ᠢᠨᠳᠡᠷ ᠪᠠᠯᠭᠠᠰᠣᠨ ᠤ ᠳ᠋ᠦᠩ ᠱᠧᠩ ᠨᠡᠶᠢᠭᠡᠮ ᠲᠣᠭᠤᠷᠢᠭ ᠰᠠᠶᠢᠨ ᠲᠤᠷᠠᠴᠤᠤᠯ ᠤᠨ ᠦᠢᠯᠡᠴᠢᠯᠡᠭᠡᠨ ᠤ  ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/8/29
     ᠭᠡᠷ ᠲᠤ ᠪᠠᠨ ᠬᠤᠴᠣᠷᠤᠭᠰᠠᠨ ᠬᠡᠦᠬᠡᠳ ᠢ ᠰᠠᠶᠢᠳᠤᠷ ᠬᠠᠯᠠᠮᠵᠢᠯᠠᠨ ᠬᠠᠶᠢᠷᠠᠯᠠᠵᠤ᠂  ᠡᠷᠡᠭᠦᠯ ᠢᠶᠠᠷ ᠦᠰᠦᠨ  ᠪᠣᠶᠢᠵᠢᠬᠤ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠢᠨᠳᠡᠷ  ᠪᠠᠯᠭᠠᠰᠣᠨ ᠤ ᠳ᠋ᠦᠩ ᠱᠧᠩ ᠨᠡᠶᠢᠭᠡᠮ ᠲᠣᠭᠤᠷᠢᠭ ᠤᠨ ᠨᠠᠮ ᠤᠨ ᠡᠭᠦᠷ ᠨᠠᠮ ᠤᠨ ᠪᠠᠶᠢᠭᠤᠯᠤᠯᠲᠠ ᠪᠠᠷ  ᠵᠢᠯᠣᠭᠤᠳᠤᠯᠭ᠎ᠠ ᠪᠣᠯᠭᠠᠵᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ  ᠵᠥᠪᠯᠡᠯ ᠤᠨ ᠪᠠᠶᠢᠭᠤᠯᠭ᠎ᠠ ᠶᠢᠨ ᠨᠠᠮ ᠤᠨ ᠶᠡᠷᠦᠩᠬᠡᠢ ᠡᠭᠦᠷ ᠲᠠᠢ ᠬᠠᠮᠲᠤᠷᠠᠨ ᠭᠡᠷ ᠲᠤ ᠪᠠᠨ ᠬᠤᠴᠣᠷᠤᠭᠰᠠᠨ  ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃        ᠲᠤᠰ ᠠᠵᠢᠯᠯᠠᠭ᠎ᠠ ᠳᠤ᠂ ᠰᠠᠶᠢᠨ ᠲᠤᠷᠠᠴᠤᠤᠯ ᠠᠴᠠ ᠭᠡᠷ ᠲᠤ ᠪᠠᠨ ᠬᠤᠴᠣᠷᠤᠭᠰᠠᠨ ᠬᠡᠦᠬᠡᠳ ᠲᠤ   ᠪᠢᠴᠢᠭ ᠤᠨ ᠪᠣᠭᠴᠣ᠂ ᠬᠠᠷᠠᠨᠳᠠ ᠵᠡᠷᠭᠡ ᠰᠤᠷᠤᠯᠭ᠎ᠠ ᠶᠢᠨ ᠬᠡᠷᠡᠭᠰᠡᠯ ᠪᠠ ᠥᠲᠥᠨ ᠪᠥᠮᠪᠦᠭᠡ ᠶᠢᠨ ᠫᠠᠶᠢᠰᠠ ᠵᠡᠷᠭᠡ  ᠬᠥᠳᠡᠯᠭᠡᠭᠡᠨ ᠤ ᠬᠡᠷᠡᠭᠰᠡᠯ ᠢ ᠭᠠᠷᠳᠠᠭᠤᠯᠵᠤ᠂ ᠲᠠᠳᠠᠨᠠᠷ ᠢ ᠠᠮᠢᠳᠤᠷᠠᠯ ᠲᠤᠮᠳᠠᠬᠢ ᠬᠦᠴᠢᠷ ᠪᠡᠷᠬᠡᠰᠢᠶᠡᠯ ᠠᠴᠠ ᠠᠶᠤᠬᠤ  ᠦᠭᠡᠢ ᠪᠠᠷ ᠰᠠᠶᠢᠲᠤᠷ ᠰᠤᠷᠤᠯᠴᠠᠵᠤ᠂ ᠥᠪᠡᠷ ᠤᠨ ᠬᠦᠰᠡᠯ ᠵᠡᠭᠦᠳᠦ ᠪᠠᠨ ᠴᠢᠷᠮᠠᠶᠢᠨ ᠪᠡᠶᠡᠯᠡᠭᠦᠯᠬᠦ ᠶᠢ  ᠵᠣᠷᠢᠭᠵᠢᠭᠤᠯᠵᠠᠢ᠃          ᠲᠤᠰ ᠠᠵᠢᠯᠯᠠᠭ᠎ᠠ ᠨᠢ ᠬᠦᠴᠢᠷᠳᠡᠯᠳᠣ ᠭᠡᠷ ᠪᠦᠯᠢ ᠶᠢᠨ ᠬᠡᠦᠬᠡᠳ ᠲᠤ ᠡᠳ᠋ ᠪᠣᠳᠠᠰ ᠤᠨ ᠲᠠᠯ᠎ᠠ ᠪᠠᠷ  ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠦᠭᠡᠢ ᠬᠡᠦᠬᠡᠳ ᠲᠤ ᠣᠶᠤᠨ ᠰᠠᠨᠠᠭᠠᠨ ᠤ ᠲᠠᠯ᠎ᠠ ᠪᠠᠷ ᠬᠠᠷᠠᠭᠠᠯᠵᠠᠯ  ᠦᠵᠡᠭᠦᠯᠵᠦ᠂ ᠲᠠᠳᠠᠨᠠᠷ ᠲᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠵᠡᠢ᠃      
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号