8 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠳᠤᠮᠳᠠᠳᠤ ᠤᠯᠤᠰ ︵ᠷᠠᠰᠢᠶᠠᠨ︶ ᠤᠨ | ᠵᠢᠭᠤᠯᠴᠢᠯᠠᠯ ᠤᠨ ᠶᠡᠭᠡ ᠬᠤᠷᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠰᠣᠶᠣᠯ ᠪᠠ | ᠵᠢᠭᠤᠯᠴᠢᠯᠠᠯ ᠤᠨ ᠶᠠᠮᠤᠨ᠂ ᠰᠢᠨᠬᠤᠸᠠ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ︽ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠪᠣᠬᠢᠷᠲᠤᠯ ᠥᠬᠡᠶ ᠪᠠᠷ ᠬᠦᠭᠵᠢᠬᠦᠯᠬᠦ︾ 2023 ᠣᠨ ᠤ ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ | ᠶᠡᠭᠡ ᠬᠤᠷᠠᠯ 9 ᠰᠠᠷ᠎ᠠ ᠶᠢᠨ 2 ᠤᠨ ᠡᠳᠦᠷ ᠷᠠᠰᠢᠶᠠᠨ ᠬᠤᠲᠠ ᠳᠤ ᠡᠬᠢᠯᠡᠨ ᠶᠠᠪᠤᠬᠳᠠᠬᠤ ᠪᠣᠯᠤᠨ᠎ᠠ᠃ | ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠪᠣᠯ ᠪᠥᠬᠦ ᠤᠯᠤᠰ ᠤᠨ ᠴᠢᠨᠠᠷᠲᠠᠶ | ᠵᠢᠭᠤᠯᠴᠢᠯᠠᠯ ᠤᠨ ᠶᠡᠭᠡ ᠬᠤᠷᠠᠯ ᠮᠥᠨ᠂ ᠠᠭᠤᠯᠭ᠎ᠠ ᠪᠠᠷ ᠪᠠᠶᠠᠯᠢᠭ᠂ ᠵᠢᠷᠤᠭ ᠲᠥᠯᠣᠪᠯᠡᠭᠡ ᠨᠢ ᠰᠢᠨ᠎ᠡ ᠰᠡᠪᠡᠭᠦᠨ | ᠥᠪᠡᠷᠮᠢᠴᠡ ᠣᠨᠴᠠᠯᠢᠭ ᠲᠠᠢ ᠪᠠᠶᠢᠳᠠᠭ᠃ ᠶᠡᠭᠡ ᠬᠤᠷᠠᠯ ᠨᠢ ᠡᠬᠢᠯᠡᠯᠲᠡ ᠶᠢᠨ ᠶᠣᠰᠣᠯᠠᠯ᠂ ︽ᠮᠢᠩᠭᠠᠨ ᠲᠡᠷᠭᠡ | ᠲᠦᠮᠡᠨ ᠬᠥᠮᠦᠨ︾ ᠬᠤᠪᠢ ᠶᠢᠨ ᠮᠠᠰᠢᠨ ᠲᠡᠷᠭᠡ ᠪᠠᠷ ᠶᠡᠭᠡ ᠬᠢᠩᠭᠠᠨ ᠳᠠᠪᠠᠭ᠎ᠠ ᠪᠠᠷ ᠵᠢᠭᠤᠯᠴᠢᠯᠠᠬᠤ ᠠᠵᠢᠯᠯᠠᠭ᠎ᠠ ᠶᠢᠨ | ᠡᠬᠢᠯᠡᠯᠳᠡ ᠶᠢᠨ ᠶᠣᠰᠣᠯᠠᠯ᠂ ︽ᠰᠢ ᠺᠸᠥ ᠲᠣᠰᠬᠤᠨ ᠤ ᠤᠷᠠᠯᠢᠭ ᠤᠨ ᠲᠤᠭᠯᠠᠯᠳᠠ︾᠂ ︽ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠪᠣᠬᠢᠷᠲᠤᠯ ᠦᠭᠡᠢ ᠪᠠᠷ ᠬᠦᠭᠵᠢᠬᠦᠯᠬᠦ︾ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ᠂ | ︽ ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ︾ ᠤᠨ ᠲᠦᠷᠦᠯ ᠵᠦᠢᠯ ᠤᠨ ᠪᠡᠶᠡᠴᠢᠯᠡᠨ ᠣᠶᠢᠯᠠᠭᠠᠬᠤ | ᠦᠵᠡᠬᠦᠯᠭᠡ᠂ ᠷᠠᠰᠢᠶᠠᠨ ᠤ ᠠᠷᠪᠠᠨ ᠵᠢᠯ ᠤᠨ ᠵᠢᠭᠤᠯᠴᠢᠯᠠᠯ ᠤᠨ ᠭᠡᠷᠡᠯ ᠵᠢᠷᠤᠭ ᠤᠨ ᠦᠵᠡᠬᠦᠯᠭᠡ᠂ ᠵᠢᠭᠤᠯᠴᠢᠯᠠᠯ ᠢᠶᠠᠷ | ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠬᠠᠮᠲᠤᠪᠠᠷ ᠡᠳ᠋ᠯᠡᠬᠦ ᠴᠤᠭᠯᠠᠭᠠᠨ᠂ | ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦ᠋ᠨ ᠮᠠᠨᠳᠤᠭᠤᠯᠬᠤ ᠶᠢ ᠠᠬᠢᠭᠤᠯᠵᠤ ᠬᠠᠮᠲᠤᠪᠠᠷ | ᠴᠢᠨᠡᠭᠡᠯᠢᠭᠵᠢᠬᠦ ᠶᠢ ᠠᠬᠢᠭᠤᠯᠬᠤ ᠶᠠᠷᠢᠶᠠᠨ ᠤ ᠲᠠᠪᠴᠠᠩ ᠪᠣᠯᠤᠨ ᠵᠢᠭᠤᠯᠴᠢᠯᠠᠯ ᠤᠨ ᠪᠦᠲᠦᠭᠡᠭᠳᠡᠬᠦᠨ ᠤ ᠪᠡᠶᠡᠴᠢᠯᠡᠨ | ᠣᠶᠢᠯᠠᠭᠠᠬᠤ ᠠᠵᠢᠯᠯᠠᠭ᠎ᠠ ᠵᠡᠷᠭᠡ 9 ᠭᠤᠣᠯ ᠴᠣᠭᠴᠠ ᠶᠢᠨ ᠠᠭᠤᠯᠭ᠎ᠠ ᠶᠢ ᠲᠤᠬᠢᠷᠠᠭᠤᠯᠤᠨᠨᠰᠠᠨ ᠪᠠᠶᠢᠨ᠎ᠠ᠃ | ᠲᠣᠰ ᠤᠳᠠᠭᠠᠨ ᠤ ᠶᠡᠭᠡ ᠬᠤᠷᠠᠯ ᠠᠴᠠ ᠪᠠᠰᠠ ᠷᠠᠰᠢᠶᠠᠨ ᠤ ᠠᠩᠬᠠᠳᠤᠭᠠᠷ ᠬᠤᠭᠤᠴᠠᠭᠠᠨ ᠤ ᠬᠡᠭᠡᠷ᠎ᠡ | ᠪᠠᠭᠤᠳᠠᠯᠯᠠᠬᠤ ᠶᠡᠭᠡ ᠬᠤᠷᠠᠯ᠂ ᠷᠠᠰᠢᠶᠠᠨ ᠤ ᠣᠶ ᠰᠢᠭᠤᠶ ᠶᠢᠨ ᠳᠠᠭᠤᠣ ᠬᠥᠭᠵᠢᠮ ᠤᠨ ᠨᠠᠶᠢᠷ᠂ ᠳᠤᠮᠳᠠᠳᠤ ᠣᠷᠣᠰ | ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠷᠠᠰᠢᠶᠠᠨ ᠤ ᠫᠢᠸᠤ᠋ ᠶᠢᠨ ᠨᠠᠶᠢᠷ᠂ ᠴᠤᠭᠯᠠᠭ᠎ᠠ ᠮᠠᠶᠢᠮᠠᠢ᠂ ᠴᠢᠮᠡᠭᠲᠦ | ᠲᠡᠷᠭᠡ ᠪᠠᠷ ᠲᠣᠭᠤᠷᠢᠨ ᠵᠢᠭᠤᠯᠴᠢᠯᠠᠬᠤ ᠵᠡᠷᠭᠡ ᠠᠵᠢᠯᠯᠠᠭ᠎ᠠ ᠶᠢ ᠲᠤᠬᠢᠷᠠᠭᠤᠯᠤᠬᠰᠠᠨ ᠪᠠᠶᠢᠨ᠎ᠠ᠃ | ᠲᠣᠰ ᠤᠳᠠᠭᠠᠨ ᠤ ᠶᠡᠭᠡ ᠬᠤᠷᠠᠯ ᠨᠢ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠣᠨ ᠠᠭᠤᠯᠭ᠎ᠠ ᠶᠢ | ᠦᠷᠬᠡᠵᠢᠬᠦᠯᠵᠤ᠂ ᠬᠠᠩᠭᠠᠯᠭ᠎ᠠ ᠶᠢ ᠪᠠᠶᠠᠯᠢᠭᠵᠢᠭᠤᠯᠤᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠨᠠᠴᠢᠯᠡᠵᠦ᠂ | ᠷᠠᠰᠢᠶᠠᠨ ᠢ ᠪᠥᠬᠦ ᠤᠯᠤᠰ ᠤᠨ ᠵᠢᠭᠤᠯᠴᠢᠯᠬᠠᠰᠠᠤᠨ ᠤᠨ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ | ᠲᠡᠷᠢᠭᠦᠨ ᠤ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ | ᠭᠠᠵᠠᠷ᠂ ᠰᠡᠯᠡᠭᠦᠴᠡᠨ ᠵᠢᠭᠤᠯᠴᠢᠯᠠᠬᠤ ᠳᠡᠷᠢᠬᠦᠨ ᠤ ᠰᠤᠩᠭᠤᠯᠳᠠ ᠶᠢᠨ ᠭᠠᠵᠠᠷ᠂ ᠡᠷᠡᠭᠦᠯᠵᠢᠯ ᠰᠤᠪᠢᠯᠠᠯᠲᠠ ᠶᠢᠨ | ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ ᠪᠥᠲᠥᠭᠡᠨ ᠪᠠᠶᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠴᠢᠬᠤᠯᠠ ᠥᠢᠯᠡᠳᠥᠯ | ᠦᠵᠡᠬᠦᠯᠬᠦ ᠪᠤᠯᠤᠨ᠎ᠠ᠃ ︵ᠵᠠᠩ ᠰᠢᠨ ᠶᠠᠩ ᠴᠡᠩᠭᠡᠯ︶ | |