ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ︽ᠬᠢᠩᠭᠠᠨ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/8/15
ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠡ ᠳᠤ᠄    ᠠᠶᠢᠮᠠᠭ ᠤᠨ ᠵᠠᠬᠢᠷᠭ᠎ᠠ ᠶᠢᠨ ᠵᠥᠪᠰᠢᠶᠡᠷᠡᠯ ᠢᠶᠠᠷ᠂ ᠡᠳᠦᠭᠡ ︽ᠬᠢᠩᠭᠠᠨ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ︾ ᠢ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃    2023 ᠣᠨ ᠤ 8 ᠰᠠᠷ᠎ᠠ ᠶᠢᠨ 14 ᠤ ᠡᠳᠦᠷ ᠬᠢᠩᠭᠠᠨ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ    ︽ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹2022︺ 15 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠤᠨ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 22 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠨᠠᠩ ᠥᠨᠳᠥᠷ ᠪᠠᠷᠢᠮᠵᠢᠶ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠬᠢᠩᠭᠠᠨ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠪᠣᠯᠤᠨ ᠡᠷᠡᠭᠦᠯ ᠮᠡᠨᠳᠦ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠪᠠᠷ ᠭᠤᠣᠯ ᠪᠣᠯᠭᠠᠵᠤ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠪᠠᠷ ᠠᠵᠢᠯ ᠤᠨ ᠴᠢᠭᠯᠡᠯᠲᠡ ᠪᠣᠯᠭᠠᠵᠤ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠢᠴᠠᠭᠠᠨ ᠦᠨᠡᠯᠡᠬᠦ᠂ ᠲᠦᠷᠦᠯ ᠬᠤᠪᠢᠶᠠᠨ ᠵᠠᠰᠠᠬᠤ᠂ ᠪᠦᠬᠦ ᠶᠠᠪᠤᠴᠠ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠲᠦᠷᠢᠮ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠰᠲ᠋ᠧᠮ ᠢ ᠪᠦᠷᠢᠨᠰᠢᠬᠦᠯᠵᠤ ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ᠎ᠠ᠃    ᠬᠤᠶᠠᠷ᠂ ᠭᠤᠣᠯ ᠬᠠᠷᠠᠯᠲᠠ    2023 ᠤᠨ ᠪᠣᠯᠬᠤ ᠳᠤ᠂ ᠪᠥᠬᠦ ᠠᠶᠢᠮᠠᠭ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠦᠨᠳᠦᠰᠦᠨ ᠳᠡᠭᠡᠨ ᠲᠣᠳᠣᠷᠬᠠᠶ ᠣᠶᠢᠯᠠᠭᠠᠵᠤ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠠᠵᠤ ᠠᠬᠤᠶᠢᠯᠠᠯ ᠢ ᠲᠣᠳᠣᠷᠬᠠᠶ ᠪᠣᠯᠭᠠᠨ᠎ᠠ᠃ 2025 ᠤᠨ ᠪᠣᠯᠬᠤ ᠳᠤ᠂ ᠥᠨᠳᠥᠷ ᠠᠩᠬᠠᠷᠴᠤ᠂ ᠥᠨᠳᠥᠷ ᠤᠨᠠᠯᠲᠠ ᠲᠠᠢ ︵ᠬᠡᠷᠡᠭᠯᠡᠬᠦ︶ ᠬᠡᠮᠵᠢᠶ᠎ᠡ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠢᠭᠰᠢᠨ ᠪᠠᠶᠢᠴᠠᠭᠠᠬᠤ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠶᠢ ᠪᠡᠶᠡᠯᠡᠭᠦᠯᠵᠦ᠂ ᠰᠢᠨ᠎ᠡ ᠪᠣᠬᠢᠷᠳᠤᠯ ᠪᠣᠳᠠᠰ ᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠣᠬᠢᠷᠳᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠭᠤᠷᠪᠠ᠂ ᠠᠵᠢᠯ ᠤᠨ ᠡᠭᠦᠷᠭᠡ    ︵ᠨᠢᠭᠡ︶ ᠰᠢᠨ᠎ᠡ ᠪᠣᠬᠢᠷᠳᠦᠯ ᠡᠳ᠋ ᠢ ᠪᠠᠶᠢᠴᠠᠭᠠᠨ ᠰᠢᠨᠵᠢᠬᠦ ᠪᠠ ᠣᠷᠴᠢᠨ ᠲᠤᠭᠤᠷᠢᠨ ᠤ ᠳᠥᠭᠰᠢᠬᠦᠷᠢ ᠶᠢ ᠦᠨᠡᠯᠡᠨ ᠵᠢᠱᠢᠬᠦ ᠶᠢ ᠦᠷᠨᠢᠬᠦᠯᠥᠨ᠎ᠠ᠃    1. ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠳᠣᠲᠣᠷᠠᠬᠢ ᠭᠤᠤᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠯᠲᠡ ᠶᠢᠨ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠶ᠃ ᠪᠠᠶᠢᠴᠠᠭᠠᠠᠠᠰᠠᠨ ᠦᠷ᠎ᠠ ᠳ᠋ᠦᠡᠭ ᠢ ᠦᠨᠳᠣᠰᠣᠯᠡᠨ᠂ ᠣᠯᠥᠰ ᠤᠨ ᠣᠷᠴᠢᠨ ᠲᠤᠭᠤᠷᠢᠨ ᠤ ᠳᠥᠭᠰᠢᠬᠦᠷᠢ ᠶᠢ ᠣᠷᠢᠳᠡᠪᠡᠷ ᠦᠨᠡᠯᠡᠨ ᠵᠢᠱᠢᠬᠦ ᠳᠥᠯᠥᠪᠯᠡᠭᠡ ᠳᠤ ᠣᠷᠣᠭᠤᠯᠥᠠᠠᠰᠠᠨ ᠬᠢᠮᠢ ᠶᠢᠨ ᠪᠤᠳᠡᠰ ᠲᠤ ᠬᠤᠯᠪᠤᠠᠠᠳᠡᠯ ᠪᠦᠬᠦᠢ ᠦᠢᠯᠡᠳᠪᠦᠷᠢᠯᠡᠬᠦ᠂ ᠡᠳ᠋ᠰᠢᠬᠦᠯᠬᠦ᠂ ᠭᠡᠷᠡᠭᠯᠡᠬᠦ᠂ ᠣᠷᠴᠢᠨ ᠲᠤᠭᠤᠷᠢᠨ ᠤ ᠭᠠᠳ᠋ᠬᠠᠰᠢᠯᠠᠭᠤᠯᠥᠠᠠᠰᠠᠨ ᠲᠤᠭ᠎ᠠ ᠭᠡᠮᠵᠢᠶ᠎ᠠ ᠵᠢᠴᠢ ᠠᠷᠭ᠎ᠠ ᠵᠠᠮ᠂ ᠬᠤᠬᠢᠷᠡᠯ ᠤᠨ ᠣᠨᠴᠠᠯᠢᠠᠠᠳᠦ ᠴᠢᠨᠡᠷ᠂ ᠪᠣᠬᠢᠷᠳᠦᠯ ᠡᠳ᠋ ᠢ ᠭᠠᠳ᠋ᠬᠠᠰᠢᠯᠠᠭᠤᠯᠬᠤ ᠠᠵᠦ ᠠᠬᠤᠶᠢᠯᠠᠯ ᠤᠨ ᠲᠠᠷᠬᠠᠯᠳᠡ ᠵᠡᠷᠭᠡ ᠪᠠᠶᠢᠳᠡᠯ ᠳᠤ ᠨᠠᠷᠢᠨ ᠮᠡᠳᠡᠭᠡ ᠵᠠᠩᠬᠢ ᠶᠢᠨ ᠪᠠᠶᠢᠴᠠᠭᠠᠯᠳᠡ ᠶᠢ ᠤᠯᠠᠮ ᠨᠢᠭᠡ ᠠᠯᠬᠤᠮ ᠦᠷᠨᠢᠬᠦᠯᠥᠨ᠎ᠠ᠃ 2023 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠨᠢᠭᠡᠳᠦᠭᠡᠷ ᠡᠭᠡᠯᠵᠢ ᠶᠢᠨ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ︔ ︽ᠨᠢᠭᠡᠳᠦᠭᠡᠷ ᠪᠦᠯᠦᠭ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳᠠᠪᠠᠷ ᠦᠨᠡᠯᠡᠬᠦ ᠲᠥᠯᠥᠪᠯᠡᠭᠡ︾ ᠳᠤ ᠵᠢᠭᠰᠠᠭᠠᠨ ᠣᠷᠣᠭᠤᠯᠤᠭᠰᠠᠨ 20 ᠵᠦᠢᠯ ᠤᠨ ᠬᠢᠮᠢ ᠶᠢᠨ ᠪᠣᠳᠠᠰ ᠲᠤ ᠨᠠᠷᠢᠨ ᠲᠣᠳᠣᠷᠬᠠᠶ ᠮᠡᠳᠡᠭᠡ ᠵᠠᠩᠭᠢ ᠶᠢᠨ ᠪᠠᠶᠢᠴᠠᠭᠠᠯᠲᠠ ᠬᠢᠵᠦ᠂ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠤᠤᠷ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠲᠣᠷᠣᠠᠠᠰᠢ ᠴᠦᠮ ᠡᠯ᠎ᠠ ᠬᠤᠰᠢᠭᠤ ᠰᠢᠶᠡᠨ ᠬᠤᠳᠡ ᠶᠢᠨ ᠠᠷᠡᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠡᠪᠦᠷᠢᠵᠢᠭᠤᠯᠥᠨ᠎ᠠ᠂ ᠳᠡᠬᠢᠵᠦ ᠵᠢᠠᠠᠰᠠᠭᠠᠬᠤ ᠦᠭᠡᠢ︶    2 ᠰᠢᠨ᠎ᠡ ᠪᠠᠷ ᠪᠤᠶ ᠪᠣᠯᠤᠭᠰᠠᠨ ᠪᠣᠬᠢᠷ ᠪᠣᠳᠠᠰ ᠤᠨ ᠣᠷᠴᠢᠨ ᠲᠣᠭᠤᠷᠢᠨ ᠢ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ᠎ᠠ᠃ ᠣᠳᠣ ᠶᠢᠨ ᠪᠠᠶᠢᠭ᠎ᠠ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠤᠷ ᠰᠦᠯᠵᠢᠶ᠎ᠡ ᠶᠢ ᠭᠦᠢᠴᠡᠳ ᠬᠡᠷᠡᠭᠯᠡᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠶᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠪᠣᠬᠢᠷ ᠤᠰᠤ ᠰᠢᠶ᠋ᠳᠪᠦᠷᠢᠯᠡᠬᠦ᠂ ᠬᠤᠭ ᠨᠣᠪᠰᠢ ᠰᠢᠲᠠᠭᠠᠬᠤ᠂ ᠠᠶᠤᠯᠲᠠᠶ ᠬᠠᠶᠠᠭᠳᠠᠮᠠᠯ ᠡᠳ᠋ ᠢ ᠰᠢᠶ᠋ᠳᠪᠦᠷᠢᠯᠡᠵᠦ ᠠᠰᠢᠭᠯᠠᠬᠤ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠯᠤᠭ᠎ᠠ ᠬᠠᠮᠵᠢᠯᠴᠠᠨ ᠰᠢᠨ᠎ᠡ ᠪᠣᠬᠢᠷᠲᠤᠯ ᠡᠳ᠋ ᠤᠨ ᠣᠷᠴᠢᠨ ᠲᠣᠭᠤᠷᠢᠨ ᠢ ᠪᠠᠶᠢᠴᠠᠭᠠᠨ ᠰᠢᠨᠵᠢᠬᠦ ᠲᠤᠷᠰᠢᠯᠲᠠ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠡᠳ᠋ ᠤᠨ ᠣᠷᠴᠢᠨ ᠲᠣᠭᠤᠷᠢᠨ ᠢ ᠪᠠᠶᠢᠴᠠᠭᠠᠨ ᠰᠢᠨᠵᠢᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶    3. ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠢᠯᠢᠨ ᠪᠠᠶᠢᠴᠠᠭᠠᠬᠤ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃ ᠮᠠᠨ ᠤ ᠠᠶᠢᠮᠠᠭ ᠤᠨ ᠠᠵᠤ ᠦᠢᠯᠡᠰ ᠤᠨ ᠪᠦᠲᠦᠴᠡ ᠲᠠᠢ ᠭᠦᠢᠴᠡᠳ ᠤᠶᠠᠯᠳᠤᠭᠤᠯᠤᠨ ᠂ ᠥᠨᠳᠥᠷ ᠠᠩᠬᠠᠷᠴᠤ ᠪᠠᠶᠢᠭ᠎ᠠ᠂ ᠦᠨᠳᠦᠷ ᠬᠤᠷᠢᠶᠠᠯᠲᠠ ᠲᠠᠢ ︵ᠬᠡᠷᠡᠭᠯᠡᠬᠦ︶ ᠬᠡᠮᠵᠢᠶ᠎ᠡ᠂ ᠥᠨᠳᠥᠷ ᠣᠷᠴᠢᠨ ᠲᠣᠭᠤᠷᠢᠨ ᠢ ᠪᠠᠶᠢᠴᠠᠭᠠᠵᠤ ᠭᠠᠷᠭᠠᠬᠤ ᠨᠤᠷᠮ᠎ᠠ᠂ ᠲᠠᠷᠠᠬᠠᠢ ᠬᠡᠯᠪᠡᠷᠢ ᠶᠢᠨ ᠬᠡᠷᠡᠭᠴᠡᠭᠡᠲᠦ ᠬᠢᠮᠢ ᠶᠢᠨ ᠪᠣᠳᠠᠰ ᠢᠶᠠᠷ ᠰᠢᠭᠰᠢᠨ ᠪᠠᠶᠢᠴᠠᠭᠠᠬᠤ ᠭᠤᠣᠯᠳᠠᠯᠭ᠎ᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠪᠠ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠣᠷ ᠬᠦᠨᠦᠭᠡᠯ ᠤᠴᠠᠷᠠᠭᠤᠯᠬᠤ ᠬᠤᠣᠷᠲᠠᠢ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠲᠠᠨᠢᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    4. ᠰᠢᠨ᠎ᠡ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠶᠢ ᠲᠣᠭᠲᠠᠭᠠᠨ᠎ᠠ᠃ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠦᠦ ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠳᠤᠯ ᠪᠣᠳᠠᠰ ᠢ ᠤᠷᠢᠳᠠᠪᠠᠷ ᠡᠵᠡᠮᠳᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠡ ᠪᠦᠲᠦᠭᠡᠭᠳᠡᠬᠦᠨ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠨᠡᠶᠢᠲᠡᠯᠡᠭᠰᠡᠨ ︽ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠥᠷᠢ ᠨᠠᠷᠢᠨ ᠬᠠᠭᠤᠳᠠᠰᠤ ᠪᠠ ᠬᠠᠮᠢᠶᠠᠷᠤᠨ ᠡᠵᠡᠮᠳᠡᠬᠦ ᠲᠥᠰᠦᠯ ᠢ ᠬᠥᠳᠡᠯᠦᠩᠭᠦᠶ ᠪᠠᠷ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠤᠨ ᠡᠭᠦᠰᠬᠦ ᠶᠢ ᠰᠡᠷᠭᠡᠶᠢᠯᠡᠨ᠎ᠡ᠃    5. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠠᠩᠰᠠᠯᠠᠨ ᠲᠡᠮᠳᠡᠭᠯᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ︽ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠠᠩᠰᠠᠯᠠᠬᠤ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠤᠨ ᠰᠤᠳᠤᠯᠤᠯ᠂ ᠦᠢᠯᠡᠳᠪᠦᠷᠢᠯᠡᠯ ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠬᠡᠷᠡᠭᠯᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠰᠢᠮᠳᠠᠭᠤᠯᠵᠤ ᠪᠠᠶᠢᠭᠠᠳ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠡᠩᠰᠡᠯᠡᠯᠲᠡ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠠᠴᠠ ᠣᠷᠣᠭᠤᠯᠤᠭᠴᠢ ᠪᠠ ᠡᠳ᠋ᠰᠢᠭᠦᠯᠦᠨ ᠬᠡᠷᠡᠭᠯᠡᠭᠴᠢ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶    6. ᠰᠢᠭᠰᠢᠭᠳᠡᠭᠦᠯᠬᠦ ᠶᠢ ᠬᠢᠵᠠᠭᠠᠷᠯᠠᠵᠤ ᠬᠡᠷᠡᠭᠯᠡᠬᠦ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠵᠢᠯᠣᠭᠤᠳᠬᠤ ᠭᠠᠷᠴᠠᠭ︾ ᠲᠤ ᠣᠷᠣᠭᠤᠯᠤᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ᠂ ᠲᠠᠷᠢᠶᠠᠨ ᠡᠮ᠂ ᠮᠠᠯ ᠤᠨ ᠡᠮ᠂ ᠵᠠᠰᠠᠯ ᠴᠢᠮᠡᠭ ᠤᠨ ᠡᠳ᠋ ᠵᠡᠷᠭᠡ ᠳᠤ ᠴᠠᠭ ᠲᠤᠬᠠᠶ ᠳᠤᠨᠢ ᠰᠢᠮᠳᠠᠭᠤᠯᠤᠨ ᠵᠢᠯᠣᠭᠤᠳᠴᠤ ᠪᠠᠶᠢᠭᠠᠳ ᠠᠵᠤ ᠠᠬᠤᠶᠢᠯᠠᠯ ᠢ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠵᠦ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠶ ᠪᠣᠯ᠂ ᠦᠢᠯᠡᠳᠬᠦᠨ ᠤ ᠳᠠᠩᠰᠠᠯᠠᠯ ᠪᠤᠶᠤ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠢᠨᠠᠨ ᠣᠯᠭᠤᠬᠤ ᠶᠢ ᠬᠠᠤᠯᠢ ᠶᠣᠰᠣᠭᠠᠷ ᠵᠣᠭᠰᠣᠭᠠᠬᠤ ᠬᠡᠷᠡᠭᠲᠡᠶ᠃ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠰᠢᠨ᠎ᠡ ᠪᠣᠬᠢᠷ ᠪᠣᠳᠠᠰ ᠭᠠᠳᠠᠭᠰᠢᠯᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠶᠢ ᠴᠢᠩᠳᠠᠯᠠᠨ᠎ᠠ᠃ ᠭᠠᠳᠠᠭᠠᠳᠤ ᠠᠴᠠ ᠣᠷᠣᠭᠤᠯᠬᠤ ᠶᠢ ᠴᠠᠭᠠᠵᠠᠯᠠᠭᠰᠠᠨ ᠪᠠᠷᠠᠭᠠᠨ ᠤ ᠭᠠᠷᠴᠠᠭ ᠪᠠ ︽ᠳᠤᠮᠳᠠᠳᠤ ᠤᠯᠤᠰ ᠬᠤᠣᠷᠲᠠᠢ ᠬᠢᠮᠢ ᠶᠢᠨ ᠪᠣᠳᠠᠰ ᠤᠨ ᠨᠡᠷᠡᠰ ᠤᠨ ᠵᠢᠭᠰᠠᠭᠠᠯᠲᠠ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠨᠢᠭᠡᠨᠲᠡ ᠰᠢᠭᠰᠢᠭᠳᠡᠭᠦᠯᠦᠭᠰᠡᠨ ᠤᠳᠠᠭᠠᠨ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ᠂ ᠰᠢᠨ᠎ᠡ ᠪᠠᠷ ᠨᠡᠮᠡᠭᠳᠡᠭᠰᠡᠨ ᠤᠳᠠᠭᠠᠨ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠣᠬᠢᠷᠲᠤᠯ ᠤᠨ ᠵᠦᠢᠯᠡᠰ ᠤᠨ ᠵᠦᠢᠯᠡᠰ᠂ ᠰᠤᠷᠤᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠬᠦᠨ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠤᠨ ᠵᠦᠢᠯᠡᠰ ᠤᠨ ᠠᠭᠤᠯᠤᠭᠳᠠᠴᠠ ᠶᠢ ᠡᠵᠡᠮᠳᠡᠬᠦ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠶᠢ ᠤᠬᠠᠭᠤᠯᠤᠨ ᠲᠤᠤᠱᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠦᠢᠯᠡᠳᠬᠦᠨ ᠤ ᠬᠡᠷᠡᠭᠯᠡᠭᠡᠨ ᠤ ᠶᠠᠪᠤᠴᠠ ᠳᠤ ᠡᠭᠦᠰᠦᠭᠰᠡᠨ ᠰᠢᠨ᠎ᠡ ᠪᠣᠬᠢᠷᠲᠤᠯ ᠡᠳ᠋ ᠤᠨ ᠣᠷᠴᠢᠨ ᠲᠣᠭᠤᠷᠢᠨ ᠤ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠭᠤᠷᠪᠠ︶ ᠶᠠᠪᠤᠴᠠ ᠶᠢ ᠡᠵᠡᠮᠳᠡᠬᠦ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃    7. ᠠᠷᠢᠭᠤᠨ ᠴᠡᠪᠡᠷ ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠦᠢᠯᠡᠳᠬᠦ ᠪᠠᠷᠢᠮᠵᠢᠶ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠨ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠤᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠳᠤ ᠠᠷᠢᠭᠤᠨ ᠴᠡᠪᠡᠷ ᠦᠢᠯᠡᠳᠪᠦᠷᠢᠯᠡᠬᠦ ᠶᠢ ᠬᠢᠨᠠᠨ ᠬᠠᠷᠭᠤᠭᠤᠯᠬᠤ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠦᠭᠦᠬᠡᠶ ᠡᠳ᠋ ᠪᠣᠯᠤᠨ ᠲᠤᠰᠠᠯᠠᠬᠤ ᠮᠠᠲ᠋ᠧᠷᠢᠶᠠᠯ ᠢ ᠬᠤᠤᠷ ᠥᠬᠡᠶᠢᠳᠡᠭᠦᠯᠦᠨ ᠣᠷᠣᠯᠠᠭᠤᠯᠬᠤ᠂ ᠦᠢᠯᠡᠳᠪᠦᠷᠢᠯᠡᠬᠦ ᠤᠷᠠᠨ ᠳᠠᠷᠬ᠎ᠠ ᠶᠢ ᠬᠤᠤᠷ ᠥᠬᠡᠶᠢᠳᠡᠭᠦᠯᠦᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠷᠢᠭᠤᠨ ᠴᠡᠪᠡᠷ ᠦᠢᠯᠡᠳᠪᠦᠷᠢᠯᠡᠬᠦ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ᠃ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠣᠯᠠᠨ ᠨᠡᠶᠢᠲᠡ ᠳᠤ ᠮᠡᠳᠡᠭᠳᠡᠬᠦ ᠳᠤ ᠳᠥᠭᠦᠮ ᠠᠷᠭ᠎ᠠ ᠮᠠᠶ᠋ᠢᠭ ᠢᠶᠠᠷ ᠬᠤᠤᠷ ᠬᠥᠨᠥᠭᠡᠯ ᠲᠠᠢ ᠲᠦᠭᠦᠬᠡᠶ ᠮᠠᠲ᠋ᠧᠷᠢᠶᠠᠯ ᠬᠡᠷᠡᠭᠯᠡᠭᠰᠡᠨ ᠪᠠᠶᠢᠳᠠᠯ ᠵᠢᠴᠢ ᠬᠤᠤᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠤᠭᠰᠠᠨ ᠨᠡᠷᠡᠶᠢᠳᠦᠯ᠂ ᠥᠳᠬᠡᠴᠡ ᠪᠣᠯᠤᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠤᠤᠷ ᠬᠥᠨᠥᠭᠡᠯ ᠲᠠᠢ ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠶᠢ ᠡᠵᠡᠮᠳᠡᠬᠦ ᠱᠠᠭᠠᠷᠳᠠᠯᠭ᠎ᠠ ᠶᠣᠰᠣᠭᠠᠷ ᠪᠣᠬᠢᠷᠲᠤᠯ ᠥᠬᠡᠶ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ ᠦᠶ᠋ᠯᠡᠳᠪᠦᠷᠢ᠂ ᠪᠣᠬᠢᠷᠲᠤᠯ ᠥᠬᠡᠶ ᠦᠢᠯᠡᠳᠬᠦᠨ ᠪᠠ ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠥᠬᠡᠶ ᠦᠶ᠋ᠯᠡᠳᠬᠦ ᠪᠠᠷᠢᠮᠵᠢᠶ᠎ᠠ ᠶᠢᠨ ᠰᠢᠰᠲ᠋ᠧᠮᠵᠢ ᠳᠤ ᠣᠷᠣᠭᠤᠯᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    8. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠤᠨ ᠵᠦᠢᠯ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠵᠣᠷ ᠢᠶᠠᠷ ᠢᠶᠠᠨ ᠡᠮ ᠤᠨ ᠵᠦᠢᠯ ᠤᠨ ᠪᠠᠺᠲ᠋ᠤᠷᠢ ᠡᠰᠡᠷᠭᠦ ᠡᠮ ᠢ ᠪᠣᠷᠣᠯᠠᠭᠤᠯᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠥᠷᠨᠢᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠮᠠᠯ ᠤᠨ ᠪᠠᠺᠲ᠋ᠧᠷᠢ ᠳᠠᠷᠤᠬᠤ ᠡᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠂ ᠮᠠᠯ ᠤᠨ ᠪᠠᠺᠲ᠋ᠧᠷᠢ ᠳᠠᠷᠤᠬᠤ ᠡᠮ ᠢ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠮᠢᠬ᠎ᠠ ᠥᠨᠳᠡᠭᠡ ᠰᠦ᠋ ᠶᠢᠨ ᠭᠤᠤᠯ ᠪᠣᠯᠬᠤ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠲᠥᠷᠥᠯ ᠵᠦᠢᠯ ᠢ ᠦᠢᠯᠡᠳᠪᠦᠷᠢᠯᠡᠬᠦ ᠪᠠᠷ ᠭᠤᠤᠯᠳᠠᠯᠭ᠎ᠠ ᠪᠣᠯᠭᠠᠨ᠂ ᠮᠠᠯ ᠤᠨ ᠡᠮ ᠬᠡᠷᠡᠭᠯᠡᠭᠰᠡᠨ ᠲᠡᠮᠳᠡᠭᠯᠡᠯ᠂ ᠮᠠᠯ ᠤᠨ ᠬᠡᠷᠡᠭᠯᠡᠬᠦ ᠡᠮ ᠤᠨ ᠵᠣᠷ ᠪᠠ ᠮᠠᠯ ᠤᠨ ᠡᠮ ᠢ ᠲᠦᠷ ᠵᠣᠭᠰᠣᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠮ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠠᠮᠢᠲᠠᠨ ᠤ ᠪᠦᠲᠦᠭᠡᠭᠳᠡᠬᠦᠨ ᠤ ᠨᠢᠭᠡᠴᠡ ᠶᠢᠨ ᠮᠠᠯ ᠤᠨ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠨᠢ ᠪᠠᠭᠤᠷᠠᠬᠤ ᠬᠠᠨᠳᠤᠰᠢ ᠶᠢ ᠪᠠᠲᠤᠯᠠᠵᠤ᠂ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠦᠢᠯᠡᠳᠬᠦᠨ ᠤ ᠮᠠᠯ ᠤᠨ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠭᠤᠷᠠᠭᠤᠯᠵᠤ᠂ ᠮᠠᠯ ᠤᠨ ᠡᠮ ᠡᠵᠡᠩᠨᠡᠬᠦ᠂ ᠬᠡᠷᠡᠭᠯᠡᠬᠦ ᠭᠤᠭᠴᠤᠭ᠎ᠠ ᠳᠤ ᠦᠯᠢᠭᠡᠷ ᠠᠪᠴᠤ ᠥᠭᠬᠦ ᠶᠢᠨ ᠬᠠᠮᠲᠤ ᠬᠠᠭᠤᠷᠮᠠᠭ ᠴᠢᠨᠠᠷ ᠮᠠᠭᠤ ᠮᠠᠯ ᠤᠨ ᠡᠮ ᠤᠨ ᠦᠢᠯᠡᠳᠬᠦᠨ ᠢ ᠪᠠᠶᠢᠴᠠᠭᠠᠨ ᠰᠢᠶ᠋ᠳᠪᠦᠷᠢᠯᠡᠵᠦ᠂ ᠲᠡᠵᠢᠭᠡᠨ ᠦᠷᠡᠵᠢᠭᠦᠯᠬᠦ ᠦᠢᠯᠡᠰ ᠤᠨ ᠠᠶᠤᠯ ᠦᠭᠡᠶ ᠪᠠ ᠠᠮᠢᠲᠠᠨ ᠤ ᠦᠢᠯᠡᠳᠬᠦᠨ ᠤ ᠶᠠᠰᠤ ᠴᠢᠨᠠᠷ ᠤᠨ ᠠᠶᠤᠯ ᠦᠭᠡᠶ ᠦᠢᠯᠡᠳᠪᠦᠷᠢᠯᠡᠬᠦ ᠶᠢ ᠪᠠᠲᠤᠯᠠᠬᠤ ᠬᠡᠷᠡᠭᠲᠡᠶ᠃ 2025 ᠤᠨ ᠪᠣᠯᠬᠤ ᠳᠤ᠂ 50% ᠠᠴᠠ ᠳᠡᠭᠡᠭᠰᠢᠬᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠳᠤ ᠲᠡᠵᠢᠭᠡᠨ ᠦᠷᠡᠵᠢᠭᠦᠯᠬᠦ ᠶᠢ ᠪᠠᠭᠠᠰᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    9. ᠲᠠᠷᠢᠶᠠᠨ ᠡᠮ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠠᠵᠢᠯ ᠢ ᠵᠢᠷᠤᠮᠵᠢᠭᠤᠯᠬᠤ ᠬᠡᠷᠡᠭᠲᠡᠶ᠃ ᠡᠮ ᠢ ᠬᠢᠵᠠᠭᠠᠷᠯᠠᠨ ᠬᠤᠤᠷ ᠬᠥᠨᠥᠭᠡᠯ ᠢ ᠪᠠᠭᠠᠰᠬᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠨ ᠡᠮ ᠬᠡᠷᠡᠭᠯᠡᠬᠦ ᠵᠢᠯᠣᠭᠤᠳᠣᠯᠭ᠎ᠠ ᠶᠢ ᠴᠢᠩᠭᠠᠷᠠᠭᠤᠯᠤᠨ᠂ ᠬᠤᠤᠷ ᠪᠠᠭᠠᠲᠠᠶ ᠦᠯᠡᠳᠡᠭᠳᠡᠯ ᠪᠠᠭ᠎ᠠ ᠲᠠᠷᠢᠶᠠᠨ ᠡᠮ ᠢ ᠬᠡᠷᠡᠭᠯᠡᠬᠦ ᠶᠢ ᠬᠡᠷᠡᠭᠵᠢᠭᠦᠯᠦᠨ᠎ᠡ᠃ ᠤᠷᠭᠤᠮᠠᠯ ᠢ ᠬᠠᠮᠠᠭᠠᠯᠠᠬᠤ ᠥᠨᠳᠥᠷ ᠪᠦᠲᠦᠮᠵᠢᠲᠡᠶ ᠮᠠᠰᠢᠨ ᠢ ᠳᠡᠯᠭᠡᠷᠡᠭᠦᠯᠵᠦ᠂ ᠨᠢᠭᠡᠳᠦᠯᠲᠡᠶ ᠰᠡᠷᠭᠡᠶᠢᠯᠡᠨ ᠵᠠᠰᠠᠬᠤ ᠪᠠ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠶᠢ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ ᠪᠠᠭᠤᠷᠠᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠢ ᠠᠬᠤᠶ ᠶᠢᠨ ᠲᠣᠬᠢᠷᠠᠭᠤᠯᠤᠯ ᠡᠵᠡᠮᠳᠡᠯ᠂ ᠡᠭᠡᠯᠢᠯᠡᠭᠡ ᠶᠢᠨ ᠥᠳᠥᠭᠡᠯᠭᠡ᠂ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠹᠢᠽᠢᠺ ᠬᠢᠮᠢ ᠶᠢᠨ ᠥᠳᠥᠭᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠦᠢᠯᠡᠳᠪᠦᠷᠢᠯᠡᠬᠦ ᠭᠤᠭᠴᠤᠭ᠎ᠠ ᠳᠤ ᠬᠤᠷᠢᠶᠠᠨ ᠠᠪᠬᠤ ᠳᠤ ᠳᠥᠭᠦᠮ ᠦᠵᠡᠭᠦᠯᠬᠦ ᠶᠡᠭᠡ ᠪᠠᠭᠲᠠᠭᠠᠮᠵᠢᠲᠤ ᠪᠣᠭᠤᠳᠠᠯ ᠤᠨ ᠪᠣᠳᠠᠰ ᠢ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠨ ᠡᠮ ᠦᠢᠯᠡᠳᠪᠦᠷᠢᠯᠡᠭᠴᠢ᠂ ᠡᠵᠡᠩᠨᠡᠭᠴᠢ ᠶᠢᠨ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠡᠭᠦᠷᠭᠡ ᠶᠢ ᠭᠦᠢᠴᠡᠳᠬᠡᠬᠦ ᠶᠢ ᠱᠠᠯᠠᠪᠳᠠᠭᠤᠯᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ 2025 ᠤᠨ ᠪᠣᠯᠬᠤ ᠳᠤ ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠲᠦᠷᠪᠡ︶ ᠲᠡᠭᠦᠰᠭᠡᠯ ᠦᠵᠦᠭᠦᠷ ᠤᠨ ᠵᠠᠰᠠᠯᠲᠠ ᠶᠢ ᠭᠦᠨᠵᠡᠭᠡᠢᠷᠡᠭᠦᠯᠵᠦ ᠱᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠱᠢᠭᠦᠷᠢ ᠶᠢ ᠪᠠᠭᠤᠷᠠᠭᠤᠯᠤᠨ᠎ᠠ᠃    10. ᠰᠢᠨ᠎ᠡ ᠪᠣᠬᠢᠷᠲᠤᠯ ᠪᠣᠳᠠᠰ ᠤᠨ ᠣᠯᠠᠨ ᠣᠷᠴᠢᠨ ᠲᠣᠭᠤᠷᠢᠨ ᠤ ᠵᠠᠭᠤᠴᠢ ᠶᠢ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃ ︽ᠰᠢᠨ᠎ᠡ ᠪᠣᠬᠢᠷᠲᠤᠯ ᠪᠣᠳᠠᠰ ᠢ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠨᠠᠷᠢᠨ ᠲᠠᠩᠰᠠ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠭᠠᠳᠠᠭᠰᠢᠯᠠᠭᠤᠯᠵᠤ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠳᠤ ᠣᠷᠣᠭᠤᠯᠬᠤ ᠶᠢᠨ ᠬᠠᠮᠲᠤ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠡᠩᠰᠡᠯᠡᠯᠲᠡ ᠶᠢᠨ ᠬᠦᠰᠦᠨᠦᠭᠲᠦ ᠶᠢ ᠲᠠᠭᠯᠠᠵᠤ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠶᠢᠨ ᠱᠠᠭᠠᠷᠳᠠᠯᠭ᠎ᠠ ᠵᠢᠴᠢ ᠠᠪᠤᠭᠰᠠᠨ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠶ ᠪᠢᠴᠢᠵᠦ᠂ ᠭᠠᠳᠠᠭᠰᠢᠯᠠᠭᠤᠯᠬᠤ ︵ᠪᠣᠬᠢᠷᠲᠤᠯ︶ ᠠᠮᠠ ᠵᠢᠴᠢ ᠲᠡᠭᠦᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠣᠷᠴᠢᠨ ᠲᠣᠭᠤᠷᠢᠨ ᠢ ᠬᠢᠨᠠᠨ ᠬᠡᠮᠵᠢᠬᠦ ᠶᠢ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠡ ᠨᠢ ᠬᠤᠤᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠶ ᠶᠢᠨ ᠪᠣᠬᠢᠷᠲᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠬᠤᠤᠷ ᠬᠥᠨᠥᠭᠡᠯ ᠲᠠᠢ ᠪᠣᠳᠠᠰ ᠤᠨ ᠨᠡᠪᠴᠢᠵᠦ ᠭᠤᠭᠤᠵᠢᠬᠤ᠂ ᠭᠡᠭᠡᠭᠳᠡᠬᠦ᠂ ᠪᠤᠲᠠᠷᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ ᠃ ᠬᠤᠤᠷᠲᠠᠶ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠵᠠᠰᠠᠬᠤ ᠶᠢ ᠦᠨᠡᠨᠬᠦ ᠴᠢᠩᠭᠠᠳᠬᠠᠵᠤ᠂ ᠪᠣᠬᠢᠷᠲᠤᠯ ᠢ ᠬᠢᠵᠠᠭᠠᠷᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶    11. ᠣᠨᠴᠠ ᠰᠢᠨ᠎ᠡ ᠪᠣᠬᠢᠷᠲᠤᠯ ᠪᠣᠳᠠᠰ ᠤᠨ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠬᠤ ᠠᠵᠢᠯ ᠢ ᠴᠢᠩᠭᠠᠳᠬᠠᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠰᠠᠭᠤᠷᠢ ᠪᠠ ᠬᠠᠶᠠᠭᠳᠠᠮᠠᠯ ᠪᠣᠳᠠᠰ ᠢ ᠪᠤᠶᠢᠵᠢᠭᠤᠯᠬᠤ ᠰᠠᠭᠤᠷᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠳᠣ ᠶᠢᠨ ᠪᠠᠶᠢᠭ᠎ᠠ ᠡᠮᠴᠢᠯᠡᠭᠡᠨ ᠤ ᠬᠠᠶᠠᠭᠳᠠᠮᠠᠯ ᠡᠳ᠋ ᠢ ᠬᠠᠮᠵᠢᠯᠴᠠᠨ ᠰᠢᠶ᠋ᠳᠪᠦᠷᠢᠯᠡᠬᠦ ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯᠡᠰ᠂ ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠶ᠋ᠳᠪᠦᠷᠢᠯᠡᠬᠦ ᠶᠢ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠶᠢ ᠪᠠᠬᠢᠵᠢᠭᠦᠯᠦᠨ᠎ᠡ᠃    12. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠮᠠᠨ ᠤ ᠠᠶᠢᠮᠠᠭ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠤᠨ ᠣᠷᠣᠨ ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠳᠡᠭᠡᠳᠦ ᠰᠤᠷᠭᠠᠭᠤᠯᠢ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠮᠡᠷᠭᠡᠵᠢᠯ ᠤᠨ ᠰᠤᠳᠤᠯᠭᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠬᠠᠮᠲᠤᠷᠠᠨ ᠥᠷᠨᠢᠭᠦᠯᠦᠨ᠎ᠡ᠃ ᠰᠢᠨ᠎ᠡ ᠪᠤᠬᠢᠷᠳᠦᠯ ᠡᠳ᠋ ᠲᠤ ᠬᠤᠯᠪᠤᠠᠠᠳ᠋ᠬᠠᠰᠠᠨ ᠰᠢᠨᠵᠢᠯᠡᠬᠦ ᠣᠬᠠᠭᠠᠨ ᠤ ᠰᠣᠳᠣᠯᠭᠠᠨ ᠤ ᠦᠷ᠎ᠠ ᠪᠦᠳᠦᠭᠡᠯ ᠢ ᠳᠡᠨᠢᠯᠴᠠᠭᠤᠯᠥᠨ ᠳᠡᠨᠢᠯᠴᠠᠭᠤᠯᠵᠦ ᠦᠪᠡᠷᠳᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠱᠠᠩᠨᠠᠯ ᠤᠨ ᠳᠡᠰ ᠤᠨ ᠰᠢᠯᠭᠠᠷᠡᠭᠤᠯᠥᠯᠳᠡ ᠳᠤ ᠣᠷᠣᠯᠴᠠᠭᠤᠯᠥᠨ᠎ᠠ᠃ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠵᠣᠷᠢᠭᠵᠢᠭᠤᠯᠵᠤ ᠪᠠᠶᠢᠭᠠᠳ ᠤᠳᠠᠭᠠᠨ ᠳᠠᠭᠠᠭᠠᠮᠠᠭᠠᠶ ᠣᠷᠭᠠᠨᠢᠭ ᠪᠣᠬᠢᠷᠲᠤᠯ ᠡᠳ᠋᠂ ᠳᠣᠲᠣᠭᠠᠳᠤ ᠱᠦᠭᠦᠷᠡᠯ ᠤᠨ ᠬᠠᠷᠰᠢᠯᠠᠯ ᠤᠨ ᠪᠣᠳᠠᠰ᠂ ᠨᠢᠶᠠᠨ ᠳᠠᠷᠤᠭᠴᠢ ᠂ ᠪᠢᠴᠢᠯ ᠰᠦᠯᠢᠶᠣᠦ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠬᠤ ᠵᠢᠮ᠎ᠡ ᠶᠣᠰᠣᠨ ᠤ ᠰᠤᠳᠤᠯᠤᠯ ᠥᠷᠨᠢᠭᠦᠯᠬᠦ ᠶᠢ ᠰᠦᠪᠡᠭᠴᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    13. ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠢ ᠵᠠᠰᠠᠬᠤ ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠬᠦ ᠮᠡᠷᠭᠡᠵᠢᠯ ᠤᠨ ᠲᠤᠯᠭᠠᠭᠤᠷᠢᠯᠠᠯ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠤᠬᠢᠷᠳᠦᠯ ᠡᠳ᠋ ᠢ ᠵᠠᠰᠠᠬᠤ ᠮᠡᠳᠡᠭᠡ ᠵᠠᠩᠬᠢᠵᠢᠯᠳᠡ ᠶᠢᠨ ᠬᠢᠷᠢ ᠭᠡᠮᠵᠢᠶ᠎ᠠ ᠶᠢ ᠴᠢᠩᠭᠠᠷᠡᠭᠤᠯᠵᠦ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠪᠤᠯᠥᠨ ᠠᠵᠦ ᠠᠬᠤᠶᠢᠯᠠᠯ ᠢ ᠰᠢᠮᠳᠡᠭᠤᠯᠥᠨ ᠱᠠᠭᠠᠷᠳᠠᠵᠤ ᠪᠠᠶᠢᠭᠠᠳ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠰᠢᠨ᠎ᠡ ᠪᠤᠬᠢᠷᠳᠦᠯ ᠡᠳ᠋ ᠤᠨ ᠣᠷᠴᠢᠨ ᠲᠤᠭᠤᠷᠢᠨ ᠤ ᠬᠠᠮᠢᠶᠡᠷᠦᠯᠳᠡ ᠶᠢᠨ ᠮᠡᠳᠡᠭᠡ ᠵᠠᠩᠬᠢ ᠶᠢᠨ ᠰᠢᠰᠲ᠋ᠧᠮ ᠢ ᠴᠠᠭ ᠲᠣᠬᠠᠢ ᠳᠤᠨᠢ ᠲᠠᠭᠯᠠᠨ ᠮᠡᠳᠡᠬᠦᠯᠥᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠨᠢᠭᠡ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠠᠯᠲᠠᠲᠤ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠰᠠᠶᠢᠲᠤᠷ ᠬᠢᠵᠦ᠂ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠵᠠᠰᠠᠬᠤ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠬᠥᠭᠵᠢᠭᠦᠯᠦᠯᠲᠡ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠩᠭᠠᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠪᠣᠭᠤᠮᠲᠠ ᠵᠡᠷᠭᠡ ᠨᠢᠭᠡᠴᠡ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠵᠥᠪᠳᠡᠯᠴᠡᠵᠦ᠂ ᠪᠥᠬᠦ ᠠᠶᠢᠮᠠᠭ ᠤᠨ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠠᠮᠲᠤᠷᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠦᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 ᠣᠨ ᠳᠤ ᠲᠣᠰ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠯᠲᠡ ᠬᠢᠬᠦ ᠬᠡᠷᠡᠭᠲᠡᠶ᠃ ᠰᠢᠨ᠎ᠡ ᠪᠣᠬᠢᠷᠲᠤᠯ ᠪᠣᠳᠠᠰ ᠢ ᠵᠠᠰᠠᠬᠤ ᠳᠤᠮᠳᠠ ᠣᠷᠣᠰᠢᠵᠤ ᠪᠠᠶᠢᠭ᠎ᠠ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠪᠥᠬᠦ ᠠᠶᠢᠮᠠᠭ ᠤᠨ ᠭᠤᠤᠯᠳᠠᠯᠭ᠎ᠠ ᠲᠠᠢ ᠵᠠᠰᠠᠬᠤ ᠡᠭᠦᠷᠭᠡ ᠬᠠᠷᠠᠯᠲᠠ ᠳᠤ ᠣᠷᠣᠭᠤᠯᠵᠤ᠂ ᠴᠡᠭᠴᠡᠯᠡᠨ ᠵᠠᠰᠠᠬᠤ ᠶᠢ ᠢᠳᠡᠪᠬᠢᠲᠡᠶ ᠠᠬᠢᠭᠤᠯᠤᠨ ᠂ ᠪᠣᠬᠢᠷᠲᠤᠯ ᠤᠨ ᠳᠠᠯᠳᠠ ᠬᠡᠮ ᠢ ᠠᠷᠢᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ ᠬᠤᠯᠪᠣᠭᠳᠠᠯ ᠪᠥᠬᠦᠶ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠬᠤᠶᠠᠷ︶ ᠬᠠᠣᠯᠢ ᠬᠡᠷᠡᠭᠵᠢᠬᠦᠯᠦᠯᠳᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠷᠠᠭᠤᠯᠤᠨ᠂ ᠰᠢᠨ᠎ᠡ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠬᠠᠤᠯᠢ ᠬᠡᠷᠡᠭᠵᠢᠭᠦᠯᠵᠦ ᠬᠢᠨᠠᠨ ᠰᠢᠨᠵᠢᠬᠦ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠰᠢᠨᠵᠢᠬᠦ ᠶᠢ ᠴᠢᠩᠭᠠᠳᠬᠠᠨ᠎ᠠ᠃ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠵᠤ᠂ ᠭᠤᠣᠯᠳᠠᠯᠭ᠎ᠠ ᠳᠤ ᠬᠤᠯᠪᠣᠭᠳᠠᠭᠰᠠᠨ ᠰᠢᠨ᠎ᠡ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠳᠤ ᠬᠤᠤᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠬᠦᠨ ᠦᠢᠯᠡᠳᠪᠦᠷᠢᠯᠡᠬᠦ᠂ ᠡᠳᠰᠢᠭᠦᠯᠬᠦ ᠬᠡᠷᠡᠭᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠷᠠᠰᠢᠶᠠᠨ ᠪᠣᠭᠤᠮᠲᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠭᠤᠷᠪᠠ︶ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠪᠠᠯᠠ ᠮᠥᠩᠭᠦ ᠶᠢᠨ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠨ᠂ ᠪᠠᠩᠬᠢ ᠶᠢᠨ ᠳᠠᠭᠠᠳᠬᠠᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠣᠬᠢᠷᠲᠤᠯ ᠢ ᠵᠠᠰᠠᠬᠤ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠵᠣᠯᠭᠠᠭᠤᠯᠵᠤ᠂ ᠦᠢᠯᠡᠳᠬᠦᠨ ᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠪᠠᠯᠠ ᠮᠥᠩᠭᠦ ᠶᠢᠨ ᠬᠦᠴᠦᠨ ᠵᠦᠢᠯ ᠢ ᠬᠥᠲᠥᠯᠦᠨ ᠵᠢᠯᠣᠭᠤᠳᠴᠤ ᠪᠠᠶᠢᠭᠠᠳ ᠰᠢᠨ᠎ᠡ ᠪᠣᠬᠢᠷᠲᠤᠯ ᠪᠣᠳᠠᠰ ᠢ ᠵᠠᠰᠠᠬᠤ ᠬᠦᠷᠢᠶ᠎ᠡ ᠴᠠᠷᠠᠭ᠎ᠠ ᠳᠠᠰᠢ ᠬᠡᠯᠪᠠᠶᠢᠯᠭᠡᠵᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠩᠭᠠᠨ ᠤ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠢ ᠵᠠᠰᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠤᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠪᠠ ᠡᠷᠡᠭᠦᠯ ᠮᠡᠨᠳᠤ ᠶᠢᠨ ᠬᠤᠣᠷ ᠬᠥᠨᠥᠭᠡᠯ ᠤᠨ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠶᠢᠯᠠᠭᠠᠭᠳᠠᠬᠤᠨ ᠢ ᠨᠡᠮᠡᠭᠳᠡᠭᠦᠯᠦᠨ᠎ᠡ᠃ ᠣᠯᠠᠨ ᠲᠦᠮᠡᠨ ᠤ ᠰᠢᠨ᠎ᠡ ᠪᠣᠬᠢᠷᠲᠤᠯ ᠡᠳ᠋ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠭᠦᠢᠴᠡᠳᠬᠡᠬᠦ ᠠᠵᠢᠯᠯᠠᠭ᠎ᠠ ᠪᠠ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠣᠷᠣᠨ ᠨᠤᠲᠤᠭ ᠤᠨ ᠭᠡᠷ᠎ᠡ ᠪᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠠᠴᠠ ᠲᠦᠷᠦᠭᠦᠯᠡᠵᠦ᠂ ᠡᠯ᠎ᠡ ᠬᠤᠯᠪᠣᠭᠳᠠᠯ ᠪᠥᠬᠦᠶ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠬᠦᠴᠦᠨ ᠤ ᠴᠠᠬᠢᠯᠭᠠᠨ ᠤ ᠰᠠᠯᠠᠭ᠎ᠠ 2023 ᠣᠨ ᠤ 8 ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ 
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号