1 — 7 ᠰᠠᠷ᠎ᠠ ᠳᠤ᠂ ︽ᠵᠠᠮ ᠬᠠᠷᠢᠯᠴᠠᠭᠠᠨ ᠤ ᠠᠰᠠᠷ ᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠲᠣᠭᠲᠠᠭᠤᠨ ᠢ ᠪᠠᠲᠤᠯᠠᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠦᠷᠭᠦᠯᠵᠢᠯᠡᠨ | ᠴᠢᠩᠭᠠᠷᠠᠬᠤ ᠶᠢ ᠳᠠᠭᠠᠯᠳᠤᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠪᠥᠬᠦ | ᠠᠶᠢᠮᠠᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠣᠷᠣᠭᠤᠯᠤᠯᠲᠠ ᠶᠢᠨ ᠣᠯᠠᠨ ᠵᠦᠢᠯ ᠤᠨ | ᠭᠦᠢᠴᠡᠳᠭᠡᠯ ᠲᠤᠭ᠎ᠠ ᠦᠷᠭᠦᠯᠵᠢᠯᠡᠨ ᠨᠡᠮᠡᠭᠳᠡᠬᠦ ᠬᠠᠨᠳᠤᠰᠢ ᠪᠠᠨ ᠪᠠᠲᠤᠯᠠᠵᠤ ᠪᠠᠶᠢᠨ᠎ᠠ᠃ | 1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.7% ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠲᠤ ᠣᠷᠣᠵᠤ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 44.2 ᠵᠠᠭᠤᠨ ᠤ ᠨᠢᠭᠡᠴᠢ ᠳᠡᠭᠡᠭᠰᠢᠯᠡᠵᠡᠶ᠃ ᠪᠠᠯᠠ ᠣᠷᠣᠭᠤᠯᠤᠯᠲᠠ ᠶᠢᠨ | ᠪᠦᠲᠦᠴᠡ ᠠᠴᠠ ᠦᠵᠡᠪᠡᠯ᠂ ᠪᠥᠲᠥᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠢᠨᠵᠧᠨᠧᠷᠢᠩ ᠤᠨ | ᠲᠤᠯᠭᠠᠭᠤᠷᠢᠯᠠᠬᠤ ᠦᠢᠯᠡᠳᠦᠯ ᠢᠯᠡᠳᠲᠡ ᠪᠠᠶᠢᠵᠤ᠂ ᠭᠠᠵᠠᠷ ᠰᠢᠷᠣᠶ ᠬᠤᠳᠠᠯᠳᠤᠨ ᠠᠪᠬᠤ ᠵᠠᠷᠤᠳᠠᠯ ᠤᠨ | ᠨᠡᠮᠡᠭᠳᠡᠯ ᠤᠨ ᠬᠤᠷᠳᠤᠴᠠ ᠪᠠᠭᠠᠰᠤᠭᠰᠠᠨ ᠪᠠᠶᠢᠨ᠎ᠠ᠃ ᠡᠭᠦᠨ ᠳᠤ᠂ ᠪᠥᠬᠦ ᠠᠶᠢᠮᠠᠭ ᠤᠨ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠮᠤᠷ | ᠲᠦᠪᠰᠢᠨ ᠤ ᠢᠨᠵᠧᠨᠧᠷᠢᠩ ᠠᠳᠠᠯᠢ ᠬᠤᠭᠤᠴᠠᠭᠠᠨ ᠤ ᠬᠢ ᠠᠴᠠ 29.3% ᠨᠡᠮᠡᠭᠳᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ 85.9% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 4.4 ᠵᠠᠭᠤᠨ ᠤ ᠨᠢᠭᠡᠴᠢ ᠳᠡᠭᠡᠭᠰᠢᠯᠡᠵᠡᠶ︔ ᠭᠠᠵᠠᠷ ᠰᠢᠷᠣᠶ ᠬᠤᠳᠠᠯᠳᠤᠨ ᠠᠪᠬᠤ | ᠵᠠᠷᠤᠳᠠᠯ ᠠᠳᠠᠯᠢ ᠬᠤᠭᠤᠴᠠᠭᠠᠨ ᠤ ᠬᠢ ᠠᠴᠠ 18.2% ᠨᠡᠮᠡᠭᠳᠡᠵᠦ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠠᠯᠠ ᠣᠷᠣᠭᠤᠯᠤᠯᠲᠠ ᠶᠢᠨ 11.1% ᠶᠢ ᠡᠵᠡᠯᠡᠵᠦ᠂ ᠠᠳᠠᠯᠢ | ᠬᠤᠭᠤᠴᠠᠭᠠᠨ ᠤ ᠬᠢ ᠠᠴᠠ 0.4 ᠵᠠᠭᠤᠨ ᠤ ᠨᠢᠭᠡᠴᠢ ᠪᠠᠭᠤᠷᠠᠪᠠ᠃ ᠪᠠᠷᠢᠯᠭ᠎ᠠ ᠶᠢᠨ ᠬᠡᠷᠡᠭᠴᠡᠭᠡ ᠠᠴᠠ ᠦᠵᠡᠪᠡᠯ᠂ | ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠬᠡᠷ ᠪᠠᠶᠢᠰᠢᠩ ᠤᠨ ᠪᠠᠯᠠ ᠣᠷᠣᠭᠤᠯᠤᠯᠲᠠ ᠨᠢ ᠰᠥᠭᠡᠷᠭᠦ ᠨᠡᠮᠡᠭᠳᠡᠯ ᠲᠠᠢ | ᠪᠠᠶᠢᠬᠤ ᠶᠢ ᠭᠠᠷᠭᠠᠪᠠᠯ᠂ ᠪᠤᠰᠤᠳ ᠨᠢ ᠴᠥᠮ ᠡᠶᠡᠷᠭᠦ ᠨᠡᠮᠡᠭᠳᠡᠯ ᠲᠠᠢ ᠪᠠᠶᠢᠬᠤ ᠶᠢ ᠪᠡᠶᠡᠯᠡᠭᠦᠯᠪᠡ᠃ ᠡᠭᠦᠨ ᠳᠤ᠂ | ᠲᠠᠸᠠᠷ ᠤᠨ ᠣᠷᠣᠨ ᠰᠠᠭᠤᠴᠠ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.1% | ᠨᠡᠮᠡᠭᠳᠡᠵᠦ᠂ ᠠᠯᠪᠠᠨ ᠠᠰᠠᠷ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.3% ᠨᠡᠮᠡᠭᠳᠡᠵᠦ᠂ | ᠪᠤᠰᠤᠳ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 75.4% ᠨᠡᠮᠡᠭᠳᠡᠵᠦ᠂ ᠬᠤᠳᠠᠯᠳᠤᠭᠠᠨ ᠤ ᠡᠵᠡᠩᠨᠡᠯᠲᠡ ᠳᠤ ᠬᠡᠷᠡᠭᠯᠡᠬᠦ ᠬᠡᠷ | ᠪᠠᠶᠢᠰᠢᠩ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 22.4% ᠪᠠᠭᠤᠷᠠᠪᠠ᠃ | |