ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ︽ᠲᠠᠪᠤᠨ ᠶᠡᠭᠡ ᠡᠭᠦᠷᠭᠡ︾ | ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ︽ᠬᠤᠶᠠᠷ ᠰᠠᠭᠤᠷᠢᠨ ᠭᠠᠵᠠᠷ︾ ᠤᠨ | ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠠᠶᠢᠮᠠᠭ ᠤᠨ ᠡᠨᠧᠷᠭᠢ ᠶᠢᠨ ᠰᠠᠭᠤᠷᠢᠨ ᠭᠠᠵᠠᠷ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠣᠬᠢᠷᠲᠤᠯ ᠥᠬᠡᠶ ᠬᠥᠭᠵᠢᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ | | ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ 1 | — 7 ᠰᠠᠷ᠎ᠠ ᠳᠤ᠂ ᠪᠥᠬᠦ ᠠᠶᠢᠮᠠᠭ ᠤᠨ ᠴᠠᠬᠢᠯᠭᠠᠨ ᠭᠠᠷᠭᠠᠭᠰᠠᠨ ᠬᠡᠮᠵᠢᠶ᠎ᠡ 116.2 ᠳ᠋ᠦᠩᠰᠢᠭᠤᠷ ᠺᠢᠯᠣᠸᠠᠲ | ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.2% ᠢᠶᠠᠷ ᠨᠡᠮᠡᠭᠳᠡᠪᠡ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 52.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 90.3% ᠪᠠᠷ ᠨᠡᠮᠡᠭᠳᠡᠨ᠂ ᠶᠡᠷᠦᠩᠬᠡᠶ ᠬᠡᠮᠵᠢᠶ᠎ᠡ ᠨᠢ ᠲᠣᠭᠲᠠᠭᠠᠯ ᠳᠡᠭᠡᠷᠡᠬᠢ ᠴᠠᠬᠢᠯᠭᠠᠨ | ᠭᠠᠷᠭᠠᠭᠰᠠᠨ ᠬᠡᠮᠵᠢᠶ᠎ᠡ ᠶᠢᠨ 45.2% ᠢ ᠡᠵᠡᠯᠡᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 63.9% ᠪᠠᠷ ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ 26.4% | ᠪᠠᠶᠢᠭᠰᠠᠨ ᠠᠴᠠ ᠪᠠᠨ 39.6% ᠪᠣᠯᠵᠣ ᠳᠡᠭᠡᠭᠰᠢᠯᠡᠵᠡᠶ᠃ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ | ᠤᠨ ᠪᠥᠳᠥᠭᠡᠨ ᠪᠠᠶᠢᠭᠤᠯᠤᠯᠲᠠ ᠶᠢᠨ ᠠᠯᠬᠤᠴᠠ ᠯᠠᠪᠳᠠᠭᠤᠨ ᠪᠠᠲᠤᠲᠠᠶ ᠪᠠᠶᠢᠨ᠎ᠠ᠃ 1 — 7 ᠳ᠋ᠤᠭᠠᠷ ᠰᠠᠷ᠎ᠠ ᠳᠤ᠂ | ᠪᠥᠬᠦ ᠠᠶᠢᠮᠠᠭ ᠤᠨ ᠲᠣᠭᠲᠠᠭᠠᠯ ᠳᠡᠭᠡᠷᠡᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.5% ᠨᠡᠮᠡᠭᠳᠡᠪᠡ︔ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 7.5% ᠨᠡᠮᠡᠭᠳᠡᠪᠡ ᠃ ᠡᠳ᠋ ᠤᠨ ᠵᠠᠰᠠᠭ ᠤᠨ ᠲᠠᠷᠢᠶᠠᠯᠠᠩ ᠣᠶ ᠰᠢᠭᠤᠶ ᠤᠰᠤᠨ ᠤ | ᠶᠠᠪᠤᠳᠠᠯ ᠤᠨ ᠵᠠᠷᠤᠯᠭ᠎ᠠ 49.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 54. | 8% ᠪᠠᠷ ᠨᠡᠮᠡᠭᠳᠡᠪᠡ᠃ | |