ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠪᠣᠯᠪᠠᠰᠤᠷᠠᠭᠤᠯᠤᠯ ᠰᠣᠯᠢᠯᠴᠠᠭᠠᠨ ᠤ ᠠᠵᠢᠯᠯᠠᠭ᠎ᠠ ᠮᠠᠨ ᠤ ᠠᠶᠢᠮᠠᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/8/8
   8 ᠳ᠋ᠤᠭᠠᠷ ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠪᠥᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠪᠣᠯᠪᠠᠰᠤᠷᠠᠭᠤᠯᠤᠯ ᠰᠣᠯᠢᠯᠴᠠᠭᠠᠨ ᠤ ᠠᠵᠢᠯᠯᠠᠭ᠎ᠠ ᠬᠢᠩᠭᠠᠨ ᠠᠶᠢᠮᠠᠭ ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠷᠦᠩ ᠴᠠᠩ ᠫᠢᠩ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠳᠡᠳ᠋ ᠳᠠᠷᠤᠭ᠎ᠠ ᠾᠧ ᠸᠧᠶ ᠯᠢ ᠠᠵᠢᠯᠯᠠᠭ᠎ᠠ ᠳᠤ ᠣᠷᠣᠯᠴᠠᠨ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠢᠴᠢ ᠪᠥᠬᠦ ᠣᠷᠣᠨ ᠤ ᠣᠯᠠᠨ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠ ᠲᠤᠰᠬᠠᠶ ᠮᠡᠷᠭᠡᠵᠢᠯᠲᠡᠨ ᠤ ᠲᠥᠯᠥᠭᠡᠯᠡᠭᠴᠢ 200 ᠰᠢᠬᠠᠮ ᠬᠥᠮᠦᠨ ᠣᠷᠣᠯᠴᠠᠵᠠᠶ᠃    ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠵᠢᠶᠠᠨ ᠬᠤᠸᠠ ︽ᠳᠤᠮᠳᠠᠳᠤ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠤᠯᠪᠣᠭ᠎ᠠ ᠶᠢ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠠ᠃ ᠬᠢᠩᠭᠠᠨ ᠠᠶᠢᠮᠠᠭ᠂ ᠤᠯᠠᠭᠠᠨᠬᠠᠳᠠ ᠬᠤᠳᠠ ᠶᠢᠨ ᠯᠢᠨᠰᠢ ᠰᠢᠶᠠᠨ ᠵᠡᠷᠭᠡ ᠠᠶᠢᠮᠠᠭ ᠬᠤᠳᠠ ᠶᠢᠨ ᠲᠥᠯᠥᠭᠡᠯᠡᠭᠴᠢ᠂ ᠪᠠᠭᠰᠢ ᠰᠤᠷᠤᠭᠴᠢᠳ ᠤᠨ ᠲᠥᠯᠥᠭᠡᠯᠡᠭᠴᠢ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠤᠭᠰᠠᠨ ᠲᠤᠷᠰᠢᠯᠭ᠎ᠠ ᠬᠢᠳᠡᠯ ᠪᠣᠯᠤᠨ ᠰᠤᠷᠭᠠᠭᠤᠯᠢ ᠳᠤ ᠰᠠᠭᠤᠭᠰᠠᠨ ᠲᠦᠷᠦᠭᠳᠡᠯ ᠢᠶᠠᠨ ᠬᠤᠪᠢᠶᠠᠯᠴᠠᠪᠠ᠃ ᠬᠤᠷᠠᠯ ᠳᠤ ᠣᠷᠣᠯᠴᠠᠭᠰᠠᠳ ᠪᠠᠰᠠ  ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠰᠤᠷᠤᠭᠴᠢᠳ ᠲᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠳᠤ ᠬᠦᠴᠦ ᠨᠡᠮᠡᠷᠢᠯᠡᠵᠦ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠥᠪᠡᠷ ᠤᠨ ᠦᠵᠡᠯᠲᠡ ᠪᠠᠨ ᠲᠣᠳᠣᠷᠬᠠᠶᠢᠯᠠᠨ ᠥᠭᠦᠯᠡᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠨᠢᠨ ᠤ  ᠦᠢᠯᠡᠰ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ᠂ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠣᠯᠤᠨ ᠤᠯᠠᠭᠠᠨᠬᠤᠲᠠ ᠶᠢᠨ ᠬᠢᠲᠠᠳ ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠳᠤ ᠭᠦᠨᠵᠡᠭᠡᠶᠢᠷᠡᠵᠦ᠂ ᠮᠠᠨ ᠤ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠣᠯᠤᠭᠰᠠᠨ ᠦᠷ᠎ᠡ ᠪᠦᠲᠦᠭᠡᠯ ᠢ ᠲᠤᠬᠠᠶ ᠶᠢᠨ ᠲᠠᠯᠠᠪᠤᠷ ᠲᠤ ᠲᠣᠭᠤᠷᠢᠨ ᠦᠵᠡᠪᠡ᠃ ᠣᠳᠣᠬᠠᠨ ᠪᠣᠯᠲᠠᠯ᠎ᠠ᠂ ᠬᠢᠩᠭᠠᠨ ᠠᠶᠢᠮᠠᠭ ᠤᠨ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠨᠡᠶᠢᠳᠡ 9 ᠪᠠᠶᠢᠭᠤᠯᠵᠤ᠂ ᠤᠳᠤ ᠶᠠᠭ 11 ᠶᠢ ᠪᠤᠶᠢᠵᠢᠭᠤᠯᠤᠨ ᠪᠦᠳᠦᠭᠡᠨ ᠪᠠᠶᠢᠭᠤᠯᠵᠤ ᠪᠤᠢ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠲᠠᠷᠢᠶᠠᠯᠠᠩ ᠳᠤ ᠬᠤᠯᠪᠣᠭᠳᠠᠬᠤ ᠠᠰᠫᠢᠷᠠᠨᠲ ᠬᠥᠮᠦᠵᠢᠭᠦᠯᠬᠦ ᠨᠢᠭᠡᠴᠡ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠨᠠᠩ ᠣᠯᠠᠨ ᠳᠡᠭᠡᠳᠦ ᠰᠤᠷᠭᠠᠭᠤᠯᠢ ᠳᠤ ᠬᠢᠩᠭᠠᠨ ᠠᠶᠢᠮᠠᠭ ᠢ ᠰᠤᠳᠤᠯᠤᠨ ᠰᠣᠷᠣᠭᠴᠢ ᠶᠢᠨ ᠲᠤᠷᠰᠢᠯᠲᠠ ᠶᠢᠨ ᠪᠣᠳᠠᠲᠠᠶ ᠪᠣᠯᠪᠠᠰᠤᠷᠠᠭᠤᠯᠤᠯ ᠤᠨ ᠵᠣᠷᠢᠭᠰᠠᠨ ᠭᠠᠵᠠᠷ ᠪᠣᠯᠭᠠᠬᠤ ᠪᠠᠷ ᠴᠢᠷᠮᠠᠶᠢᠵᠤ᠂ ᠨᠠᠩ ᠣᠯᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠠᠵᠢᠯᠯᠠᠭᠠᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠢ ᠦᠨᠡᠨ ᠬᠦ  ᠰᠢᠢᠳᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ  ᠦᠢᠯᠡᠰ ᠤᠨ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠲᠤᠷ  ᠦᠢᠯᠡᠴᠢᠯᠡᠭᠦᠯᠦᠨ᠎ᠡ ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号