8 ᠰᠠᠷ᠎ᠠ ᠶᠢᠨ 17 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠡᠷᠢᠭᠦᠯᠡᠭᠴᠢ ︵ᠥᠷᠭᠡᠳᠬᠡᠭᠰᠡᠨ︶ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠠᠯᠪᠠᠨ ᠬᠡᠷ᠂ ᠡᠯ᠎ᠡ ᠲᠤᠰᠬᠠᠶ ᠵᠥᠪᠯᠡᠯ ᠤᠨ ᠭᠤᠤᠯᠳᠠᠯᠭ᠎ᠠ ᠲᠠᠢ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ | ᠬᠤᠷᠠᠯ ᠤᠨ ᠪᠦᠷᠢᠯᠳᠦᠬᠦᠨ᠂ ᠪᠠᠶᠢᠭᠤᠯᠤᠯᠭ᠎ᠠ ᠶᠢᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠶ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠤᠨ ᠡᠬᠢᠨ ᠠᠴᠠ ᠨᠠᠰᠢ᠂ ᠠᠶᠢᠮᠠᠭ ᠤᠨ ᠤᠯᠤᠰ ᠲᠥᠷᠥ ᠶᠢᠨ | ᠵᠥᠪᠯᠡᠯᠭᠡᠨ ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠬᠤᠶᠠᠷ ᠶᠡᠭᠡ ᠶᠠᠪᠤᠳᠠᠯ ᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ | ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠪᠠ᠃ ᠤᠯᠤᠰ ᠲᠦᠷᠤ ᠶᠢᠨ | ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ | ᠵᠠᠩᠭᠢ ᠶᠢᠨ ︽ᠰᠢᠭᠤᠳ ᠨᠡᠪᠲᠡᠷᠡᠬᠦ ᠲᠡᠷᠭᠡ︾ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠡᠷᠡᠳᠤ | ᠲᠡᠮᠳᠡᠭ ᠤᠨ ᠨᠥᠯᠥᠭᠡᠯᠡᠬᠦ ᠬᠦᠴᠦᠨ ᠲᠠᠰᠤᠷᠠᠯᠳᠠ ᠦᠭᠡᠢ ᠥᠷᠭᠡᠳᠴᠦ᠂ ᠪᠡᠭᠡᠵᠢᠩ ᠥᠪᠥᠷ ᠮᠣᠩᠭᠤᠯ ᠤᠨ ᠤᠯᠤᠰ | ᠲᠦᠷᠤ ᠶᠢᠨ ᠵᠥᠪᠯᠡᠯᠭᠡᠨ ᠲᠠᠢ ᠬᠠᠮᠵᠢᠯᠴᠠᠨ ᠲᠤᠰᠠᠯᠠᠬᠤ᠂ ︽ᠤᠯᠤᠰ ᠲᠦᠷᠤ ᠶᠢᠨ ᠵᠥᠪᠯᠡᠯᠭᠡᠨ + ᠰᠢᠭᠦᠬᠦ | ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠰᠢᠢᠳᠪᠦᠷᠢᠯᠡᠬᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠵᠡᠷᠭᠡ | ᠭᠤᠣᠯᠳᠠᠯᠭ᠎ᠠ ᠲᠠᠢ ᠠᠵᠢᠯ ᠴᠥᠮ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ | ᠪᠠᠶᠢᠭᠤᠯᠤᠯᠭ᠎ᠠ ᠶᠢᠨ ᠺᠠᠳ᠋ᠷᠴᠤᠳ ᠤᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠶᠢ ᠠᠶᠢᠮᠠᠭ ᠤᠨ ᠨᠠᠮ ᠤᠨ | ᠬᠤᠷᠢᠶᠠᠨ ᠤ ︵ᠥᠷᠭᠡᠳᠬᠡᠭᠰᠡᠨ︶ ᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠳᠡᠭᠡᠷ᠎ᠡ | ᠪᠦᠯᠬᠦᠮᠳᠡᠭᠦᠯᠦᠨ ᠳᠠᠭᠠᠭᠤᠯᠬᠤ ᠬᠡᠷᠡᠭᠲᠡᠶ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠤᠷᠢᠳᠴᠢᠯᠠᠨ ᠲᠥᠯᠥᠪᠵᠢᠭᠦᠯᠵᠦ᠂ ᠳ᠋ᠠ ᠰᠢᠩ ᠪᠠᠶᠢᠴᠠᠭᠠᠨ ᠰᠤᠳᠤᠯᠤᠯᠲᠠ ᠶᠢᠨ ᠠᠵᠢᠯ ᠢ ᠬᠦᠴᠦᠲᠡᠶ | ᠲᠦᠯᠬᠢᠨ ᠠᠬᠢᠭᠤᠯᠵᠤ᠂ ︽ᠪᠡᠭᠡᠵᠢᠩ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠳᠤ ᠬᠠᠮᠵᠢᠯᠴᠠᠨ | ᠬᠦᠴᠦ ᠨᠡᠮᠡᠷᠢᠯᠡᠬᠦ︾ ᠪᠠ ︽ᠤᠯᠤᠰ ᠲᠦᠷᠦ ᠶᠢᠨ ᠵᠥᠪᠯᠡᠯᠭᠡᠨ + ᠰᠢᠭᠦᠬᠦ ᠬᠤᠷᠢᠶ᠎ᠠ︾ ᠶᠢᠨ ᠢᠷᠭᠡᠨ ᠤ ᠪᠠ | ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠦᠷᠢᠯᠡᠬᠦ ᠠᠵᠢᠯ ᠢ ᠭᠦᠨᠵᠡᠭᠡᠶ | ᠥᠷᠨᠢᠭᠦᠯᠵᠦ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ | ᠦᠷᠭᠦᠯᠵᠢᠯᠡᠨ ᠲᠦᠯᠬᠢᠨ ᠠᠬᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠶ ᠭᠦᠢᠴᠡᠳᠬᠡᠭᠰᠡᠨ ᠦᠷ᠎ᠡ | ᠪᠦᠲᠦᠭᠡᠯ ᠢᠶᠠᠷ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ ᠭᠡᠪᠡ᠃ | | |