ᠵᠠᠯᠠᠶᠢᠳ ᠬᠤᠰᠢᠭᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠢ ᠶᠡᠬᠡᠪᠡᠷ ᠬᠦᠭᠵᠢᠭᠦᠯᠵᠤ  ᠪᠠᠶᠢᠨ᠎ᠠ
ᠨᠡᠶᠢᠲᠡᠯᠡᠭᠰᠡᠨ ᠴᠠᠭ᠄
2023/8/29
      ᠵᠠᠯᠠᠶᠢᠳ ᠬᠤᠰᠢᠭᠤᠨ ᠤ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ  ᠬᠦᠷᠢᠶᠡᠯᠡᠩ ᠤᠨ ᠲᠤᠷᠰᠢᠯᠳᠠ ᠶᠢᠨ ᠲᠠᠷᠢᠶᠠᠨ ᠳᠤ ᠬᠦᠷᠪᠡᠯ᠂ ᠲᠦᠷᠰᠤ ᠰᠢᠩᠭᠡᠭᠡᠬᠦ ᠮᠠᠰᠢᠨ᠂ ᠲᠤᠯᠠᠭᠠᠨ ᠪᠠ  ᠴᠢᠬᠢᠭ ᠤᠨ ᠬᠡᠮᠵᠢᠶ᠎ᠠ ᠶᠢᠨ ᠲᠠᠮᠵᠢᠭᠤᠯᠤᠭᠴᠢ᠂ ᠲᠠᠷᠢᠶᠠᠨ ᠭᠠᠵᠠᠷ ᠤᠨ ᠴᠠᠭ ᠠᠭᠤᠷ ᠤᠨ ᠦᠷᠳᠡᠭᠡ᠂ ᠬᠤᠷᠤᠬᠠᠢ  ᠠᠯᠠᠬᠤ ᠨᠠᠷᠠᠨ ᠡᠨᠧᠷᠬᠢ ᠶᠢᠨ ᠳ᠋ᠧᠩ ᠵᠡᠷᠭᠡ ᠰᠢᠨᠵᠢᠯᠡᠬᠦ ᠤᠬᠠᠭᠠᠨᠴᠢ ᠲᠧᠭᠨᠢᠭ ᠮᠡᠷᠭᠡᠵᠢᠯ ᠤᠨ ᠲᠦᠬᠦᠭᠡᠷᠤᠮᠵᠢ  ᠬᠠᠷᠠᠭᠳᠠᠵᠤ᠂ ᠮᠠᠷᠭᠡᠵᠢᠯᠳᠠᠨ ᠠᠴᠠ ᠤᠰᠤᠨ ᠲᠤᠳᠤᠷᠭ᠎ᠠ ᠶᠢᠨ ᠤᠷᠭᠤᠴᠠ᠂ ᠨᠠᠪᠴᠢᠨ ᠤ ᠨᠤᠭᠤᠭᠠᠨ ᠡᠳ᠋ ᠵᠢᠴᠢ  ᠠᠽᠤᠲ ᠤᠨ ᠠᠭᠤᠯᠤᠭᠳᠠᠴᠠ ᠶᠢᠨ ᠰᠤᠷᠠᠭ ᠵᠠᠩᠬᠢ ᠶᠢ ᠴᠤᠭᠯᠠᠭᠤᠯᠵᠤ᠂ ᠲᠠᠷᠠᠭᠠᠴᠢ ᠶᠢᠨ ᠲᠠᠷᠢᠶᠠᠯᠠᠩ ᠤᠨ ᠠᠵᠤ  ᠦᠢᠯᠡᠰ ᠤᠨ ᠨᠠᠷᠢᠯᠢᠭ ᠦᠢᠯᠡᠴᠢᠯᠡᠭᠡ ᠵᠢᠴᠢ ᠲᠤᠭᠠᠴᠠᠯᠠᠭᠰᠠᠨ ᠤᠰᠤᠨ ᠲᠤᠳᠤᠷᠭ᠎ᠠ ᠶᠢᠨ ᠦᠰᠤᠯᠳᠠ ᠶᠢᠨ ᠵᠠᠭᠪᠤᠷ ᠢ  ᠪᠠᠶᠢᠭᠤᠯᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠤᠶᠤᠨᠴᠢ ᠮᠡᠷᠭᠡᠵᠢᠯ᠂ ᠲᠤᠮᠤ ᠳ᠋ᠡᠶᠢᠲ᠋ᠠ ᠵᠡᠷᠭᠡ  ᠲᠤᠭᠠᠴᠠᠯᠠᠭᠰᠠᠨ ᠮᠡᠷᠭᠡᠵᠢᠯ ᠨᠢ ᠲᠠᠷᠢᠶᠠᠯᠠᠩ ᠤᠨ ᠦᠢᠯᠡᠰ ᠤᠨ ᠬᠦᠷᠢᠶ᠎ᠠ ᠴᠠᠷᠠᠭᠠᠨ ᠳᠤ ᠦᠷᠭᠡᠨ ᠢᠶᠠᠷ ᠬᠡᠷᠡᠭᠯᠡᠭᠳᠡᠬᠦ ᠶᠢ  ᠲᠠᠭᠠᠯᠳᠤᠨ᠂ ᠲᠠᠷᠢᠶᠠᠴᠢᠳ ᠤᠶᠤᠨᠴᠢ ᠲᠠᠷᠢᠶᠠᠯᠠᠩ ᠤᠨ ᠦᠢᠯᠡᠰ ᠤᠨ ᠬᠦᠭᠵᠢᠯᠳᠠ ᠠᠴᠠ ᠠᠪᠴᠢᠷᠠᠭᠰᠠᠨ ᠠᠰᠢᠭ  ᠲᠤᠰᠠ ᠶᠢ ᠦᠨᠡᠨᠬᠦ ᠬᠦᠷᠳᠡᠵᠠᠢ᠃        ᠤᠶᠢᠷ᠎ᠠ ᠶᠢᠨ ᠵᠢᠯ ᠠᠴᠠ ᠨᠠᠭᠠᠰᠢ᠂ ᠵᠠᠯᠠᠶᠢᠳ ᠬᠤᠰᠢᠭᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ  ᠤᠯᠤᠰ ᠲᠦᠷᠥ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠲᠠᠷᠢᠶᠠᠨ ᠭᠠᠵᠠᠷ ᠤᠨ ᠠᠮᠤ ᠪᠤᠳᠠᠭᠠᠨ ᠤ  ᠦᠢᠯᠡᠳᠪᠤᠷᠢᠯᠡᠯ ᠤᠨ ᠴᠢᠳᠠᠪᠤᠷᠢ ᠶᠢ ᠪᠠᠳᠤᠯᠠᠵᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ  ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠤᠨ᠂ ᠠᠮᠢ ᠠᠬᠤᠢ ᠪᠠᠷ ᠤᠷᠢᠳᠠᠯ ᠪᠤᠯᠭᠠᠨ᠂ ᠪᠤᠬᠢᠷᠳᠤᠯ ᠦᠭᠡᠢ  ᠬᠦᠭᠵᠢᠯᠳᠠ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠡᠷᠡᠰ ᠪᠠᠷᠢᠮᠳᠠᠯᠠᠵᠤ  ᠂ ᠠᠷᠭ᠎ᠠ ᠪᠦᠬᠦᠨ ᠢ ᠰᠦᠪᠡᠭᠴᠢᠯᠡᠨ ᠲᠠᠯᠠᠪᠠᠢ ᠶᠢ ᠪᠠᠳᠤᠯᠠᠨ ᠮᠤ᠋ ᠪᠦᠷᠢ ᠶᠢᠨ ᠤᠨᠠᠯᠳᠠ ᠶᠢ ᠲᠡᠭᠡᠭᠰᠢᠯᠡᠬᠦᠯᠵᠤ᠂ ᠶᠠᠰᠤ  ᠴᠢᠨᠠᠷ ᠢᠶᠠᠷ ᠲᠠᠷᠢᠶᠠᠯᠠᠩ ᠤᠨ ᠦᠢᠯᠡᠰ ᠢ ᠠᠬᠢᠭᠤᠯᠵᠤ᠂ ᠪᠤᠬᠢᠷᠳᠤᠯ ᠦᠭᠡᠢ ᠦᠢᠯᠡᠳᠬᠦᠨ ᠢᠶᠠᠷ ᠲᠠᠷᠢᠶᠠᠯᠠᠩ ᠤᠨ  ᠦᠢᠯᠡᠰ ᠲᠤ ᠬᠦᠴᠤᠯᠡᠨ᠂ ᠨᠠᠷᠡᠳᠤ ᠲᠡᠮᠳᠡᠭᠳᠤ ᠪᠠᠷ ᠲᠠᠷᠢᠶᠠᠯᠠᠩ ᠤᠨ ᠦᠢᠯᠡᠰ ᠢ ᠬᠦᠴᠤᠷᠬᠡᠭᠵᠢᠬᠦᠯᠵᠤ᠂ ᠦᠷ᠎ᠠ  ᠠᠰᠢᠭ ᠢᠶᠠᠷ ᠲᠠᠷᠢᠶᠠᠴᠢᠨ ᠢ ᠪᠠᠶᠠᠵᠢᠭᠤᠯᠬᠤ ᠶᠢ ᠦᠷᠬᠦᠯᠵᠢᠯᠠᠨ ᠠᠬᠢᠭᠤᠯᠵᠤ᠂ ᠠᠮᠤ ᠪᠤᠳᠠᠭᠠᠨ ᠤ ᠤᠨᠠᠯᠳᠠ ᠵᠢᠯ ᠠᠴᠠ  ᠵᠢᠯ ᠡᠯᠪᠡᠭ ᠬᠤᠷᠢᠶᠠᠬᠤ ᠶᠢ ᠪᠡᠶᠡᠯᠡᠬᠦᠯᠵᠠᠢ᠃        ︽ᠲᠠᠷᠢᠶᠠᠨ ᠭᠠᠵᠠᠷ ᠤᠨ ᠠᠵᠢᠯ ᠳᠤ ᠪᠦᠷ ᠮᠠᠰᠢᠨ ᠮᠧᠬᠠᠨᠢᠬ ᠢ ᠬᠡᠷᠡᠭᠯᠡᠬᠦ ᠪᠤᠯᠵᠠᠢ᠂ ᠵᠢᠯᠤᠭᠤᠴᠢ ᠦᠭᠡᠢ  ᠨᠢᠰᠭᠡᠯ ᠢᠶᠠᠷ ᠪᠤᠷᠳᠤᠭᠤᠷ ᠰᠠᠴᠤᠬᠤ᠂ ᠡᠮ ᠴᠤᠬᠢᠬᠤ᠂ ᠴᠢᠬᠢ ᠵᠦᠭᠡᠭᠡᠪᠤᠷᠢᠯᠡᠬᠦ ᠶᠢ ᠪᠡᠶᠡᠯᠡᠬᠦᠯᠵᠤ᠂ ᠠᠵᠤ  ᠦᠢᠯᠡᠰ ᠤᠨ ᠬᠦᠷᠢᠶᠡᠯᠡᠩ ᠤᠨ ᠮᠡᠷᠭᠡᠵᠢᠯᠳᠠᠨ ᠠᠴᠠ ᠪᠢᠳᠠᠨ ᠳᠤ ᠬᠡᠵᠢᠶ᠎ᠠ ᠪᠤᠷᠳᠤᠭᠤᠷ ᠤᠷᠤᠭᠤᠯᠬᠤ᠂ ᠡᠮ  ᠴᠤᠬᠢᠬᠤ ᠶᠢ ᠵᠢᠭᠠᠨ ᠵᠢᠯᠤᠭᠤᠳᠴᠤ᠂ ᠪᠢᠳᠠ ᠠᠵᠤ ᠦᠢᠯᠡᠰ ᠤᠨ ᠬᠦᠷᠢᠶᠡᠯᠡᠩ ᠤᠨ ᠪᠢᠴᠢᠯ ᠫᠷᠤᠭ᠍ᠷᠠᠮ ᠲᠡᠭᠡᠷ᠎ᠠ  ᠬᠦᠷᠤᠰᠤ ᠰᠢᠷᠤᠢ ᠶᠢᠨ ᠴᠢᠬᠢᠭ ᠤᠨ ᠬᠡᠮᠵᠢᠶ᠎ᠠ᠂ ᠲᠤᠯᠠᠭᠠᠨ ᠤ ᠬᠡᠮᠵᠢᠶ᠎ᠠ ᠪᠠ ᠬᠤᠷᠤᠬᠠᠢ ᠶᠢᠨ ᠬᠦᠨᠤᠭᠡᠯ ᠤᠨ ᠪᠠᠶᠢᠳᠠᠯ ᠢ  ᠤᠯᠵᠤ ᠬᠠᠷᠠᠨ᠎ᠠ᠃ ᠰᠢᠨᠵᠢᠯᠠᠬᠦ ᠤᠬᠠᠭᠠᠨᠴᠢ ᠪᠠᠷ ᠲᠠᠷᠢᠶ᠎ᠠ ᠲᠠᠷᠢᠭᠰᠠᠨ ᠠᠴᠠ ᠭᠠᠷᠤᠯᠳᠠ ᠤᠯᠠᠮ ᠢᠶᠠᠷ ᠦᠨᠳᠤᠷ ᠪᠤᠯᠪᠠ  ᠂ ᠡ᠊ᠨᠠ ᠵᠢᠯ ᠤᠨ ᠪᠠᠶᠢᠳᠠᠯ ᠠᠴᠠ ᠦᠵᠡᠪᠡᠯ ᠪᠠᠰᠠ ᠡᠯᠪᠡᠭ ᠬᠤᠷᠢᠶᠠᠯᠳᠠ ᠤᠯᠤᠨ᠎ᠠ︾ ᠭᠡᠵᠤ ᠬᠤᠯᠪᠤᠭ᠎ᠠ ᠪᠠᠯᠭᠠᠰᠤᠨ ᠤ  ᠬᠦ ᠮᠢᠶᠤᠤ ᠲᠤᠰᠬᠤᠨ ᠤ ᠠᠷᠠᠳ ᠢᠥᠢ  ᠹᠧᠩ ᠯᠢ ᠶᠠᠷᠢᠨ᠎ᠠ᠃     ᠪᠦᠬᠦ ᠤᠯᠤᠰ ᠤᠨ ᠠᠮᠤ ᠪᠤᠳᠠᠭᠠᠨ ᠤ ᠦᠢᠯᠡᠳᠪᠤᠷᠢᠯᠠᠯ ᠤᠨ ᠲᠡᠷᠢᠬᠦᠨ ᠰᠢᠶᠠᠨ ᠪᠤᠯᠤᠭᠰᠠᠨ ᠤ ᠬᠤᠪᠢ ᠳᠤ᠂  ᠵᠠᠯᠠᠶᠢᠳ ᠬᠤᠰᠢᠭᠤ ᠤᠶᠤᠨᠴᠢ ᠲᠠᠷᠢᠶᠠᠯᠠᠩ ᠤᠨ ᠮᠠᠰᠢᠨ ᠮᠧᠬᠠᠨᠢᠭ ᠢ ᠲᠠᠷᠢᠶᠠᠯᠠᠩ ᠤᠨ ᠦᠢᠯᠡᠰ ᠤᠨ  ᠦᠢᠯᠡᠳᠪᠤᠷᠢᠯᠡᠯ ᠳᠤ ᠬᠡᠷᠡᠭᠯᠡᠨ᠂ ᠤᠶᠤᠨᠴᠢ ᠲᠠᠷᠢᠶᠠᠯᠠᠩ ᠤᠨ ᠦᠢᠯᠡᠰ ᠤᠨ ᠲᠠᠪᠴᠠᠩ ᠤᠨ ᠬᠠᠩᠭᠠᠭᠰᠠᠨ ᠬᠦᠷᠤᠰᠤ  ᠰᠢᠷᠤᠢ ᠶᠢᠨ ᠴᠢᠬᠢᠭ ᠤᠨ ᠬᠡᠮᠵᠢᠶ᠎ᠠ᠂ ᠲᠤᠯᠠᠭᠠᠨ ᠤ ᠬᠡᠮᠵᠢᠶ᠎ᠠ᠂ ᠤᠷᠭᠤᠮᠠᠯ ᠤᠨ ᠤᠷᠭᠤᠴᠠ ᠵᠡᠷᠭᠡ  ᠬᠤᠷᠢᠶᠠᠩᠭᠤᠶᠢᠯᠠᠭᠰᠠᠨ ᠲᠤᠭ᠎ᠠ ᠪᠠᠷᠢᠮᠳᠠ ᠶᠢ ᠠᠰᠢᠭᠯᠠᠨ ᠂ ᠤᠨᠤᠴᠠᠳᠠᠢ ᠤᠰᠤᠯᠠᠬᠤ ᠪᠠ ᠪᠤᠷᠳᠤᠭᠤᠷ ᠤᠷᠤᠭᠤᠯᠬᠤ  ᠲᠦᠰᠥᠪ ᠢ ᠲᠤᠭᠳᠠᠭᠠᠵᠤ᠂ ᠲᠠᠷᠢᠶᠠᠴᠢᠳ ᠤᠨ ᠤᠨᠤᠴᠠᠳᠠᠢ ᠪᠠᠷ ᠲᠠᠷᠢᠶ᠎ᠠ ᠪᠠᠨ ᠬᠠᠮᠢᠶᠠᠷᠬᠤ ᠳᠤ ᠬᠦᠴᠤᠳᠠᠢ ᠲᠤᠭ᠎ᠠ  ᠪᠠᠷᠢᠮᠳᠠ ᠶᠢᠨ ᠲᠤᠯᠭᠠᠭᠤᠷᠢᠯᠠᠯ ᠬᠠᠩᠭᠠᠪᠠ᠃        ᠡᠷᠳᠡᠨᠢ ᠰᠢᠰᠢ ᠶᠢᠨ ᠴᠢᠬᠢ ᠦᠰᠬᠦ ᠭᠤᠥᠯᠳᠠᠯᠭ᠎ᠠ ᠶᠢᠨ ᠬᠤᠭᠤᠴᠠᠭᠠᠨ ᠳᠤ᠂ ᠵᠠᠯᠠᠶᠢᠳ ᠬᠤᠰᠢᠭᠤᠨ ᠤ  ᠬᠤᠯᠪᠤᠭ᠎ᠠ ᠪᠠᠯᠭᠠᠰᠤᠨ ᠤ ᠬᠦ ᠮᠢᠶᠤᠤ ᠲᠤᠰᠬᠤᠨ ᠤ ᠦᠨᠳᠤᠷ ᠪᠠᠷᠢᠮᠵᠢᠶᠠᠳᠤ ᠲᠠᠷᠢᠶᠠᠯᠠᠩ ᠤᠨ ᠵᠢᠱᠢᠶ᠎ᠠ ᠦᠵᠡᠬᠦᠯᠬᠦ  ᠤᠷᠤᠨ ᠳᠤ ᠤᠰᠤ ᠲᠤᠰᠤᠯᠭᠠᠬᠤ ᠬᠤᠭᠤᠯᠠᠢ ᠠᠴᠠ ᠲᠤᠰᠤᠯᠠᠭᠰᠠᠨ ᠤᠰᠤ ᠨᠢ ᠤᠨᠤᠴᠠᠳᠠᠢ ᠪᠠᠷ ᠡᠷᠳᠡᠨᠢ ᠰᠢᠰᠢ ᠶᠢ  ᠤᠰᠤᠯᠠᠨ᠎ᠠ᠃ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠷᠢᠨ ᠪᠦᠳᠤᠨ ᠦᠨᠳᠤᠷ ᠪᠦᠳᠤᠮᠵᠢᠳᠠᠢ ᠤᠰᠤᠯᠠᠬᠤ  ᠰᠢᠰᠲ᠋ᠧᠮ ᠳᠤ ᠲᠦᠰᠢᠭᠯᠡᠭᠰᠡᠨ ᠠᠴᠠ ᠲᠤᠰ ᠲᠠᠷᠢᠶᠠᠨ ᠭᠠᠵᠠᠷ ᠨᠢ ᠭᠠᠩ ᠬᠠᠭᠤᠷᠠᠢ ᠪᠤᠷᠤᠭᠠᠨ ᠲᠤᠳᠠᠮᠠᠭ ᠠᠴᠠ  ᠬᠠᠪᠤᠷ ᠤᠨ ᠲᠠᠷᠢᠶᠠᠯᠠᠭ᠎ᠠ ᠶᠢᠨ ᠠᠵᠢᠯ ᠳᠤ ᠠᠰᠢᠭ ᠦᠭᠡᠢ ᠨᠦᠯᠤᠭᠡ ᠦᠵᠡᠬᠦᠯᠬᠦ ᠠᠴᠠ ᠵᠠᠶᠢᠯᠠᠰᠬᠢᠵᠠᠢ᠃         ︽ᠡ᠊ᠨᠠ ᠵᠢᠯ ᠮᠠᠨ ᠤ ᠬᠤᠷᠰᠢᠶ᠎ᠠ ᠨᠡᠶᠢᠳᠠ 3800 ᠮᠤ᠋ ᠲᠠᠷᠢᠶ᠎ᠠ ᠲᠠᠷᠢᠵᠤ᠂ ᠪᠦᠬᠦᠨ ᠢᠶᠠᠷ ᠢᠶᠠᠨ ᠦᠨᠳᠤᠷ  ᠪᠠᠷᠢᠮᠵᠢᠶᠠᠳᠤ ᠲᠠᠷᠢᠶᠠᠨ ᠭᠠᠵᠠᠷ ᠪᠤᠯᠤᠨ᠎ᠠ᠂ ᠡᠬᠦᠨ ᠤ ᠬᠠᠮᠳᠤ ᠲᠤᠰᠤᠯᠭᠠᠨ ᠤᠰᠤᠯᠠᠬᠤ ᠮᠡᠷᠭᠡᠵᠢᠯ ᠢ ᠠᠰᠢᠭᠯᠠᠨ᠂  ᠮᠠᠰᠢᠨ ᠴᠠᠬᠢᠯᠭᠠᠨ ᠢᠶᠠᠷ ᠤᠰᠤᠯᠠᠵᠤ᠂ ᠴᠢᠬᠢ ᠳᠤ ᠪᠤᠷᠳᠤᠭᠤᠷ ᠲᠤᠳᠠᠬᠤ ᠦᠶ᠎ᠠ ᠳᠤ ᠪᠢᠳᠠ ᠪᠠᠰᠠ ᠤᠰᠤ  ᠪᠤᠷᠳᠤᠭᠤᠷ ᠢ ᠨᠢᠭᠡ ᠴᠤᠭᠴᠠᠵᠢᠭᠤᠯᠤᠭᠰᠠᠨ ᠲᠦᠬᠦᠭᠡᠷᠤᠮᠵᠢ ᠶᠢ ᠬᠡᠷᠡᠭᠯᠡᠨ᠂ ᠡᠷᠳᠡᠨᠢ ᠰᠢᠰᠢ ᠶᠢᠨ ᠴᠢᠬᠢ ᠳᠤ ᠰᠢᠮ᠎ᠠ  ᠲᠡᠵᠢᠭᠡᠯ ᠨᠦᠬᠦᠪᠤᠷᠢᠯᠡᠵᠤ ᠦᠭᠪᠡ᠂ ᠦᠨᠡᠬᠡᠷ ᠠᠮᠠᠷᠬᠠᠨ ᠪᠤᠯᠵᠠᠢ︾ ᠭᠡᠵᠤ ᠵᠠᠯᠠᠶᠢᠳ ᠬᠤᠰᠢᠭᠤᠨ ᠤ ᠬᠦᠩ ᠶᠢᠩ  ᠲᠠᠷᠢᠶᠠᠯᠠᠩ ᠮᠠᠯᠵᠢᠯ ᠤᠨ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠳᠠᠨ ᠡᠣ ᠶᠤᠸᠠᠢ ᠹᠦ᠋ ᠦᠨᠳᠤᠷ ᠪᠠᠷᠢᠮᠵᠢᠶᠠᠳᠤ  ᠲᠠᠷᠢᠶᠠᠨ ᠭᠠᠵᠠᠷ ᠤᠨ ᠪᠦᠳᠤᠭᠡᠨ ᠪᠠᠶᠢᠭᠤᠯᠤᠯᠳᠠ ᠨᠢ ᠬᠤᠷᠰᠢᠶ᠎ᠠ ᠳᠤ ᠲᠦᠬᠦᠮ ᠦᠵᠡᠬᠦᠯᠤᠭ᠍ᠰᠡᠨ ᠢ ᠬᠡᠯᠡᠬᠦ ᠳᠡᠭᠡᠨ  ᠲᠤᠩ ᠪᠠᠶᠠᠷᠳᠠᠢ ᠪᠠᠶᠢᠯ᠎ᠠ᠃        ᠡᠩ ᠤᠨ ᠲᠠᠷᠢᠶᠠᠨ ᠭᠠᠵᠠᠷ ᠲᠠᠢ ᠠᠳᠠᠯᠢᠳᠬᠠᠪᠠᠯ᠂ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠨᠢ ᠴᠢᠨᠠᠷ  ᠰᠠᠶᠢᠨ᠂ ᠤᠨᠠᠯᠳᠠ ᠦᠨᠳᠤᠷ᠂ ᠭᠠᠮᠰᠢᠭ ᠢ ᠡᠰᠡᠷᠬᠦᠴᠠᠬᠦ ᠴᠢᠳᠠᠪᠤᠷᠢ ᠦᠨᠳᠤᠷ᠂ ᠡᠬᠢ ᠪᠠᠶᠠᠯᠢᠭ ᠤᠨ ᠠᠰᠢᠭᠯᠠᠯᠳᠠ  ᠰᠠᠶᠢᠨ ᠵᠡᠷᠭᠡ ᠲᠠᠪᠠᠭᠤᠯᠢᠭ ᠪᠠ ᠤᠨᠴᠠᠯᠢᠭ ᠲᠠᠢ᠂ ᠮᠠᠯᠴᠢᠨ ᠲᠠᠷᠢᠶᠠᠴᠢᠳ ᠭᠡᠷ ᠠᠴᠠ ᠪᠠᠨ ᠭᠠᠷᠬᠤ ᠦᠭᠡᠢ ᠪᠠᠷ ᠭᠠᠩ  ᠬᠠᠭᠰᠠᠷᠠᠭᠠᠨ᠂ ᠦᠶᠠᠷ ᠤᠰᠤᠳᠤᠯ᠂ ᠲᠤᠥᠷ᠎ᠠ ᠠᠭᠠᠷ ᠤᠨ ᠲᠤᠯᠠᠭᠠᠨ᠂ ᠬᠢᠷᠠᠭᠤ ᠤᠨᠠᠬᠤ ᠵᠡᠷᠭᠡ ᠭᠠᠢ ᠭᠠᠮᠰᠢᠭ ᠲᠠᠢ  ᠠᠭᠤᠷ ᠠᠮᠢᠰᠬᠤᠯ ᠢ ᠬᠢᠨᠠᠨ ᠬᠡᠮᠵᠢᠵᠤ᠂ ᠤᠰᠤ᠂ ᠴᠠᠬᠢᠯᠭᠠᠨ᠂ ᠬᠦᠮᠤᠨ ᠤ ᠬᠦᠴᠤ᠂ ᠪᠤᠷᠳᠤᠭᠤᠷ᠂ ᠡᠮ ᠵᠡᠷᠭᠡ ᠶᠢ  ᠠᠷᠪᠢᠯᠠᠬᠤ ᠶᠢ ᠪᠡᠶᠡᠯᠡᠬᠦᠯᠵᠤ᠂ ᠪᠠᠰᠠ ᠬᠤᠷᠤᠬᠠᠢ ᠰᠢᠪᠠᠵᠢ ᠶᠢᠨ ᠬᠦᠨᠤᠭᠡᠯ ᠡᠬᠦᠰᠬᠦ ᠶᠢ ᠪᠠᠭᠠᠰᠬᠠᠭᠰᠠᠨ ᠪᠠᠶᠢᠨ᠎ᠠ᠃  ᠤᠳᠤᠬᠠᠨ ᠪᠤᠯᠳᠠᠯ᠎ᠠ᠂ ᠪᠦᠬᠦ ᠬᠤᠰᠢᠭᠤᠨ ᠳᠤ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠤᠭᠡᠨ  ᠪᠠᠶᠢᠭᠤᠯᠤᠯᠳᠠ ᠶᠢᠨ 233 ᠲᠦᠷᠤᠯ ᠵᠦᠢᠯ ᠢ ᠲᠠᠭᠤᠰᠬᠠᠵᠤ᠂ 209.89 ᠲᠦᠮᠡᠨ  ᠮᠤ᠋ ᠲᠠᠯᠠᠪᠠᠢ᠂ ᠲᠠᠷᠢᠶᠠᠨ  ᠭᠠᠵᠠᠷ ᠤᠨ ᠶᠠᠷᠤᠩᠬᠡᠢ ᠲᠠᠯᠠᠪᠠᠢ ᠶᠢᠨ 30.6% ᠶᠢ ᠡᠵᠡᠯᠡᠪᠠ᠃        2022 ᠤᠨ ᠳᠤ᠂ ᠵᠠᠯᠠᠶᠢᠳ ᠬᠤᠰᠢᠭᠤᠨ ᠤ ᠠᠮᠤ ᠪᠤᠳᠠᠭᠠᠨ ᠤ ᠶᠠᠷᠤᠩᠬᠡᠢ ᠤᠨᠠᠯᠳᠠ ᠲᠡᠥᠬᠡᠨ ᠰᠢᠨ᠎ᠠ  ᠲᠡᠮᠳᠡᠭᠯᠡᠯ ᠢ ᠡᠬᠦᠳᠴᠤ᠂ 47 ᠳ᠋ᠦᠩᠰᠢᠭᠤᠷ ᠵᠢᠩ ᠢ ᠲᠠᠪᠠᠪᠠ᠂ ᠵᠠᠯᠠᠶᠢᠳ ᠬᠤᠰᠢᠭᠤᠨ ᠤ ᠬᠠᠷ᠎ᠠ ᠬᠦᠷᠤᠰᠤᠳᠤ  ᠭᠠᠵᠠᠷ ᠤᠨ ᠬᠠᠮᠠᠭᠠᠯᠠᠯᠳᠠ ᠶᠢᠨ ᠴᠢᠨᠠᠷᠳᠠᠢ ᠲᠠᠷᠢᠶᠠᠯᠠᠬᠤ ᠶᠢ ᠬᠦᠴᠤᠳᠠᠢ ᠠᠬᠢᠭᠤᠯᠤᠭᠰᠠᠨ ᠠᠴᠠ ᠦᠨᠳᠤᠷ  ᠪᠠᠷᠢᠮᠵᠢᠶᠠᠳᠤ ᠲᠠᠷᠢᠶᠠᠨ ᠭᠠᠵᠠᠷ ᠤᠨ ᠪᠦᠳᠤᠭᠡᠨ ᠪᠠᠶᠢᠭᠤᠯᠤᠯᠳᠠ ᠶᠢᠨ ᠦᠢᠯᠡᠰ ᠦᠷᠨᠢᠬᠦᠨ ᠬᠦᠭᠵᠢᠭᠰᠡᠨ ᠪᠠᠶᠢᠨ᠎ᠠ᠃                           ︵ ᠴᠤᠯᠮᠤᠨ    ᠸᠧᠨ ᠰᠢᠩ︶      
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号