8 ᠰᠠᠷ᠎ᠠ ᠶᠢᠨ 22 ᠤᠨ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ 2023 ᠣᠨ ᠤ 7 ᠳ᠋ᠤᠭᠠᠷ ᠤᠳᠠᠭ᠎ᠠ ᠶᠢᠨ ᠡᠷᠬᠢᠯᠡᠭᠴᠢ ᠶᠢᠨ ᠥᠷᠭᠡᠳᠬᠡᠭᠰᠡᠨ ᠬᠤᠷᠠᠯ | ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ ᠪᠥᠭᠡᠳ | ᠶᠠᠷᠢᠶ᠎ᠠ ᠲᠠᠯᠪᠢᠵᠠᠶ᠃ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ ᠬᠤᠷᠠᠯ ᠳᠤ | ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠨᠡᠪᠲᠡᠷᠡᠲᠡᠯ᠎ᠡ | ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ | ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠲᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠪᠣᠯᠤᠨ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠶᠢᠮᠠᠭ ᠤᠨ ᠠᠵᠢᠯ ᠤᠨ ᠵᠥᠪᠯᠡᠯ ᠤᠨ ᠠᠵᠢᠯ ᠤᠨ ᠲᠦᠷᠢᠮ︾ ᠢ ᠶᠢ | ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ︿ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠲᠣᠭᠲᠠᠭᠠᠯ﹀ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠬᠤᠪᠢᠶᠠᠷᠢᠯᠠᠯ ᠢ | ᠵᠠᠷᠴᠢᠮ ᠳᠡᠭᠡᠷ᠎ᠡ ᠪᠠᠨ ᠪᠠᠲᠤᠯᠠᠭᠰᠠᠨ ᠪᠥᠭᠡᠳ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠬᠢᠨᠠᠨ | ᠲᠣᠭᠲᠠᠭᠠᠯᠭᠠᠪᠠ︔ ᠬᠤᠷᠠᠯ ᠠᠴᠠ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠲᠥᠰᠦᠯ ᠪᠣᠯᠤᠨ ᠣᠨ ᠤ ᠭᠤᠷᠪᠠᠳᠤᠭᠠᠷ | ᠤᠳᠠᠭ᠎ᠠ ᠶᠢᠨ ᠠᠵᠢᠯ ᠤᠨ ᠵᠥᠪᠯᠡᠯ ᠤᠨ ᠬᠤᠷᠠᠯ ᠤᠨ ᠵᠥᠪᠯᠡᠬᠦ ᠵᠦᠢᠯ ᠢ ᠬᠢᠨᠠᠨ ᠵᠥᠪᠯᠡᠵᠦ ᠪᠠᠲᠤᠯᠠᠭᠠᠳ᠂ ᠣᠨ ᠤ | ᠬᠠᠮᠢᠶ᠎ᠠ ᠪᠦᠬᠦᠢ ᠬᠢᠨᠠᠯᠲᠠ ᠲᠠᠯᠪᠢᠬᠤ ᠠᠵᠢᠯ ᠢ ᠨᠡᠮᠡᠭᠳᠡᠭᠦᠯᠬᠦ ᠶᠠᠪᠤᠳᠠᠯ ᠢ ᠰᠤᠳᠤᠯᠤᠨ ᠲᠣᠭᠲᠠᠭᠠᠪᠠ᠃ | |