ᠤᠯᠠᠭᠠᠨᠬᠤᠲᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠬᠠᠮᠲᠤ ᠶᠢᠨ  ᠶᠠᠷᠢᠯᠴᠠᠭᠠᠨ ᠤ ᠬᠤᠷᠠᠯ ᠬᠤᠷᠠᠯᠳᠤᠭᠤᠯᠵᠡᠢ
ᠨᠡᠶᠢᠲᠡᠯᠡᠭᠰᠡᠨ ᠴᠠᠭ᠄
2023/8/29
   8 ᠰᠠᠷ᠎ᠠ ᠶᠢᠨ 26 ᠤ ᠡᠳᠦᠷ᠂ ᠤᠯᠠᠭᠠᠨᠬᠤᠲᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ  ᠤᠳᠤᠷᠢᠳᠬᠤ ᠪᠠᠭ ᠤᠨ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ   ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠵᠦ᠂  ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠢᠦᠶ ᠳ᠋ᠡ ᠮᠢᠩ᠂ ᠮᠠ ᠱᠦ ᠭᠠᠩ᠂ ᠭᠤᠸᠠᠨ ᠹᠧᠩ᠂ ᠯᠢᠦ ᠶᠢᠨ ᠪᠥᠸᠧ᠂ ᠯᠢ ᠶᠢᠩ  ᠺᠦᠨ᠂ ᠸᠠᠩ ᠬᠠᠶ ᠵᠢᠶᠠᠩ ᠵᠢᠴᠢ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠠᠮᠢᠶ᠎ᠠ ᠪᠥᠬᠦᠶ  ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃        ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠦᠮᠴᠢᠯᠡᠯᠳᠦ  ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠣᠳᠣᠬᠢᠴᠢᠯᠠᠭᠰᠠᠨ ᠠᠵᠤ  ᠠᠬᠤᠶᠢᠯᠠᠯ ᠤᠨ ᠲᠦᠷᠢᠮ ᠢ ᠪᠠᠶᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ  ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ᠂ ᠨᠠᠮ ᠤᠨ ᠰᠤᠷᠲᠠᠯ ᠴᠢᠬᠡᠴᠢ ᠵᠠᠰᠠᠭ ᠤᠨ  ᠪᠠᠶᠢᠭᠤᠯᠤᠯᠲᠠ ᠪᠣᠯᠤᠨ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂  ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ  ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ  ᠲᠥᠪᠯᠡᠷᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠢ ᠴᠢᠩᠭᠠᠳᠬᠠᠵᠤ᠂  ᠲᠥᠪ ᠤᠨ ᠨᠠᠢᠮᠠᠨ ᠲᠣᠭᠲᠠᠭᠠᠯ  ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ  ᠪᠠᠶᠢᠭᠤᠯᠤᠯᠲᠠ ᠪᠠ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠦᠷᠢᠮ ᠲᠣᠭᠲᠠᠭᠠᠯ  ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠠᠵᠢᠯ ᠢᠶᠠᠨ ᠥᠷᠨᠢᠭᠦᠯᠬᠦ ᠬᠡᠷᠡᠭᠲᠡᠢ᠃ ᠰᠤᠷᠲᠠᠯ ᠤᠨ  ᠪᠠᠶᠢᠭᠤᠯᠤᠯᠲᠠ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ  ᠂ ︽ᠥᠪᠡᠷ ᠤᠨ ᠦᠷᠳᠡᠭ ᠤᠨ ᠤᠬᠠᠮᠰᠠᠷ︾᠂ ︽ᠠᠷᠪᠢᠯᠠᠨ ᠭᠠᠮᠨᠠᠬᠤ ᠤᠬᠠᠮᠰᠠᠷ︾ ᠢ ᠴᠢᠩᠭᠠᠳᠬᠠᠵᠤ᠂ ᠬᠥᠮᠦᠨ  ᠰᠣᠩᠭᠤᠬᠤ᠂ ᠬᠥᠮᠦᠨ ᠬᠡᠷᠡᠭᠯᠡᠬᠦ ᠪᠠ ᠬᠥᠮᠦᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠺᠠᠳ᠋ᠷ  ᠠᠵᠢᠯᠳᠠᠨ ᠤ ᠴᠤᠭ ᠰᠦᠯᠳᠡ ᠶᠢ ᠳᠠᠰᠤᠷᠠᠯᠳᠠ ᠦᠭᠡᠢ ᠪᠠᠳᠠᠷᠠᠭᠤᠯᠵᠤ᠂ ᠤᠯᠤᠰ ᠤᠨ ᠦᠮᠴᠢᠯᠡᠯᠳᠦ ᠡᠳ᠋ ᠬᠦᠷᠦᠩᠬᠡ  ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠪᠣᠯᠤᠨ ᠡᠵᠡᠩᠨᠡᠯᠲᠡ ᠶᠢᠨ ᠦᠷ᠎ᠡ  ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号