ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠢ ᠦᠷᠡᠵᠢᠭᠦᠯᠬᠦ ᠲᠦᠪ ᠤᠷᠴᠢᠨ ᠲᠤᠭᠤᠷᠢᠨ ᠢ ᠴᠡᠪᠡᠷᠯᠡᠨ  ᠭᠤᠶᠤᠵᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/8/29
    ᠤᠶᠢᠷ᠎ᠠ ᠳᠤ᠂ ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠢ ᠦᠷᠡᠵᠢᠭᠦᠯᠬᠦ ᠲᠦᠪ ᠵᠤᠨ ᠤ ᠠᠮᠠᠷᠠᠯᠳᠠ ᠪᠠᠷ  ᠭᠡᠷ ᠲᠡᠭᠡᠨ ᠬᠠᠷᠢᠭᠰᠠᠨ ᠰᠤᠷᠭᠠᠭᠤᠯᠢ ᠳᠤ ᠰᠠᠭᠤᠭ᠎ᠠ 15 ᠨᠡᠷᠡᠰ ᠵᠠᠯᠠᠭᠤ ᠪᠠᠭᠠᠴᠣᠳ ᠢ ᠵᠤᠬᠢᠶᠠᠨ ᠪᠠᠶᠢᠭᠤᠯᠤᠨ  ᠰᠠᠶᠢᠨ ᠲᠤᠷᠠᠴᠤᠤᠯ ᠢ ᠵᠤᠬᠢᠶᠠᠨ ᠪᠠᠶᠢᠭᠤᠯᠵᠤ᠂ ︽ᠬᠤᠭ ᠨᠤᠪᠰᠢ ᠶᠢ ᠴᠡᠪᠡᠷᠯᠡᠨ᠂ ᠤᠷᠴᠢᠨ ᠲᠤᠭᠤᠷᠢᠨ ᠢ  ᠭᠤᠶᠤᠵᠢᠭᠤᠯᠬᠤ︾ ᠬᠦᠳᠡᠭᠡ ᠶᠢᠨ ᠤᠷᠴᠢᠨ ᠲᠤᠭᠤᠷᠢᠨ ᠢ ᠴᠡᠪᠡᠷᠯᠡᠨ ᠭᠤᠶᠤᠵᠢᠭᠤᠯᠬᠤ ᠠᠵᠢᠯᠯᠠᠭ᠎ᠠ ᠦᠷᠨᠢᠭᠦᠯᠪᠡ᠃          ᠲᠤᠰ ᠤᠳᠠᠭᠠᠨ ᠤ ᠠᠵᠢᠯᠯᠠᠭ᠎ᠠ ᠳᠤ ᠰᠤᠷᠤᠭᠴᠢᠳ ᠠᠵᠢᠯ ᠤᠨ ᠬᠤᠪᠴᠠᠰᠣ ᠡᠮᠤᠰᠴᠣ᠂ ᠭᠠᠷ ᠲᠠᠭᠠᠨ  ᠪᠡᠭᠡᠯᠢ ᠵᠡᠭᠦᠵᠣ᠂ ᠵᠡᠭᠡᠯᠢ ᠲᠤᠮᠳᠠᠬᠢ ᠭᠠᠵᠠᠷ ᠲᠤ ᠤᠨᠠᠭᠰᠠᠨ ᠮᠤᠳᠤᠨ ᠨᠠᠪᠴᠢᠰ  ᠂ ᠰᠤᠯᠠ ᠴᠠᠭᠠᠰᠣ᠂ ᠰᠦᠯᠢᠶᠤᠤ  ᠤᠭᠤᠳᠠ ᠵᠡᠷᠭᠡ ᠬᠤᠭ ᠨᠤᠪᠰᠢ ᠶᠢ ᠲᠡᠭᠦᠵᠣ᠂ ᠪᠤᠳᠠᠳᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠤᠷᠢᠭ ᠰᠠᠨᠠᠭ᠎ᠠ ᠶᠢ  ᠦᠢᠯᠡᠳᠣᠯᠭᠡᠵᠢᠭᠦᠯᠪᠡ᠃ ᠠᠵᠢᠯᠯᠠᠭ᠎ᠠ ᠳᠤ ᠤᠷᠤᠯᠴᠠᠭᠰᠠᠨ ᠨᠢᠭᠡᠨ ᠶᠡᠭᠡ ᠰᠤᠷᠭᠠᠭᠤᠯᠢ ᠶᠢᠨ ᠤᠶᠤᠳᠠᠨ ᠲᠤᠰ  ᠤᠳᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠭᠴᠢ ᠳᠤ ︽ᠲᠤᠰ ᠣᠳᠠᠭᠠᠨ ᠤ ᠴᠡᠪᠡᠷᠯᠡᠭᠡ ᠳᠤ ᠤᠷᠤᠯᠴᠠᠭᠠᠳ  ᠰᠡᠳᠬᠢᠯ ᠮᠠᠰᠢ ᠬᠠᠨᠤᠮᠵᠢᠲᠠᠢ ᠪᠠᠶᠢᠨ᠎ᠠ᠂ ᠮᠠᠨ ᠤ ᠠᠮᠢᠳᠣᠷᠠᠯ ᠤᠨ ᠤᠷᠴᠢᠨ ᠲᠤᠭᠤᠷᠢᠨ   ᠢᠶᠠᠨ ᠭᠤᠶᠤᠵᠢᠭᠤᠯᠤᠭᠰᠠᠨ   ᠢᠶᠠᠷ ᠪᠠᠷᠠᠬᠤ ᠦᠭᠡᠢ᠂ ᠮᠦᠨ ᠴᠤ ᠮᠢᠨᠣ ᠬᠤᠪᠢ ᠪᠡᠶ᠎ᠡ ᠶᠢᠨ ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠬᠤ  ᠤᠬᠠᠮᠰᠠᠷ ᠴᠣ᠋ ᠲᠡᠭᠡᠭᠰᠢᠯᠡᠭᠰᠡᠨ ᠪᠠᠶᠢᠨ᠎ᠠ︾ ᠭᠡᠵᠤ ᠪᠠᠶᠠᠷᠲᠠᠶᠢᠬᠠᠨ ᠬᠡᠯᠡᠵᠤ ᠪᠠᠷ ᠪᠠᠶᠢᠪᠠ᠃            ᠲᠤᠰ ᠤᠳᠠᠭᠠᠨ ᠤ ᠠᠵᠢᠯᠯᠠᠭ᠎ᠠ ᠲᠠᠭᠤᠰᠤᠭᠰᠠᠨ ᠤ ᠲᠠᠷᠠᠭ᠎ᠠ ᠵᠠᠯᠠᠶᠢᠳ ᠬᠤᠰᠢᠭᠤᠨ ᠤ ᠡᠭᠦᠯᠳᠡᠷ ᠤᠨ ᠮᠠᠯ ᠢ  ᠦᠷᠡᠵᠢᠭᠦᠯᠬᠦ ᠲᠦᠪ ᠠᠴᠠ ᠠᠵᠢᠯᠯᠠᠭ᠎ᠠ ᠳᠤ ᠤᠷᠤᠯᠴᠠᠭᠰᠠᠨ ᠶᠠᠳᠠᠭᠤ ᠬᠦᠴᠢᠷᠳᠡᠯᠲᠡᠢ ᠰᠤᠷᠤᠭᠴᠢᠳ ᠲᠤ100  ᠲᠦᠭᠦᠷᠢᠭ ᠬᠤᠪᠢᠶᠠᠵᠤ᠂ ᠲᠡᠳᠡᠨ ᠤ ᠰᠤᠷᠣᠯᠭ᠎ᠠ ᠶᠢᠨ ᠠᠶᠠᠨ ᠳᠠᠭᠠᠨ ᠰᠢᠯᠢᠳᠡᠭ ᠬᠢᠷᠢ ᠪᠦᠳᠣᠮᠵᠢ ᠤᠯᠬᠤ ᠶᠢ  ᠵᠤᠷᠢᠭᠵᠢᠭᠤᠯᠤᠭᠰᠠᠨ ᠪᠠᠶᠢᠨ᠎ᠠ᠃      
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号