠨᠢᠭᠤᠯᠵᠤ᠂ ᠡᠯ᠎ᠡ | ᠦᠨᠳᠦᠰᠦᠲᠡᠨ ᠤ ᠠᠵᠢᠯᠲᠠᠨ ᠠᠵᠢᠯᠴᠢᠨ ᠳᠤ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠵᠦ᠂ ᠲᠡᠳᠡᠨ ᠳᠤ ᠵᠣᠬᠢᠶᠠᠨ | ᠪᠠᠶᠢᠭᠤᠯᠤᠯᠲᠠ ᠶᠢᠨ ᠬᠠᠯᠠᠮᠵᠢᠯᠠᠯ ᠪᠠ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ᠃ | 35 ᠡᠪ ᠬᠠᠮᠲᠦ ᠵᠠᠯᠠᠭᠤᠴᠤᠳ ᠤᠨ ᠡᠪᠯᠡᠯ ᠤᠨ ᠠᠶᠢᠮᠠᠭ ᠤᠨ ᠬᠤᠷᠢᠶ᠎ᠠ | ︵1︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ | ᠪᠠ ᠵᠠᠯᠠᠭᠤᠴᠤᠳ ᠪᠠᠭᠠᠴᠤᠳ ᠤᠨ ᠠᠵᠢᠯ ᠤᠨ ᠪᠠᠶᠢᠳᠠᠯ ᠢ ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠠᠵᠢᠯ ᠤᠨ | ᠣᠨᠣᠯ ᠪᠠ ᠦᠵᠡᠯ ᠰᠠᠨᠠᠭᠠᠨ ᠤ ᠬᠥᠮᠦᠵᠢᠯ ᠤᠨ ᠠᠰᠠᠭᠤᠳᠠᠯ ᠢ ᠰᠤᠳᠤᠯᠵᠤ᠂ ᠵᠣᠬᠢᠴᠠᠩᠭᠤᠶ ᠠᠷᠭ᠎ᠠ ᠪᠣᠳᠣᠯᠭ᠎ᠠ | ᠳᠤᠷᠠᠳᠤᠨ᠎ᠠ᠃ | ︵2︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ | ᠬᠢᠵᠦ᠂ ︽ᠳᠤᠮᠳᠠᠳᠤ ᠪᠠᠨ ᠬᠠᠶᠢᠷᠠᠯᠠᠬᠤ︾ ᠦᠷ᠎ᠡ ᠶᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠤᠨ | ᠭᠦᠨ ᠳᠤ ᠪᠤᠯᠠᠨ᠎ᠠ᠃ | ︵3︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ | ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ | ᠦᠵᠡᠯᠲᠡ ᠲᠠᠢ ᠪᠣᠯᠭᠠᠬᠤ ᠬᠡᠷᠡᠭᠲᠡᠶ᠃ | ︵4︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ | ᠦᠨᠳᠦᠰᠦᠲᠡᠨ ᠤ ᠬᠠᠨᠳᠤᠰᠢ ᠪᠠ ᠢᠷᠡᠭᠡᠳᠦᠶ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠪᠣᠯ ᠬᠤᠪᠢ | ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠶ ᠲᠠᠨᠢᠭᠤᠯᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | ︵5︶ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢᠶᠠᠨ ᠰᠣᠯᠢᠯᠴᠠᠬᠤ ᠲᠥᠯᠥᠪᠯᠡᠭᠡ ᠶᠢ | ᠢᠳᠡᠪᠬᠢᠲᠡᠢ ᠬᠡᠷᠡᠭᠵᠢᠭᠦᠯᠵᠦ᠃ | 36᠂ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ | ︵1︶ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ | ᠤᠯᠤᠰ ᠤᠨ ᠦᠨᠳᠦᠰᠦᠨ ᠪᠣᠳᠣᠯᠭ᠎ᠠ ᠶᠢ ᠤᠬᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︽ | ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ | ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ | ᠭᠡᠷ ᠪᠦᠯᠢ ᠶᠢᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠦᠨ᠎ᠡ︔ | ︵2︶ ᠦᠨᠳᠦᠰᠦᠲᠡᠨ ᠨᠦᠭᠦᠳ ᠤᠨ ᠡᠮᠡᠭᠲᠡᠶᠢᠴᠦᠳ ᠲᠤ ᠬᠢᠬᠦ ᠰᠢᠨᠵᠢᠯᠡᠬᠦ ᠤᠬᠠᠭᠠᠨ ᠰᠣᠶᠣᠯ ᠵᠢᠴᠢ | ᠦᠢᠯᠡᠳᠪᠦᠷᠢᠯᠡᠯ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠢ ᠢᠳᠡᠪᠬᠢᠲᠡᠶ ᠪᠠᠷ ᠲᠦᠯᠬᠢᠨ | ᠠᠬᠢᠭᠤᠯᠬᠤ ᠪᠠ ᠥᠷᠨᠢᠭᠦᠯᠵᠦ᠂ ᠡᠮᠡᠭᠲᠡᠶᠢᠴᠦᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ | ︵3︶ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠬᠡᠦᠬᠡᠳ ᠢ | ᠭᠠᠳᠠᠭᠤᠷᠴᠢᠯᠠᠬᠤ᠂ ᠬᠠᠯᠳᠠᠬᠤ ᠶᠢ ᠡᠰᠡᠷᠭᠦᠴᠡᠵᠦ᠂ ᠦᠨᠳᠦᠰᠦᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ | ᠪᠡᠯᠡᠳᠬᠡᠯ ᠡᠮᠡᠭᠲᠡᠶ ᠺᠠᠳ᠋ᠷ ᠢ ᠬᠥᠮᠦᠵᠢᠭᠦᠯᠬᠦ᠂ ᠲᠠᠨᠢᠯᠴᠠᠭᠤᠯᠬᠤ ᠠᠵᠢᠯ ᠢ ᠰᠠᠶᠢᠲᠤᠷ ᠬᠢᠨ᠎ᠠ︔ | ︵4︶ ︽ᠬᠠᠮᠤᠭ ᠤᠨ ᠭᠤᠶᠣ ᠠᠨᠠᠷ ᠤᠨ ᠦᠷ᠎ᠡ ᠶᠢᠨ ᠭᠡᠷ ᠪᠦᠯᠢ︾ ᠶᠢ ᠰᠢᠯᠭᠠᠷᠠᠭᠤᠯᠬᠤ᠂ ᠨᠡᠷᠡᠶᠢᠳᠬᠦ | ᠠᠵᠢᠯ ᠢ ᠬᠠᠮᠲᠤᠷᠠᠨ ᠰᠠᠶᠢᠲᠤᠷ ᠬᠢᠨ᠎ᠡ᠃ | ᠭᠤᠷᠪᠠ᠂ ᠬᠠᠮᠢᠶ᠎ᠠ ᠪᠦᠬᠦᠢ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶ | ︵ᠨᠢᠭᠡ︶ ᠬᠠᠷᠢᠭᠤᠴᠠᠯᠭ᠎ᠠ ᠶᠢᠨ ᠳᠦᠷᠢᠮ ᠢ ᠲᠤᠳᠤᠷᠬᠠᠶᠢᠯᠠᠬᠤ | ᠨᠢᠭᠡᠳᠦᠭᠡᠷ ᠵᠦᠢᠯ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ | ᠴᠢᠬᠤᠯᠠ ᠠᠭᠤᠯᠭ᠎ᠠ ᠪᠣᠯᠭᠠᠵᠤ᠂ ᠵᠢᠯ ᠳᠤ ᠨᠠᠭᠠᠳᠤ ᠵᠠᠬ᠎ᠠ ᠳᠠᠭᠠᠨ 1 ᠤᠳᠠᠭ᠎ᠠ ᠲᠥᠪᠯᠡᠷᠡᠭᠦᠯᠦᠨ ᠰᠤᠷᠤᠯᠴᠠᠵᠤ᠂ | ᠲᠤᠰᠬᠠᠶ ᠰᠡᠳᠦᠪ ᠢᠶᠠᠷ 1 ᠤᠳᠠᠭ᠎ᠠ ᠰᠤᠳᠤᠯᠤᠨ ᠶᠠᠷᠢᠯᠴᠠᠪᠠ᠃ | ᠬᠤᠶᠠᠳᠤᠭᠠᠷ ᠵᠦᠢᠯ ︽ᠨᠢᠭᠡᠳᠦᠭᠡᠷ ᠵᠥᠪᠯᠡᠬᠦ ᠵᠦᠢᠯ︾ ᠤᠨ ᠲᠦᠷᠢᠮ ᠢ ᠬᠡᠷᠡᠭᠵᠢᠭᠦᠯᠵᠦ᠂ ᠲᠡᠷᠡ ᠳᠠᠷᠤᠶ ᠳᠤᠨᠢ | ᠨᠠᠮ ᠤᠨ ᠬᠤᠷᠢᠶᠠᠨ ᠤ ᠬᠤᠷᠠᠯ᠂ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠵᠤ ᠰᠤᠳᠤᠯᠤᠨ ᠶᠠᠷᠢᠯᠴᠠᠬᠤ | ᠬᠤᠷᠠᠯ ᠬᠤᠷᠠᠯᠳᠤᠭᠤᠯᠵᠤ᠂ ᠨᠠᠮ ᠤᠨ ᠬᠤᠷᠢᠶ᠎ᠠ ᠠᠴᠠ ᠦᠨᠳᠦᠰᠦᠲᠡᠨ ᠤ ᠠᠵᠢᠯ ᠳᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠦᠨᠳᠦᠰᠦᠲᠡᠨ ᠤ ᠠᠵᠢᠯ ᠢ ᠲᠦᠷᠦᠭᠦᠯᠡᠨ ᠠᠳᠬᠤᠵᠤ᠂ ᠳᠡᠳ᠋ | ᠲᠤᠰᠢᠶᠠᠯᠲᠠᠨ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠤᠰᠢᠶᠠᠯᠲᠠᠨ ᠨᠢ ᠦᠨᠳᠦᠰᠦᠲᠡᠨ ᠤ ᠠᠵᠢᠯ ᠢ ᠬᠠᠪᠰᠤᠷᠤᠨ | ᠰᠠᠶᠢᠲᠤᠷ ᠠᠳᠬᠤᠨ᠎ᠠ᠃ | ᠭᠤᠷᠪᠠᠳᠤᠭᠠᠷ ᠵᠦᠢᠯ ᠡᠯ᠎ᠡ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠨᠳᠦᠰᠦᠲᠡᠨ ᠤ ᠠᠵᠢᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠨᠳᠦᠰᠦᠲᠡᠨ ᠤ ᠠᠵᠢᠯ ᠢ ᠲᠣᠰ ᠰᠠᠯᠠᠭ᠎ᠠ ᠮᠥᠴᠢᠷ ᠤᠨ ᠢᠶᠠᠨ | ᠲᠤᠬᠠᠶᠢᠯᠠᠭᠰᠠᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ | ᠬᠢᠨᠠᠯᠲᠠ ᠲᠠᠯᠪᠢᠵᠤ᠂ ᠬᠠᠮᠲᠤ ᠳᠤᠨᠢ ᠬᠢᠨᠠᠨ ᠰᠢᠯᠭᠠᠨ᠎ᠠ᠃ ᠦᠨᠳᠦᠰᠦᠲᠡᠨ ᠤ ᠠᠵᠢᠯ ᠢ ᠵᠢᠯ ᠪᠦᠷᠢ ᠠᠳᠠᠭ ᠲᠠᠭᠠᠨ | ᠬᠤᠶᠠᠷ ᠤᠳᠠᠭ᠎ᠠ ᠲᠤᠰᠬᠠᠶ ᠰᠡᠳᠦᠪ ᠢᠶᠠᠷ ᠰᠤᠳᠤᠯᠤᠨ᠎ᠠ᠃ | ᠳᠥᠷᠪᠡᠳᠦᠭᠡᠷ ᠵᠦᠢᠯ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯ ᠢ | ᠴᠢᠬᠤᠯᠠ ᠠᠴᠠ ᠴᠢᠬᠤᠯᠠ ᠪᠠᠶᠢᠷᠢᠨ ᠳᠤ ᠲᠠᠯᠪᠢᠵᠤ᠂ ︽ᠭᠤᠷᠪᠠ ᠶᠢ ᠲᠦᠷᠦᠭᠦᠯᠡᠨ ᠬᠢᠵᠦ᠂ ᠵᠢᠷᠭᠤᠭ᠎ᠠ ᠶᠢ | ᠣᠷᠣᠭᠤᠯᠬᠤ︾ ᠶᠢ ᠪᠡᠶᠡᠯᠡᠭᠦᠯᠬᠦ ᠬᠡᠷᠡᠭᠲᠡᠢ᠂ ᠲᠤᠬᠠᠶᠢᠯᠠᠪᠠᠯ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ | ᠺᠠᠳ᠋ᠷ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠲᠦᠷᠦᠭᠦᠯᠡᠨ ᠰᠤᠷᠤᠯᠴᠠᠵᠤ᠂ ᠲᠦᠷᠦᠭᠦᠯᠡᠨ ᠴᠢᠬᠤᠯᠠ | ᠠᠵᠢᠯᠯᠠᠭ᠎ᠠ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠲᠤ ᠥᠷᠭᠡᠨ ᠢᠶᠠᠷ | ᠲᠤᠰᠢᠶᠠᠬᠤ ᠬᠡᠷᠡᠭᠲᠡᠢ︔ ᠦᠨᠳᠦᠰᠦᠲᠡᠨ ᠤ ᠠᠵᠢᠯ ᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠶᠢᠨ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠤᠨᠤᠯ ᠤᠨ ᠭᠤᠣᠯ ᠳᠤᠭᠤᠶᠢᠯᠠᠩ ᠤᠨ | ᠰᠤᠷᠤᠯᠴᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠺᠠᠳ᠋ᠷ ᠤᠨ ᠬᠥᠮᠦᠵᠢᠯ᠂ ᠤᠯᠤᠰ ᠠᠷᠠᠳ ᠤᠨ ᠬᠥᠮᠦᠵᠢᠯ᠂ | ᠨᠡᠶᠢᠭᠡᠮ ᠤᠨ ᠬᠥᠮᠦᠵᠢᠯ ᠤᠨ ᠪᠦᠬᠦ ᠶᠠᠪᠤᠴᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ | ᠲᠦᠷᠦ ᠶᠢᠨ ᠪᠠᠶᠢᠴᠠᠭᠠᠯᠲᠠ ᠪᠠ ᠰᠠᠯᠠᠭ᠎ᠠ ᠮᠥᠴᠢᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠳᠤ ᠣᠷᠣᠭᠤᠯᠵᠤ᠂ | ᠡᠯ᠎ᠡ ᠱᠠᠲᠤᠨ ᠤ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠳᠤ ᠣᠷᠣᠭᠤᠯᠵᠤ᠂ ᠡᠯ᠎ᠡ ᠱᠠᠲᠤᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠢ᠃ | ᠲᠠᠪᠤᠳᠤᠭᠠᠷ ᠵᠦᠢᠯ ᠡᠯ᠎ᠡ ᠭᠡᠰᠢᠭᠦᠨ ᠨᠢᠭᠡᠴᠡ ᠨᠢ ᠨᠢᠭᠡ ᠬᠠᠷᠢᠭᠤᠴᠠᠯᠭᠠᠲᠠᠨ ᠲᠠᠢ ᠠᠶᠢᠮᠠᠭ ᠤᠨ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠢ ᠲᠣᠭᠲᠠᠭᠠᠵᠤ᠂ ᠡᠭᠦᠨ ᠤ ᠬᠠᠮᠲᠤ ᠦᠨᠳᠦᠰᠦᠲᠡᠨ ᠤ ᠠᠵᠢᠯ ᠤᠨ | ᠬᠠᠷᠢᠯᠴᠠᠭ᠎ᠠ ᠨᠢ ᠨᠡᠯᠢᠶᠡᠳ ᠨᠢᠭᠲᠠ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ | ᠬᠤᠯᠪᠣᠭᠠᠴᠢᠨ ᠪᠣᠯᠭᠠᠵᠤ᠂ ᠭᠡᠰᠢᠭᠦᠳ ᠢ ᠬᠠᠪᠰᠤᠷᠤᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ | ᠬᠠᠷᠢᠯᠴᠠᠵᠤ᠂ ᠭᠡᠰᠢᠭᠦᠨ ᠨᠢᠭᠡᠴᠢ ᠪᠣᠯᠤᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷᠠᠬᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠃ ᠲᠤᠰᠢᠶᠠᠯ ᠬᠠᠪᠰᠤᠷᠭᠠᠭᠰᠠᠨ | ᠭᠡᠰᠢᠭᠦᠨ ᠪᠠ ᠬᠤᠯᠪᠣᠭᠠᠴᠢᠨ ᠬᠡᠷᠪᠡ ᠠᠵᠢᠯ ᠤᠨ ᠬᠤᠪᠢᠷᠠᠯᠲᠠ ᠭᠠᠷᠪᠠᠯ ᠪᠠᠶᠢᠭ᠎ᠠ ᠨᠢᠭᠡᠴᠡ ᠠᠴᠠ ᠨᠢ ᠲᠣᠬᠢᠷᠠᠭᠤᠯᠬᠤ | ᠰᠠᠨᠠᠯ ᠳᠤᠷᠠᠳᠴᠤ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃ | | ᠵᠢᠷᠭᠤᠳᠤᠭᠠᠷ ᠵᠦᠢᠯ ᠵᠢᠯ ᠤᠨ ᠳᠣᠲᠣᠷ᠎ᠠ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠨᠠᠮ ᠤᠨ ᠬᠢᠴᠢᠶᠡᠯ ᠤᠨ ᠠᠵᠢᠯᠯᠠᠭ᠎ᠠ ᠶᠢ ᠥᠷᠨᠢᠭᠦᠯᠦᠨ᠎ᠡ᠃ | ︵ᠬᠤᠶᠠᠷ︶ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠳᠦᠷᠢᠮ | ᠨᠢᠭᠡᠳᠦᠭᠡᠷ ᠵᠦᠢᠯ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠢᠴᠢᠭ ᠤᠨ ᠬᠡᠯᠪᠡᠷᠢ ᠪᠠᠷ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠭᠰᠠᠨ ᠪᠠᠶᠢᠳᠠᠯ ᠢ ᠬᠠᠭᠠᠰ ᠵᠢᠯ ᠳᠤ ᠨᠢᠭᠡ | ᠤᠳᠠᠭ᠎ᠠ ᠲᠤᠰᠬᠠᠶ ᠰᠡᠳᠦᠪ ᠢᠶᠠᠷ ᠮᠡᠳᠡᠬᠦᠯᠦᠨ᠎ᠡ᠃ | ᠬᠤᠶᠠᠳᠤᠭᠠᠷ ᠵᠦᠢᠯ ᠲᠤᠰᠬᠠᠶ ᠰᠡᠳᠦᠪᠲᠦ ᠮᠡᠳᠡᠭᠦᠯᠦᠯᠲᠡ ᠶᠢᠨ ᠭᠤᠤᠯᠳᠠᠯᠭ᠎ᠠ ᠪᠣᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠲᠣᠭᠤᠷᠢᠨ ᠳᠤ | ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ᠂ ᠠᠪᠤᠭᠰᠠᠨ ᠪᠣᠳᠠᠲᠠᠶ ᠠᠷᠭ᠎ᠠ ᠬᠡᠮᠵᠢᠶ᠎ᠡ᠂ ᠣᠯᠤᠭᠰᠠᠨ ᠠᠵᠢᠯ ᠤᠨ | ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ | ᠪᠣᠯᠤᠨ᠎ᠠ᠃ | ᠭᠤᠷᠪᠠᠳᠤᠭᠠᠷ ᠵᠦᠢᠯ ᠲᠤᠰᠬᠠᠶ ᠰᠡᠳᠦᠪᠲᠦ ᠮᠡᠳᠡᠭᠦᠯᠦᠯᠲᠡ ᠶᠢ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ᠂ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠬᠠᠭᠤᠯᠤᠨ ᠢᠯᠡᠭᠡᠨ᠎ᠡ᠃ | ᠳᠥᠷᠪᠡᠳᠦᠭᠡᠷ ᠵᠦᠢᠯ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠪᠤᠶᠤ ᠴᠢᠬᠤᠯᠠ | ᠬᠡᠷᠡᠭ ᠶᠠᠪᠤᠳᠠᠯ ᠳᠤ ᠡᠯ᠎ᠡ ᠭᠡᠰᠢᠭᠦᠨ ᠨᠢᠭᠡᠴᠡ ᠨᠢ ᠴᠠᠭ ᠲᠤᠬᠠᠶ ᠳᠤᠨᠢ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠳᠤ ᠮᠡᠳᠡᠭᠦᠯᠬᠦ ᠶᠢᠨ ᠬᠠᠮᠲᠤ ᠪᠦᠲᠦᠭᠡᠯᠴᠢ ᠴᠢᠨᠠᠷᠲᠠᠶ ᠰᠠᠨᠠᠯ ᠳᠤᠷᠠᠳᠴᠤ ᠪᠣᠯᠤᠨ᠎ᠠ᠃ | ︵ᠭᠤᠷᠪᠠ︶ ᠳᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠳᠦᠷᠢᠮ | ᠨᠢᠭᠡᠳᠦᠭᠡᠷ ᠵᠦᠢᠯ ᠲᠣᠬᠢᠷᠠᠭᠤᠯᠬᠤ ᠠᠭᠤᠯᠭ᠎ᠠ | 1. ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ | ᠬᠤᠷᠢᠶ᠎ᠠ ᠶᠢᠨ ᠬᠤᠯᠪᠣᠭᠳᠠᠯ ᠪᠥᠬᠦᠶ ᠦᠨᠳᠦᠰᠦᠲᠡᠨ ᠤ ᠠᠵᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ | 2. ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠶᠢᠨ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ | ᠥᠷᠨᠢᠭᠦᠯᠦᠭᠰᠡᠨ ᠪᠠᠶᠢᠳᠠᠯ︔ | 3᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠱᠢᠭᠦᠨ ᠪᠠᠢᠭᠤᠯᠤᠯᠭ᠎ᠠ ᠶᠢᠨ ᠦᠨᠳᠦᠰᠦᠲᠡᠨ ᠤ ᠠᠵᠢᠯ ᠢ | ᠰᠠᠢᠲᠤᠷ ᠬᠢᠬᠦ ᠲᠤᠬᠠᠢ ᠰᠠᠨᠠᠭᠤᠯᠭ᠎ᠠ ᠪᠠ ᠰᠠᠨᠠᠯ ᠢ ᠰᠣᠨᠣᠰᠴᠤ ᠦᠨᠳᠦᠰᠦᠲᠡᠨ ᠤ ᠠᠵᠢᠯ ᠤᠨ ᠳᠤᠮᠳᠠ ᠣᠷᠣᠱᠢᠵᠤ | ᠪᠠᠢᠭ᠎ᠠ ᠠᠰᠠᠭᠤᠳᠠᠯ ᠢ ᠰᠤᠳᠤᠯᠤᠨ ᠵᠣᠬᠢᠴᠠᠭᠤᠯᠵᠤ ᠱᠢᠢᠳᠪᠦᠷᠢᠯᠡᠬᠦ ᠬᠡᠷᠡᠭᠲᠡᠢ᠃ | ᠬᠤᠶᠠᠳᠤᠭᠠᠷ ᠵᠦᠢᠯ ᠲᠣᠬᠢᠷᠠᠭᠤᠯᠬᠤ ᠬᠡᠯᠪᠡᠷᠢ | 1. ᠲᠣᠬᠢᠷᠠᠭᠤᠯᠬᠤ ᠳᠤ ᠤᠯᠠᠷᠢᠯ ᠤᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠪᠥᠬᠦᠳᠡ ᠬᠤᠷᠠᠯ᠂ ᠲᠤᠰᠬᠠᠶ | ᠰᠡᠳᠦᠪᠲᠦ ᠬᠤᠷᠠᠯ᠂ ᠵᠥᠪᠳᠡᠯᠴᠡᠨ ᠶᠠᠷᠢᠯᠴᠠᠬᠤ᠂ ᠪᠢᠴᠢᠭ ᠮᠠᠲ᠋ᠧᠷᠢᠶᠠᠯ ᠢ ᠵᠠᠬᠢᠳᠠᠯ ᠢᠶᠠᠷ ᠠᠰᠠᠭᠤᠬᠤ᠂ ᠬᠠᠮᠲᠤᠷᠠᠭᠰᠠᠨ | ᠪᠠᠶᠢᠴᠠᠭᠠᠨ ᠰᠤᠳᠤᠯᠤᠯᠲᠠ ᠬᠢᠬᠦ ᠪᠤᠶᠤ ᠪᠢᠴᠢᠭ ᠤᠨ ᠬᠡᠯᠪᠡᠷᠢ ᠪᠠᠷ ᠶᠠᠪᠤᠭᠳᠠᠭᠤᠯᠤᠨ᠎ᠠ᠃ | 2. ᠵᠤᠬᠢᠴᠠᠭᠤᠯᠬᠤ ᠬᠤᠷᠠᠯ ᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠪᠢᠳᠠᠨ ᠬᠠᠮᠢᠶᠠᠷᠬᠤ | ᠤᠳᠤᠷᠢᠳᠤᠯᠭ᠎ᠠ ᠬᠤᠷᠠᠯᠳᠤᠭᠤᠯᠵᠤ᠂ ᠠᠶᠢᠮᠠᠭ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ | ᠬᠠᠷᠢᠭᠤᠴᠠᠯᠭᠠᠳᠠᠨ ᠡᠷᠬᠢᠯᠡᠨ ᠬᠤᠷᠠᠯᠳᠤᠭᠤᠯᠵᠦ ᠪᠤᠯᠤᠨ᠎ᠠ᠃ | 3. ᠬᠡᠷᠪᠡ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠴᠠᠭ ᠲᠤᠬᠠᠶ ᠳᠤᠨᠢ ᠲᠣᠬᠢᠷᠠᠭᠤᠯᠬᠤ ᠬᠤᠷᠠᠯ | ᠬᠤᠷᠠᠯᠳᠤᠭᠤᠯᠵᠤ ᠪᠣᠯᠤᠨ᠎ᠠ᠃ | ᠭᠤᠷᠪᠠᠳᠤᠭᠠᠷ ᠵᠦᠢᠯ ᠲᠣᠬᠢᠷᠠᠭᠤᠯᠬᠤ ᠡᠭᠦᠷᠭᠡ | 1. ᠦᠨᠳᠦᠰᠦᠲᠡᠨ ᠤ ᠠᠵᠢᠯ ᠤᠨ ᠪᠠᠶᠢᠳᠠᠯ ᠢ ᠨᠡᠪᠲᠡᠷᠡᠭᠦᠯᠵᠦ᠂ ᠦᠨᠳᠦᠰᠦᠲᠡᠨ ᠤ ᠠᠵᠢᠯ ᠤᠨ ᠪᠠᠶᠢᠳᠠᠯ ᠢ | ᠰᠣᠯᠢᠯᠴᠠᠨ᠎ᠠ᠃ | 2. ᠲᠤᠰᠢᠶᠠᠯ ᠬᠠᠪᠰᠤᠷᠭᠠᠭᠰᠠᠨ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ | ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ︔ | 3᠂ ᠦᠨᠳᠦᠰᠦᠲᠡᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠵᠣᠬᠢᠴᠠᠭᠤᠯᠵᠤ᠃ | ᠲᠤᠰ ᠤᠯᠠᠷᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠮᠡᠳᠡᠭᠡᠯᠡᠵᠦ᠂ ᠳᠠᠷᠠᠭ᠎ᠠ ᠤᠯᠠᠷᠢᠯ ᠤᠨ ᠠᠵᠢᠯ ᠤᠨ | ᠭᠤᠣᠯᠳᠠᠯᠭ᠎ᠠ ᠶᠢ ᠳᠤᠷᠠᠳᠤᠨ᠎ᠠ᠃ | ᠳᠥᠷᠪᠡᠳᠦᠭᠡᠷ ᠵᠦᠢᠯ ᠲᠣᠬᠢᠷᠠᠭᠤᠯᠬᠤ ᠫᠷᠦᠭᠷᠡᠮ | 1. ᠬᠤᠯᠪᠣᠭᠳᠠᠯ ᠪᠦᠬᠦᠢ ᠪᠠᠶᠢᠳᠠᠯ ᠢᠶᠠᠨ ᠨᠡᠪᠲᠡᠷᠡᠭᠦᠯᠬᠦ ᠪᠠ ᠰᠣᠯᠢᠯᠴᠠᠨ᠎ᠠ᠃ | 2. ᠬᠠᠮᠢᠶ᠎ᠠ ᠪᠦᠬᠦᠢ ᠠᠰᠠᠭᠤᠳᠠᠯ ᠢ ᠶᠠᠷᠢᠯᠴᠠᠨ ᠰᠤᠳᠤᠯᠤᠨ᠎ᠠ᠃ | 3. ᠬᠠᠮᠢᠶ᠎ᠠ ᠪᠦᠬᠦᠢ ᠵᠦᠢᠯ ᠢ ᠲᠣᠭᠲᠠᠭᠠᠵᠤ᠂ ᠬᠤᠯᠪᠣᠭᠳᠠᠯ ᠪᠦᠬᠦᠢ ᠠᠵᠢᠯ ᠢ ᠪᠠᠶᠢᠷᠢᠯᠠᠭᠤᠯᠤᠨ᠎ᠠ᠃ | ᠲᠠᠪᠤᠳᠤᠭᠠᠷ ᠵᠦᠢᠯ ᠬᠡᠷᠡᠭᠴᠡᠭᠡ ᠪᠠᠨ ᠦᠨᠳᠦᠰᠦᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ | ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠵᠤ ᠪᠣᠯᠤᠨ᠎ᠠ᠂ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠬᠤᠷᠠᠯ ᠳᠤ | ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠤᠨ᠎ᠠ᠃ | ︵ᠲᠦᠷᠪᠡ︶ ᠲᠤᠰᠬᠠᠢ ᠲᠤᠰᠢᠶᠠᠯ ᠤᠨ ᠮᠡᠳᠡᠭᠦᠯᠦᠯᠲᠡ ᠬᠢᠬᠦ ᠳᠦᠷᠢᠮ | ᠨᠢᠭᠡᠳᠦᠭᠡᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠡᠲᠡᠭᠡᠳ ᠪᠣᠯ ᠡᠯ᠎ᠡ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠭᠡᠰᠢᠭᠦᠨ ᠨᠢᠭᠡᠴᠡ ᠪᠣᠯᠤᠨ᠎ᠠ᠃ | ᠬᠤᠶᠠᠳᠤᠭᠠᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠬᠡᠯᠪᠡᠷᠢ ᠨᠢ ᠪᠢᠴᠢᠭ ᠢᠶᠠᠷ ᠲᠤᠬᠠᠶ ᠶᠢᠨ ᠲᠠᠯᠠᠪᠠᠶ ᠳᠤ | ᠲᠤᠰᠢᠶᠠᠯ ᠤᠨ ᠮᠡᠳᠡᠭᠦᠯᠦᠯᠲᠡ ᠬᠢᠬᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠤᠨ᠎ᠠ᠃ | ᠭᠤᠷᠪᠠᠳᠤᠭᠠᠷ ᠵᠦᠢᠯ ᠲᠤᠰᠢᠶᠠᠯ ᠤᠨ ᠮᠡᠳᠡᠭᠦᠯᠦᠯᠲᠡ ᠬᠢᠬᠦ ᠴᠠᠭ ᠬᠤᠭᠤᠴᠠᠭ᠎ᠠ᠃ ᠵᠢᠯ ᠳᠤ ᠬᠤᠶᠠᠷ ᠤᠳᠠᠭ᠎ᠠ | ᠶᠠᠪᠤᠭᠳᠠᠨ᠎ᠠ᠂ ᠲᠤᠬᠠᠶᠢᠯᠠᠪᠠᠯ ᠵᠢᠯ ᠪᠦᠷᠢ ᠶᠢᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠮᠡᠳᠡᠭᠦᠯᠦᠨ ᠬᠦᠷᠭᠡᠨ᠎ᠡ︔ 12 | ᠰᠠᠷ᠎ᠠ ᠶᠢᠨ ᠬᠤᠷᠢᠳ ᠢᠶᠠᠷ ᠡᠯ᠎ᠡ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ | ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠲᠤ ᠲᠤᠰᠢᠶᠠᠯ ᠤᠨ ᠮᠡᠳᠡᠭᠦᠯᠦᠯᠲᠡ ᠬᠢᠨ᠎ᠡ᠃ | ᠳᠥᠷᠪᠡᠳᠦᠭᠡᠷ ᠵᠦᠢᠯ ᠲᠤᠰᠢᠶᠠᠯ ᠤᠨ ᠮᠡᠳᠡᠭᠦᠯᠦᠯᠲᠡ ᠶᠢᠨ ᠠᠭᠤᠯᠭ᠎ᠠ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠥᠷᠨᠢᠭᠦᠯᠦᠭᠰᠡᠨ ᠭᠤᠣᠯᠳᠠᠯᠭ᠎ᠠ ᠲᠠᠢ ᠠᠵᠢᠯ᠂ | ᠠᠪᠤᠭᠰᠠᠨ ᠪᠣᠳᠠᠲᠠᠢ ᠠᠷᠭ᠎ᠠ ᠬᠡᠮᠵᠢᠶ᠎ᠡ᠂ ᠣᠯᠤᠭᠰᠠᠨ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠣᠭᠤᠷᠢᠨ ᠳᠤ | ᠭᠤᠣᠯᠳᠠᠯᠭ᠎ᠠ ᠲᠠᠢ ᠪᠠᠷ ᠰᠦᠪᠡᠭᠴᠢᠯᠡᠨ᠎ᠡ᠃ | ᠲᠠᠪᠤᠳᠤᠭᠠᠷ ᠵᠦᠢᠯ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠬᠦ ᠶᠠᠪᠤᠴᠠ ᠳᠤ ᠲᠤᠬᠠᠶ ᠶᠢᠨ | ᠲᠠᠯᠠᠪᠠᠶ ᠳᠤ ᠦᠨᠡᠯᠡᠯᠲᠡ ᠬᠢᠬᠦ ᠶᠢᠨ ᠬᠠᠮᠲᠤ ᠲᠤᠰᠢᠶᠠᠯ ᠤᠨ ᠮᠡᠳᠡᠭᠦᠯᠦᠯᠲᠡ ᠬᠢᠭᠰᠡᠨ ᠪᠠᠶᠢᠳᠠᠯ ᠢᠶᠠᠨ ᠵᠠᠷᠯᠠᠨ | ᠮᠡᠳᠡᠭᠳᠡᠬᠦ ᠶᠢᠨ ᠬᠠᠮᠲᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ᠬᠠᠭᠤᠯᠤᠨ ᠮᠡᠳᠡᠭᠦᠯᠦᠨ᠎ᠡ᠃ | ︵ᠲᠠᠪᠤ︶ ᠰᠢᠯᠭᠠᠨ ᠬᠢᠨᠠᠵᠤ ᠦᠨᠡᠯᠡᠬᠦ ᠳᠦᠷᠢᠮ | ᠨᠢᠭᠡᠳᠦᠭᠡᠷ ᠵᠦᠢᠯ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠶᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠵᠢᠴᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ | ᠭᠦᠢᠴᠡᠳᠬᠡᠯ ᠲᠤᠭ᠎ᠠ ᠳᠤ ᠣᠷᠣᠭᠤᠯᠤᠨ᠎ᠠ᠃ | ᠬᠤᠶᠠᠳᠤᠭᠠᠷ ᠵᠦᠢᠯ ᠡᠳᠦᠷ ᠲᠤᠲᠤᠮ ᠤᠨ ᠬᠢᠨᠠᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ | ᠰᠠᠯᠠᠭ᠎ᠠ ᠮᠥᠴᠢᠷ ᠡᠯ᠎ᠡ ᠨᠢᠭᠡᠴᠡ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ︽ᠨᠢᠭᠡ ᠭᠠᠷᠠᠭ ᠬᠤᠶᠠᠷ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠵᠦ ᠪᠠᠶᠢᠭ᠎ᠠ | ᠪᠠᠶᠢᠳᠠᠯ ᠢ ᠭᠤᠤᠯᠳᠠᠯᠭ᠎ᠠ ᠲᠠᠢ ᠬᠢᠨᠠᠨ ᠡᠵᠡᠮᠳᠡᠬᠦ ᠬᠡᠷᠡᠭᠲᠡᠶ᠃ | ᠭᠤᠷᠪᠠᠳᠤᠭᠠᠷ ᠵᠦᠢᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠤᠨ ᠰᠢᠯᠭᠠᠨ ᠦᠨᠡᠯᠡᠬᠦ ᠳᠤᠭᠤᠶᠢᠯᠠᠩ ᠪᠠᠶᠢᠭᠤᠯᠵᠤ᠂ ᠠᠶᠢᠮᠠᠭ ᠤᠨ ᠦᠨᠳᠦᠰᠦᠲᠡᠨ ᠤ ᠬᠡᠷᠡᠭ | ᠡᠷᠬᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ | ᠰᠢᠯᠭᠠᠨ ᠦᠨᠡᠯᠡᠪᠡ᠃ | | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠬᠦᠴᠦᠨ ᠤ ᠴᠠᠬᠢᠯᠭᠠᠨ ᠤ ᠰᠠᠯᠠᠭ᠎ᠠ ᠶᠢ | 2023 ᠣᠨ ᠤ 7 ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ |