ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/16
  8 ᠳ᠋ᠤᠭᠠᠷ ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 7 ᠳ᠋ᠤᠭᠠᠷ ᠰᠠᠷ᠎ᠠ ᠶᠢᠨ 24 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ︽ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠰᠠᠷ︾ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠢᠩᠭᠠᠨ ᠠᠶᠢᠮᠠᠭ ᠤᠨ ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠬᠥᠲᠥᠯᠪᠦᠷᠢ ︵2021 — 2035 ᠣᠨ﹀ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂    ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠢᠯ ᠤᠨ ᠡᠬᠢᠨ ᠳᠤ ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠠᠴᠠ ᠲᠣᠭᠲᠠᠭᠠᠭᠰᠠᠨ ᠬᠠᠷᠠᠯᠲᠠ ᠶᠢᠨ ᠡᠭᠦᠷᠭᠡ ᠶᠢᠨ ᠲᠣᠭᠤᠷᠢᠨ ᠳᠤ᠂ ᠡᠷᠴᠢ ᠵᠣᠷᠢᠭ ᠢᠶᠠᠨ ᠬᠥᠪᠴᠢᠯᠡᠨ᠂ ᠶᠡᠬᠡᠪᠡᠷ ᠠᠵᠢᠯᠯᠠᠵᠤ ᠲᠦᠷᠭᠡᠨ ᠤᠷᠤᠭᠰᠢᠯᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠦᠷᠭᠦᠯᠵᠢᠯᠡᠨ ᠴᠢᠷᠮᠠᠶᠢᠨ ᠨᠥᠬᠦᠪᠥᠷᠢᠯᠡᠵᠦ᠂ ᠴᠢᠬᠤᠯᠠ ᠶᠡᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠵᠢᠯ ᠤᠨ ᠠᠵᠢᠯ ᠤᠨ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ᠃    ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ︽ᠠᠷᠠᠳ ᠤᠨ ᠠᠮᠢᠳᠤᠷᠠᠯ ᠢ ᠪᠠᠲᠤᠯᠠᠬᠤ᠂ ᠵᠠᠮ ᠬᠠᠷᠢᠯᠴᠠᠭᠠᠨ ᠤ ᠠᠰᠠᠷ ᠢ ᠪᠠᠲᠤᠯᠠᠬᠤ᠂ ᠲᠣᠭᠲᠠᠭᠤᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠠᠰᠠᠭᠤᠳᠠᠯ ᠪᠦᠬᠦᠢ ᠠᠰᠠᠷ ᠢ ᠰᠢᠢᠳᠪᠦᠷᠢᠯᠡᠬᠦ ᠠᠵᠢᠯ ᠢ ᠬᠠᠤᠯᠢ ᠲᠣᠭᠲᠠᠭᠠᠯ ᠶᠣᠰᠣᠭᠠᠷ ᠂ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠶᠢ ᠦᠨᠡᠨᠬᠦ ᠬᠠᠮᠠᠭᠠᠯᠠᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠠᠵᠢᠯ ᠢ ᠳᠡᠭᠡᠳᠦ  ᠬᠡᠮᠵᠢᠶ᠎ᠡ  ᠪᠠᠷ ᠴᠢᠬᠤᠯᠠᠴᠢᠯᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠦᠵᠡᠭᠦᠯᠬᠦ ᠬᠦᠳᠦᠯᠦᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ  ᠭᠡᠪᠡ᠃    ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号