8 ᠰᠠᠷ᠎ᠠ ᠶᠢᠨ 19 ᠤ ᠡᠳᠦᠷ᠂ ︽ᠡᠬᠢ ᠪᠠᠶᠠᠯᠢᠭ ᠢ ᠬᠤᠷᠠᠮᠳᠤᠭᠤᠯᠵᠦ · ᠬᠦᠭᠵᠢᠯᠳᠠ ᠶᠢ ᠠᠬᠢᠭᠤᠯᠤᠶ᠎ᠠ︾ | ᠭᠡᠬᠦ ᠭᠤᠣᠯ ᠰᠡᠳᠦᠪᠳᠤ ᠪᠦᠬᠦ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠶᠡᠭᠡ ᠬᠤᠷᠠᠯ ᠷᠠᠰᠢᠶᠠᠨ ᠤ ᠤᠯᠠᠨ ᠤᠯᠤᠰ ᠤᠨ ᠰᠣᠶᠣᠯ ᠤᠨ ᠰᠣᠯᠢᠯᠴᠠᠭᠠᠨ ᠤ ᠲᠥᠪ ᠲᠤ | ᠶᠠᠪᠤᠭᠳᠠᠪᠠ᠃ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ | ᠬᠦᠴᠦᠲᠡᠶ ᠳᠡᠮᠵᠢᠯᠭᠡ ᠪᠠᠷ ᠵᠥᠪᠳᠡᠯᠴᠡᠨ ᠶᠠᠷᠢᠯᠴᠠᠬᠤ ᠠᠵᠢᠯ ᠲᠣᠪᠤᠶᠢᠮ᠎ᠠ ᠦᠷ᠎ᠡ ᠪᠦᠲᠦᠮᠵᠢ ᠣᠯᠵᠤ᠂ | ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠠᠵᠤ ᠣᠶᠢᠯᠡᠰ ᠤᠨ ᠤᠷᠤᠨ | ᠲᠣᠭᠤᠷᠢᠭ ᠢ ᠪᠥᠲᠥᠭᠡᠨ ᠪᠠᠶᠢᠭᠤᠯᠬᠤ᠂ ᠬᠢᠲᠠᠳ ᠡᠪᠡᠰᠦᠨ ᠡᠮ ᠢ ᠳᠡᠯᠭᠡᠷᠡᠭᠦᠯᠬᠦ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ 27 ᠲᠥᠷᠥᠯ ᠵᠣᠶᠢᠯ ᠤᠨ ᠬᠡᠷ᠎ᠠ ᠲᠤᠬᠳᠠᠵᠡᠢ᠂ ᠶᠠᠷᠣᠩᠭᠡᠢ ᠪᠡᠯᠡ ᠣᠷᠣᠭᠤᠯᠣᠯᠳᠡ ᠨᠢ 129.7 | ᠳ᠋ᠦᠩᠰᠢᠭᠤᠷ ᠲᠥᠭᠦᠷᠢᠭ ᠬᠦᠷᠣᠨᠠ᠃ | ᠬᠡᠷ᠎ᠠ ᠲᠤᠬᠳᠠᠬᠤ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠣᠭ᠍ᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠧᠨᠵᠧᠨ ᠬᠤᠳᠠ ᠶᠢᠨ ᠳ᠋ᠠ ᠮᠠᠨ ᠪᠣᠭᠤᠳᠠᠯᠯᠠᠬᠤ ᠬᠢᠵᠠᠭᠠᠷᠲᠤ | ᠺᠣᠮᠫᠠᠨᠢ᠂ ᠤᠳᠠᠴᠢ ᠲᠠᠷᠢᠶᠠᠯᠠᠩ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠣᠯᠲᠡ ᠶᠢᠨ ᠬᠢᠵᠠᠭᠠᠷᠲᠤ ᠺᠣᠮᠫᠠᠨᠢ ᠵᠡᠷᠭᠡ | 34 ᠠᠵᠤ ᠠᠬᠤᠶᠢᠯᠠᠯ ᠪᠦᠬᠦ ᠣᠷᠣᠨ ᠤ 12 ᠠᠶᠢᠮᠠᠭ ᠬᠤᠳᠠ ᠲᠠᠢ 4 ᠡᠭᠡᠯᠵᠢ ᠭᠡᠷ᠎ᠡ ᠲᠣᠭᠲᠠᠵᠠᠢ᠃ | ︽ᠮᠠᠨ ᠤ ᠤᠷᠤᠨ ᠲᠠᠷᠢᠶ᠎ᠠ ᠠᠷᠪᠢᠨ ᠲᠠᠷᠢᠵᠦ᠂ ᠭᠠᠵᠠᠷ ᠨᠤᠳᠤᠭ ᠥᠷᠭᠡᠨ ᠠᠭᠤᠳᠠᠮ᠂ ᠠᠵᠤ ᠣᠶᠢᠯᠡᠰ ᠤᠨ | ᠣᠨᠴᠠᠯᠢᠭ ᠢᠯᠡ ᠲᠣᠳᠣ᠂ ᠴᠢᠨᠠᠷ ᠰᠠᠶᠢᠲᠠᠶ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠡᠯᠪᠡᠭ᠂ | ᠣᠲᠣ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠰᠠᠭᠤᠷᠢ ᠵᠤᠵᠠᠭᠠᠨ᠂ ᠮᠠᠯ ᠢ ᠬᠠᠰᠢᠶᠠᠯᠠᠨ ᠲᠡᠵᠢᠭᠡᠬᠦ ᠳᠠᠯᠳᠠ | ᠬᠦᠴᠦᠨ ᠶᠡᠭᠡ᠂ ᠨᠠᠷᠢᠯᠢᠭ ᠡᠳ᠋ᠰᠢᠭᠦᠯᠤᠨ ᠪᠤᠯᠪᠠᠰᠤᠷᠠᠭᠤᠯᠬᠤ ᠬᠠᠨᠳᠤᠰᠢ ᠰᠠᠶᠢᠨ᠂ ᠪᠣᠬᠢᠷᠲᠤᠯ ᠥᠬᠡᠶ ᠳᠡᠭᠡᠳᠦ | ᠲᠠᠰ ᠤᠨ ᠨᠠᠷᠠᠲᠤ ᠲᠥᠷᠥᠯ ᠲᠡᠮᠳᠡᠭ ᠢ ᠡᠭᠦᠳᠭᠦ ᠣᠷᠣᠨ ᠵᠠᠶ ᠠᠭᠤᠵᠢᠭᠤ︾ ᠭᠡᠵᠦ ᠥᠪᠥᠷ ᠮᠣᠩᠭᠤᠯ ᠤᠨ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠲᠠᠨᠢᠯᠴᠠᠭᠤᠯᠵᠦ ᠪᠠᠶᠢᠯ᠎ᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠭᠡᠷ᠎ᠡ ᠲᠣᠭᠲᠠᠭᠰᠠᠨ ᠨᠢ ᠷᠠᠰᠢᠶᠠᠨ ᠳᠤ ᠬᠤᠷᠠᠯᠳᠤᠬᠰᠠᠨ ᠪᠦᠬᠦ | ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠥᠭᠵᠢᠯᠲᠡ ᠶᠢᠨ ᠶᠡᠭᠡ ᠬᠤᠷᠠᠯ ᠤᠨ ᠰᠠᠶᠢᠨ | ᠡᠬᠢᠯᠡᠯᠲᠡ ᠪᠠ ᠴᠢᠬᠤᠯᠠ ᠦᠷ᠎ᠡ ᠪᠦᠲᠦᠭᠡᠯ ᠮᠥᠨ᠂ ᠡᠨᠡ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠶ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠨᠠᠷᠠᠲᠤ ᠲᠡᠮᠳᠡᠭᠵᠢᠯᠲᠡ ᠶᠢ ᠠᠬᠢᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠤᠯᠤᠰ ᠤᠨ ᠴᠢᠬᠤᠯᠠ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ | ᠰᠢᠮ᠎ᠡ ᠶᠢ ᠣᠶᠢᠯᠡᠳᠪᠦᠷᠢᠯᠡᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠢᠳᠡᠪᠬᠢᠳᠠᠢ ᠦᠢᠯᠡᠳᠦᠯ ᠦᠵᠡᠭᠦᠯᠬᠦ | ᠪᠤᠯᠤᠨ᠎ᠠ᠃ | ᠲᠣᠰ ᠤᠳᠠᠭᠠᠨ ᠤ ᠠᠵᠢᠯᠯᠠᠭ᠎ᠠ ᠳᠤ ᠮᠠᠨ ᠤ ᠠᠶᠢᠮᠠᠭ ᠤᠨ ᠬᠢᠨ ᠪᠣᠬᠢᠷᠲᠤᠯ ᠥᠬᠡᠶ ᠲᠠᠷᠢᠶᠠᠯᠠᠩ ᠮᠠᠯ ᠠᠵᠤ | ᠠᠬᠤᠶ ᠶᠢᠨ ᠠᠵᠤ ᠣᠶᠢᠯᠡᠰ ᠤᠨ ᠬᠦᠭᠵᠢᠯᠳᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠲᠤᠷᠭ᠎ᠠ᠂ ᠠᠯᠠᠰᠢᠨ | ᠦᠬᠡᠷ᠂ ᠰᠦ᠂ ᠬᠢᠲᠠᠳ ᠡᠪᠡᠰᠦᠨ ᠡᠮ᠂ ᠲᠥᠮᠥᠰᠥ ᠵᠡᠷᠭᠡ ᠭᠤᠤᠯᠳᠠᠯᠭ᠎ᠠ ᠲᠠᠢ ᠠᠵᠤ ᠣᠶᠢᠯᠡᠰ ᠤᠨ ᠬᠡᠯᠬᠢᠶ᠎ᠡ ᠶᠢᠨ | ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠠᠷᠭ᠎ᠠ ᠵᠠᠮ ᠢ ᠢᠳᠡᠪᠬᠢᠲᠡᠶ | ᠰᠦᠪᠡᠭᠴᠢᠯᠡᠵᠦ᠂ ᠨᠡᠶᠢᠲᠡ 11 ᠲᠥᠷᠥᠯ ᠵᠤᠶᠢᠯ ᠤᠨ ᠲᠤᠬᠠᠢ ᠭᠡᠷ᠎ᠠ ᠲᠤᠬᠳᠠᠵᠦ᠂ 57.4 ᠳ᠋ᠦᠩᠰᠢᠭᠤᠷ | ᠲᠥᠭᠦᠷᠢᠭ ᠪᠡᠯᠡ ᠤᠷᠤᠭᠤᠯᠬᠤ ᠪᠠᠷ ᠪᠤᠯᠪᠠ᠃ | ᠮᠠᠨ ᠤ ᠠᠶᠢᠮᠠᠭ ᠤᠨ ᠬᠢᠨ ᠳᠠᠷᠠᠭᠠᠴᠢ ᠪᠠᠷ ᠠᠮᠢ ᠠᠬᠤᠢ ᠶᠢᠨ ᠳᠠᠪᠠᠭᠤᠯᠢᠭ ᠲᠠᠭᠠᠨ ᠲᠦᠰᠢᠭᠯᠡᠵᠦ᠂ ᠵᠠᠰᠠᠭ ᠤᠨ | ᠣᠷᠳᠣᠨ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠠᠷ ᠰᠠᠶᠢᠲᠠᠢ | ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠦᠷᠦᠯ ᠵᠦᠢᠯ ᠢ ᠨᠡᠩ | ᠤᠯᠠᠨ ᠨᠠᠶᠢᠳᠠᠪᠤᠷᠢᠵᠢᠭᠤᠯᠵᠦ᠂ ᠮᠠᠨ ᠤ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢᠨ ᠳᠦᠷᠦᠯ ᠳᠡᠮᠳᠡᠭ ᠢ ᠠᠯᠳᠠᠷᠰᠢᠭᠦᠯᠤᠨ᠂ ᠪᠦᠬᠦ ᠠᠶᠢᠮᠠᠭ ᠤᠨ ᠴᠢᠨᠠᠷ ᠰᠠᠶᠢᠲᠠᠢ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠦᠬᠦ ᠤᠯᠤᠰ ᠴᠢᠨᠠᠭᠰᠢᠯᠠᠨ ᠳᠡᠯᠡᠬᠡᠢ ᠶᠢᠨ ᠵᠠᠬ᠎ᠠ ᠳᠡᠯᠭᠡᠭᠦᠷ ᠲᠤ | ᠭᠠᠷᠭᠠᠬᠤ ᠶᠢ ᠠᠬᠢᠭᠤᠯᠬᠤ ᠪᠤᠯᠤᠨ᠎ᠠ᠃ ︵ᠵᠸᠦ ᠰᠢᠨ ᠢᠦᠢ ᠨᠢᠭᠵᠢᠨ︶ | | | | | |