ᠪᠥᠬᠦ ᠠᠶᠢᠮᠠᠭ ᠤᠨ ︽832 ᠲᠠᠪᠴᠠᠩ︾ ᠤᠨ ᠪᠣᠷᠣᠯᠠᠭᠤᠯᠤᠯᠲᠠ ᠶᠢᠨ ᠬᠡᠮᠵᠢᠶ᠎ᠡ 3000 ᠲᠦᠮᠡᠨ ᠪᠣᠭᠤᠮᠲᠠ ᠶᠢ ᠳᠠᠪᠠᠪᠠ
ᠨᠡᠶᠢᠲᠡᠯᠡᠭᠰᠡᠨ ᠴᠠᠭ᠄
2023/8/8
     ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽832 ᠲᠠᠪᠴᠠᠩ︾ ᠤᠨ ᠡᠵᠡᠩᠨᠡᠯᠲᠡ ᠪᠠᠷ ᠪᠦᠲᠦᠮᠵᠢᠲᠡᠶ ᠭᠠᠷᠳᠠᠴᠠ ᠪᠣᠯᠭᠠᠵᠤ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ ᠳᠡᠭᠡᠭᠰᠢᠯᠡᠯᠲᠡ ᠶᠢ ᠠᠬᠢᠭᠤᠯᠪᠠ᠃ 2023 ᠣᠨ ᠤ ᠳᠡᠭᠡᠷ᠎ᠡ ᠬᠠᠭᠠᠰ ᠵᠢᠯ ᠳᠤ᠂ ᠬᠢᠩᠭᠠᠨ ᠠᠶᠢᠮᠠᠭ ᠤᠨ ︽832 ᠲᠠᠪᠴᠠᠩ︾ ᠨᠢ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ 3306.93 ᠲᠦᠮᠡᠨ ᠲᠥᠭᠦᠷᠢᠭ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 1262.41 ᠲᠦᠮᠡᠨ ᠲᠥᠭᠦᠷᠢᠭ ᠨᠡᠮᠡᠭᠳᠡᠨ᠂ 61.75% ᠪᠠᠷ ᠨᠡᠮᠡᠭᠳᠡᠵᠦ᠂ ᠰᠦᠯᠵᠢᠶᠡᠨ ᠳᠡᠭᠡᠷᠡᠬᠢ ᠬᠠᠩᠭᠠᠯᠭ᠎ᠠ ᠶᠢᠨ ᠬᠤᠳᠠᠯᠳᠤᠭᠠᠴᠢᠨ 70 ᠪᠣᠯᠵᠣ᠂ 1100 ᠭᠠᠷᠤᠶ ᠵᠦᠶ᠋ᠯ ᠤᠨ ᠲᠠᠩ ᠪᠠᠷᠠᠭ᠎ᠠ ᠶᠢ ᠳᠡᠯᠭᠡᠨ ᠦᠵᠡᠭᠦᠯᠪᠡ᠃    ᠤᠢᠢᠯᠠᠭᠠᠭᠰᠠᠠ ᠢᠶᠠᠷ᠂ ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠵᠣᠯᠭᠠᠭᠤᠯᠬᠤ ᠲᠠᠪᠴᠠᠩ ᠪᠠᠶᠢᠭᠤᠯᠬᠤ ᠠᠴᠠ ᠭᠠᠷᠳᠠᠵᠤ᠂ ︽832 ᠲᠠᠪᠴᠠᠩ︾ ᠤᠨ ᠬᠠᠩᠭᠠᠯᠭ᠎ᠠ ᠶᠢᠨ ᠬᠤᠳᠠᠯᠳᠤᠭᠠᠴᠢᠨ ᠪᠣᠯᠤᠨ ᠠᠶᠢᠮᠠᠭ ᠤᠨ ᠭᠠᠳᠠᠨᠠᠬᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠳᠤ ᠵᠣᠯᠭᠠᠭᠤᠯᠵᠤ ᠬᠠᠮᠲᠤᠷᠠᠯᠴᠠᠬᠤ ᠠᠵᠠ ᠲᠣᠬᠢᠶᠠᠯ ᠬᠠᠩᠭᠠᠵᠠᠢ᠃ ︽832 ᠲᠠᠪᠴᠠᠩ︾ ᠤᠨ ᠬᠠᠩᠭᠠᠯᠭ᠎ᠠ ᠶᠢᠨ ᠬᠤᠳᠠᠯᠳᠤᠭᠠᠴᠢᠨ ᠢ ᠵᠣᠬᠢᠶᠠᠨ ᠪᠠᠶᠢᠭᠤᠯᠵᠤ 2023 ᠣᠨ ᠤ ᠥᠪᠥᠷ ᠮᠣᠩᠭᠤᠯ ᠤᠨ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠤᠨ  ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ ᠵᠠᠬᠢᠶᠠᠯᠠᠭ᠎ᠠ ᠶᠢᠨ ᠬᠤᠷᠠᠯ ︵ᠱᠧᠨᠵᠧᠨ ᠥᠷᠲᠡᠭᠡ︶᠂ 2023 ᠳᠤᠮᠳᠠᠳᠤ ᠶᠢᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ ᠳᠤ ᠣᠷᠣᠯᠴᠠᠭᠤᠯᠵᠤ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠲᠤᠭ᠎ᠠ 1200 ᠭᠠᠷᠤᠶ ᠲᠦᠮᠡᠨ ᠲᠥᠭᠦᠷᠢᠭ ᠲᠤ ᠬᠥᠷᠪᠡ᠃    ᠬᠢᠩᠭᠠᠨ ᠠᠶᠢᠮᠠᠭ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠪᠥᠬᠦ ᠲᠠᠯ᠎ᠠ ᠪᠠᠷ ᠲᠠᠨᠢᠯᠴᠠᠭᠤᠯᠵᠤ᠂ ᠪᠦᠬᠦᠯᠢ ᠴᠣᠭᠴᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠠᠶᠢᠮᠠᠭ ᠤᠨ ᠳᠣᠲᠣᠷᠠᠬᠢ 89 ᠶᠠᠳᠠᠭᠤ ᠬᠦᠴᠢᠷᠳᠡᠯᠲᠡᠶ ᠠᠵᠤ ᠠᠬᠤᠶᠢᠯᠠᠯ ᠢ ᠬᠢᠨᠠᠨ ᠰᠣᠩᠭᠤᠵᠤ᠂ 900 ᠭᠠᠷᠤᠶ ᠲᠥᠷᠥᠯ ᠤᠨ ᠪᠦᠲᠦᠭᠡᠭᠳᠡᠬᠦᠨ ᠢᠶᠠᠷ ︽832 ᠲᠠᠪᠴᠠᠩ︾ ᠤᠨ ᠬᠢᠩᠭᠠᠨ ᠠᠶᠢᠮᠠᠭ ᠤᠨ ᠨᠡᠷᠡᠰ ᠤᠨ ᠭᠤᠷᠪᠠᠳᠤᠭᠠᠷ ᠬᠡᠪᠯᠡᠯ ᠤᠨ ᠪᠦᠲᠦᠭᠡᠭᠳᠡᠬᠦᠨ ᠤ ᠵᠢᠷᠤᠭᠲᠤ ᠳᠡᠪᠲᠡᠷ ᠢ ᠨᠠᠶᠢᠷᠠᠭᠤᠯᠤᠨ ᠬᠡᠪᠯᠡᠭᠦᠯᠵᠦ᠂ ᠲᠤᠬᠠᠶ ᠶᠢᠨ ᠭᠠᠵᠠᠷ ᠤᠨ ᠨᠠᠷᠠᠲᠤ ᠰᠢᠯᠢᠳᠡᠭ ᠣᠨᠴᠠ ᠭᠠᠷᠤᠯᠲᠠ ᠶᠢ ᠳᠡᠯᠭᠡᠨ ᠦᠵᠡᠭᠦᠯᠬᠦ ᠠᠯᠲᠠᠨ ᠦᠰᠦᠭᠲᠦ ᠫᠠᠶᠢᠰᠠ ᠪᠣᠯᠬᠤ ᠪᠠᠷ ᠪᠠᠷᠠᠬᠤ ᠥᠬᠡᠶ ᠪᠠᠰᠠ ᠡᠯ᠎ᠡ ᠲᠥᠷᠥᠯ ᠤᠨ ᠭᠤᠤᠯ ᠴᠣᠭᠴᠠ ᠲᠠᠢ ᠰᠣᠯᠢᠯᠴᠠᠭ᠎ᠠ ᠬᠠᠮᠲᠤᠷᠠᠯᠴᠠᠭ᠎ᠠ ᠶᠢᠨ ᠬᠥᠭᠦᠷᠭᠡ ᠬᠤᠯᠪᠣᠭᠠᠰᠤ ᠪᠣᠯᠤᠭᠰᠠᠨ ᠪᠠᠶᠢᠨ᠎ᠠ᠃    ᠪᠥᠬᠦ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠢᠨ ᠬᠠᠩᠭᠠᠯᠭ᠎ᠠ ᠶᠢᠨ ᠬᠤᠳᠠᠯᠳᠤᠭᠠᠴᠢᠨ ᠤ ᠣᠷᠣᠵᠤ ᠰᠠᠭᠤᠬᠤ ᠶᠢ ᠬᠢᠨᠠᠨ ᠬᠠᠷᠭᠤᠭᠤᠯᠬᠤ ᠴᠤᠪᠤᠷᠠᠯ ᠤᠨ ᠲᠣᠬᠢᠷᠠᠭᠤᠯᠤᠯᠲᠠ ᠶᠢ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠥᠬᠦ ᠰᠢᠰᠲ᠋ᠧᠮ ᠤᠨ ︽832 ᠲᠠᠪᠴᠠᠩ︾ ᠤᠨ ᠠᠵᠢᠯᠲᠠᠳ ᠲᠠᠪᠴᠠᠩ ᠢ ᠬᠢᠨᠠᠨ ᠬᠠᠷᠭᠤᠭᠤᠯᠬᠤ ᠲᠣᠭᠲᠠᠴᠠ᠂ ᠣᠷᠣᠵᠤ ᠰᠠᠭᠤᠬᠤ ᠴᠤᠪᠤᠷᠠᠯ ᠵᠡᠷᠭᠡ ᠬᠠᠮᠤᠭ ᠤᠨ ᠰᠢᠨ᠎ᠡ ᠱᠠᠭᠠᠷᠳᠠᠯᠭ᠎ᠠ ᠶᠢ ᠶᠠᠳᠠᠭᠤ ᠬᠦᠴᠢᠷᠳᠡᠯᠲᠡᠶ ᠠᠵᠤ ᠠᠬᠤᠶᠢᠯᠠᠯ ᠳᠤ ᠴᠠᠭ ᠲᠤᠬᠠᠶ ᠳᠤᠨᠢ ᠤᠯᠠᠮᠵᠢᠯᠠᠨ ᠥᠭᠬᠦ ᠪᠣᠯᠤᠨ᠎ᠠ᠃ ᠡᠭᠦᠨ ᠤ ᠬᠠᠮᠲᠤ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠤ ᠣᠷᠣᠵᠤ ᠰᠠᠭᠤᠬᠤ ᠠᠬᠢᠴᠠ ᠶᠢ ᠲᠦᠷᠭᠡᠳᠬᠡᠨ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠨᠢᠭᠡᠴᠡ ᠶᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠨᠡᠪᠲᠡᠷᠡᠯᠴᠡᠵᠦ ᠂ ᠬᠠᠩᠭᠠᠯᠭ᠎ᠠ ᠶᠢᠨ ᠬᠤᠳᠠᠯᠳᠤᠭᠠᠴᠢᠨ ᠢ ᠬᠠᠪᠰᠤᠷᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠨᠢ ᠥᠷᠭᠡᠳᠬᠡᠨ᠎ᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号