ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/28
  8 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠠᠶᠢᠮᠠᠭ ᠤᠨ ᠨᠠᠮ ᠤᠨ  ᠬᠤᠷᠢᠶ᠎ᠠ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠩᠭᠠᠳᠬᠠᠭᠰᠠᠨ ᠨᠢ᠂  ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ  ᠲᠤᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠨ ᠵᠠᠰᠠᠵᠤ᠂ ᠤᠰᠤᠨ ᠳᠤ ᠰᠦᠢᠳᠦᠭᠰᠡᠨ ᠢᠨᠵᠧᠨᠧᠷᠢᠩ ᠢ ᠵᠠᠰᠠᠨ ᠰᠡᠷᠭᠦᠭᠡᠬᠦ ᠶᠢ ᠲᠦᠷᠭᠡᠳᠬᠡᠵᠦ ᠂ ᠲᠠᠷᠢᠶᠠᠯᠠᠩ ᠤᠨ ᠭᠠᠮᠰᠢᠭ ᠢ ᠠᠷᠭᠠᠴᠠᠬᠤ ᠠᠵᠢᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ  ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠳᠡᠭᠡᠳᠦ ᠬᠡᠮᠵᠢᠶᠡᠨ ᠤ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ  ᠬᠡᠮᠵᠢᠭᠳᠡᠯ ᠳᠤ ᠬᠦᠷᠭᠡᠵᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠬᠦ ᠬᠡᠷᠡᠭᠲᠡᠢ ᠭᠡᠪᠠ᠃    ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ  ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠤᠳᠠᠭ᠎ᠠ᠂ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠡᠨᠡᠬᠦ ᠲᠤᠮᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ  ᠬᠡᠯᠬᠢᠶ᠎ᠡ᠂ ᠬᠠᠩᠭᠠᠯᠭ᠎ᠠ ᠶᠢᠨ  ᠬᠡᠯᠬᠢᠶ᠎ᠡ᠂ ᠦᠷᠳᠡᠭ ᠤᠨ ᠬᠡᠯᠬᠢᠶ᠎ᠡ ᠶᠢ ᠪᠦᠬᠦ ᠤᠯᠤᠰ ᠤᠨ ᠲᠤᠮᠤ ᠵᠠᠬ᠎ᠠ ᠳᠡᠯᠭᠡᠭᠦᠷ ᠲᠠᠢ ᠪᠦᠬᠦ ᠲᠠᠯ᠎ᠠ ᠪᠠᠷ ᠵᠣᠯᠭᠠᠭᠤᠯᠬᠤ᠂ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠬᠤ ᠬᠡᠷᠡᠭᠲᠡᠢ᠃ ᠬᠥᠮᠦᠨ ᠠᠮᠠ ᠬᠢᠭᠡᠳ ᠠᠵᠤ ᠠᠬᠤᠢ ᠨᠡᠶᠢᠭᠡᠮ᠂ ᠡᠬᠢ ᠪᠠᠶᠠᠯᠢᠭ ᠣᠷᠴᠢᠨ ᠲᠣᠭᠤᠷᠢᠨ ᠤ ᠬᠠᠷᠢᠴᠠᠭ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠮᠦᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠢ ᠳᠤ ᠦᠢᠯᠡᠴᠢᠯᠡᠵᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ ᠦᠢᠯᠡᠴᠢᠯᠡᠬᠦ︾ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠵᠢᠷᠯᠢᠬ ᠭᠠᠵᠠᠷ ᠢ ᠶᠡᠷᠦᠩᠬᠡᠶᠢᠯᠡᠨ ᠥᠭᠡᠷᠡᠴᠢᠯᠡᠨ ᠠᠰᠢᠭᠯᠠᠬᠤ ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ  ᠭᠡᠪᠡ᠃    ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ  ᠰᠢ ᠶᠢᠨ ᠫᠢᠩ ᠤᠨ ᠰᠧᠴᠤᠸᠠᠨ ᠪᠣᠯᠤᠨ ᠱᠠᠨᠰᠢ ᠶᠢᠨ ᠬᠠᠨᠵᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠲᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠪᠣᠯᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ  ᠭᠡᠪᠡ᠃    ᠬᠤᠷᠠᠯ ᠠᠴᠠ ︽ᠬᠢᠩᠭᠠᠨ ᠠᠶᠢᠮᠠᠭ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠱᠠᠩᠨᠠᠬᠤ ᠠᠷᠭ᠎ᠠ︾ ᠵᠡᠷᠭᠡ ᠪᠢᠴᠢᠭ  ᠮᠠᠲ᠋ᠧᠷᠢᠶᠠᠯ ᠢ ᠬᠢᠨᠠᠨ ᠵᠥᠪᠯᠡᠵᠡᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号