1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 63.9% ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠴᠠ | 44.9 ᠵᠠᠭᠤᠨ ᠤ ᠨᠢᠭᠡᠴᠢ ᠥᠨᠳᠥᠷ ᠪᠣᠯᠵᠣ᠂ ᠲᠣᠭᠲᠠᠮᠠᠯ ᠬᠥᠷᠥᠩᠭᠡ ᠳᠤ ᠡᠵᠡᠯᠡᠬᠦ ᠬᠤᠪᠢ ᠶᠢᠨ ᠵᠢᠩ ᠨᠢ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ 26.4% ᠪᠠᠶᠢᠭᠰᠠᠨ ᠠᠴᠠ ᠪᠠᠨ 39.6% ᠪᠣᠯᠵᠣ ᠳᠡᠭᠡᠭᠰᠢᠯᠡᠵᠡᠶ᠃ | ᠡᠭᠦᠨ ᠳᠤ᠂ ᠪᠥᠬᠦ ᠠᠶᠢᠮᠠᠭ ᠤᠨ ᠰᠠᠯᠬᠢᠨ ᠬᠦᠴᠦᠨ ᠤ ᠴᠠᠬᠢᠯᠭᠠᠨ ᠭᠠᠷᠭᠠᠯᠲᠠ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 77.7% ᠨᠡᠮᠡᠭᠳᠡᠵᠦ᠂ ᠨᠡᠷᠡᠨ ᠡᠨᠧᠷᠭᠢ ᠶᠢᠨ ᠴᠠᠬᠢᠯᠭᠠᠨ ᠭᠠᠷᠭᠠᠯᠲᠠ ᠶᠢᠨ ᠪᠠᠯᠠ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.1% ᠨᠡᠮᠡᠭᠳᠡᠵᠦ᠂ ᠪᠥᠬᠦ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠨᠡᠮᠡᠭᠳᠡᠯ ᠢ ᠨᠡᠶᠢᠲᠡ 17.8 ᠵᠠᠭᠤᠨ ᠤ ᠨᠢᠭᠡᠴᠢ ᠳᠠᠶᠢᠴᠢᠯᠠᠪᠠ᠃ ᠵᠥᠩ ᠭᠤᠸᠠᠩ ᠾᠧ᠂ | ᠬᠤᠸᠠ ᠨᠧᠩ ᠰᠠᠯᠬᠢᠨ ᠬᠦᠴᠦᠨ ᠤ ᠴᠠᠬᠢᠯᠭᠠᠨ᠂ ᠲᠢᠶᠠᠨ ᠾᠧ ᠬᠡᠷᠡᠯ ᠸᠣᠯᠲ ᠵᠡᠷᠭᠡ ᠭᠤᠤᠯᠳᠠᠯᠭ᠎ᠠ ᠲᠠᠢ ᠲᠥᠷᠥᠯ | ᠵᠦᠢᠯ ᠳᠤ ᠲᠦᠰᠢᠭᠯᠡᠨ᠂ ︽ᠥᠩᠭᠡ ᠦᠵᠡᠮᠵᠢ ᠶᠢᠨ ᠡᠬᠢ ᠪᠠᠶᠠᠯᠢᠭ︾ ᠤᠨ ᠨᠡᠭᠡᠭᠡᠨ ᠬᠥᠭᠵᠢᠭᠦᠯᠦᠯᠲᠡ ᠶᠢ | ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠠᠮᠢ ᠠᠬᠤᠶ ᠶᠢᠨ ᠳᠠᠯᠳᠠ ᠬᠦᠴᠦᠨ ᠢ | ᠠᠭᠤᠳᠠᠯᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠪᠣᠬᠢᠷᠲᠤᠯ ᠥᠬᠡᠶ ᠪᠠᠷ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠲᠠᠰᠤᠷᠠᠯᠲᠠ ᠥᠬᠡᠶ ᠲᠦᠷᠭᠡᠳᠬᠡᠵᠦ᠂ ᠴᠡᠪᠡᠷ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠡᠮᠬᠢ ᠵᠢᠷᠤᠮ ᠲᠠᠢ ᠪᠥᠭᠡᠳ ᠬᠦᠴᠦᠲᠡᠶ ᠪᠣᠯᠪᠠ᠃ ᠪᠥᠬᠦ ᠠᠶᠢᠮᠠᠭ ᠤᠨ ᠴᠠᠬᠢᠯᠭᠠᠨ ᠬᠦᠴᠦᠨ ᠤ | ᠬᠠᠩᠭᠠᠯᠭ᠎ᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 5687.1% ᠪᠠᠷ ᠨᠡᠮᠡᠭᠳᠡᠵᠦ᠂ ᠪᠥᠬᠦ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 1.5 ᠵᠠᠭᠤᠨ ᠤ ᠨᠢᠭᠡᠴᠢ ᠳᠠᠶᠢᠴᠢᠯᠠᠪᠠ᠃ | ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠴᠠᠬᠢᠯᠭᠠᠨ ᠤ ᠲᠣᠤᠷ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠴᠠᠬᠢᠯᠭᠠᠨ | ᠡᠭᠦᠰᠭᠡᠭᠴᠢ᠂ ᠴᠠᠬᠢᠯᠭᠠᠨ ᠤ ᠲᠣᠤᠷ ᠤᠨ ᠪᠡᠯᠡᠳᠬᠡᠮᠵᠢ᠂ ᠡᠨᠧᠷᠭᠢ ᠬᠠᠳᠠᠭᠠᠯᠠᠬᠤ ᠲᠣᠨᠣᠭᠯᠠᠯ ᠢ ᠨᠢᠭᠡᠳᠦᠯᠲᠡᠶ | ᠲᠥᠯᠥᠪᠯᠡᠨ ᠪᠠᠶᠢᠷᠢᠰᠢᠭᠤᠯᠵᠤ᠂ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠳᠤ ︽ᠨᠡᠶᠢᠯᠡᠭᠦᠯᠦᠨ ᠣᠷᠣᠭᠤᠯᠵᠤ᠂ | ᠬᠦᠷᠭᠡᠵᠦ ᠳᠡᠶᠢᠯᠬᠦ︾ ᠲᠠᠯ᠎ᠠ ᠪᠠᠷ ᠬᠦᠴᠦ ᠣᠷᠣᠭᠤᠯᠵᠤ᠂ ᠫᠢᠩ ᠴᠤᠸᠠᠨ ᠤ 500 ᠺᠢᠯᠣᠸᠠᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠴᠡᠪᠡᠷ ᠡᠨᠧᠷᠭᠢ ᠶᠢ ᠰᠢᠩᠭᠡᠭᠡᠨ ᠠᠪᠬᠤ ᠰᠢᠰᠲ᠋ᠧᠮᠵᠢ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠦᠨ᠎ᠡ᠃ | |