ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ ᠠᠴᠠ ︽2023 ᠣᠨ ᠤ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠶᠢᠨ ᠲᠤᠰᠬᠠᠶ ᠪᠠᠯᠠ ᠮᠥᠩᠭᠦ ︵ᠭᠤᠷᠪᠠᠳᠤᠭᠠᠷ ᠪᠦᠯᠦᠭ︶ ᠶᠢᠨ ᠬᠥᠮᠥᠷᠭᠡ ᠳᠤ ᠣᠷᠣᠭᠤᠯᠬᠤ ᠪᠠᠷ | ᠪᠠᠶᠢᠭ᠎ᠠ ᠲᠥᠷᠥᠯ ᠵᠦᠢᠯ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ︾ ᠢ ᠨᠡᠶᠢᠲᠡᠯᠡᠵᠦ᠂ ᠬᠢᠩᠭᠠᠨ ᠠᠶᠢᠮᠠᠭ ᠤᠨ | ᠨᠡᠶᠢᠲᠡ 18 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ ᠤᠷᠤᠭᠰᠠᠨ ᠪᠥᠭᠡᠳ ᠵᠠᠷᠯᠠᠨ ᠨᠡᠶᠢᠲᠡᠯᠡᠬᠦ ᠶᠢ | ᠪᠠᠲᠤᠯᠠᠪᠠ᠃ | ᠨᠡᠷᠡᠰ ᠤᠨ ᠵᠢᠭᠰᠠᠭᠠᠯᠲᠠ ᠳᠤ ᠣᠷᠣᠭᠰᠠᠨ ᠠᠵᠤ ᠠᠬᠤᠶᠢᠯᠠᠯ ᠤᠨ ᠳᠣᠲᠣᠷ᠎ᠠ᠂ 15 ᠠᠵᠤ ᠠᠬᠤᠶᠢᠯᠠᠯ ᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢᠶᠠᠷ ᠦᠨᠡᠯᠡᠭᠳᠡᠵᠦ᠂ 3 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ | ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠪᠡ᠃ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠭᠰᠠᠨ ᠲᠤᠭ᠎ᠠ ᠬᠡᠮᠵᠢᠶ᠎ᠡ 6 ᠡᠷᠦᠬᠡ | ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ | ᠠᠵᠤ ᠠᠬᠤᠶᠢᠯᠠᠯ ᠢ ᠮᠠᠭᠠᠳᠯᠠᠨ ᠲᠣᠭᠲᠠᠭᠠᠭᠰᠠᠨ ᠲᠤᠭ᠎ᠠ ᠬᠡᠮᠵᠢᠶ᠎ᠡ 2 ᠡᠷᠦᠬᠡ ᠨᠡᠮᠡᠭᠳᠡᠵᠦ᠂ ᠨᠡᠶᠢᠲᠡ ᠨᠡᠮᠡᠭᠳᠡᠯ ᠤᠨ | ᠨᠣᠷᠮ᠎ᠠ ᠨᠢ 80% ᠳᠤ ᠬᠥᠷᠪᠡ᠃ ᠲᠣᠰ ᠤᠳᠠᠭᠠᠨ ᠤ ᠮᠠᠭᠠᠳᠯᠠᠨ ᠲᠣᠭᠲᠠᠭᠠᠯᠲᠠ ᠳᠤ ᠥᠪᠡᠷᠲᠡᠭᠡᠨ ᠵᠠᠰᠠᠬᠤ | ᠣᠷᠣᠨ ᠤ ᠲᠠᠰ ᠤᠨ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢ 450 | ᠲᠦᠮᠡᠨ ᠲᠥᠭᠦᠷᠢᠭ ᠵᠣᠬᠢᠬᠤ ᠬᠡᠮᠵᠢᠶ᠎ᠡ ᠪᠠᠷ ᠣᠯᠵᠤ ᠪᠣᠯᠤᠨ᠎ᠠ᠂ ᠡᠨᠡ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ 220 ᠲᠦᠮᠡᠨ ᠲᠥᠭᠦᠷᠢᠭ ᠨᠡᠮᠡᠭᠳᠡᠵᠦ᠂ ᠨᠡᠮᠡᠭᠳᠡᠯ ᠤᠨ ᠨᠣᠷᠮ᠎ᠠ ᠨᠢ | 96% ᠬᠦᠷᠴᠦ᠂ ᠨᠡᠷᠡᠰ ᠤᠨ ᠵᠢᠭᠰᠠᠭᠠᠯᠲᠠ ᠳᠤ ᠤᠷᠤᠭᠰᠠᠨ ᠠᠵᠤ ᠠᠬᠤᠶᠢᠯᠠᠯ ᠤᠨ ᠲᠤᠭ᠎ᠠ ᠪᠠ ᠣᠯᠤᠭᠰᠠᠨ ᠪᠠᠯᠠ | ᠮᠥᠩᠭᠦ ᠶᠢᠨ ᠲᠤᠭ᠎ᠠ ᠨᠢ ᠴᠥᠮ 2022 ᠣᠨ ᠤ ᠬᠢ ᠠᠴᠠ ᠬᠤᠶᠠᠷ ᠳᠠᠬᠢᠨ ᠰᠢᠬᠠᠮ ᠪᠣᠯᠵᠠᠶ᠃ | |