| ᠡᠷᠡᠭᠦᠯ ᠥᠭᠡᠳᠡᠷᠬᠡᠭ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠤ ︽ | ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠬᠠᠷᠢᠶ᠎ᠠ ᠣᠷᠣᠨ ᠤ ᠢᠳᠡᠪᠬᠢᠲᠡᠢ ᠪᠥᠭᠡᠳ ᠡᠷᠡᠭᠦᠯ ᠰᠣᠶᠣᠯ ᠤᠨ | ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ 8 ᠰᠠᠷ᠎ᠠ ᠶᠢᠨ 15 ᠤ ᠡᠳᠦᠷ᠂ ᠷᠡᠰᠢᠶᠠᠨ ᠬᠤᠳᠡ ᠶᠢᠨ | ᠲᠢᠶᠠᠨ ᡂᠢ ᠪᠠᠯᠭᠠᠰᠣ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠪᠠᠯᠭᠠᠰᠤᠨ ᠤ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ ︾ ᠠᠯᠪᠠᠨ ᠭᠡᠷ ᠤᠨ ᠠᠵᠢᠯᠲᠠᠨ ᠲᠣᠰᠬᠤᠨ᠂ ᠨᠡᠶᠢᠭᠡᠮ ᠲᠣᠭᠤᠷᠢᠭ ᠤᠨ ︽ᠱᠠᠯᠢᠭ ᠵᠠᠪᠠᠭ᠋ᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠤᠭᠴᠢ ᠲᠠᠢ ᠬᠠᠮᠲᠤ ᠬᠠᠷᠢᠶ᠎ᠠ ᠣᠷᠣᠨ | ᠳᠤ ᠬᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ︽ᠱᠠᠯᠢᠭ ᠵᠠᠪᠬᠠᠢ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢ ᠲᠠᠶᠢᠯᠪᠤᠷᠢᠯᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠣᠨ᠂ ᠬᠠᠷᠢᠶ᠎ᠠ ᠣᠷᠣᠨ ᠤ ᠤᠯᠠᠨ ᠲᠦᠮᠡᠨ ᠳᠤ ︽ᠱᠠᠯᠢᠭ ᠵᠠᠪᠬᠠᠢ ᠵᠦᠢᠯᠡᠰ ᠢ | ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠴᠢᠬᠤᠯᠠ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠭᠤᠯᠵᠤ᠂ ᠤᠯᠠᠨ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠦᠷᠦᠯ ᠤᠨ ᠬᠠᠤᠯᠢ ᠪᠤᠰᠤ | ᠬᠡᠪᠯᠡᠭᠳᠡᠬᠦᠨ ᠪᠠ ᠬᠤᠣᠷ ᠬᠥᠨᠥᠭᠡᠯ ᠲᠠᠢ ᠰᠦᠯᠵᠢᠶᠡᠨ ᠤ ᠮᠡᠳᠡᠭᠡ ᠵᠠᠩᠭᠢ ᠶᠢ ᠬᠤᠷᠢᠭᠯᠠᠬᠤ ᠤᠬᠠᠮᠰᠠᠷ ᠢ ᠪᠤᠢ | ᠪᠣᠯᠭᠠᠵᠤ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠤᠬᠠᠭᠤᠯᠤᠭᠴᠢ᠂ ᠬᠢᠨᠠᠯᠲᠠ ᠲᠠᠯᠪᠢᠭᠴᠢ ᠪᠣᠯᠭᠠᠨ᠎ᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠨᠡᠶᠢᠭᠡᠮ ᠤᠨ ᠰᠣᠶᠣᠯ ᠤᠨ ᠣᠷᠴᠢᠨ ᠠᠬᠤᠢ ᠶᠢ | ᠴᠡᠪᠡᠷᠰᠢᠭᠦᠯᠵᠦ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠢ ᠠᠬᠢᠭᠤᠯᠬᠤ ᠳᠤ ᠦᠢᠯᠡᠳᠦᠯ ᠦᠵᠡᠭᠦᠯᠪᠡ᠃ ᠲᠠᠷᠠᠭᠠᠴᠢ ᠪᠠᠷ᠂ ᠲᠢᠶᠠᠨ ᡂᠢ ᠪᠠᠯᠭᠠᠰᠤ ︽ᠱᠠᠯᠢᠭ | ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠬᠠᠷᠢᠶ᠎ᠠ ᠣᠷᠣᠨ ᠳᠠᠭᠠᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠳᠤ ᠬᠥᠮᠥᠨ ᠪᠦᠬᠦᠨ ᠬᠠᠷᠢᠭᠤᠴᠠᠯᠭ᠎ᠠ ᠲᠠᠢ ᠰᠠᠶᠢᠨ ᠰᠠᠶᠢᠬᠠᠨ | ᠪᠠᠶᠢᠳᠠᠯ ᠢ ᠪᠣᠶ ᠪᠣᠯᠭᠠᠵᠤ᠂ ᠡᠷᠡᠭᠦᠯ ᠥᠭᠡᠳᠡᠷᠬᠡᠭ᠂ ᠵᠢᠷᠤᠮᠵᠢᠯ ᠲᠠᠢ ᠡᠮᠬᠢ ᠴᠡᠭᠴᠠ ᠲᠠᠢ ᠰᠣᠶᠣᠯ ᠤᠨ ᠣᠷᠴᠢᠨ | ᠨᠥᠬᠦᠴᠡᠯ ᠢ ᠪᠣᠶ ᠪᠣᠯᠭᠠᠨ᠎ᠠ᠃ | | |