8 ᠰᠠᠷ᠎ᠠ ᠶᠢᠨ 19 ᠤ ᠡᠳᠦᠷ᠂ ︽ᠡᠬᠢ ᠪᠠᠶᠠᠯᠢᠭ ᠢ ᠬᠤᠷᠠᠮᠳᠤᠭᠤᠯᠤᠨ᠂ ᠬᠦᠭᠵᠢᠯᠳᠡ ᠶᠢ ᠠᠬᠢᠭᠤᠯᠤᠶ᠎ᠠ︾ | ᠭᠡᠬᠦ ᠭᠤᠣᠯ ᠰᠡᠳᠥᠪᠳᠥ ᠷᠠᠰᠢᠶᠠᠨ ᠲᠠᠷᠢᠶᠠᠯᠠᠩ ᠮᠠᠯ ᠠᠵᠤ ᠠᠬᠤᠶ ᠶᠢᠨ ᠠᠵᠤ ᠣᠶᠢᠯᠡᠰ ᠤᠨ ᠬᠥᠭᠵᠢᠯᠲᠡ ᠶᠢᠨ | ᠶᠡᠭᠡ ᠬᠤᠷᠠᠯ ᠷᠠᠰᠢᠶᠠᠨ ᠬᠤᠳᠠ ᠳᠤ ᠶᠠᠪᠤᠭᠳᠠᠪᠠ᠃ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠭᠤᠮᠢᠨᠳᠠᠩ ᠨᠠᠮ ᠤᠨ | ᠬᠤᠪᠢᠰᠬᠠᠯᠲᠤ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ ᠾᠧ ᠪᠦᠦ ᠰᠢᠶᠠᠩ ᠶᠠᠷᠢᠶᠠᠨ ᠳᠠᠭᠠᠨ᠂ ᠳᠤᠮᠳᠠᠳᠤ ᠤᠯᠤᠰ ᠤᠨ ᠭᠤᠮᠢᠨᠳᠠᠩ ᠨᠠᠮ ᠤᠨ | ᠬᠤᠪᠢᠰᠬᠠᠯᠲᠤ ᠬᠤᠷᠢᠶ᠎ᠠ ᠶᠢᠨ ᠬᠢᠨ ᠶᠡᠷᠥᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠥ᠋ᠨ | ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠲᠠᠢ ᠵᠡᠷᠭᠡᠪᠡᠷ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠤᠷᠠᠮᠳᠤᠭᠤᠯᠵᠤ᠂ ᠥᠪᠥᠷ ᠮᠣᠩᠭᠤᠯ ᠤᠨ ᠮᠠᠯ ᠠᠵᠤ ᠠᠬᠤᠢ | ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠭᠡᠬᠦ᠂ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠠᠢ᠃ | ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ ᠶᠢᠨ ᠨᠠᠮ ᠤᠨ ᠭᠡᠰᠢᠭᠦᠨ ᠠᠵᠤ | ᠠᠬᠤᠶᠢᠯᠠᠯᠲᠠᠨ ᠪᠣᠯᠤᠨ ᠡᠯ᠎ᠡ ᠡᠲᠡᠭᠡᠳ ᠤᠨ ᠠᠵᠤ ᠠᠬᠤᠶᠢᠯᠠᠯᠲᠠᠨ ᠨᠠᠷ ᠲᠤᠰ ᠤᠳᠠᠭ᠎ᠠ ᠶᠢᠨ ᠶᠡᠭᠡ ᠬᠤᠷᠠᠯ ᠢᠶᠠᠷ | ᠠᠵᠠ ᠲᠣᠬᠢᠶᠠᠯ ᠪᠣᠯᠭᠠᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠰᠠᠭᠤᠷᠢᠨ ᠢ ᠪᠦᠳᠦᠬᠡᠨ ᠪᠠᠶᠢᠭᠤᠯᠬᠤ ᠳᠤ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠳᠤ ᠨᠡᠩ | ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠠᠵᠢᠯᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ | ᠠᠺᠠᠳᠧᠮᠢᠴᠢ ᠦ᠋ ᠺᠦᠩ ᠮᠢᠩ᠂ ᠶᠢ ᠢᠦᠢ ᠯᠦ᠋ᠩ ᠵᠡᠷᠭᠡ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ | ᠲᠠᠷᠢᠶᠠᠴᠢᠨ︾ ᠤ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠤ ᠲᠥᠯᠥ᠋ᠭᠡᠯᠡᠭᠴᠢ᠂ | ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠᠷ ᠥᠪᠥᠷ ᠮᠣᠩᠭᠤᠯ ᠤᠨ ᠮᠠᠯ ᠠᠵᠤ | ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ᠂ ᠴᠢᠳᠠᠮᠵᠢᠳᠦ ᠲᠠᠷᠢᠶᠠᠯᠠᠩ ᠪᠣᠯᠤᠨ ᠳᠠᠷᠢᠵᠤ | ᠲᠡᠵᠢᠭᠡᠬᠦ ᠶᠢ ᠨᠢᠭᠡ ᠴᠤᠬᠴᠠᠵᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠲᠤᠰ ᠲᠤᠰ ᠶᠠᠷᠢᠶ᠎ᠠ ᠲᠠᠯᠪᠢᠵᠠᠢ᠃ | | ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ︾ ︽ᠲᠠᠷᠢᠶᠠᠯᠠᠩ | ᠮᠠᠯ ᠤᠨ ᠨᠠᠷᠠᠲᠤ ᠲᠥᠷᠥᠯ ᠳᠡᠮᠳᠡᠭ ᠢ ᠴᠢᠨᠠᠷ ᠰᠠᠶᠢᠲᠠᠶ ᠬᠥᠭᠵᠢᠭᠦᠯᠬᠦ︾ ︽ᠲᠠᠷᠢᠶᠠᠯᠠᠩ ᠮᠠᠯ ᠠᠵᠤ ᠠᠬᠤᠢ ᠶᠢᠨ | ᠠᠵᠤ ᠣᠶᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ︾ ᠵᠡᠷᠭᠡ ᠭᠤᠣᠯ | ᠰᠡᠳᠦᠪ ᠤᠨ ᠲᠣᠭᠤᠷᠢᠨ ᠳᠤ ᠭᠤᠷᠪᠠᠨ ᠲᠠᠯᠠᠪᠤᠷ ᠶᠠᠷᠢᠯᠴᠠᠨ ᠰᠤᠳᠤᠯᠬᠤ ᠬᠤᠷᠠᠯ ᠬᠢᠭᠰᠡᠨ ᠪᠥᠭᠡᠳ ᠥᠪᠥᠷ | ᠮᠣᠩᠭᠤᠯ ᠤᠨ ᠪᠣᠬᠢᠷᠲᠤᠯ ᠥᠬᠡᠶ ᠲᠠᠷᠢᠶᠠᠯᠠᠩ ᠮᠠᠯᠠ ᠠᠵᠣ ᠠᠬᠤᠢ ᠶᠢᠨ ᠨᠠᠷᠠᠲᠤ ᠲᠥᠷᠥᠯ ᠳᠡᠮᠳᠡᠭ ᠤᠨ | ᠪᠦᠲᠦᠭᠡᠭᠳᠡᠬᠦᠨ ᠤ ᠦᠵᠡᠬᠦᠯᠭᠡ ᠭᠠᠷᠭᠠᠵᠤ᠂ ᠲᠤᠬᠠᠶ ᠶᠢᠨ ᠲᠠᠯᠠᠪᠤᠷ ᠲᠤ ᠲᠠᠷᠢᠶᠠᠯᠠᠩ ᠮᠠᠯ ᠠᠵᠣ ᠠᠬᠤᠢ ᠶᠢᠨ ᠠᠵᠤ | ᠣᠶᠢᠯᠡᠰ ᠤᠨ ᠪᠠᠯᠠ ᠣᠷᠣᠭᠤᠯᠤᠯᠲᠠ ᠶᠢᠨ 27 ᠲᠥᠷᠥᠯ ᠵᠣᠶᠢᠯ ᠳᠤ ᠬᠡᠷᠡᠭᠵᠢᠬᠦᠯᠬᠦ ᠬᠡᠷ᠎ᠡ ᠳᠤᠭᠳᠠᠵᠤ᠂ ᠪᠠᠯᠠ | ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ 129.7 ᠳ᠋ᠦᠩᠰᠢᠭᠤᠷ ᠲᠥᠭᠦᠷᠢᠭ ᠲᠤ ᠬᠥᠷᠪᠡ᠃ | | ︵ᠭᠤᠤ ᠮᠢᠨ ᠨᠠ ᠰᠢᠤᠢ ᠸᠧᠨ ᠵᠢᠶᠦ᠋ᠨ︶ | | | |