ᠡᠮᠴᠢᠯᠡᠭᠡᠨ ᠤ ᠦᠢᠯᠡᠰ ᠢᠶᠠᠨ ᠳᠡᠭᠡᠳᠤᠯᠠᠵᠦ ᠶᠠᠪᠤᠭ᠎ᠠ ᠡᠷᠡᠬᠦᠯ ᠡᠩᠭᠡ ᠶᠢᠨ ᠡᠯᠴᠢ
ᠨᠡᠶᠢᠲᠡᠯᠡᠭᠰᠡᠨ ᠴᠠᠭ᠄
2023/8/29
 ᠸᠠᠩ ᠴᠠᠩᠭᠡᠯ 2021 ᠣᠨ ᠳᠤ ᠤᠯᠠᠭᠠᠨᠬᠤᠲᠠ ᠶᠢᠨ ᠬᠤᠳᠠ ᠶᠢᠨ ᠲᠡᠭᠦᠷᠭᠡ ᠨᠡᠶᠢᠭᠡᠮ ᠲᠣᠭᠤᠷᠢᠭ ᠤᠨ ᠡᠷᠡᠭᠦᠯ  ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠠᠵᠢᠯᠯᠠᠭᠰᠠᠨ ᠠᠴᠠ ᠨᠠᠭᠠᠰᠢ᠂ ᠤᠬ ᠰᠠᠨᠠᠭ᠎ᠠ ᠪᠠᠨ ᠦᠯᠦ ᠮᠠᠷᠳᠠᠨ  ᠤᠯᠠᠨ ᠲᠦᠮᠡᠨ ᠤ ᠡᠷᠡᠬᠦᠯ ᠡᠩᠭᠡ ᠶᠢᠨ ᠲᠥᠯᠥ᠋ᠬᠡ ᠮᠡᠷᠡᠶᠢᠨ ᠴᠢᠷᠮᠠᠶᠢᠵᠦ᠂ ᠰᠢᠯᠢᠳᠡᠭ ᠦᠢᠯᠡᠴᠢᠯᠡᠭᠡ᠂ ᠳᠠᠪᠰᠢᠩᠭᠤᠢ  ᠡᠮᠴᠢᠯᠡᠭᠡᠨ ᠤ ᠮᠡᠷᠭᠡᠵᠢᠯ᠂ ᠪᠣᠳᠠᠲᠤ ᠠᠵᠢᠯᠯᠠᠭ᠎ᠠ ᠪᠠᠷ ᠢᠶᠠᠨ ᠡᠮᠴᠢ ᠪᠤᠯᠤᠬᠰᠠᠳ ᠤᠨ ᠲᠤᠬᠠᠶᠢᠯᠠᠭᠰᠠᠨ ᠠᠵᠢᠯ ᠤᠨ  ᠵᠣᠷᠢᠭ ᠰᠠᠨᠠᠭ᠎ᠠ ᠶᠢ ᠢᠯᠡᠷᠡᠭᠦᠯᠦ᠋ᠭᠰᠡᠨ ᠪᠠᠶᠢᠨ᠎ᠠ᠃    ᠰᠤᠷᠤᠯᠴᠠᠯᠭ᠎ᠠ ᠪᠠᠨ ᠴᠢᠩᠭᠠᠳᠬᠠᠨ ᠨᠡᠶᠢᠭᠡᠮ ᠳᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ  ᠠᠵᠢᠯ ᠢ ᠰᠢᠯᠢᠳᠡᠭᠵᠢᠬᠦᠯᠪᠠ᠃ ᠦᠨᠳᠦᠰᠤᠨ ᠱᠠᠳᠤᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ  ᠰᠤᠩᠭᠤᠬᠰᠠᠨ ᠠᠴᠠ ᠨᠠᠭᠠᠰᠢ᠂ ᠸᠠᠩ ᠴᠠᠩᠭᠡᠯ ᠡᠮᠴᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠰᠤᠷᠤᠯᠴᠠᠬᠤ  ᠰᠡᠳᠭᠢᠯᠭᠡ ᠪᠠᠨ ᠢᠮᠠᠭᠲᠠ ᠪᠠᠷᠢᠮᠲᠠᠯᠠᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠠᠵᠢᠯ ᠤᠨ ᠡᠯ᠎ᠡ  ᠱᠠᠲᠤᠨ ᠤ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠪᠠ ᠲᠤᠰᠬᠠᠶ ᠮᠡᠷᠭᠡᠵᠢᠯ ᠤᠨ ᠡᠷᠡᠭᠦᠯ ᠬᠠᠮᠠᠭᠠᠯᠠᠯ ᠡᠷᠡᠭᠦᠯ  ᠮᠡᠨᠳᠦ ᠶᠢᠨ ᠠᠵᠢᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠡᠶᠢᠭᠡᠮ ᠲᠣᠭᠤᠷᠢᠭ ᠤᠨ ᠡᠷᠡᠭᠦᠯ  ᠬᠠᠮᠠᠭᠠᠯᠠᠯ ᠤᠨ ᠲᠦᠷᠢᠮ ᠤᠨ ᠰᠢᠰᠲ᠋ᠧᠮ ᠪᠠ ᠬᠡᠷᠡᠭᠵᠢᠭᠦᠯᠬᠦ ᠵᠢᠷᠤᠮᠵᠢᠯ ᠢ ᠰᠤᠷᠤᠯᠴᠠᠵᠦ᠂ ᠬᠤᠪᠢ ᠬᠥᠮᠦᠨ ᠤ  ᠳᠤᠲᠠᠭᠤᠳᠠᠯ ᠢᠶᠠᠨ ᠲᠠᠰᠤᠷᠠᠯᠲᠠ ᠥᠬᠡᠶ ᠨᠥᠭᠦᠪᠤᠷᠢᠯᠠᠭᠦ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠪᠠᠨ  ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠠᠵᠢᠯ ᠢᠶᠠᠨ ᠳᠠᠰᠤᠷᠠᠯᠳᠠ  ᠦᠭᠡᠢ ᠰᠢᠯᠢᠳᠡᠭᠵᠢᠬᠦᠯᠪᠡ᠃    ᠠᠵᠢᠯ ᠤᠨ ᠪᠠᠶᠢᠷᠢ ᠳᠠᠭᠠᠨ ᠰᠠᠭᠤᠷᠢᠯᠠᠨ ᠡᠬᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠪᠡᠶᠡᠯᠡᠬᠦᠯᠪᠡ᠃ ᠳᠡᠷᠡ ᠬᠡᠳᠦ  ᠳᠣᠯᠭᠢᠶᠠᠨ ᠢᠶᠠᠷ ᠣᠨᠣᠰᠢᠯᠠᠬᠤ ᠡᠮᠴᠢ ᠪᠣᠯᠤᠭᠰᠠᠨ ᠤ ᠬᠤᠪᠢ ᠳᠤ ᠢᠮᠠᠭᠲᠠ ᠰᠢᠷᠭᠠᠭᠤ ᠬᠠᠲᠠᠭᠤᠵᠢᠯᠲᠠᠶ ᠪᠠᠷ  ᠴᠢᠷᠮᠠᠶᠢᠨ ᠰᠤᠷᠤᠯᠴᠠᠵᠤ᠂ ᠥᠪᠡᠷ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠴᠢᠳᠠᠪᠤᠷᠢ ᠪᠠᠨ  ᠲᠠᠰᠤᠷᠠᠯᠲᠠ ᠦᠭᠡᠶ ᠳᠡᠭᠡᠭᠰᠢᠯᠡᠭᠦᠯᠵᠦ᠂ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶᠠᠨ ᠤ  ᠠᠵᠢᠯ ᠤᠨ ᠲᠤᠷᠰᠢᠯᠭ᠎ᠠ ᠳᠠᠭᠠᠨ ᠲᠦᠰᠢᠭᠯᠡᠨ᠂ 2021 — 2023 ᠣᠨ ᠤ ᠨᠡᠶᠢᠭᠡᠮ ᠲᠣᠭᠤᠷᠢᠭ ᠤᠨ  ᠨᠠᠰᠤᠲᠠᠶᠢᠴᠤᠳ ᠤᠨ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠵᠦ᠂ ᠬᠤᠤᠷᠳᠤ ᠬᠠᠪᠤᠳᠠᠷ  ᠵᠡᠷᠭᠡ 8 ᠲᠦᠷᠭᠡᠨ ᠬᠦᠨᠳᠦ ᠡᠪᠡᠳᠴᠢᠨ ᠤ ᠵᠢᠱᠢᠶ᠎ᠡ᠂ ᠵᠠᠭᠤ ᠭᠠᠷᠤᠶ ᠡᠩ ᠤᠨ ᠴᠢᠨᠠᠷᠲᠠᠶ ᠡᠪᠡᠳᠴᠢᠨ ᠤ ᠵᠢᠱᠢᠶ᠎ᠡ ᠶᠢ  ᠪᠠᠶᠢᠴᠠᠭᠠᠨ ᠭᠠᠷᠭᠠᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠪᠡᠶ᠎ᠡ ᠶᠢᠨ ᠪᠠᠶᠢᠴᠠᠭᠠᠯᠲᠠ ᠶᠢᠨ ᠢᠳᠡᠪᠬᠢᠵᠢᠯ ᠢ  ᠲᠦᠢᠯ ᠤᠨ ᠶᠡᠭᠡ ᠪᠠᠷ ᠳᠠᠶᠢᠴᠢᠯᠠᠵᠤ᠂ ᠠᠵᠢᠯ ᠤᠨ ᠪᠡᠶᠡᠯᠡᠬᠦᠯᠤᠯᠳᠠ ᠶᠢᠨ ᠬᠡᠮᠵᠢᠶ᠎ᠡ ᠶᠢ ᠪᠦᠲᠦᠮᠵᠢᠲᠡᠶ ᠪᠠᠷ  ᠳᠡᠭᠡᠭᠰᠢᠯᠡᠭᠦᠯᠦᠭᠰᠡᠨ ᠪᠠᠶᠢᠨ᠎ᠠ᠃    ᠨᠢᠭᠡᠨ ᠤᠳᠠᠭᠠᠨ ᠤ ᠨᠠᠰᠤᠲᠠᠶᠢᠴᠤᠳ ᠤᠨ ᠪᠡᠶ᠎ᠡ ᠶᠢᠨ ᠪᠠᠶᠢᠴᠠᠭᠠᠯᠲᠠ ᠳᠤᠮᠳᠠ᠂ ᠸᠠᠩ ᠴᠠᠩᠭᠡᠯ ᠡᠮᠴᠢ ᠭᠡᠳᠦ  ᠳᠤᠯᠬᠢᠶᠠᠨ ᠤ ᠪᠠᠶᠢᠴᠠᠭᠠᠯᠳᠠ ᠪᠠᠷ ᠳᠠᠮᠵᠢᠨ ᠵᠤ᠋ ᠨᠠᠰᠤᠳᠠᠨ ︵72 ᠨᠠᠰᠦ ᠲᠠᠢ︶   ᠤ ᠡᠯᠢᠭᠡᠨ ᠤ ᠳᠠᠯᠪᠢ ᠨᠢ ᠪᠤᠳᠠᠳᠤ  ᠴᠢᠨᠠᠷᠳᠠᠢ ᠡᠪᠡᠳᠴᠢᠨ ᠤ ᠬᠤᠪᠢᠷᠠᠯᠳᠠ ᠭᠠᠷᠤᠬᠰᠠᠨ ᠢ ᠤᠨᠤᠰᠢᠯᠠᠨ ᠮᠡᠳᠡᠵᠦ᠂ ᠮᠦᠨ ᠴᠤ ᠳᠠᠬᠢᠨ ᠳᠠᠪᠳᠠᠨ  ᠪᠠᠶᠢᠴᠠᠭᠠᠨ ᠤᠨᠤᠰᠢᠯᠠᠨ ᠭᠡᠷᠡᠴᠢᠯᠡᠵᠤ᠂ ᠤᠯᠠᠮ ᠨᠢᠭᠡ ᠠᠯᠬᠤᠮ ᠤᠨᠤᠰᠢᠯᠠᠨ ᠵᠠᠰᠠᠬᠤ ᠶᠢ ᠰᠠᠨᠠᠭᠤᠯᠪᠠ᠃ ᠡᠨᠡ ᠬᠦ  ᠰᠠᠨᠠᠭᠤᠯᠭ᠎ᠠ ᠨᠢ ᠵᠤ᠋ ᠨᠠᠰᠤᠳᠠᠨ ᠢ ᠬᠦᠨᠳᠦ ᠨᠤᠴᠢᠳᠠᠢ ᠡᠪᠡᠳᠴᠢᠨ ᠳᠠᠷᠴᠢᠯᠭᠠᠯ ᠳᠤ ᠤᠴᠠᠷᠠᠬᠤ ᠠᠴᠠ  ᠵᠠᠶᠢᠯᠠᠭᠤᠯᠤᠬᠰᠠᠨ ᠮᠦᠷᠳᠡᠭᠡᠨ ᠠᠮᠢᠳᠤᠷᠠᠯ ᠤᠨ ᠳᠠᠷᠤᠭᠠᠰᠦ ᠶᠢ ᠨᠢ ᠴᠤ ᠶᠡᠭᠡᠪᠡᠷ ᠬᠦᠡᠭᠭᠡᠷᠡᠬᠦᠯᠦᠭᠰᠡᠨ ᠪᠠᠶᠢᠨ᠎ᠠ᠃  ᠳᠡᠷᠡ ᠨᠢ ᠡᠪᠡᠳᠴᠢᠨ ᠤ ᠪᠠᠶᠢᠳᠡᠯ ᠢ ᠡᠷᠳᠡ ᠢᠯᠡᠷᠡᠬᠦᠯᠵᠦ ᠡᠷᠳᠡ ᠤᠨᠤᠰᠢᠯᠠᠨ ᠵᠠᠰᠠᠬᠰᠠᠨ ᠠᠴᠠ ᠡᠪᠡᠳᠴᠢᠨ ᠤ  ᠬᠤᠪᠢᠷᠠᠯᠲᠠ ᠶᠢᠨ ᠠᠬᠢᠴᠠ ᠶᠢ ᠪᠦᠲᠦᠮᠵᠢᠲᠡᠶ ᠪᠠᠷ ᠬᠤᠷᠢᠭᠯᠠᠭᠰᠠᠨ ᠪᠠᠶᠢᠨ᠎ᠠ᠃   7 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠸᠠᠩ ᠴᠠᠩᠭᠡᠯ ᠡᠮᠴᠢ ᠶᠠᠬ ᠠᠵᠢᠯ ᠳᠠᠭᠠᠨ  ᠭᠠᠷᠬᠤ ᠪᠠᠷ ᠶᠠᠪᠤᠵᠦ ᠪᠠᠶᠢᠭ᠎ᠠ ᠦᠶ᠎ᠠ ᠳᠡᠭᠡᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠤᠨ ᠡᠭᠦᠳᠡᠨ  ᠡᠮᠦᠨ᠎ᠠ ᠨᠢ ᠨᠢᠭᠡᠨ ᠰᠤᠬᠳᠤᠭᠤ ᠡᠷᠡᠭᠳᠠᠢ ᠴᠠᠬᠢᠯᠭᠠᠨ ᠬᠦᠷᠳᠤᠳᠤ ᠳᠤᠭᠤᠢ ᠳᠠᠭᠠᠨ ᠰᠠᠪᠠᠭᠳᠠᠵᠦ᠂ ᠮᠡᠳᠡᠭᠡ  ᠰᠡᠭᠡᠭᠡ ᠪᠠᠨ ᠠᠯᠳᠠᠬᠰᠠᠨ ᠪᠠᠶᠢᠳᠡᠯ ᠲᠠᠢ ᠳᠤᠬᠢᠶᠠᠯᠳᠤᠬᠰᠠᠨ ᠪᠠᠶᠢᠯ᠎ᠠ᠃ ᠸᠠᠩ ᠴᠠᠩᠭᠡᠯ ᠡᠮᠴᠢ ᠨᠢᠭᠡ ᠳᠠᠯ᠎ᠠ ᠪᠠᠷ  ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠤᠨ ᠡᠮᠴᠢ ᠶᠢ ᠲᠠᠭᠤᠳᠡᠵᠥ ᠬᠠᠪᠰᠤᠷᠤᠮᠵᠢ ᠭᠤᠶᠤᠴᠢᠯᠠᠬᠤ ᠶᠢᠨ  ᠬᠠᠮᠳᠦ ᠰᠠᠪᠠᠭᠳᠠᠬᠰᠠᠨ ᠡᠷᠡᠭᠳᠡᠢ ᠶᠢᠨ ᠪᠠᠶᠢᠳᠡᠯ ᠢ ᠤᠶᠢᠯᠠᠭᠠᠵᠦ᠂ ᠵᠢᠷᠦᠭᠡ ᠠᠭᠤᠰᠬᠢᠨ ᠤ ᠰᠡᠷᠬᠦᠭᠡᠯᠳᠠ ᠬᠢᠵᠦ  ᠠᠪᠤᠷᠠᠪᠠ᠃ ᠰᠢᠷᠬᠠᠳᠤᠬᠰᠠᠨ ᠪᠠᠶᠢᠳᠡᠯ ᠬᠦᠨᠳᠦ ᠨᠤᠴᠢᠳᠠᠢ ᠠᠴᠠ ᠳᠡᠷᠡ ᠳᠠᠷᠤᠢ ᠲᠥᠷᠬᠡᠨ ᠠᠪᠤᠷᠠᠯᠳᠡ ᠶᠢᠨ  120 ᠳᠤ ᠤᠳᠠᠰᠤᠳᠠᠵᠦ᠂ ᠡᠮᠨᠡᠯᠭᠡ ᠶᠢᠨ ᠬᠤᠷᠢᠶᠠᠨ ᠳᠤ ᠬᠦᠷᠭᠡᠭᠰᠡᠨ ᠪᠠᠶᠢᠨ᠎ᠠ᠃ ᠳᠡᠷᠡ ᠡᠮᠴᠢᠯᠡᠭᠡᠨ ᠤ  ᠠᠵᠢᠯᠳᠡᠨ ᠤ ᠤᠬ ᠰᠠᠨᠠᠭ᠎ᠠ ᠪᠠᠨ ᠪᠠᠷᠢᠮᠳᠠᠯᠠᠨ᠂ ᠰᠢᠵᠢᠷ ᠠᠯᠳᠠᠨ ᠠᠪᠤᠷᠠᠯᠳᠠ ᠶᠢᠨ ᠴᠠᠬ ᠢ ᠠᠮᠵᠢᠵᠦ᠂ ᠦᠪᠡᠷ ᠤᠨ  ᠤᠳᠠᠭᠠᠨ ᠵᠢᠯ ᠤᠨ ᠠᠵᠢᠯ ᠤᠨ ᠳᠤᠷᠰᠢᠯᠭ᠎ᠠ ᠪᠠ ᠭᠠᠷᠮᠠᠭᠠᠢ ᠡᠮᠴᠢᠯᠡᠭᠡᠨ ᠤ ᠤᠷ᠎ᠠ ᠮᠡᠷᠭᠡᠵᠢᠯ ᠳᠡᠭᠡᠨ ᠲᠦᠰᠢᠭᠯᠡᠨ  ᠰᠢᠷᠬᠠᠳᠤᠬᠰᠠᠳ ᠢ ᠠᠪᠤᠷᠠᠨ ᠳᠤᠰᠠᠯᠠᠵᠦ᠂ ᠦᠪᠡᠷ ᠤᠨ ᠪᠤᠳᠠᠳᠤ ᠦᠢᠯᠡ ᠠᠵᠢᠯᠯᠠᠭ᠎ᠠ ᠪᠠᠷ ᠢᠶᠠᠨ  ᠰᠢᠷᠬᠠᠳᠤᠬᠰᠠᠨᠳ ᠤᠨ ᠠᠮᠢ ᠨᠠᠰᠦ ᠶᠢ ᠠᠪᠤᠷᠠᠪᠠ᠃    ᠡᠮᠴᠢᠯᠡᠭᠡᠨ ᠤ ᠡᠮᠦᠨ᠎ᠠ ᠹᠷᠤᠨᠲ ᠢᠶᠠᠷ ᠭᠠᠪᠰᠢᠭᠠᠶᠢᠯᠠᠨ ᠤᠯᠠᠨ ᠲᠦᠮᠡᠨ ᠤ ᠠᠮᠤᠷ ᠲᠦᠪᠰᠢᠨ ᠳᠤ ᠪᠠᠳᠤᠯᠠᠭ᠎ᠠ  ᠬᠠᠨᠭ᠍ᠭᠠᠪᠠ᠃ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠸᠠᠩ ᠴᠠᠩᠭᠡᠯ ᠡᠮᠴᠢ ᠤᠯᠠᠨ  ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠠᠭᠠᠯᠠᠬᠤ ᠶᠢᠨ  ᠲᠦᠯᠦ᠋ᠭᠡ᠂ ᠰᠠᠨᠠᠭᠠᠴᠢᠯᠠᠭ᠎ᠠ ᠠᠴᠠ ᠪᠠᠨ ᠬᠢᠵᠢᠭ ᠤᠨ ᠪᠠᠶᠢᠳᠡᠯ ᠤᠨ ᠡᠮᠦᠨ᠎ᠠ ᠹᠷᠣᠨᠲ ᠢᠶᠠᠷ ᠴᠠᠬ ᠨᠡᠮᠡᠨ ᠵᠢᠵᠢᠬᠦᠷᠯᠡᠨ  ᠠᠵᠢᠯᠯᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠠᠷᠪᠠ ᠭᠠᠷᠤᠢ ᠤᠳᠠᠭ᠎ᠠ ᠠᠮᠵᠢᠯᠲᠠ ᠲᠠᠢ  ᠪᠡᠶᠡᠯᠡᠭᠦᠯᠦ᠋ᠭᠰᠡᠨ ᠪᠠᠶᠢᠨ᠎ᠠ᠃ ᠡᠬᠦᠨ ᠤ ᠬᠠᠮᠳᠦ᠂ ᠳᠡᠷᠡ ᠡᠯ᠎ᠠ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠴᠠᠬ ᠳᠤᠬᠠᠢ ᠳᠤᠨᠢ ᠨᠠᠶᠢᠳᠠᠪᠤᠷᠢᠵᠢᠭᠤᠯᠵᠦ᠂ ᠣᠯᠠᠨ ᠲᠦᠮᠡᠨ ᠤ ᠡᠮ ᠤᠨ ᠵᠤᠶᠢᠯ ᠤᠨ ᠬᠡᠷᠡᠭᠴᠡᠭᠡ ᠶᠢ  ᠪᠠᠲᠤᠯᠠᠨ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠪᠠ ᠡᠮᠴᠢᠯᠡᠭᠡᠨ ᠤ ᠠᠵᠢᠯ ᠢ ᠬᠠᠮᠲᠤ ᠳᠤᠨᠢ  ᠬᠠᠷᠠᠭᠠᠯᠵᠠᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃    ᠳᠤᠰ ᠬᠤᠭᠤᠴᠠᠭᠠᠨ ᠳᠤ᠂ ᠸᠠᠩ ᠴᠠᠩᠭᠡᠯ ᠡᠮᠴᠢ ᠪᠠᠶᠢᠭᠤᠯᠭ᠎ᠠ ᠪᠠᠨ ᠭᠡᠷ ᠢᠶᠠᠨ ᠪᠤᠯᠭᠠᠵᠦ᠂ ᠡᠳᠦᠷᠵᠢᠨ ᠡᠷᠡᠬᠦᠯ  ᠬᠠᠮᠠᠭᠠᠯᠠᠯ ᠤᠨ ᠦᠢᠯᠡᠴᠢᠯᠡᠭᠡᠨ ᠤ ᠲᠦᠪ ᠲᠡᠭᠡᠨ ᠵᠢᠵᠢᠬᠦᠷᠯᠡᠨ᠂ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ  ᠭᠠᠵᠠᠷ ᠢ ᠰᠠᠬᠢᠵᠤ᠂ ᠪᠦᠭᠡᠮ ᠬᠦᠴᠢᠯ ᠤᠨ ᠪᠠᠶᠢᠴᠠᠭᠠᠯᠳᠠ ᠶᠢᠨ ᠴᠡᠭ ᠲᠤ ᠠᠵᠢᠯᠯᠠᠵᠦ᠂ ᠪᠦᠬᠦᠳᠡ ᠤᠯᠠᠨ ᠤ ᠠᠮᠤᠷ  ᠲᠦᠪᠰᠢᠨ ᠤ ᠲᠦᠯᠤᠭᠡ ᠬᠠᠮᠤᠬ ᠬᠦᠴᠦᠨ ᠴᠢᠳᠡᠯ ᠢᠶᠠᠨ ᠰᠢᠪᠬᠠᠬᠰᠠᠨ ᠪᠠᠶᠢᠯ᠎ᠠ᠃    ᠳᠡᠷᠡ ᠭᠤᠷᠪᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠠᠴᠠ ᠦᠨᠳᠦᠰᠦᠨ ᠱᠠᠲᠤᠨ ᠤ  ᠡᠮᠨᠡᠯᠭᠡ ᠶᠢᠨ ᠬᠤᠷᠢᠶ᠎ᠠ ᠳᠤ ᠬᠦᠷᠴᠦ ᠠᠵᠢᠯᠯᠠᠬᠰᠠᠨ ᠴᠤ ᠡᠮᠴᠢ ᠪᠤᠯᠤᠬᠰᠠᠳ ᠤᠨ ᠤᠬ ᠰᠠᠨᠠᠭ᠎ᠠ ᠡᠬᠦᠷᠭᠡ  ᠬᠠᠷᠢᠭᠤᠴᠠᠯᠭ᠎ᠠ ᠪᠠᠨ ᠶᠡᠷᠦ ᠠᠴᠠ ᠮᠠᠷᠳᠠᠭ᠎ᠠ ᠦᠭᠡᠢ᠂ ᠤᠯᠠᠨ ᠲᠦᠮᠡᠨ ᠤ ᠡᠷᠡᠬᠦᠯ ᠡᠩᠭᠡ ᠶᠢᠨ ᠲᠦᠯᠤᠭᠡ ᠬᠠᠷᠠᠮ  ᠦᠭᠡᠢ ᠦᠢᠯᠡᠴᠢᠯᠡᠵᠦ ᠶᠠᠪᠤᠨ᠎ᠠ᠃          · ᡁᠢ ᠮᠢᠨ      ᠪᠤᠤ ᠵᠢᠶᠠᠨ ᠬᠤᠸᠠ ·            
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号