ᠰᠦᠬᠡ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/8/16
  8 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ  ᠮᠧᠩ ᠵᠢᠶᠠ ᠠᠮᠤ ᠲᠣᠰᠣᠨ ᠤ ᠠᠵᠤ  ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠰᠢᠷ᠎ᠠ ᠪᠤᠷᠴᠠᠭ ᠤᠨ ᠠᠵᠤ ᠦᠢᠯᠡᠰ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ᠃    ᠰᠦᠬᠡ ᠤᠷᠢᠳ ᠬᠤᠵᠢᠳ ᠮᠧᠩ ᠵᠢᠶᠠ ᠠᠮᠤ ᠳᠤᠰᠤᠨ ᠤ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠬ᠂ ᠮᠧᠩ ᠵᠢᠶᠠ ᠰᠢᠷ᠎ᠠ ᠪᠤᠷᠴᠠᠭ ᠤᠨ ᠣᠷᠴᠢᠯ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠣᠳᠣᠬᠠᠨ ᠤ ᠠᠵᠤ ᠠᠬᠤᠶᠢᠯᠠᠯ ᠤᠨ ᠰᠢᠷ᠎ᠠ ᠪᠤᠷᠴᠠᠭ ᠤᠨ ᠠᠵᠤ ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠯᠠᠪᠯᠠᠨ ᠠᠰᠠᠭᠤᠪᠠ᠃ ᠲᠡᠷᠡ᠂ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠪᠠᠲᠤᠳᠬᠠᠵᠤ᠂ ᠳᠣᠲᠣᠭᠠᠳᠤ ᠬᠥᠳᠡᠯᠭᠡᠬᠦ ᠬᠦᠴᠦᠨ ᠢᠶᠠᠨ ᠴᠢᠩᠭᠠᠳᠬᠠᠵᠤ᠂ ᠰᠢᠷ᠎ᠠ ᠪᠤᠷᠴᠠᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠰᠢᠨ᠎ᠡ ᠮᠡᠷᠭᠡᠵᠢᠯ ᠢ ᠰᠤᠳᠤᠯᠤᠨ ᠨᠡᠭᠡᠭᠡᠬᠦ᠂ ᠣᠷᠣᠭᠤᠯᠤᠨ ᠠᠪᠴᠢᠷᠠᠬᠤ᠂ ᠬᠤᠪᠢᠷᠠᠭᠤᠯᠬᠤ ᠪᠠ ᠳᠡᠯᠭᠡᠷᠡᠭᠦᠯᠬᠦ ᠶᠢ ᠲᠦᠷᠭᠡᠳᠬᠡᠵᠦ᠂ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠤ ᠪᠠᠷᠢᠯᠭ᠎ᠠ ᠶᠢᠨ ᠠᠵᠢᠯ ᠳᠤ ᠠᠰᠢᠭᠲᠠᠶ ᠴᠠᠭ ᠲᠣᠬᠢᠶᠠᠯ ᠢ ᠠᠮᠵᠢᠵᠤ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠮᠦᠨᠡᠰᠢ ᠪᠠᠨ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠦᠷᠭᠡᠨ ᠪᠥᠭᠡᠳ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号