ᠪᠥᠬᠦ ᠤᠯᠤᠰ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠰᠣᠯᠢᠯᠴᠠᠭᠠᠨ ᠤ ᠬᠤᠷᠠᠯ ᠮᠠᠨ ᠤ ᠠᠶᠢᠮᠠᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2023/8/8
   8 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠪᠥᠬᠦ ᠤᠯᠤᠰ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠰᠣᠯᠢᠯᠴᠠᠭᠠᠨ ᠤ ᠬᠤᠷᠠᠯ ᠮᠠᠨ ᠤ ᠠᠶᠢᠮᠠᠭ ᠲᠤ ᠬᠤᠷᠠᠯᠳᠤᠪᠠ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠬᠤᠷᠰᠢᠭᠰᠠᠨ ᠠᠵᠤ ᠠᠬᠤᠶ ᠶᠢᠨ ᠵᠢᠯᠣᠭᠤᠳᠬᠤ ᠵᠤᠷᠭᠠᠨ ᠤ ᠳᠡᠳ᠋ ᠳᠠᠷᠤᠭ᠎ᠠ ᠵᠥᠩ ᠯᠦᠸᠧ ᠴᠢᠩ ᠵᠢᠴᠢ ᠬᠢᠩᠭᠠᠨ ᠠᠶᠢᠮᠠᠭ ᠤᠨ ᠬᠠᠮᠢᠶ᠎ᠠ ᠪᠥᠬᠦᠶ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠠᠶ᠃    ᠰᠣᠯᠢᠯᠴᠠᠭᠠᠨ ᠤ ᠬᠤᠷᠠᠯ ᠳᠡᠭᠡᠷ᠎ᠡ᠂ ᠪᠡᠭᠡᠵᠢᠩ᠂ ᠱᠠᠩᠬᠠᠶ᠂ ᠭᠢᠷᠢᠨ᠂ ᠯᠢᠶᠣᠤᠨᠢᠩ᠂ ᠱᠠᠨ ᠰᠢ᠂ ᠬᠠᠷᠠᠮᠥ᠋ᠷᠡᠨ᠂ ᠥᠪᠥᠷ ᠮᠣᠩᠭᠤᠯ ᠵᠡᠷᠭᠡ ᠮᠤᠵᠢ ᠬᠤᠲᠠ ᠥᠪᠡᠷᠲᠡᠭᠡᠨ ᠵᠠᠰᠠᠬᠤ ᠣᠷᠣᠨ ᠵᠢᠴᠢ 12 ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠰᠢᠶᠠᠨ ︵ᠬᠤᠲᠠ᠂ ᠲᠣᠭᠤᠷᠢᠭ︶ ᠤ ᠬᠠᠮᠢᠶ᠎ᠠ ᠪᠥᠬᠦᠶ  ᠨᠢᠭᠡᠴᠢ ᠶᠢᠨ ᠬᠠᠷᠢᠭᠤᠴᠠᠯᠭᠠᠲᠠᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠭ᠎ᠠ ᠪᠠᠨ ᠬᠤᠪᠢᠶᠠᠯᠴᠠᠨ ᠡᠳ᠋ᠯᠡᠵᠦ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠭᠦᠨᠵᠡᠭᠡᠶ ᠦᠨᠡᠯᠡᠯᠲᠡ ᠬᠢᠵᠦ ᠰᠣᠯᠢᠯᠴᠠᠪᠠ᠃    ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠯᠠᠭᠠᠨᠬᠤᠲᠠ ᠶᠢᠨ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠰᠣᠯᠢᠯᠴᠠᠭᠠᠨ ᠤ ᠲᠥᠪ ᠲᠤ ᠬᠦᠷᠴᠦ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠭᠤᠣ ᠶᠢᠨ ᠠᠶᠢᠯ ᠭᠠᠴᠠᠭ᠎ᠠ᠂ ᠰᠠᠨ ᠾᠧ ᠲᠣᠰᠬᠤᠨ᠂  ᠢᠯᠡᠯᠳᠡ ᠪᠠᠯᠭᠠᠰᠤᠨ ᠤ ᠢᠯᠡᠯᠳᠡ ᠭᠠᠴᠠᠭ᠎ᠠ ᠵᠡᠷᠭᠡ ᠭᠠᠵᠠᠷ᠂ ᠲᠤᠬᠠᠶ ᠶᠢᠨ ᠲᠠᠯᠠᠪᠤᠷ ᠲᠤ ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠤᠶᠠᠷ  ᠵᠦᠢᠯ ᠤᠨ ᠲᠤᠷᠰᠢᠯᠲᠠ ᠶᠢᠨ ᠠᠵᠢᠯ᠂ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠠᠷᠢᠶᠠᠴᠢᠨ ᠡᠷᠦᠬᠡ ᠶᠢᠨ ᠬᠢᠷᠢ ᠬᠡᠮ ᠤᠨ ᠡᠷᠬᠡ ᠶᠢᠨ ᠪᠠᠲᠤᠯᠠᠭ᠎ᠠ᠂ ᠲᠥᠯᠥᠪᠦᠷᠢ ᠲᠠᠢ ᠪᠠᠷ ᠬᠡᠷᠡᠭᠯᠡᠬᠦ ᠪᠠ ᠬᠡᠷᠡᠭᠯᠡᠬᠦ ᠡᠷᠬᠡ ᠶᠢ ᠡᠷᠭᠢᠯᠲᠡ ᠳᠤ ᠣᠷᠣᠭᠤᠯᠬᠤ ᠵᠡᠷᠭᠡ ᠲᠦᠷᠢᠮ ᠢ ᠥᠷᠨᠢᠭᠦᠯᠦᠭᠰᠡᠨ ᠪᠠᠶᠢᠳᠠᠯ ᠢ ᠲᠣᠭᠤᠷᠢᠨ ᠦᠵᠡᠵᠦ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠪᠣᠯᠤᠭᠰᠠᠨ ᠤ ᠬᠤᠪᠢ ᠳᠤ ᠣᠯᠤᠭᠰᠠᠨ ᠱᠠᠲᠤ ᠦᠶ᠎ᠡ ᠶᠢᠨ ᠴᠢᠨᠠᠷᠲᠠᠶ ᠠᠵᠢᠯ ᠤᠨ ᠦᠷ᠎ᠡ ᠪᠦᠲᠦᠮᠵᠢ ᠪᠠ ᠲᠡᠷᠢᠭᠦᠨ ᠤ ᠲᠤᠷᠰᠢᠯᠭ᠎ᠠ ᠶᠢᠨ ᠲᠤᠬᠠᠶ ᠶᠢᠨ ᠲᠠᠯᠠᠪᠤᠷ ᠲᠤ ᠴᠢᠭᠯᠡᠭᠦᠯᠦᠨ ᠰᠣᠯᠢᠯᠴᠠᠵᠤ ᠰᠤᠳᠤᠯᠤᠨ ᠶᠠᠷᠢᠯᠴᠠᠨ᠎ᠠ᠃    ᠣᠶᠢᠯᠠᠭᠠᠭᠰᠠᠨ ᠢᠶᠠᠷ᠂ 2020 ᠣᠨ ᠤ 9 ᠰᠠᠷ᠎ᠠ ᠳᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠮᠡᠳᠡᠭᠦᠯᠦᠯᠲᠡ ᠪᠠᠷ᠂ ᠤᠯᠠᠭᠠᠨᠬᠤᠲᠠ ᠶᠢ ᠪᠥᠬᠦ ᠤᠯᠤᠰ ᠤᠨ ᠬᠤᠶᠠᠳᠤᠭᠠᠷ ᠪᠦᠯᠦᠭ ᠤᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ  ᠴᠡᠭ ᠤᠨ ᠭᠠᠵᠠᠷ ᠣᠷᠣᠨ ᠢᠶᠠᠷ ᠲᠣᠭᠲᠠᠭᠠᠵᠤ᠂ ᠪᠥᠬᠦ ᠣᠷᠣᠨ ᠤ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠭᠤᠷᠪᠠᠨ ᠬᠤᠰᠢᠭᠤ ᠰᠢᠶᠠᠨ ᠤ ᠨᠢᠭᠡ ᠪᠣᠯᠭᠠᠵᠤ᠂ ᠤᠷᠢᠳ ᠬᠤᠵᠢᠳ ᠬᠥᠳᠡᠭᠡ ᠲᠣᠰᠬᠤᠨ ᠤ ᠥᠮᠴᠢᠯᠡᠬᠦ ᠡᠷᠬᠡ ᠶᠢᠨ ᠰᠣᠯᠢᠯᠴᠠᠭᠠᠨ ᠤ ᠲᠥᠪ ᠢ ᠪᠠᠶᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳ᠋ᠠᠶᠢᠲ᠋ᠠ ᠬᠥᠮᠥᠷᠭᠡ ᠪᠠ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠲᠦᠷᠢᠮ ᠤᠨ ᠴᠢᠨᠠᠷᠲᠠᠶ ᠠᠵᠢᠯ ᠤᠨ 33 ᠦᠷ᠎ᠡ ᠪᠦᠲᠦᠭᠡᠯ ᠢ ᠰᠦᠪᠡᠭᠴᠢᠯᠡᠨ ᠪᠣᠶ ᠪᠣᠯᠭᠠᠪᠠ᠃ ᠡᠭᠦᠨ ᠤ ᠬᠠᠮᠲᠤ᠂ ᠤᠯᠠᠭᠠᠨᠬᠤᠲᠠ ᠡᠩ ᠲᠡᠷᠢᠭᠦᠨ ᠳᠤ ᠪᠥᠬᠦ ᠣᠷᠣᠨ ᠤ ᠠᠩᠬᠠᠳᠠᠭᠴᠢ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠬᠢᠷᠢ ᠬᠡᠮ ᠤᠨ ᠡᠷᠬᠡ ᠶᠢᠨ ᠦᠨᠡᠮᠯᠡᠯ᠂ ᠬᠥᠳᠡᠭᠡ ᠲᠣᠰᠬᠤᠨ ᠤ ᠬᠡᠷ ᠪᠠᠶᠢᠰᠢᠩ ︵ᠣᠷᠣᠨ ᠰᠠᠭᠤᠴᠠ ᠶᠢᠨ ᠭᠠᠵᠠᠷ︶ ᠤᠨ ᠬᠡᠷᠡᠭᠯᠡᠬᠦ ᠡᠷᠬᠡ ᠶᠢᠨ ᠡᠷᠭᠢᠯᠲᠡ ᠶᠢᠨ ᠠᠷᠠᠯᠵᠢᠶᠠᠨ ᠤ ᠬᠢᠨᠠᠨ ᠲᠣᠭᠲᠠᠭᠠᠯᠲᠠ ᠶᠢᠨ ᠦᠨᠡᠮᠯᠡᠯ ᠪᠠ ᠬᠥᠳᠡᠭᠡ ᠲᠣᠰᠬᠤᠨ ᠤ ᠥᠮᠴᠢᠯᠡᠯ ᠤᠨ ᠡᠷᠬᠡ ᠶᠢᠨ ᠪᠤᠰᠤᠳ ᠵᠦᠶ᠋ᠯ ᠤᠨ ᠡᠷᠬᠡ ᠶᠢᠨ ᠦᠨᠡᠮᠯᠡᠯ ᠢ ᠣᠯᠭᠤᠪᠠ᠃ ᠡᠯ᠎ᠡ ᠵᠦᠢᠯ ᠤᠨ ᠲᠤᠷᠰᠢᠯᠲᠠ ᠶᠢᠨ ᠠᠵᠢᠯ ᠢᠳᠡᠪᠬᠢᠲᠡᠶ ᠠᠬᠢᠴᠠ ᠲᠠᠢ ᠪᠤᠯᠵᠤ᠂ ᠬᠥᠳᠡᠭᠡ ᠲᠣᠰᠬᠤᠨ  ᠤᠨ ᠣᠷᠣᠨ ᠰᠠᠭᠤᠴᠠ ᠶᠢᠨ ᠭᠠᠵᠠᠷ  ᠢ ︽ᠡᠮᠬᠢ ᠵᠠᠮᠪᠠᠷᠠᠭ᠎ᠠ ᠥᠭᠡᠢ︾ ᠪᠠᠶᠢᠭᠰᠠᠨ ᠠᠴᠠ ᠨᠢ ︽ᠵᠢᠷᠤᠮᠵᠢᠭᠤᠯᠬᠤ︾᠂ ︽ᠰᠤᠯᠠ ᠪᠠᠶᠢᠯᠭᠠᠬᠤ︾ ᠠᠴᠠ ᠨᠢ ︽ᠠᠮᠢᠳᠤᠯᠢᠭ ᠪᠣᠯᠭᠠᠬᠤ︾ ᠲᠡᠰᠢ ᠬᠤᠪᠢᠷᠠᠭᠤᠯᠬᠤ ᠶᠢ ᠪᠡᠶᠡᠯᠡᠭᠦᠯᠵᠦ᠂ ᠪᠥᠬᠦ ᠣᠷᠣᠨ᠂ ᠪᠥᠬᠦ ᠠᠶᠢᠮᠠᠭ  ᠤᠨ ᠬᠥᠳᠡᠭᠡ ᠲᠣᠰᠬᠤᠨ  ᠤ ᠣᠷᠣᠨ ᠰᠠᠭᠤᠴᠠ ᠶᠢᠨ ᠭᠠᠵᠠᠷ  ᠤᠨ ᠲᠥᠷᠢᠮ  ᠤᠨ ᠥᠭᠡᠷᠡᠴᠢᠯᠡᠯᠲᠡ  ᠳᠤ ᠲᠤᠷᠰᠢᠯᠭ᠎ᠠ ᠬᠠᠩᠭᠠᠪᠠ᠃    
 
ᠢᠷᠡᠯᠲᠡ᠄ ᠬᠢᠩᠭᠠᠨ ᠤ ᠡᠳᠦᠷ ᠦᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号