2023 ᠤᠨ ᠤ ᠳᠤᠮᠳᠠᠳᠥ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ — ᠬᠢᠨᠭ᠍ᠭᠠᠨ  ᠠᠶᠢᠮᠠᠭ ᠤᠨ ᠨᠠᠭᠠᠳᠥᠮ ᠲᠡᠭᠦᠰ ᠠᠮᠵᠢᠯᠳᠠᠳᠠᠢ ᠦᠨᠳᠦᠷᠯᠠᠪᠡ
ᠨᠡᠶᠢᠲᠡᠯᠡᠭᠰᠡᠨ ᠴᠠᠭ᠄
2023/8/29
    8 ᠰᠠᠷ᠎ᠠ ᠶᠢᠨ 9 — 12 ᠤᠨ ᠡᠳᠥᠷ ᠪᠤᠯᠳᠠᠯ᠎ᠠ᠂ 2023 ᠤᠨ ᠤ ᠳᠤᠮᠳᠠᠳᠥ ᠤᠯᠤᠰ ︵ᠷᠠᠰᠢᠶᠠᠨ︶    ᠤᠨ ᠵᠢᠭᠤᠯᠴᠢᠯᠠᠯ ᠤᠨ ᠶᠡᠭᠡ ᠬᠤᠷᠠᠯ — ᠬᠢᠨᠭ᠍ᠭᠠᠨ ᠠᠶᠢᠮᠠᠭ ᠤᠨ ᠨᠠᠭᠠᠳᠥᠮ ᠬᠤᠷᠴᠢᠨ ᠪᠠᠷᠠᠭᠤᠨ ᠭᠠᠷᠥᠨ ᠡᠮᠥᠨᠡᠳᠥ  ᠬᠤᠰᠢᠭᠤᠨ ᠤ ᠤᠯᠠᠭᠠᠨᠮᠥᠳᠥ ᠳᠠᠯ᠎ᠠ ᠨᠤᠳᠤᠭ ᠲᠤ ᠦᠪᠡᠳᠡᠭᠰᠢ ᠶᠡᠭᠡ ᠪᠠᠷ ᠶᠠᠪᠤᠭᠳᠠᠵᠤ᠂ ᠳᠡᠬᠦᠰ ᠠᠮᠵᠢᠯᠳᠠᠳᠠᠢ  ᠦᠨᠳᠥᠷᠯᠡᠪᠡ᠃ ᠪᠦᠬᠦ ᠤᠯᠤᠰ ᠤᠨ 22 ᠲᠦᠮᠡᠨ ᠵᠢᠭᠤᠯᠴᠢᠯᠠᠭᠴᠢ ᠪᠠ ᠶᠠᠫᠥᠨ᠂ ᠮᠠᠯᠠᠶᠢᠰᠢᠶ᠎ᠠ ᠵᠡᠷᠭᠡ 22  ᠤᠯᠤᠰ ᠤᠨ ᠨᠠᠶᠢᠵᠠ ᠨᠠᠷ ᠲᠤᠰ ᠤᠳᠠᠭᠠᠨ ᠤ ᠦᠪᠡᠳᠡᠭᠰᠢ ᠨᠠᠶᠢᠷ ᠢ ᠰᠤᠨᠢᠷᠬᠠᠵᠠᠢ᠃         ᠲᠤᠰ ᠤᠳᠠᠭᠠᠨ ᠤ ᠬᠢᠨᠭ᠍ᠭᠠᠨ ᠠᠶᠢᠮᠠᠭ ᠤᠨ ᠨᠠᠭᠠᠳᠥᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠥ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ  ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠪᠦᠯᠬᠦᠮᠳᠡᠨ ᠳᠡᠮᠡᠴᠡᠬᠦ ᠴᠠᠭ ᠦᠶ᠎ᠡ ᠶᠢᠨ  ᠱᠠᠭᠠᠷᠳᠠᠯᠭ᠎ᠠ ᠶᠢ ᠪᠠᠳᠥ ᠡᠵᠡᠮᠳᠡᠵᠤ᠂ ᠰᠢᠨ᠎ᠡ ᠶᠢ ᠡᠬᠦᠳᠬᠦ᠂ ᠠᠷᠠᠳ ᠲᠤ ᠠᠰᠢᠭ ᠬᠦᠷᠳᠡᠭᠡᠬᠦ᠂ ᠠᠷᠪᠢᠯᠠᠨ ᠭᠠᠮᠨᠠᠬᠤ᠂  ᠠᠮᠥᠷ ᠲᠦᠪᠰᠢᠨ ᠪᠠᠶᠢᠬᠤ ᠵᠠᠷᠴᠢᠮ ᠢ ᠪᠠᠷᠢᠮᠳᠠᠯᠠᠵᠤ᠂ ᠪᠡᠶ᠎ᠡ ᠲᠠᠮᠢᠷ ᠤᠨ ᠤᠷᠤᠯᠳᠤᠭᠠᠨ ᠶᠠᠪᠤᠬᠳᠠᠭᠤᠯᠬᠤ᠂ ᠤᠷᠠᠨ  ᠰᠠᠶᠢᠬᠠᠨ ᠤ ᠲᠤᠭᠯᠠᠯᠳᠠ ᠭᠠᠷᠭᠠᠬᠤ᠂ ᠠᠷᠠᠯᠵᠢᠶ᠎ᠠ ᠡᠷᠭᠢᠯᠡᠬᠦ ᠵᠡᠷᠭᠡ ᠠᠵᠢᠯᠯᠠᠭ᠎ᠠ ᠦᠷᠨᠢᠬᠦᠯᠵᠦ᠂ ᠳᠤᠮᠳᠠᠳᠥ ᠶᠢᠨ  ᠦᠨᠳᠦᠰᠦᠳᠡᠨ ᠤ ᠰᠢᠯᠢᠳᠡᠭ ᠤᠯᠠᠮᠵᠢᠯᠠᠯᠳᠥ ᠰᠤᠶᠤᠯ ᠢ ᠤᠯᠠᠮᠵᠢᠯᠠᠨ ᠵᠠᠯᠭᠠᠮᠵᠢᠯᠠᠵᠦ᠂ ᠳᠤᠮᠳᠠᠳᠥ ᠶᠢᠨ  ᠦᠨᠳᠥᠰᠥᠳᠡᠨ ᠤ ᠬᠠᠮᠳᠥ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠨ᠂ ᠡᠯ᠎ᠡ ᠦᠨᠳᠥᠰᠥᠳᠡᠨ ᠤ  ᠬᠤᠭᠤᠷᠥᠨᠳᠥᠬᠢ ᠰᠤᠯᠢᠯᠴᠠᠭ᠎ᠠ᠂ ᠨᠡᠪᠳᠡᠷᠡᠯᠴᠡᠭᠡ᠂ ᠠᠭᠤᠰᠤᠯᠴᠠᠭ᠎ᠠ ᠶᠢ ᠠᠬᠢᠭᠤᠯᠥ᠋ᠨ᠂ ︽ᠬᠢᠨᠭ᠍ᠭᠠᠨ ᠳᠠᠪᠠᠭᠠᠨ ᠳᠠᠬᠢ  ᠬᠢᠨᠭ᠍ᠭᠠᠨ ᠠᠶᠢᠮᠠᠭ︾   ᠤᠨ ᠤᠷᠤᠨ ᠪᠦᠰᠡ ᠶᠢᠨ ᠨᠡᠷᠡᠳᠥ ᠳᠡᠮᠳᠡᠭ ᠢ ᠠᠯᠳᠠᠷᠰᠢᠭᠤᠯᠬᠤ ᠳᠤ ᠴᠢᠬᠤᠯᠠ ᠥᠢᠯᠡᠳᠥᠯ  ᠦᠵᠡᠬᠦᠯᠥᠭᠰᠡᠨ ᠪᠠᠶᠢᠨ᠎ᠠ᠃        ᠲᠤᠰ ᠤᠳᠠᠭ᠎ᠠ ᠪᠠᠰᠠ ᠮᠤᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠳᠥ  ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠳᠠᠭᠤᠯᠤᠬᠰᠠᠨ ᠪᠦᠭᠡᠳ ᠱᠠᠭ᠎ᠠ ᠶᠢᠨ ᠤᠷᠤᠯᠳᠤᠭᠠᠨ᠂ ᠪᠢᠯᠠᠭᠤ ᠰᠢᠳᠡᠬᠦ  ᠤᠷᠤᠯᠳᠤᠭᠠᠨ᠂ ᠳᠡᠭᠡᠰᠥ ᠳᠠᠳᠠᠬᠤ ᠤᠷᠤᠯᠳᠤᠭᠠᠨ ᠵᠡᠷᠭᠡ ᠳᠤᠷ᠎ᠠ ᠰᠤᠨᠢᠷᠬᠠᠯᠳᠥ ᠠᠵᠢᠯᠯᠠᠭ᠎ᠠ ᠶᠠᠪᠤᠭᠳᠠᠭᠤᠯᠵᠦ᠂  ᠬᠤᠷᠠᠬᠰᠠᠨ ᠪᠦᠭᠦᠨ ᠤ ᠬᠠᠷᠠᠭ᠎ᠠ ᠶᠢ ᠪᠠᠶᠠᠰᠬᠠᠵᠠᠢ᠃ ᠪᠠᠰᠠ ᠳᠠᠯ᠎ᠠ ᠨᠤᠳᠤᠭ ᠤᠨ ᠳᠠᠭᠤᠤ ᠬᠦᠭᠵᠢᠮ ᠤᠨ ᠨᠠᠶᠢᠷ᠂  ᠤᠷᠠᠨ ᠰᠠᠶᠢᠬᠠᠨ ᠤ ᠲᠤᠭᠯᠠᠯᠳᠠ ᠵᠡᠷᠭᠡ ᠶᠢ ᠡᠷᠬᠢᠯᠡᠨ ᠶᠠᠪᠤᠭᠳᠠᠭᠤᠯᠵᠤ᠂ ᠬᠤᠯᠠ ᠤᠶᠢᠷ᠎ᠠ ᠠᠴᠠ ᠬᠦᠷᠥᠯᠴᠡᠨ  ᠢᠷᠡᠭᠰᠡᠨ ᠵᠤᠴᠢᠳ ᠢᠶᠠᠨ ᠪᠠᠶᠠᠰᠬᠠᠵᠦ᠂ ᠦᠨᠳᠥᠰᠥᠳᠡᠨ ᠤ ᠬᠤᠪᠴᠠᠰᠥ ᠵᠠᠰᠠᠯ ᠤᠨ ᠦᠵᠡᠬᠦᠯᠭᠡ᠂ ᠴᠠᠭᠠᠨ  ᠢᠳᠡᠭᠡᠨ ᠤ ᠳᠡᠯᠭᠡᠨ ᠪᠤᠷᠤᠯᠠᠭᠤᠯᠭ᠎ᠠ᠂ ᠤᠯᠠᠨ ᠤᠯᠤᠰ ᠤᠨ ᠪᠠᠷᠠᠭ᠎ᠠ ᠲᠠᠸᠠᠷ ᠤᠨ ᠦᠵᠡᠬᠦᠯᠭᠡ᠂ ᠪᠦᠬᠦ ᠤᠷᠤᠨ ᠤ  ᠦᠭᠡᠷ ᠬᠤᠨᠢᠨ ᠮᠢᠬᠠᠨ ᠤ ᠪᠤᠷᠤᠯᠠᠭᠤᠯᠭ᠎ᠠ ᠵᠡᠷᠭᠡ ᠶᠢ ᠳᠤᠬᠢᠷᠠᠭᠤᠯᠣᠨ᠂ ᠬᠦᠮᠦᠰ ᠤᠨ ᠳᠤᠷ᠎ᠠ ᠰᠤᠨᠢᠷᠬᠠᠯ ᠢ ᠨᠢ  ᠲᠠᠳᠠᠵᠠᠢ᠃         ᠲᠠᠭᠠᠯᠳᠤᠭᠤᠯᠤᠨ ᠶᠠᠪᠤᠬᠳᠠᠭᠤᠯᠤᠬᠰᠠᠨ ᠬᠡᠷᠡᠯ ᠵᠢᠷᠤᠭ ᠤᠨ ᠤᠷᠤᠯᠳᠤᠭᠠᠨ᠂ ᠢᠷᠠᠭᠤ ᠨᠠᠶᠢᠷᠠᠭ ᠤᠨ  ᠤᠷᠤᠯᠳᠤᠭᠠᠨ᠂ ᠮᠤᠩᠭᠤᠯ ᠰᠢᠳᠠᠷ᠎ᠠ ᠶᠢᠨ ᠤᠷᠤᠯᠳᠤᠭᠠᠨ ᠨᠢ ᠲᠤᠰ ᠤᠳᠠᠭᠠᠨ ᠤ ᠨᠠᠭᠠᠳᠤᠮ ᠤᠨ ᠬᠢᠯᠠᠰ ᠴᠡᠭ ᠪᠤᠯᠵᠦ  ᠂ ᠦᠨᠳᠥᠰᠥᠳᠡᠨ ᠨᠦᠭᠦᠳ ᠤᠨ ᠤᠯᠠᠨ ᠲᠦᠮᠡᠨ ᠤ ᠪᠤᠳᠤᠯ ᠰᠠᠨᠠᠯ ᠢᠶᠠᠨ ᠰᠤᠯᠢᠯᠴᠠᠬᠤ᠂ ᠨᠦᠬᠦᠷᠯᠡᠯ ᠢᠶᠠᠨ  ᠵᠤᠵᠠᠭᠠᠳᠬᠠᠬᠤ᠂ ᠳᠤᠮᠳᠠᠳᠥ ᠶᠢᠨ ᠦᠨᠳᠥᠰᠥᠳᠡᠨ ᠤ ᠬᠠᠮᠳᠥ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ᠂  ᠨᠤᠮᠢᠨ ᠳᠠᠩᠰᠤᠭ ᠬᠢᠨᠭ᠍ᠭᠠᠨ ᠢᠶᠠᠨ ᠲᠠᠨᠢᠯᠴᠠᠭᠤᠯᠥ᠋ᠨ ᠤᠬᠠᠭᠤᠯᠬᠤ ᠨᠢᠭᠡᠨ ᠤᠳᠠᠭᠠᠨ ᠤ ᠨᠠᠨᠳᠢᠨ ᠳᠤᠬᠢᠶᠠᠯ ᠪᠤᠯᠤᠭᠰᠠᠨ  ᠪᠠᠶᠢᠨ᠎ᠠ᠃      
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号