ᠵᠢᠶᠠᠩᠰᠢ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠤ᠋ ᠱᠢ ᠵᠥᠩ ᠨᠡᠷ ᠮᠠᠨ ᠤ ᠠᠶᠢᠮᠠᠭ ᠲᠤ  ᠢᠷᠡᠵᠦ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ  ᠵᠢᠴᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ  ᠢ  ᠴᠢᠩᠭᠠᠳᠬᠠᠬᠤ ᠲᠤᠬᠠᠶ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/8/14
  8 ᠰᠠᠷ᠎ᠠ ᠶᠢᠨ 3 ᠤ ᠡᠳᠦᠷ ᠠᠴᠠ 5 ᠤ ᠡᠳᠦᠷ ᠪᠣᠯᠲᠠᠯ᠎ᠠ᠂ ᠵᠢᠶᠠᠩᠰᠢ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ  ᠬᠤ᠋ ᠱᠢ ᠵᠥᠩ᠂ ᠵᠢᠶᠠᠩᠰᠢ ᠮᠤᠵᠢ ᠶᠢᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠳ᠋ᠢᠩ ᠱᠦᠨ ᠱᠧᠩ 8 ᠬᠥᠮᠦᠨ ᠮᠠᠨ ᠤ ᠠᠶᠢᠮᠠᠭ ᠲᠤ  ᠢᠷᠡᠵᠦ ᠪᠠᠶᠢᠴᠠᠭᠠᠬᠤ ᠪᠠᠶᠢᠭᠤᠯᠭ᠎ᠠ ᠶᠢᠨ ᠵᠠᠭᠠᠯᠳᠤᠯᠭ᠎ᠠ ᠭᠤᠮᠣᠳᠠᠯ ᠲᠣᠭᠠᠴᠢᠯᠲᠠ  ᠵᠢᠴᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ  ᠢ  ᠴᠢᠩᠭᠠᠳᠬᠠᠬᠤ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠵᠥᠪᠯᠡᠯ ᠤᠨ ᠭᠡᠰᠢᠭᠦᠨ ᠰᠦᠨ ᠸᠧᠢ ᠳ᠋ᠦᠩ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ  ᠶᠢᠨ ᠳᠡᠳ᠋ ᠪᠠᠶᠢᠴᠠᠭᠠᠬᠤ ᠳᠠᠷᠤᠭ᠎ᠠ ᠯᠢ ᠵᠢᠶᠠᠨ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠠᠵᠢᠯ ᠤᠨ ᠵᠥᠪᠯᠡᠯ ᠤᠨ ᠡᠷᠬᠢᠯᠡᠭᠴᠢ ᠰᠢᠤᠢ ᠵᠦᠸᠧ᠂ ᠳᠡᠳ᠋ ᠡᠷᠬᠢᠯᠡᠭᠴᠢ ᠯᠢᠦ ᠵᠦᠩ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃    ᠬᠤ᠋ ᠱᠢ ᠵᠦᠩ ᠨᠡᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠳᠡᠭᠡᠳᠦ ᠪᠠᠶᠢᠴᠠᠭᠠᠬᠤ  ᠬᠤᠷᠢᠶ᠎ᠠ ᠶᠢᠨ ︽ᠪᠦᠬᠦ ᠤᠯᠤᠰ ᠤᠨ ᠪᠣᠯᠪᠠᠰᠤᠨ ᠤ ᠬᠦᠯᠢᠶᠡᠨ ᠠᠪᠬᠤ ᠦᠷᠦᠭᠡ︾ ᠪᠠᠷ ᠦᠨᠡᠯᠡᠭᠳᠡᠭᠰᠡᠨ ︽ᠬᠢᠩᠭᠠᠨ ᠤ ᠬᠠᠪᠤᠷ︾ ᠤᠨ ᠪᠠᠶᠢᠴᠠᠭᠠᠬᠤ ᠠᠵᠢᠯ ᠤᠨ ᠲᠠᠰᠤᠭ ᠪᠣᠯᠤᠨ ᠷᠠᠰᠢᠶᠠᠨ ᠬᠤᠳᠠ ᠶᠢᠨ ᠠᠮᠢ ᠠᠬᠤᠢ ᠶᠢᠨ ᠵᠤᠭᠠᠴᠠᠯ ᠤᠨ ᠪᠠᠶᠢᠴᠠᠭᠠᠬᠤ ᠦᠷᠳᠡᠭᠡ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢᠨ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠯᠲᠠ ᠶᠢᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠠᠮᠢ ᠠᠬᠤᠢ ᠶᠢᠨ ᠵᠢᠭᠤᠯᠴᠢᠯᠠᠯ ᠤᠨ ᠪᠠᠶᠢᠴᠠᠭᠠᠬᠤ ᠦᠷᠳᠡᠭᠡ ᠶᠢᠨ ᠦᠵᠡᠮᠵᠢ ᠶᠢᠨ ᠣᠷᠣᠨ ᠳᠤ ᠬᠠᠨᠳᠤᠭᠤᠯᠤᠭᠰᠠᠨ᠂ ᠵᠤᠭᠠᠴᠠᠭᠰᠠᠳ ᠲᠤ ᠦᠢᠯᠡᠴᠢᠯᠡᠭᠰᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠯᠤᠭᠤᠳᠬᠠᠭᠰᠠᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠠᠭᠤᠷᠢᠨ ᠭᠠᠵᠠᠷ ᠪᠠᠶᠢᠭᠤᠯᠤᠭᠰᠠᠨ ᠵᠢᠴᠢ ᠤᠢ ᠮᠣᠳᠣ ᠣᠭᠲᠣᠯᠬᠤ ᠶᠢ ᠰᠢᠨᠡᠳᠬᠡᠭᠡ ᠦᠭᠡᠢ ᠪᠠᠶᠢᠬᠤ ᠳᠤ ᠬᠢᠨᠠᠯᠲᠠ ᠲᠠᠯᠪᠢᠬᠤ ᠲᠤᠰᠬᠠᠢ ᠠᠵᠢᠯᠯᠠᠭ᠎ᠠ ᠶᠢᠨ ᠲᠤᠬᠠᠢ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠤᠰᠬᠠᠢ ᠰᠡᠳᠦᠪᠲᠦ ᠮᠡᠳᠡᠭᠦᠯᠦᠯᠲᠡ ᠬᠢᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃   ᠬᠤ᠋ ᠱᠢ ᠵᠦᠩ ᠮᠠᠨ ᠤ ᠠᠶᠢᠮᠠᠭ ᠤᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ ᠪᠦᠬᠦ ᠤᠯᠤᠰ ᠤᠨ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠢ ᠪᠠᠶᠢᠭᠤᠯᠤᠭᠰᠠᠨ ᠢ ᠮᠠᠭᠲᠠᠨ ᠰᠠᠶᠢᠰᠢᠶᠠᠵᠤ᠂ ᠣᠨᠴᠠᠭᠠᠶᠢᠯᠠᠨ ᠪᠠᠶᠢᠴᠠᠭᠠᠬᠤ ᠪᠠᠶᠢᠭᠤᠯᠤᠯᠭ᠎ᠠ ᠶᠢᠨ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠲᠦᠰᠢᠭᠯᠡᠨ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠬᠦᠴᠦᠨ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠵᠤ  ᠪᠠᠶᠢᠬᠤ ᠶᠢ ᠭᠦᠢᠴᠡᠳ ᠨᠤᠲᠠᠯᠠᠪᠠ᠃ ᠲᠡᠷᠡ ᠬᠤᠶᠠᠷ ᠭᠠᠵᠠᠷ ᠤᠨ ᠬᠢᠨ ᠢᠯᠡᠭᠦᠬᠡᠨ ᠰᠣᠯᠢᠯᠴᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ  ᠬᠡᠭᠰᠡᠶᠢᠵᠦ ᠪᠠᠶᠢᠨ᠎ᠠ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号