︽ᠤᠨᠴᠠ ᠭᠤᠶᠢᠳᠠ ᠵᠠᠯᠠᠶᠢᠳ︾ ᠢ ᠪᠦᠳᠣᠭᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/8/29
      ᠣᠶᠢᠷ᠎ᠠ ᠳᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠥᠪᠥᠷ ᠮᠣᠩᠭᠤᠯ ᠤᠨ  ᠬᠡᠷᠡᠯ ᠵᠢᠷᠤᠭᠴᠢᠳ ᠤᠨ ᠨᠡᠶᠢᠭᠡᠮᠯᠢᠭ᠂ ᠥᠪᠥᠷ ᠮᠣᠩᠭᠤᠯ ᠤᠨ ᠵᠤᠭᠠᠴᠠᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠪᠠ  ᠬᠢᠩᠭᠠᠨ ᠠᠶᠢᠮᠠᠭ ᠤᠨ ᠵᠤᠭᠠᠴᠠᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠭᠡᠰᠢᠭᠦᠳ ᠵᠠᠯᠠᠶᠢᠳ ᠬᠤᠰᠢᠭᠤᠨ ᠳᠤ  ᠴᠤᠭᠯᠠᠷᠠᠵᠤ᠂ ᠵᠠᠯᠠᠶᠢᠳ ᠬᠤᠰᠢᠭᠤᠨ ᠤ ᠴᠣᠣᠯ ᠲᠦᠰᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠢ  ᠥᠪᠥᠷ ᠮᠣᠩᠭᠤᠯ ᠤᠨ ᠵᠤᠭᠠᠴᠠᠯ ᠤᠨ ᠬᠡᠷᠡᠯ ᠵᠢᠷᠤᠭᠴᠢᠳ ᠤᠨ ᠨᠡᠶᠢᠭᠡᠮᠯᠢᠭ ᠤᠨ ᠬᠡᠷᠡᠯ ᠵᠢᠷᠤᠭ ᠵᠣᠬᠢᠶᠠᠨ ᠪᠦᠲᠦᠭᠡᠬᠦ  ᠰᠠᠭᠤᠷᠢᠨ ᠭᠠᠵᠠᠷ ᠪᠣᠯᠭᠠᠵᠠᠢ᠃       ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠭᠡᠷᠡᠯ ᠵᠢᠷᠤᠭᠴᠢᠳ ᠵᠠᠯᠠᠶᠢᠳ ᠬᠤᠰᠢᠭᠤᠨ ᠤ ᠴᠣᠣᠯ ᠲᠦᠰᠢᠨ  ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠥᠮᠥᠰ ᠤᠨ ᠰᠡᠳᠬᠢᠯ ᠢ ᠠᠭᠤᠵᠢᠷᠠᠭᠤᠯᠤᠮ᠎ᠠ   ᠭᠤᠶᠢᠳᠠ ᠰᠠᠶᠢᠬᠠᠨ ᠦᠵᠡᠮᠵᠢ ᠶᠢ ᠣᠯᠵᠤ ᠬᠠᠷᠠᠬᠤ ᠳᠠᠭᠠᠨ᠂ ᠡᠬᠡ ᠪᠠᠶᠢᠭᠠᠯᠢ ᠶᠢᠨ ᠤᠷᠠᠨ ᠳᠠᠷᠬᠠᠨ ᠢ ᠪᠠᠭ᠋ᠠᠷᠬᠠᠨ  ᠪᠢᠰᠢᠷᠡᠵᠤ  ᠪᠠᠶᠢᠯ᠎ᠠ᠃  ᠪᠠᠰᠠ ᠥᠪᠥᠷ ᠮᠣᠩᠭᠤᠯ ᠤᠨ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ  ᠲᠠᠲᠠᠵᠤ ᠣᠷᠣᠭᠤᠯᠬᠤ ᠢᠨᠵᠧᠨᠧᠷᠢᠩ ᠤᠨ ᠦᠨᠳᠡᠭᠡᠨ ᠤᠰᠤᠨ ᠠᠰᠢᠭᠯᠠᠯᠲᠠ ᠶᠢᠨ ᠬᠦᠢᠰᠦ᠂  ᠲᠡᠮᠡᠭᠡᠴᠢ ᠤᠯᠤᠰ ᠤᠨ  ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠦ᠋ᠨᠮᠦ᠋ᠷᠡᠨ ᠰᠢᠶᠠᠩ ᠤᠨ ᠰᠢᠩ ᠬᠤᠸᠠ ᠲᠣᠰᠬᠤᠨ᠂   ᠪᠤᠭᠳᠠ ᠠᠭᠤᠯᠠ᠂ ᠶᠠᠩ ᠱᠦ ᠭᠧᠦ ᠬᠦᠷᠬᠢᠷ᠎ᠡ᠂ ᠪᠠᠢ ᠯᠢᠩ ᠬᠤ᠋ ᠨᠠᠭᠤᠷ ᠢᠶᠠᠷ ᠬᠦᠷᠴᠦ᠂ ᠭᠠᠵᠠᠷ ᠪᠣᠯᠭᠠᠨ ᠤ ᠭᠤᠶᠤ  ᠦᠵᠡᠮᠵᠢ ᠶᠢ ᠲᠡᠮᠲᠡᠭᠯᠡᠵᠡᠢ᠃         ᠣᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠠᠭᠤᠯᠠ ᠤᠰᠤᠨ ᠤ ᠠᠮᠢ ᠠᠬᠤᠢ ᠶᠢᠨ  ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠰᠡᠳᠬᠢᠴᠡ ᠪᠠ ᠪᠠᠶᠢᠷᠢ ᠲᠣᠭᠲᠠᠭᠠᠯᠲᠠ ᠪᠠᠨ ᠪᠠᠷᠢᠮᠲᠠᠯᠠᠵᠤ᠂  ᠲᠤᠲᠤᠷᠭ᠎ᠠ ᠶᠢᠨ ᠦᠵᠡᠮᠵᠢ ᠶᠢᠨ ᠣᠷᠣᠨ ᠵᠡᠷᠭᠡ ᠶᠢ ᠰᠠᠶᠢᠲᠤᠷ ᠪᠠᠶᠢᠭᠤᠯᠤᠨ ᠡᠵᠡᠩᠨᠡᠵᠦ᠂ ︽ᠳᠤᠮᠳᠠᠳᠤ ᠤᠯᠤᠰ ᠤᠨ  ᠲᠠᠯ᠎ᠠ ᠨᠤᠲᠤᠭ ᠤᠨ ᠵᠢᠭᠠᠰᠤ ᠠᠮᠤ ᠶᠢᠨ ᠨᠤᠲᠤᠭ︾ ᠢ ᠬᠦᠭᠵᠢᠭᠦᠯᠦᠨ᠂ ᠥᠪᠡᠷᠮᠢᠴᠡ ᠣᠨᠴᠠᠯᠢᠭ ᠲᠠᠢ ᠰᠣᠶᠣᠯ ᠤᠨ  ᠡᠭᠦᠳᠦᠯᠲᠡ ᠶᠢᠨ ᠪᠠᠶᠠᠷ᠂ ᠲᠤᠲᠤᠷᠭ᠎ᠠ ᠶᠢᠨ ᠲᠠᠷᠢᠶᠠᠨ ᠤ ᠳᠠᠭᠤᠤ ᠬᠥᠭᠵᠢᠮ ᠤᠨ ᠨᠠᠶᠢᠷ ᠵᠡᠷᠭᠡ ᠰᠣᠶᠣᠯ ᠵᠤᠭᠠᠴᠠᠯ  ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠡᠢ᠃ ᠤᠯᠠᠨ ᠶᠠᠩᠵᠤ ᠶᠢᠨ ᠰᠣᠶᠣᠯ ᠢᠷᠭᠡᠨᠰᠢᠯ ᠤᠨ ᠵᠤᠭᠠᠴᠠᠯ ᠤᠨ  ᠬᠡᠯᠪᠡᠷᠢ ᠪᠠᠷ ᠵᠤᠭᠠᠴᠠᠭᠰᠠᠳ ᠤᠨ ᠬᠠᠯᠠᠭᠤᠨ ᠤᠷᠮ᠎ᠠ ᠶᠢ ᠬᠥᠭᠵᠢᠭᠡᠵᠦ᠂ ᠬᠦᠷ ᠬᠥᠭᠵᠢᠶᠡᠨ ᠲᠠᠢ ᠵᠤᠭᠠᠴᠠᠯ ᠤᠨ ᠵᠠᠬ᠎ᠠ  ᠳᠡᠯᠭᠡᠭᠦᠷ ᠤᠨ ᠬᠡᠷᠡᠭᠯᠡᠭᠡᠨ ᠤ ᠳᠠᠯᠳᠠ ᠬᠦᠴᠦᠨ ᠪᠣᠯᠣᠨ ᠠᠮᠢᠵᠢᠷᠠᠯ ᠤᠨ ᠬᠦᠴᠦᠨ ᠢ ᠴᠢᠨᠠᠭᠰᠢᠳᠠ ᠪᠠᠳᠠᠷᠠᠭᠤᠯᠵᠤ᠂  ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠴᠣᠭᠴᠠ ᠶᠢᠨ ᠠᠭᠤᠰᠤᠯᠴᠠᠨ ᠬᠥᠭᠵᠢᠬᠦ ᠶᠢ ᠪᠦᠬᠦ  ᠬᠦᠴᠦᠨ ᠢᠶᠠᠷ ᠢᠶᠠᠨ ᠠᠬᠢᠭᠤᠯᠵᠤ᠂ ︽ᠤᠨᠴᠨ ᠭᠤᠶᠢᠳᠠ︾ ᠶᠢᠨ ᠠᠯᠳᠠᠷᠰᠢᠯ ᠢ ᠳᠠᠰᠤᠷᠠᠯᠳᠠ ᠦᠭᠡᠢ  ᠳᠡᠭᠡᠭᠰᠢᠯᠡᠭᠦᠯᠵᠤ ᠪᠠᠶᠢᠨ᠎ᠠ᠃                                       ᠳ᠋ᠤᠸᠠᠨ ᠶᠢᠩ ᠵᠧᠩ ᠮᠡᠳᠡᠭᠡᠯᠡᠪᠡ      
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号