ᠤᠶᠢᠷ᠎ᠠ ᠳᠤ᠂ ᠪᠡᠭᠡᠵᠢᠩ ᠬᠤᠲᠠ ᠶᠢᠨ ᠹᠧᠩᠲ᠋ᠠᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠯᠢ ᠯᠠᠨ ᠪᠦᠯᠬᠦᠮ ᠳᠠᠭᠠᠭᠤᠯᠤᠨ ᠵᠠᠯᠠᠶᠢᠳ ᠬᠤᠰᠢᠭᠤᠨ ᠳᠤ ᠢᠷᠡᠵᠦ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠲᠦᠷᠦᠯ ᠵᠦᠢᠯ ᠢ ᠪᠠᠶᠢᠴᠠᠭᠠᠨ ᠰᠤᠳᠤᠯᠪᠠ᠃ | ᠯᠢ ᠯᠠᠨ ᠨᠠᠷ ᠤᠷᠢᠳ ᠬᠤᠵᠢᠳ ᠮᠠᠨ ᠤ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ᠂ ᠸᠧᠶ ᠵᠢᠶᠠ ᠠᠮᠤ ᠪᠤᠳᠠᠭᠠᠨ ᠤ ᠦᠢᠯᠡᠰ᠂ ᠲᠢᠶᠠᠨ ᠮᠥ ᠵᠧᠨ ᠮᠢᠬᠠᠨ ᠤ | ᠦᠢᠯᠡᠰ ᠤᠨ ᠬᠢᠵᠠᠭᠠᠷᠲᠤ ᠺᠣᠮᠫᠠᠨᠢ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤᠨ ᠤ ᠮᠧᠩ | ᠲᠧ ᠦᠬᠡᠷ ᠦᠷᠡᠵᠢᠭᠦᠯᠬᠦ ᠲᠥᠪ᠂ ᠪᠠᠶ᠋ᠬᠠᠤᠯᠠᠭᠠᠨ ᠰᠤᠮᠤ ᠶᠢᠨ ᠪᠡᠭᠡᠵᠢᠩ ᠦᠪᠦᠷ ᠮᠣᠩᠭᠤᠯ ᠤᠨ ᠬᠠᠮᠵᠢᠯᠴᠠᠭᠠᠨ ᠤ | ᠭᠡᠷᠳᠦ ᠲᠡᠷᠭᠡ ᠶᠢᠨ ᠪᠠᠭᠤᠴᠠ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠪᠠ᠃ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠰᠠᠨᠠᠯ ᠢᠶᠠᠨ ᠰᠣᠯᠢᠯᠴᠠᠬᠤ ᠪᠠᠷ ᠳᠠᠮᠵᠢᠭᠤᠯᠤᠨ᠂ ᠹᠧᠩᠲ᠋ᠠᠢ | ᠲᠣᠭᠤᠷᠢᠭ ᠬᠢᠭᠡᠳ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ | ᠬᠥᠭᠵᠢᠭᠦᠯᠬᠦ᠂ ᠰᠤᠶᠤᠯ ᠵᠤᠭᠠᠴᠠᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠢ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠴᠢ ᠯᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠢ ᠥᠷᠨᠢᠭᠦᠯᠦᠭᠰᠡᠨ | ᠪᠠᠶᠢᠳᠠᠯ ᠢ ᠲᠠᠨᠢᠯᠴᠠᠭᠤᠯᠪᠠ᠃ ᠲᠡᠷᠡ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠲᠦᠷᠦᠯ ᠤᠨ | ᠠᠵᠢᠯ ᠢ ᠥᠷᠨᠢᠭᠦᠯᠦᠭᠰᠡᠨ ᠠᠴᠠ ᠨᠠᠭᠠᠰᠢ᠂ ᠹᠧᠩᠲ᠋ᠠᠢ ᠲᠣᠭᠤᠷᠢᠭ ᠤᠨ ᠬᠦᠴᠦᠲᠡᠢ ᠳᠡᠮᠵᠢᠯᠭᠡ ᠳᠣᠣᠷ᠎ᠠ᠂ ᠮᠠᠨ ᠤ | ᠬᠤᠰᠢᠭᠤᠨ ᠤ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃ ᠮᠠᠨ ᠤ ᠬᠤᠰᠢᠭᠤ᠂ ᠹᠧᠩᠲ᠋ᠠᠢ ᠲᠣᠭᠤᠷᠢᠭ ᠤᠨ | ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠤᠴᠢᠷ ᠶᠠᠪᠤᠳᠠᠯ ᠢ ᠬᠤᠪᠢ ᠳᠠᠬᠢᠨ ᠨᠠᠨᠳᠢᠩᠨᠠᠨ | ᠨᠠᠷᠢᠨ ᠬᠢᠨᠠᠮᠠᠭᠠᠶ ᠰᠤᠳᠤᠯᠵᠤ᠂ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠵᠤ᠂ ᠡᠯ᠎ᠡ | ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ᠂ ᠪᠣᠳᠠᠲᠤ | ᠦᠷ᠎ᠡ ᠪᠦᠲᠦᠮᠵᠢ ᠤᠯᠬᠤ ᠪᠠᠷ ᠴᠢᠷᠮᠠᠶᠢᠨ᠎ᠠ ᠭᠡᠵᠡᠢ᠃ ᠹᠧᠩᠲ᠋ᠠᠢ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠠᠴᠠ ᠮᠠᠨ ᠤ ᠬᠤᠰᠢᠭᠤᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠦᠷ᠎ᠡ | ᠪᠦᠲᠦᠮᠵᠢ ᠶᠢ ᠨᠤᠲᠠᠯᠠᠬᠤ ᠶᠢᠨ ᠬᠠᠮᠳᠤ᠂ ᠳᠠᠷᠠᠭᠠᠴᠢ ᠶᠢᠨ ᠠᠯᠬᠤᠮ ᠤᠨ ᠠᠷᠠᠯᠵᠢᠶᠠᠴᠢᠨ ᠤᠷᠢᠵᠤ ᠪᠡᠯᠡ ᠮᠦᠩᠭᠦ | ᠤᠷᠤᠭᠤᠯᠤᠨ ᠠᠪᠴᠢᠷᠠᠬᠤ᠂ ᠠᠵᠤ ᠦᠢᠯᠡᠰ ᠤᠨ ᠬᠠᠮᠵᠢᠯᠴᠠᠭ᠎ᠠ᠂ ᠵᠤᠭᠠᠴᠠᠯ ᠤᠨ ᠲᠠᠨᠢᠯᠴᠠᠭᠤᠯᠭ᠎ᠠ᠂ ᠬᠡᠷᠡᠭᠯᠡᠭᠡᠨ ᠤ | ᠬᠠᠪᠰᠤᠷᠤᠨ ᠲᠡᠳᠬᠦᠬᠦ ᠪᠠ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠭ᠎ᠠ ᠬᠢᠵᠦ | ᠰᠤᠳᠤᠯᠤᠨ ᠶᠠᠷᠢᠯᠴᠠᠪᠠ᠃ ᠹᠧᠩᠲ᠋ᠠᠢ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠠᠴᠠ ᠪᠠᠰᠠ ᠪᠠᠳᠠᠷᠠᠬᠤ | ᠪᠠᠯᠭᠠᠰᠤᠨ ᠤ ᠤᠳᠠᠳᠠᠢ ᠭᠠᠴᠠᠭ᠎ᠠ ᠳᠤ 20 ᠲᠦᠮᠡᠨ ᠲᠥᠭᠦᠷᠢᠭ ᠬᠠᠨᠳᠢᠪᠯᠠᠪᠠ᠃ | ᠬᠤᠰᠢᠭᠤᠨ ᠤ ᠤᠳᠤᠷᠢᠳᠤᠯᠭ᠎ᠠ ᠴᠧᠩ ᠮᠢᠩ ᠯᠢ ᠨᠡᠷ ᠪᠠᠷ᠎ᠠ ᠪᠣᠯᠵᠤ ᠪᠠᠶᠢᠴᠠᠭᠠᠨ ᠰᠤᠳᠤᠯᠪᠡ᠃ | | |