ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠠᠷᠪᠠᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠶᠢᠨ  ᠬᠤᠷᠢᠶ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/8/29
      8 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ  ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ 2023 ᠣᠨ ᠤ 24 ᠳ᠋ᠤᠭᠡᠷ  ᠤᠳᠠᠭᠠᠨ ᠤ ᠬᠤᠷᠠᠯ ᠬᠤᠷᠠᠯᠳᠤᠭᠤᠯᠵᠤ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ  ᠢᠦᠢ ᠬᠤᠷᠠᠯ ᠢ ᠡᠷᠭᠢᠯᠡᠵᠦ ᠶᠠᠷᠢᠶ᠎ᠠ ᠲᠠᠯᠪᠢᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ  ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ᠂ ᠣᠷᠣᠨ᠂  ᠠᠶᠢᠮᠠᠭ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ  ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠵᠠᠬᠢᠳᠠᠯ ᠰᠣᠷᠪᠤᠯᠵᠢᠯᠠᠯ᠂ ᠲᠣᠭᠲᠠᠮᠠᠯ  ᠬᠥᠷᠥᠩᠭᠡ ᠶᠢᠨ ᠪᠡᠯᠡ ᠣᠷᠣᠭᠤᠯᠤᠯᠲᠠ᠂ ︽ᠲᠠᠪᠤᠨ ᠶᠡᠭᠡ ᠡᠭᠦᠷᠭᠡ︾ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠬᠤ ᠪᠠᠷ ᠲᠤᠰᠬᠠᠢ ᠬᠠᠷᠠᠯᠲᠠ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠪᠣᠯᠭᠠᠬᠤ᠂ ᠵᠠᠰᠠᠭ ᠤᠨ  ᠣᠷᠳᠣᠨ ᠤ ᠴᠢᠨᠠᠷᠲᠠᠢ ᠥᠷᠢ ᠥᠭᠴᠡᠭᠡ ᠶᠢ ᠰᠢᠢᠳᠪᠤᠷᠢᠯᠡᠬᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ  ᠺᠠᠳ᠋ᠷ ᠤᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠱᠠᠲᠤᠴᠢ ᠴᠢᠨᠠᠷᠲᠠᠢ ᠠᠵᠢᠯ ᠤᠨ ᠠᠬᠢᠴᠠ ᠵᠡᠷᠭᠡ ᠪᠠᠶᠢᠳᠠᠯ ᠤᠨ  ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠣᠨ ᠵᠣᠬᠢᠶᠠᠨ  ᠪᠠᠶᠢᠭᠤᠯᠤᠯᠲᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠪᠦᠬᠦ ᠣᠷᠣᠨ   ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ  ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠵᠣᠬᠢᠶᠠᠨ ᠪᠠᠶᠢᠭᠤᠯᠤᠯᠲᠠ ᠶᠢᠨ  ᠴᠤᠭᠴᠠᠯᠠᠯᠳᠠ   ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠬᠥᠲᠥᠯᠥᠨ ᠵᠢᠯᠤᠭᠤᠳᠴᠤ  ᠪᠠᠶᠢᠭᠠᠳ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠲᠠᠨᠢᠭᠤᠯᠵᠤ᠂ ᠭᠤᠣᠯᠳᠠᠯᠭ᠎ᠠ ᠲᠠᠢ  ᠡᠭᠦᠷᠭᠡ ᠶᠢ ᠡᠵᠡᠮᠰᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠪᠡᠶᠡᠯᠡᠭᠦᠯᠬᠦ ᠬᠡᠷᠡᠭᠲᠡᠢ᠃ ᠣᠷᠣᠨ  ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ  ᠠᠬᠢᠭᠤᠯᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ  ᠢᠳᠡᠪᠬᠢᠲᠡᠢ ᠪᠥᠭᠡᠳ ᠪᠣᠯᠭᠤᠮᠵᠢᠲᠠᠢ ᠪᠠᠷ ᠠᠬᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ  ᠴᠢᠩᠭᠠᠳᠬᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠭᠰᠢ ᠶᠢᠨ  ᠴᠢᠳᠠᠪᠤᠷᠢ ᠶᠢ ᠴᠢᠩᠭᠠᠳᠬᠠᠵᠤ  ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ  ᠬᠡᠷᠡᠭᠲᠡᠢ᠃ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠯᠲᠡᠢ  ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠠᠬᠢᠳᠠᠯ ᠰᠣᠷᠪᠤᠯᠵᠢᠯᠠᠯ   ᠤᠨ ᠶᠡᠷᠦᠩᠬᠡᠢ ᠬᠡᠮᠵᠢᠶ᠎ᠡ ᠶᠢ ᠪᠠᠭᠤᠷᠠᠭᠤᠯᠤᠨ᠂ ᠵᠠᠬᠢᠳᠠᠯ ᠰᠣᠷᠪᠤᠯᠵᠢᠯᠠᠯ ᠤᠨ ᠲᠠᠷᠤᠭᠳᠠᠮᠠᠯ ᠪᠠᠶᠢᠳᠠᠯ ᠢ ᠠᠷᠢᠯᠭᠠᠵᠤ᠂  ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃ ᠬᠤᠷᠠᠯ ᠠᠴᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠣᠳᠠᠲᠠᠢ ᠠᠳᠬᠤᠵᠤ᠂ ᠲᠠᠨᠢᠯᠲᠠ ᠪᠠᠨ  ᠳᠡᠭᠡᠭᠰᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠭ᠎ᠠ ᠪᠠᠨ  ᠣᠨᠣᠪᠴᠢᠲᠠᠢ  ᠪᠠᠶᠢᠯᠭᠠᠵᠤ ᠡᠷᠴᠢ ᠵᠣᠷᠢᠭ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ  ᠠᠬᠢᠴᠠ ᠶᠢ ᠪᠠᠲᠤᠯᠠᠨ᠂ ᠬᠢᠨᠠᠯᠲᠠ ᠲᠠᠯᠪᠢᠵᠤ ᠪᠠᠶᠢᠴᠠᠭᠠᠨ ᠵᠢᠯᠤᠭᠤᠳᠬᠤ ᠪᠠᠨ ᠴᠢᠩᠭᠠᠳᠬᠠᠵᠤ᠂ ᠭᠤᠷᠪᠠᠳᠤᠭᠠᠷ  ᠤᠯᠠᠷᠢᠯ ᠪᠠ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ︽ᠲᠠᠪᠤᠨ ᠶᠡᠭᠡ  ᠡᠭᠦᠷᠭᠡ︾ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠳᠣᠣᠷ᠎ᠠ ᠬᠠᠭᠠᠰ ᠵᠢᠯ ᠤᠨ  ᠡᠯ᠎ᠡ ᠵᠦᠢᠯ ᠤᠨ ᠠᠵᠢᠯ ᠢ ᠴᠢᠩᠭ᠎ᠠ ᠠᠩᠬᠠᠷᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ  ᠲᠠᠯ᠎ᠠ ᠪᠠᠷ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠡᠩ ᠤᠨ ᠴᠠᠭ ᠲᠠᠭᠠᠨ ᠬᠦᠴᠦ  ᠣᠷᠣᠭᠤᠯᠤᠨ ᠡᠳᠦᠷ ᠲᠤᠳᠤᠮ ᠤᠨ ᠠᠵᠢᠯ ᠢᠶᠠᠨ ᠰᠠᠶᠢᠳᠣᠷ ᠬᠢᠬᠦ ᠬᠡᠷᠡᠭᠲᠡᠢ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤ ᠪᠠᠷ ᠭᠦᠢᠴᠡᠳᠬᠡᠬᠦ ᠠᠵᠢᠯ ᠢ  ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠥᠷᠢ ᠥᠭᠴᠡᠭᠡ ᠶᠢ ᠦᠷᠭᠦᠯᠵᠢᠯᠡᠨ ᠰᠢᠢᠳᠪᠤᠷᠢᠯᠡᠨ ᠰᠠᠭᠤᠷᠢ ᠲᠤᠭ᠎ᠠ ᠶᠢ ᠲᠣᠳᠣᠷᠬᠠᠢ  ᠪᠠᠶᠢᠯᠭᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ  ᠬᠠᠳᠠᠭᠠᠯᠠᠯᠲᠠ ᠶᠢᠨ ᠬᠡᠮᠵᠢᠶ᠎ᠡ ᠶᠢ ᠪᠠᠭᠠᠰᠬᠠᠨ᠂ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠵᠤ᠂ ᠳᠡᠭᠡᠳᠦ ᠱᠠᠲᠤᠨ ᠤ  ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠥᠷᠢ ᠥᠭᠴᠡᠭᠡ ᠶᠢ ᠰᠢᠢᠳᠪᠤᠷᠢᠯᠡᠬᠦ ᠡᠭᠦᠷᠭᠡ ᠶᠢ ᠪᠡᠶᠡᠯᠡᠭᠦᠯᠬᠦ ᠬᠡᠷᠡᠭᠲᠡᠢ᠃  ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ  ᠴᠡᠭᠴᠡᠯᠡᠯᠲᠡ ᠶᠢ ᠴᠢᠩᠭ᠎ᠠ ᠠᠳᠬᠤᠵᠤ᠂ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂  ᠠᠰᠠᠭᠤᠳᠠᠯ ᠢ ᠴᠢᠩᠭ᠎ᠠ ᠪᠠᠶᠢᠴᠠᠭᠠᠨ ᠦᠵᠡᠬᠦ ᠶᠢ ᠪᠠᠷᠢᠮᠲᠠᠯᠠᠨ᠂ ᠠᠵᠢᠯ ᠤᠨ ᠲᠣᠭᠲᠠᠴᠠ ᠶᠢ ᠪᠦᠲᠦᠮᠵᠢᠲᠡᠶ  ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ  ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃         ᠬᠤᠷᠠᠯ ᠠᠴᠠ ᠪᠠᠰᠠ ᠵᠠᠯᠠᠶᠢᠳ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ  ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ  ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ︽2+3︾ ᠶᠢᠨ  ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠤᠯᠤᠰ ᠲᠥᠷᠥ ᠶᠢᠨ  ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ  ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠬᠢᠨᠠᠮᠠᠭᠠᠢ ᠠᠳᠬᠤᠵᠤ  ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠢ  ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠱᠠᠭᠠᠷᠳᠠᠵᠠᠢ᠃       ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠮᠠ ᠮᠧᠩ ᠨᠠᠷ ᠬᠤᠷᠠᠯ ᠳᠤ ᠣᠷᠣᠯᠴᠠᠵᠤ᠂ ᠬᠠᠰᠪᠥ᠋ᠬᠡ  ᠂ ᠴᠧᠩ ᠮᠢᠩ ᠯᠢ ᠨᠠᠷ ᠬᠤᠷᠠᠯ ᠳᠤ ᠰᠤᠯᠠ ᠣᠷᠣᠯᠴᠠᠪᠠ᠃            
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号