ᠰᠢᠨ᠎ᠠ ᠴᠠᠭ ᠦᠶ᠎ᠠ ᠶᠢᠨ ᠦᠨᠳᠤᠰᠤᠳᠡᠨ ᠤ ᠠᠵᠢᠯ ᠢ ᠠᠬᠢᠭᠤᠯᠵᠤ ᠪᠠᠶᠢᠭ᠎ᠠ ᠤᠯᠠᠭᠠᠨᠬᠤᠳᠠ ᠶᠢᠨ ᠲᠤᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/8/29
                      ᠰᠤᠷᠪᠤᠯᠵᠢᠯᠠᠭᠴᠢ ᠴᠤᠯᠮᠤᠨ   ᠰᠢᠣ ᠰᠢᠣ        ︽7 · 1︾ ᠠᠴᠠ ᠡᠮᠤᠨᠡᠬᠡᠨ ᠶᠠᠪᠤᠭᠳᠠᠭᠰᠠᠨ ︽ᠤᠯᠠᠭᠠᠨᠬᠤᠳᠠ ᠳᠤ ᠠᠨᠠᠷ ᠤᠯᠠᠶᠢᠨ᠎ᠠ︾ ᠭᠡᠬᠦ ᠨᠠᠮ  ᠪᠠᠶᠢᠭᠤᠯᠤᠭᠳᠠᠭᠰᠠᠨ 102 ᠵᠢᠯ ᠤᠨ ᠤᠢ ᠶᠢ ᠪᠠᠶᠠᠷᠯᠠᠨ ᠤᠭᠳᠤᠬᠤ ︽ᠬᠤᠪᠢᠰᠬᠠᠯ ᠤᠨ ᠤᠯᠠ ᠮᠦᠷ ᠢ ᠮᠦᠷᠳᠡᠬᠦ︾  ᠬᠤᠪᠢᠰᠬᠠᠯᠳᠤ ᠬᠦᠮᠤᠵᠢᠯ ᠤᠨ ᠬᠠᠷᠢᠯᠴᠠᠨ ᠬᠦᠳᠡᠯᠤᠯᠴᠠᠵᠤ ᠪᠡᠶᠡᠴᠢᠯᠡᠨ ᠤᠶᠢᠯᠠᠭᠠᠬᠤ ᠠᠵᠢᠯᠯᠠᠭ᠎ᠠ ᠨᠢ   ᠵᠤᠭᠠᠴᠠᠭᠰᠠᠳ ᠢ ︽ᠨᠢᠭᠡ ᠤᠷᠳᠤᠨ ᠭᠤᠷᠪᠠᠨ ᠪᠠᠭᠤᠷᠢ︾ ᠳᠤ ᠤᠬᠳᠤᠨ ᠠᠪᠴᠢᠷᠠᠯ᠎ᠠ᠃ ᠪᠦᠬᠦᠳᠡᠭᠡᠷ ᠢᠶᠠᠨ ︽  ᠲᠤᠮᠳᠠᠳᠤ ᠤᠯᠤᠰ ᠢᠶᠠᠨ ᠬᠠᠶᠢᠷᠠᠯᠠᠬᠤ︾ ᠦᠭᠡ ᠦᠯᠡᠳᠡᠭᠡᠬᠦ ᠬᠡᠷᠡᠮ᠂ ᠦᠭᠡ ᠦᠯᠡᠳᠡᠭᠡᠬᠦ ᠲᠡᠪᠳᠡᠷ ᠲᠡᠭᠡᠷ᠎ᠠ  ᠬᠤᠪᠢᠰᠬᠠᠯ ᠤᠨ ᠲᠦᠯᠤᠭᠡ ᠪᠡᠶ᠎ᠠ ᠦᠷᠡᠭᠳᠡᠭᠰᠡᠨ ᠪᠠᠭᠠᠳᠤᠷᠴᠤᠳ ᠢ ᠲᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ  ᠪᠠ ᠡᠬᠡ ᠤᠯᠤᠰ ᠲᠠᠭᠠᠨ ᠬᠡᠯᠡᠬᠦ ᠰᠠᠶᠢᠬᠠᠨ ᠵᠦᠩᠨᠡᠯ ᠢᠶᠠᠨ ᠪᠢᠴᠢᠨ᠎ᠠ᠃ ᠲᠤᠰ ᠠᠵᠢᠯᠯᠠᠭ᠎ᠠ ᠶᠢ ᠦᠷᠨᠢᠬᠦᠯᠦᠭᠰᠡᠨ ᠠᠴᠠ  ᠨᠠᠭᠠᠰᠢ᠂ ︽ᠨᠢᠭᠡ ᠤᠷᠳᠤᠨ ᠭᠤᠷᠪᠠᠨ ᠪᠠᠭᠤᠷᠢ︾ ᠳᠤ ᠵᠤᠭᠠᠴᠠᠭᠰᠠᠳ ᠨᠡᠶᠢᠳᠠ 4000 ᠵᠤᠷᠪᠤᠰ ᠰᠡᠳᠭᠢᠯ ᠤᠨ  ᠦᠭᠡ ᠦᠯᠡᠳᠡᠭᠡᠭᠰᠡᠨ ᠪᠠᠶᠢᠨ᠎ᠠ᠃    ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠰᠤᠶᠤᠯ ᠢᠶᠠᠷ ᠲᠠᠶᠢᠴᠢᠯᠠᠨ ᠲᠠᠭᠠᠭᠤᠯᠵᠤ᠂ ᠰᠤᠶᠤᠯ ᠤᠨ  ᠡᠬᠢ ᠪᠡᠶᠠᠯᠢᠭ ᠤᠨ ᠲᠠᠪᠠᠭᠤᠯᠢᠭ ᠢᠶᠠᠨ ᠠᠰᠢᠭᠯᠠᠨ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠦᠯᠢᠭᠡᠷ ᠢ  ᠰᠠᠶᠢᠳᠤᠷ ᠶᠠᠷᠢᠵᠤ᠂ ᠡᠯ᠎ᠠ ᠦᠨᠳᠤᠰᠤᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠴᠤᠭᠴᠠᠯᠠᠨ᠂  ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠤᠶᠤᠨ ᠰᠠᠨᠠᠭ᠎ᠠ ᠶᠢ ᠨᠢᠭᠳᠠᠷᠠᠭᠤᠯᠵᠤ᠂ ᠡᠯ᠎ᠠ ᠦᠨᠳᠤᠰᠤᠳᠡᠨ ᠤ  ᠤᠯᠠᠨ ᠲᠦᠮᠡᠨ ᠤ ︽ᠲᠠᠪᠤ ᠶᠢ ᠮᠡᠳᠡᠷᠡᠬᠦ︾ ᠶᠢ ᠴᠢᠩᠭᠠᠳᠬᠠᠨ᠂ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ  ᠠᠵᠢᠯ ᠤᠨ ᠰᠢᠨ᠎ᠠ ᠪᠠᠶᠢᠳᠠᠯ ᠢ ᠡᠬᠦᠳᠪᠠ᠃    ᠬᠤᠪᠢᠰᠬᠠᠯᠳᠤ ᠰᠤᠶᠤᠯ ᠢ ᠤᠯᠠᠮᠵᠢᠯᠠᠨ ᠤᠶᠤᠨ ᠰᠠᠨᠠᠭᠠᠨ ᠤ ᠦᠨᠳᠤᠰᠤ ᠶᠢ ᠪᠠᠬᠢᠵᠢᠬᠦᠯᠤᠨ᠎ᠠ    ᠡᠮᠤᠨᠡᠬᠡᠨ᠂ ᠤᠯᠠᠭᠠᠨᠬᠤᠳᠠ ᠶᠢᠨ ᠪᠠᠭᠠᠴᠤᠳ ᠤᠨ ᠤᠷᠳᠤᠨ ᠠᠴᠠ ᠰᠤᠳᠤᠯᠤᠨ ᠰᠤᠷᠤᠯᠴᠠᠬᠤ ᠵᠢᠴᠢ  ᠬᠦᠳᠡᠯᠮᠤᠷᠢ ᠶᠢᠨ ᠬᠦᠮᠤᠵᠢᠯ ᠤᠨ ᠶᠠᠷᠤᠩᠬᠡᠶᠢᠯᠡᠭᠰᠡᠨ ᠪᠤᠳᠠᠳᠤ ᠦᠢᠯᠡᠳᠤᠯᠭᠡ ᠶᠢᠨ ᠰᠢᠷᠢᠰ ᠠᠵᠢᠯᠯᠠᠭ᠎ᠠ ᠦᠷᠨᠢᠬᠦᠯᠪᠠ᠃  ᠤᠯᠠᠭᠠᠨᠬᠤᠳᠠ ᠶᠢᠨ ᠱᠧᠩᠯᠢ ᠨᠢᠭᠡᠳᠤᠭᠡᠷ ᠪᠠᠭ᠎ᠠ ᠰᠤᠷᠭᠠᠭᠤᠯᠢ ᠶᠢᠨ ᠲᠠᠪᠤᠳᠤᠭᠠᠷ ᠤᠨ ᠤ 42 ᠰᠤᠷᠤᠭᠴᠢ ᠦᠪᠤᠷ  ᠮᠤᠩᠭᠤᠯ ᠤᠨ ᠦᠨᠳᠤᠰᠤᠳᠡᠨ ᠤ ᠴᠢᠯᠤᠭᠡᠯᠡᠯᠳᠠ ᠶᠢᠨ ᠲᠤᠷᠠᠰᠬᠠᠯ ᠤᠨ ᠤᠷᠳᠤᠨ᠂ ︽5 · 1︾ ᠬᠤᠷᠠᠯ ᠤᠨ  ᠭᠡᠷ ᠢᠶᠠᠷ ᠬᠦᠷᠴᠤ᠂ ᠲᠠᠶᠢᠯᠪᠤᠷᠢᠯᠠᠯᠳᠠ ᠶᠢ ᠰᠡᠳᠬᠢᠯ ᠲᠠᠯᠪᠢᠨ ᠰᠤᠨᠤᠰᠴᠤ᠂ ᠰᠤᠳᠤᠯᠤᠨ ᠰᠤᠷᠤᠯᠴᠠᠭᠰᠠᠨ  ᠲᠡᠮᠳᠡᠭᠯᠡᠯ ᠢᠶᠠᠨ ᠬᠢᠨ᠎ᠠ᠃        ︽ᠤᠯᠠᠨ ᠵᠦᠢᠯ ᠤᠨ ᠪᠡᠶᠡᠴᠢᠯᠡᠨ ᠤᠶᠢᠯᠠᠭᠠᠬᠤ ᠠᠵᠢᠯᠯᠠᠭ᠎ᠠ ᠪᠠᠷ ᠲᠠᠮᠵᠢᠨ᠂ ᠨᠡᠩ ᠤᠯᠠᠨ ᠵᠠᠯᠠᠭᠤᠴᠤᠳ  ᠪᠠᠭᠠᠴᠤᠳ ᠢ ︿ᠲᠤᠮᠳᠠᠳᠤ ᠶᠢᠨ ᠦᠨᠳᠤᠰᠤᠳᠡᠨ ᠨᠢᠭᠡ ᠭᠡᠷ ᠪᠦᠯᠢ ᠶᠢᠨ ᠬᠦᠮᠤᠰ ᠮᠡᠳᠤ ᠲᠤᠳᠤᠨᠤ ᠲᠤᠮᠳᠠᠳᠤ ᠶᠢᠨ  ᠬᠦᠰᠡᠯ ᠵᠡᠬᠦᠳᠤ ᠪᠠᠨ ᠬᠠᠮᠳᠤᠪᠠᠷ ᠲᠡᠷᠭᠡᠯᠰᠢᠬᠦᠯᠬᠦ﹀ ᠳᠤ ᠢᠳᠡᠪᠬᠢᠳᠠᠢ ᠤᠷᠤᠯᠴᠠᠭᠴᠢ᠂ ᠲᠡᠯᠭᠡᠷᠡᠬᠦᠯᠦᠭᠴᠢ ᠪᠠ  ᠪᠤᠳᠠᠳᠤ ᠦᠢᠯᠡᠳᠤᠯᠭᠡᠵᠢᠭᠦᠯᠦᠭᠴᠢ ᠪᠤᠯᠭᠠᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ  ᠤᠬᠠᠮᠰᠠᠷ ᠢ ᠪᠠᠳᠤ ᠴᠤᠭᠴᠠᠯᠠᠬᠤ ᠦᠨᠳᠤᠰᠤ ᠶᠢ ᠡᠯ᠎ᠠ ᠦᠨᠳᠤᠰᠤᠳᠡᠨ ᠤ ᠵᠠᠯᠠᠭᠤᠴᠤᠳ ᠪᠠᠭᠠᠴᠤᠳ ᠤᠨ  ᠰᠡᠳᠬᠢᠯ ᠤᠨ ᠬᠦᠨ ᠳᠤ ᠬᠠᠳᠠᠩᠰᠢᠭᠤᠯᠤᠨ᠎ᠠ︾ ᠭᠡᠵᠤ ᠤᠯᠠᠭᠠᠨᠬᠤᠳᠠ ᠶᠢᠨ ᠪᠠᠭᠠᠴᠤᠳ ᠤᠨ ᠤᠷᠳᠤᠨ ᠤ ᠨᠠᠮ ᠤᠨ  ᠡᠬᠦᠷ ᠤᠨ ᠱᠦᠵᠢ᠂ ᠡᠷᠬᠢᠯᠡᠭᠴᠢ ᠵᠠᠩ ᠸᠧᠢ ᠬᠡᠯᠡᠪᠡ᠃    ︽ᠲᠤᠭᠤᠷᠢᠨ ᠦᠵᠡᠬᠦ ᠪᠠᠷ ᠲᠠᠮᠵᠢᠨ᠂ ᠪᠢᠳᠠ ᠲᠤᠮᠳᠠᠳᠤ ᠶᠢᠨ ᠦᠨᠳᠤᠰᠤᠳᠡᠨ ᠤ ᠲᠡᠥᠬᠡ ᠪᠠ ᠨᠡᠶᠢᠭᠡᠮ ᠤᠨ  ᠬᠤᠪᠢᠷᠠᠯᠳᠠ ᠶᠢ ᠬᠦᠨᠵᠡᠭᠡᠢ ᠲᠠᠨᠢᠵᠤ ᠤᠶᠢᠯᠠᠭᠠᠨ᠂ ᠦᠪᠤᠷ ᠮᠤᠩᠭᠤᠯ ᠤᠨ ᠡᠯ᠎ᠠ ᠦᠨᠳᠤᠰᠤᠳᠡᠨ ᠤ ᠤᠯᠠᠨ ᠲᠦᠮᠡᠨ ᠤ  ᠨᠠᠮ ᠢᠶᠠᠨ ᠲᠠᠭᠠᠨ ᠪᠦᠯᠬᠦᠮᠳᠠᠨ ᠲᠠᠪᠰᠢᠬᠤ ᠶᠢ ᠠᠬᠢᠭᠤᠯᠤᠨ᠎ᠠ︾ ᠭᠡᠵᠤ ᠡᠮᠤᠨᠡᠬᠡᠨ᠂ ᠤᠯᠠᠭᠠᠨᠬᠤᠳᠠ ᠶᠢᠨ ᠠᠵᠤ  ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠤᠯᠠᠨ ᠠᠵᠤ ᠠᠬᠤᠶᠢᠯᠠᠯᠳᠠᠨ ᠲᠠᠢ ᠬᠤᠯᠪᠤᠭᠠᠯᠠᠨ ᠦᠪᠤᠷ  ᠮᠤᠩᠭᠤᠯ ᠤᠨ ᠦᠨᠳᠤᠰᠤᠳᠡᠨ ᠤ ᠴᠢᠯᠤᠭᠡᠯᠡᠯᠳᠠ ᠶᠢᠨ ᠲᠤᠷᠠᠰᠬᠠᠯ ᠤᠨ ᠤᠷᠳᠤᠨ ᠳᠤ ᠲᠤᠭᠤᠷᠢᠨ ᠦᠵᠡᠬᠦ ᠳᠡᠭᠡᠨ  ᠲᠠᠶᠢᠯᠪᠤᠷᠢᠯᠠᠯᠳᠠ ᠶᠢ ᠰᠤᠨᠤᠰᠤᠭᠰᠠᠨ ᠪᠤᠳᠤᠯ ᠰᠡᠳᠬᠢᠯ ᠢᠶᠠᠨ ᠬᠤᠪᠢᠶᠠᠯᠴᠠᠨ᠎ᠠ᠃       ᠨᠠᠮ ᠤᠨ ᠦᠨᠳᠤᠰᠤᠳᠡᠨ ᠤ ᠤᠷᠤᠨ ᠤ ᠦᠪᠠᠷᠳᠡᠭᠡᠨ ᠵᠠᠰᠠᠬᠤ ᠲᠦᠷᠥ ᠶᠢᠨ ᠪᠤᠳᠤᠯᠭ᠎ᠠ ᠶᠢ ᠬᠠᠮᠤᠭ ᠡᠷᠳᠠ  ᠦᠢᠯᠡᠳᠤᠯᠭᠡᠵᠢᠬᠦᠯᠦᠭᠰᠡᠨ ᠭᠠᠵᠠᠷ᠂ ᠰᠢᠨ᠎ᠠ ᠲᠤᠮᠳᠠᠳᠤ ᠤᠯᠤᠰ ᠤᠨ ᠠᠩᠬᠠᠳᠠᠭᠴᠢ ᠴᠦᠬᠡᠨ ᠲᠤᠭᠠᠳᠤ  ᠦᠨᠳᠤᠰᠤᠳᠡᠨ ᠤ ᠵᠠᠰᠠᠭ ᠤᠨ ᠡᠷᠬᠡ ᠪᠤᠢ ᠪᠤᠯᠤᠭᠰᠠᠨ ᠭᠠᠵᠠᠷ ᠪᠤᠯᠤᠭᠰᠠᠨ ᠤ ᠬᠤᠪᠢ ᠳᠤ᠂ ᠤᠯᠠᠭᠠᠨᠬᠤᠳᠠ ᠳᠤ  ᠬᠤᠪᠢᠰᠬᠠᠯ ᠤᠨ ᠲᠡᠥᠬᠡᠳᠤ ᠦᠯᠡᠳᠡᠭᠳᠡᠯ ᠤᠯᠠᠨ ᠮᠦᠷᠳᠡᠬᠡᠨ ᠪᠦᠷᠢᠨ ᠪᠦᠳᠤᠨ ᠬᠠᠳᠠᠭᠠᠯᠠᠭᠳᠠᠵᠤ᠂ 11  ᠬᠤᠪᠢᠰᠬᠠᠯᠳᠤ ᠦᠵᠡᠮᠵᠢ ᠶᠢᠨ ᠤᠷᠤᠨ ᠦᠵᠡᠮᠵᠢ ᠶᠢᠨ ᠴᠡᠭ ᠪᠠᠶᠢᠵᠤ᠂ ᠡᠬᠦᠨ ᠳᠤ ᠦᠪᠤᠷ ᠮᠤᠩᠭᠤᠯ ᠤᠨ  ᠦᠨᠳᠤᠰᠤᠳᠡᠨ ᠤ ᠴᠢᠯᠤᠭᠡᠯᠡᠯᠳᠠ ᠶᠢᠨ ᠲᠤᠷᠠᠰᠬᠠᠯ ᠤᠨ ᠤᠷᠳᠤᠨ᠂ ︽5 · 1︾ ᠬᠤᠷᠠᠯ ᠤᠨ ᠭᠡᠷ᠂  ᠤᠯᠠᠭᠠᠨᠬᠦᠥ ᠶᠢᠨ ᠠᠯᠪᠠᠯᠠᠵᠤ ᠪᠠᠶᠢᠬᠰᠠᠨ ᠭᠠᠵᠠᠷ᠂ ᠦᠪᠤᠷ ᠮᠤᠩᠭᠤᠯ ᠤᠨ ᠨᠠᠮ ᠤᠨ ᠬᠤᠷᠢᠶᠠᠨ ᠤ ᠠᠯᠪᠠᠨ ᠭᠡᠷ ᠤᠨ  ᠬᠠᠭᠤᠴᠢᠨ ᠪᠠᠭᠤᠷᠢ ᠪᠠᠷ ᠭᠤᠥᠯ ᠪᠤᠯᠭᠠᠨ᠂ ᠪᠦᠬᠦ ᠵᠢᠯ ᠳᠤ ᠨᠡᠶᠢᠭᠡᠮ ᠨᠡᠶᠢᠳᠠ ᠳᠤ ᠰᠦᠢᠳᠭᠡᠯ ᠬᠤᠷᠢᠶᠠᠬᠤ  ᠦᠭᠡᠢ ᠪᠠᠷ ᠨᠡᠭᠡᠭᠡᠨ ᠦᠵᠡᠭᠦᠯᠵᠤ᠂ ᠵᠢᠯ ᠳᠤ 150 ᠲᠦᠮᠡᠨ ᠵᠤᠭᠠᠴᠠᠭᠰᠠᠳ ︵ᠤᠳᠠᠭ᠎ᠠ︶   ᠢ ᠬᠦᠯᠢᠶᠠᠨ ᠠᠪᠴᠤ  ᠪᠤᠢ᠃       ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠬᠤᠪᠢᠰᠬᠠᠯᠳᠤ ᠰᠤᠶᠤᠯ ᠤᠨ ᠡᠬᠢ ᠪᠠᠶᠠᠯᠢᠭ ᠢ  ᠬᠠᠮᠠᠭᠠᠯᠠᠬᠤ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠬᠤᠪᠢᠰᠬᠠᠯᠳᠤ ᠰᠤᠶᠤᠯ ᠤᠨ ᠠᠭᠤᠯᠬᠤᠨ ᠢ ᠠᠭᠤᠳᠠᠯᠯᠠᠵᠤ᠂ ᠬᠦᠮᠤᠵᠢᠯ ᠤᠨ ᠴᠢᠳᠠᠪᠬᠢ ᠶᠢ ᠪᠠᠳᠠᠷᠠᠭᠤᠯᠬᠤ ᠶᠢ ᠴᠢᠩᠭᠠᠳᠬᠠᠵᠤ ᠪᠤᠢ᠃ ᠪᠦᠬᠦ ᠤᠯᠤᠰ ᠤᠨ ᠦᠨᠳᠤᠰᠤᠳᠡᠨ ᠤ  ᠪᠦᠯᠬᠦᠮᠳᠠᠯ ᠲᠠᠪᠰᠢᠯᠳᠠ ᠶᠢᠨ ᠵᠢᠱᠢᠶᠡᠴᠢ ᠬᠤᠳᠠ ᠶᠢ ᠡᠬᠦᠳᠤᠨ ᠪᠠᠶᠢᠭᠤᠯᠬᠤ ᠠᠵᠢᠯ ᠲᠤᠮᠳᠠ᠂ ᠤᠯᠠᠭᠠᠨᠬᠤᠳᠠ ︽ ᠲᠤᠮᠳᠠᠳᠤ ᠶᠢᠨ ᠦᠨᠳᠤᠰᠤᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ + N︾ ᠭᠡᠬᠦ  ᠤᠨᠤᠯᠵᠢᠬᠤᠨ ᠢ ᠰᠢᠨ᠎ᠠ ᠪᠠᠷ ᠡᠬᠦᠳᠤᠨ ᠦᠢᠯᠡᠳᠤᠯᠭᠡᠵᠢᠬᠦᠯᠵᠤ᠂ ᠤᠯᠠᠨ ᠵᠦᠢᠯ ᠤᠨ ᠤᠬᠠᠭᠤᠯᠭ᠎ᠠ ᠬᠦᠮᠤᠵᠢᠯ ᠤᠨ  ᠠᠵᠢᠯᠯᠠᠭ᠎ᠠ ᠶᠢ ᠦᠷᠨᠢᠬᠦᠯᠬᠦ ᠪᠠᠷ ᠲᠠᠮᠵᠢᠨ᠂ ᠪᠦᠬᠦ ᠬᠤᠳᠠ ᠶᠢᠨ ᠡᠯ᠎ᠠ ᠦᠨᠳᠤᠰᠤᠳᠡᠨ ᠤ ᠠᠷᠠᠳ ᠲᠦᠮᠡᠨ ᠳᠤ  ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠴᠢᠬᠤᠯᠠ ᠶᠡᠭᠡ  ᠠᠴᠢ ᠬᠤᠯᠪᠤᠭᠳᠠᠯ ᠪᠠ ᠦᠢᠯᠡᠳᠤᠯᠭᠡ ᠶᠢᠨ ᠱᠠᠭᠠᠷᠳᠠᠯᠭ᠎ᠠ ᠶᠢ ᠬᠦᠨᠵᠡᠭᠡᠢ ᠤᠶᠢᠯᠠᠭᠠᠭᠤᠯᠵᠤ᠂ ᠵᠢᠷᠭᠠᠯ ᠵᠤᠪᠠᠯᠠᠩ ᠢᠶᠠᠨ  ᠬᠠᠮᠳᠤᠳᠬᠠᠬᠤ᠂ ᠠᠯᠳᠠᠷ ᠭᠤᠳᠤᠮᠰᠢᠭ ᠢᠶᠠᠨ ᠬᠠᠮᠳᠤᠳᠬᠠᠬᠤ᠂ ᠬᠤᠪᠢ ᠵᠠᠶᠠᠭ᠎ᠠ ᠪᠠᠨ ᠬᠠᠮᠳᠤᠳᠬᠠᠬᠤ ᠬᠠᠮᠳᠤ ᠶᠢᠨ  ᠲᠠᠨᠢᠯᠳᠠ ᠶᠢ ᠪᠠᠳᠤ ᠱᠤᠭᠤᠨ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠲᠠᠨᠢᠯᠳᠠ ᠶᠢ ᠰᠡᠳᠬᠢᠯ ᠳᠤᠨᠢ  ᠬᠠᠳᠠᠩᠰᠢᠭᠤᠯᠤᠨ᠂ ᠦᠢᠯᠡ ᠠᠵᠢᠯᠯᠠᠭ᠎ᠠ ᠳᠤᠨᠢ ᠦᠢᠯᠡᠳᠤᠯᠭᠡᠵᠢᠬᠦᠯᠵᠤ ᠪᠤᠢ᠃   ᠪᠤᠳᠠᠰ ᠤᠨ ᠪᠤᠰᠤ ᠰᠤᠶᠤᠯ ᠤᠨ ᠦᠪ ᠢ ᠬᠠᠮᠳᠤᠪᠠᠷ ᠡᠳ᠋ᠯᠡᠨ ᠰᠤᠶᠤᠯ ᠤᠨ ᠠᠭᠤᠰᠤᠯᠴᠠᠯ ᠤᠨ ᠰᠠᠭᠤᠷᠢᠨ  ᠭᠠᠵᠠᠷ ᠢ ᠪᠠᠶᠢᠭᠤᠯᠤᠨ᠎ᠠ    ᠤᠯᠠᠭᠠᠨᠬᠤᠳᠠ ᠶᠢᠨ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠦᠪᠯᠡᠨ  ᠵᠠᠯᠭᠠᠮᠵᠢᠯᠠᠭᠴᠢ ᠺᠠᠩ ᠹᠧᠩ ᠵᠢᠣᠸᠠᠨ ᠵᠠᠩᠬᠢᠳᠤᠮᠠᠯ ᠲᠤᠪᠴᠢ ᠶᠢᠨ ᠮᠡᠷᠭᠡᠵᠢᠯ ᠢ ᠡᠵᠡᠮᠰᠢᠭᠡᠳ 50 ᠭᠠᠷᠤᠢ ᠵᠢᠯ  ᠪᠤᠯᠵᠤ ᠪᠤᠢ᠃ ᠺᠠᠩ ᠹᠧᠩ ᠵᠢᠣᠸᠠᠨ ᠵᠠᠩᠬᠢᠳᠤᠮᠠᠯ ᠲᠤᠪᠴᠢ ᠶᠢᠨ ᠮᠡᠷᠭᠡᠵᠢᠯ ᠢ ᠲᠤᠮᠳᠠᠳᠤ ᠮᠠᠶ᠋ᠢᠭ ᠤᠨ ᠤᠷᠢᠶᠠᠮᠠᠯ  ᠲᠤᠪᠴᠢ ᠵᠡᠷᠭᠡ ᠮᠡᠷᠭᠡᠵᠢᠯ ᠲᠠᠢ ᠠᠭᠤᠰᠤᠯᠴᠠᠭᠤᠯᠤᠨ᠂ ᠡᠷᠪᠡᠬᠡᠢ ᠶᠢᠨ ᠬᠡᠯᠪᠡᠷᠢ ᠶᠢᠨ ᠵᠠᠩᠬᠢᠳᠤᠮᠠᠯ ᠲᠤᠪᠴᠢ᠂ ᠫᠢᠫᠠ  ᠬᠡᠯᠪᠡᠷᠢ ᠶᠢᠨ ᠵᠠᠩᠬᠢᠳᠤᠮᠠᠯ ᠲᠤᠪᠴᠢ ᠶᠢ ᠵᠤᠬᠢᠶᠠᠨ᠂ ᠲᠤᠰ ᠮᠡᠷᠭᠡᠵᠢᠯ ᠢᠶᠠᠨ ᠤᠶᠢᠷ᠎ᠠ ᠬᠠᠪᠢ ᠶᠢᠨ ᠡᠯ᠎ᠠ  ᠦᠨᠳᠤᠰᠤᠳᠡᠨ ᠤ ᠰᠠᠭᠤᠭᠠᠯᠢ ᠠᠷᠠᠳ ᠲᠤ ᠤᠯᠠᠮᠵᠢᠯᠠᠵᠤ᠂ ᠲᠡᠳᠠᠨᠠᠷ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ  ᠪᠠᠷᠠᠬᠤ ᠦᠭᠡᠢ ᠪᠠᠰᠠ ᠨᠢᠭᠡᠨ ᠵᠦᠢᠯ ᠤᠨ ᠮᠡᠷᠭᠡᠵᠢᠯ ᠡᠵᠡᠮᠰᠢᠬᠦᠯᠵᠤ ᠪᠢᠯᠠ᠃    ᠰᠤᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠪᠤᠯ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ ᠴᠢᠬᠤᠯᠠ  ᠠᠷᠭ᠎ᠠ ᠵᠠᠮ ᠪᠤᠯᠤᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠦᠨᠳᠤᠰᠤᠳᠡᠨ ᠤ ᠪᠦᠯᠬᠦᠮᠳᠠᠯ ᠲᠠᠪᠰᠢᠯᠳᠠ ᠶᠢᠨ  ᠵᠢᠱᠢᠶᠡᠴᠢ ᠬᠤᠳᠠ ᠶᠢ ᠡᠬᠦᠳᠤᠨ ᠪᠠᠶᠢᠭᠤᠯᠬᠤ ᠠᠵᠢᠯ ᠢ ᠦᠷᠨᠢᠬᠦᠯᠬᠦ ᠶᠢ ᠲᠠᠭᠠᠯᠳᠤᠨ᠂ ᠤᠯᠠᠭᠠᠨᠬᠤᠳᠠ ᠪᠤᠳᠠᠰ ᠤᠨ  ᠪᠤᠰᠤ ᠰᠤᠶᠤᠯ ᠤᠨ ᠦᠪ ᠢ ᠬᠠᠮᠠᠭᠠᠯᠠᠬᠤ ᠬᠦᠴᠤᠯᠡᠴᠠ ᠪᠠᠨ ᠴᠢᠩᠭᠠᠳᠬᠠᠬᠤ ᠶᠢᠨ ᠬᠠᠮᠳᠤ ᠤᠯᠠᠨ ᠬᠡᠯᠪᠡᠷᠢ ᠪᠠᠷ ᠡᠯ᠎ᠠ  ᠦᠨᠳᠤᠰᠤᠳᠡᠨ ᠤ ᠪᠤᠳᠠᠰ ᠤᠨ ᠪᠤᠰᠤ ᠰᠤᠶᠤᠯ ᠤᠨ ᠦᠪ ᠢ ᠤᠶᠢᠯᠠᠭᠠᠯᠴᠠᠬᠤ ᠰᠤᠷᠤᠯᠴᠠᠯᠭ᠎ᠠ ᠶᠢᠨ ᠲᠠᠪᠴᠠᠩ ᠢ  ᠡᠬᠦᠳᠴᠠᠢ᠃    ᠪᠦᠷᠢᠳᠭᠡᠯ ᠢ ᠦᠨᠳᠤᠰᠤᠯᠡᠪᠡᠯ᠂ ᠤᠯᠠᠭᠠᠨᠬᠤᠳᠠ ᠪᠤᠳᠠᠰ ᠤᠨ ᠪᠤᠰᠤ ᠰᠤᠶᠤᠯ ᠤᠨ ᠦᠪ ᠤᠨ ᠠᠵᠢᠯ ᠤᠯᠭᠤᠬᠤ  ᠠᠵᠢᠯ ᠤᠨ ᠦᠷᠤᠭᠡ᠂ ︽ᠮᠤᠩᠭᠤᠯ ᠦᠨᠳᠤᠰᠤᠳᠡᠨ ᠤ ᠬᠠᠳᠬᠤᠮᠠᠯ︾ ︽ᠮᠤᠩᠭᠤᠯ ᠦᠨᠳᠤᠰᠤᠳᠡᠨ ᠤ  ᠠᠮᠢᠳᠤᠷᠠᠯ ᠤᠨ ᠬᠡᠷᠡᠭᠰᠡᠯ︾ ᠵᠡᠷᠭᠡ 4 ᠠᠵᠢᠯ ᠤᠯᠭᠤᠬᠤ ᠠᠵᠢᠯ ᠤᠨ ᠦᠷᠤᠭᠡ ᠶᠢ ᠪᠠᠶᠢᠭᠤᠯᠵᠤ᠂ ︽ᠤᠷᠢᠶᠠᠮᠠᠯ  ᠬᠠᠳᠬᠤᠮᠠᠯ︾ ︽ᠮᠤᠩᠭᠤᠯ ᠦᠨᠳᠤᠰᠤᠳᠡᠨ ᠤ ᠲᠦᠷᠪᠡᠨ ᠤᠳᠠᠰᠤᠳᠤ ᠬᠤᠭᠤᠷ ᠤᠨ ᠬᠦᠭᠵᠢᠮ︾ ᠵᠡᠷᠭᠡ 9  ᠤᠯᠠᠮᠵᠢᠯᠠᠨ ᠰᠤᠷᠤᠯᠴᠠᠬᠤ ᠦᠷᠤᠭᠡ᠂ ︽ᠮᠤᠩᠭᠤᠯ ᠶᠤᠸᠠᠨ ᠤ ᠰᠤᠶᠤᠯ ᠤᠨ ᠽᠦᠢ ᠬᠣ᠋︾ ︽ᠤᠯᠠᠭᠠᠨᠬᠤᠳᠠ ᠶᠢᠨ  ᠪᠠᠭᠠᠴᠤᠳ ᠤᠨ ᠤᠷᠳᠤᠨ︾ ᠵᠡᠷᠭᠡ 6 ᠤᠯᠠᠮᠵᠢᠯᠠᠯᠳᠤ ᠰᠠᠭᠤᠷᠢᠨ ᠭᠠᠵᠠᠷ ᠢ ᠪᠠᠶᠢᠭᠤᠯᠵᠤ᠂ ᠡᠯ᠎ᠠ ᠦᠨᠳᠤᠰᠤᠳᠡᠨ ᠤ  ᠰᠤᠶᠤᠯ ᠤᠨ ᠰᠤᠯᠢᠯᠴᠠᠭᠠᠨ ᠤ ᠬᠠᠷᠢᠯᠴᠠᠨ ᠬᠦᠳᠡᠯᠤᠯᠴᠡᠬᠦ ᠲᠠᠪᠴᠠᠩ ᠬᠠᠩᠭᠠᠨ᠂ ᠰᠤᠶᠤᠯ ᠢᠶᠠᠷ ᠦᠨᠳᠤᠰᠤᠳᠡᠨ ᠤ  ᠪᠦᠯᠬᠦᠮᠳᠠᠯ ᠲᠠᠪᠰᠢᠯᠳᠠ ᠶᠢ ᠠᠬᠢᠭᠤᠯᠵᠤ᠂ ᠡᠯ᠎ᠠ ᠦᠨᠳᠤᠰᠤᠳᠡᠨ ᠤ ᠬᠤᠭᠤᠷᠤᠨᠳᠤᠬᠢ ᠦᠷᠭᠡᠨ ᠲᠡᠯᠭᠡᠷᠡᠩᠬᠦᠢ ᠪᠠᠷ  ᠶᠠᠪᠤᠯᠴᠠᠬᠤ᠂ ᠬᠦᠨᠵᠡᠭᠡᠢ ᠰᠤᠯᠢᠯᠴᠠᠬᠤ᠂ ᠬᠦᠨᠵᠡᠭᠡᠢ ᠠᠭᠤᠰᠤᠯᠴᠠᠬᠤ ᠶᠢ ᠠᠬᠢᠭᠤᠯᠪᠠ᠃   ᠦᠨᠳᠤᠰᠤᠳᠡᠨ ᠤ ᠰᠤᠶᠤᠯ ᠢ ᠪᠠᠳᠠᠷᠠᠭᠤᠯᠵᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠤᠨ᠎ᠠ       ᠤᠯᠠᠭᠠᠨᠬᠤᠳᠠ ᠶᠢᠨ ᠡᠾᠧ ᠫᠢᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠤᠩ ᠶᠦᠨ ᠨᠡᠶᠢᠭᠡᠮ  ᠲᠤᠭᠤᠷᠢᠭ ᠲᠤ ᠬᠦᠷᠪᠡᠯ᠂ ᠤᠬᠠᠭᠤᠯᠤᠨ ᠲᠠᠶᠢᠯᠪᠤᠷᠢᠯᠠᠭᠴᠢ ᠠᠴᠠ ︽ᠭᠤᠷᠪᠠᠨ ᠮᠢᠩᠭᠠᠨ ᠦᠨᠤᠴᠢᠨ ᠬᠡᠥᠬᠡᠳ ᠢ  ᠦᠷᠠᠴᠢᠯᠠᠨ ᠲᠡᠵᠢᠭᠡᠭᠰᠡᠨ︾ ᠦᠯᠢᠭᠡᠷ ᠢ ᠶᠠᠷᠢᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠤᠯᠠᠨ ᠲᠦᠮᠡᠨ ᠳᠤ ︽ ᠲᠤᠮᠳᠠᠳᠤ ᠶᠢᠨ ᠦᠨᠳᠤᠰᠤᠳᠡᠨ ᠨᠢᠭᠡ ᠭᠡᠷ ᠪᠦᠯᠢ ᠶᠢᠨ ᠬᠦᠮᠤᠰ ᠮᠡᠳᠤ ᠲᠤᠳᠤᠨᠤ︾ ᠬᠠᠯᠠᠭᠤᠨ ᠲᠤᠯᠠᠭᠠᠨ ᠠᠭᠤᠷ  ᠠᠮᠢᠰᠬᠤᠯ ᠢ ᠲᠦᠷᠥᠭᠳᠡᠬᠦᠯᠤᠨ᠎ᠠ᠃      ᠡᠶᠢᠮᠤᠷᠬᠦᠥ ᠤᠬᠠᠭᠤᠯᠤᠨ ᠲᠠᠶᠢᠯᠪᠤᠷᠢᠯᠡᠬᠤ ᠠᠵᠢᠯᠯᠠᠭ᠎ᠠ ᠶᠢ ᠤᠯᠠᠭᠠᠨᠬᠤᠳᠠ ᠶᠢᠨ ᠡᠯ᠎ᠠ ᠨᠡᠶᠢᠭᠡᠮ ᠲᠤᠭᠤᠷᠢᠭ ᠲᠤ  ᠭᠠᠷᠠᠭ ᠪᠦᠷᠢ ᠶᠠᠪᠤᠭᠳᠠᠭᠤᠯᠵᠤ᠂ ᠤᠬᠠᠭᠤᠯᠤᠨ ᠲᠠᠶᠢᠯᠪᠤᠷᠢᠯᠠᠭᠴᠢ ᠨᠠᠷ ᠠᠴᠠ ᠤᠶᠢᠷ᠎ᠠ ᠬᠠᠪᠢ ᠶᠢᠨ ᠬᠦᠮᠤᠨ ᠢᠶᠠᠷ  ᠵᠢᠱᠢᠶ᠎ᠠ ᠲᠠᠳᠠᠵᠤ᠂ ᠤᠯᠠᠨ ᠲᠦᠮᠡᠨ ᠤ ᠰᠤᠨᠤᠰᠴᠤ ᠤᠶᠢᠯᠠᠭᠠᠬᠤ ᠳᠤ ᠠᠮᠠᠷᠬᠠᠨ ᠦᠭᠡ ᠬᠡᠯᠡᠯᠭᠡ ᠪᠠᠷ ᠨᠠᠮ ᠪᠠ ᠤᠯᠠᠨ  ᠲᠦᠮᠡᠨ ᠤ ᠬᠤᠭᠤᠷᠤᠨᠳᠤᠬᠢ ᠬᠠᠷᠢᠯᠴᠠᠭ᠎ᠠ ᠶᠢ ᠨᠢᠭᠳᠠᠷᠠᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ  ᠴᠤᠭᠴᠠ ᠶᠢᠨ ᠤᠬᠠᠮᠰᠠᠷ ᠢ ᠬᠦᠮᠤᠰ ᠤᠨ ᠰᠡᠳᠬᠢᠯ ᠳᠤ ᠬᠠᠳᠠᠩᠰᠢᠭᠤᠯᠪᠠ᠃      ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠠᠵᠢᠯ ᠲᠤᠮᠳᠠ  ᠂ ᠤᠯᠠᠭᠠᠨᠬᠤᠳᠠ ᠶᠢᠨ ᠬᠢᠨ ᠬᠦᠩᠭᠡᠨ ᠮᠤᠷᠢᠳᠤ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠠᠩᠬᠢ᠂ ︽ᠲᠡᠷᠭᠡᠳᠡᠬᠢ  ᠤᠬᠠᠭᠤᠯᠤᠨ ᠲᠠᠶᠢᠯᠪᠤᠷᠢᠯᠠᠭᠴᠢ︾ ᠵᠡᠷᠭᠡ ᠵᠠᠭᠤ ᠭᠠᠷᠤᠢ ᠤᠬᠠᠭᠤᠯᠤᠨ ᠲᠠᠶᠢᠯᠪᠤᠷᠢᠯᠠᠬᠤ ᠠᠩᠬᠢ ᠶᠢ ᠵᠤᠬᠢᠶᠠᠨ  ᠪᠠᠶᠢᠭᠤᠯᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ  ᠪᠤᠳᠠᠳᠤ ᠦᠢᠯᠡᠳᠤᠯᠭᠡ ᠶᠢᠨ ᠰᠢᠨ᠎ᠠ ᠶᠢ ᠡᠬᠦᠳᠬᠦ ᠰᠠᠭᠤᠷᠢᠨ ᠭᠠᠵᠠᠷ᠂ ᠵᠠᠯᠠᠭᠤᠴᠤᠳ ᠤᠨ ᠪᠤᠳᠠᠳᠤ ᠦᠢᠯᠡᠳᠤᠯᠭᠡ  ᠬᠦᠮᠤᠵᠢᠯ ᠤᠨ ᠰᠠᠭᠤᠷᠢᠨ ᠭᠠᠵᠠᠷ ᠵᠡᠷᠭᠡ ᠠᠴᠢᠶᠠᠯᠠᠭᠴᠢ ᠳᠤ ᠲᠦᠰᠢᠭᠯᠡᠨ᠂ ︽ᠪᠢᠳᠠᠨ ᠤ ᠪᠠᠶᠠᠷ ᠤᠨ ᠡᠳᠤᠷ︾ ︽ ᠲᠤᠮᠳᠠᠳᠤ ᠶᠢᠨ ᠦᠨᠳᠤᠰᠤᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠬᠤ︾ ︽ᠬᠤᠪᠢᠰᠬᠠᠯᠳᠤ  ᠤᠳᠤᠮᠰᠢᠯ ᠢ ᠤᠯᠠᠮᠵᠢᠯᠠᠬᠤ︾ ᠵᠡᠷᠭᠡ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠠᠢ᠃  2023 ᠤᠨ ᠤ 6 ᠰᠠᠷ᠎ᠠ ᠪᠤᠯᠳᠠᠯ᠎ᠠ᠂ 2780 ᠲᠠᠯᠠᠪᠠᠢ ᠤᠬᠠᠭᠤᠯᠤᠨ ᠲᠠᠶᠢᠯᠪᠤᠷᠢᠯᠠᠯᠳᠠ ᠶᠢᠨ ᠠᠵᠢᠯᠯᠠᠭ᠎ᠠ ᠶᠢ  ᠦᠷᠨᠢᠬᠦᠯᠵᠤ᠂ 14.5 ᠲᠦᠮᠡᠨ ᠬᠦᠮᠤᠨ ︵ᠤᠳᠠᠭ᠎ᠠ︶   ᠢ ᠬᠠᠮᠤᠷᠴᠤ᠂ ᠦᠨᠳᠤᠰᠤᠳᠡᠨ ᠤ ᠠᠵᠢᠯ ᠢ ᠰᠠᠶᠢᠳᠤᠷ  ᠬᠢᠵᠤ᠂ ᠲᠤᠮᠳᠠᠳᠤ ᠶᠢᠨ ᠦᠨᠳᠤᠰᠤᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ ᠡᠬᠦᠳᠴᠤ ᠪᠤᠢ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号