ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠣᠯᠠᠨ | ᠲᠦᠮᠡᠨ ᠤ ᠮᠠᠨ ᠤ ᠬᠤᠲᠠ ᠶᠢᠨ ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ | ᠪᠠᠶᠢᠭᠤᠯᠬᠤ ᠳᠤ ᠣᠷᠣᠯᠴᠠᠬᠤ ᠢᠳᠡᠪᠬᠢᠵᠢᠯ ᠢ ᠥᠷᠭᠡᠨ ᠢᠶᠠᠷ ᠳᠠᠶᠢᠴᠢᠯᠠᠬᠤ ᠶᠢᠨ ᠲᠥᠯᠥᠭᠡ᠂ 7 ᠰᠠᠷ᠎ᠠ ᠶᠢᠨ 25 ᠤ | ᠡᠳᠦᠷ ᠠᠴᠠ 7 ᠰᠠᠷ᠎ᠠ ᠶᠢᠨ 27 ᠤ ᠡᠳᠦᠷ ᠪᠣᠯᠲᠠᠯ᠎ᠠ᠂ ᠷᠠᠰᠢᠶᠠᠨ ᠬᠤᠳᠠ ︽ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠵᠤ ᠰᠢᠨ᠎ᠡ ᠴᠢᠳᠠᠪᠤᠷᠢ ᠣᠯᠭᠤᠵᠤ ᠰᠡᠳᠬᠢᠯ ᠢ ᠨᠢᠭᠲᠠᠷᠠᠭᠤᠯᠤᠨ ᠬᠦᠴᠦᠨ ᠢᠶᠠᠨ ᠬᠠᠮᠳᠣᠳᠬᠠᠵᠣ | ᠬᠥᠭᠵᠢᠯᠲᠡ ᠶᠢ ᠠᠬᠢᠭᠤᠯᠬᠤ︾ ᠵᠢᠴᠢ ᠬᠤᠶᠠᠳᠤᠭᠠᠷ ᠬᠤᠭᠤᠴᠠᠭᠠᠨ ᠤ ︽ ᠶᠢᠨ ᠯᠢᠶᠠᠨ ᠬᠤᠸᠠ ᠵᠡᠭᠡᠯᠢ︾ ᠶᠢᠨ | ᠰᠥᠨᠢ ᠶᠢᠨ ᠵᠠᠬ᠎ᠠ ᠳᠡᠯᠭᠡᠭᠦᠷ ᠤᠨ ᠲᠠᠷᠢᠶᠠᠯᠠᠩ ᠤᠨ ᠪᠦᠲᠦᠭᠡᠭᠳᠡᠬᠦᠨ ᠤ ᠰᠢᠨ᠎ᠡ ᠰᠣᠷᠭᠤᠭ ᠢᠳᠡᠭᠡᠨ ᠢ ᠠᠮᠲᠠᠯᠠᠬᠤ | ᠤᠯᠠᠷᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃ | ᠲᠣᠰ ᠤᠳᠠᠭᠠᠨ ᠤ ᠠᠵᠢᠯᠯᠠᠭ᠎ᠠ ᠳᠤ ᠷᠠᠰᠢᠶᠠᠨ ᠬᠤᠲᠠ ᠶᠢᠨ ᠣᠨᠴᠠᠯᠢᠭᠲᠤ ᠴᠡᠪᠡᠷ ᠪᠠᠶᠢᠭᠠᠯᠢ ᠶᠢᠨ | ᠲᠠᠷᠢᠶᠠᠯᠠᠩ ᠤᠨ ᠪᠦᠲᠦᠭᠡᠭᠳᠡᠬᠦᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠮᠣᠳᠣᠨ ᠬᠠᠯᠢᠰᠤᠨ ᠤ ᠵᠢᠷᠤᠭ | ᠵᠡᠷᠭᠡ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠥᠭᠰᠠᠨ ᠪᠠᠶᠢᠨ᠎ᠠ᠃ ᠡᠭᠦᠨ ᠤ ᠬᠠᠮᠲᠤ | ᠠᠵᠢᠯᠯᠠᠭ᠎ᠠ ᠶᠢᠨ ᠲᠤᠬᠠᠢ ᠶᠢᠨ ᠡᠳᠦᠷ ᠲᠤ ᠪᠠᠰᠠ ᠲᠤᠰᠬᠠᠢ ᠮᠡᠷᠭᠡᠵᠢᠯ ᠤᠨ ᠲᠣᠭᠯᠠᠯᠲᠠ ᠶᠢᠨ ᠪᠦᠯᠬᠦᠮ ᠤᠨ ᠬᠢᠨ | ᠲᠣᠭᠯᠠᠯᠲᠠ ᠭᠠᠷᠭᠠᠵᠤ᠂ ᠲᠣᠭᠯᠠᠯᠲᠠ ᠨᠢ ᠭᠤᠶᠢᠳᠠ ᠰᠠᠶᠢᠬᠠᠨ ᠪᠥᠭᠡᠳ ᠬᠥᠷ ᠬᠥᠭᠵᠢᠶᠡᠨ ᠲᠠᠢ ᠪᠠᠶᠢᠯ᠎ᠠ᠃ ᠪᠦᠬᠦ | ᠬᠤᠳᠠ ᠶᠢᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠠᠮ ᠤᠨ ᠭᠡᠰᠢᠭᠦᠨ ᠺᠠᠳ᠋ᠷ᠂ ᠡᠯ᠎ᠡ ᠬᠠᠷᠢᠶ᠎ᠠ ᠣᠷᠣᠨ ᠤ ᠤᠯᠠᠨ | ᠲᠦᠮᠡᠨ ᠪᠣᠯᠣᠨ ᠵᠤᠭᠠᠴᠠᠭᠰᠠᠳ ᠴᠥᠮ ᠢᠳᠡᠪᠬᠢᠲᠡᠢ ᠣᠷᠣᠯᠴᠠᠵᠠᠢ᠃ | ᠠᠵᠢᠯᠯᠠᠭ᠎ᠠ ᠶᠢᠨ ᠲᠤᠬᠠᠢ ᠶᠢᠨ ᠡᠳᠦᠷ ᠲᠤ 200 ᠭᠠᠷᠤᠢ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠪᠣᠶ | ᠪᠦᠬᠦᠢ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ᠂ ᠭᠠᠷ ᠤᠷᠠᠯᠠᠯ ᠤᠨ ᠪᠦᠲᠦᠭᠡᠭᠳᠡᠬᠦᠨ ᠢ ᠴᠥᠮ | ᠵᠣᠭᠠᠴᠠᠬᠰᠠᠳ ᠵᠢᠴᠢ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠬᠤᠳᠠᠯᠳᠤᠨ ᠠᠪᠴᠠᠢ᠃ ᠰᠥᠨᠢ ᠶᠢᠨ | ᠵᠠᠬ᠎ᠠ ᠳᠡᠯᠭᠡᠭᠦᠷ ᠤᠨ ᠬᠡᠷᠡᠭᠯᠡᠭᠡᠨ ᠤ ᠴᠢᠳᠠᠪᠤᠷᠢ ᠶᠢ ᠲᠠᠶᠢᠴᠢᠯᠠᠨ ᠠᠬᠢᠭᠤᠯᠵᠤ᠂ ᠳᠣᠲᠣᠭᠠᠳᠤ ᠬᠡᠷᠡᠭᠴᠡᠭᠡ ᠶᠢ | ᠳᠠᠶᠢᠴᠢᠯᠠᠭᠰᠠᠨ ᠢᠶᠠᠷ ᠪᠠᠷᠠᠬᠤ ᠦᠭᠡᠢ ᠪᠠᠰᠠ ᠥᠷᠭᠡᠨ ᠤᠯᠠᠨ ᠲᠦᠮᠡᠨ ᠤ ᠠᠵᠤ ᠠᠬᠤᠢ ᠶᠢᠨ ᠣᠷᠣᠯᠭ᠎ᠠ ᠶᠢ | ᠨᠡᠮᠡᠭᠳᠡᠭᠦᠯᠵᠦ᠂ ᠮᠠᠨ ᠤ ᠬᠤᠳᠠ ᠶᠢᠨ ᠤᠢ ᠶᠢᠨ ᠬᠤᠷᠮᠣᠢ ᠶᠢᠨ ᠲᠠᠷᠢᠶᠠᠯᠠᠩ ᠤᠨ ᠣᠨᠴᠠ ᠭᠠᠷᠤᠯᠲᠠ ᠶᠢ ᠤᠬᠠᠭᠤᠯᠤᠨ | ᠳᠡᠯᠭᠡᠷᠡᠭᠦᠯᠬᠦ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠬᠤ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠵᠡᠢ᠃ | | |