ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ  ᠤᠨ ᠲᠧᠯᠸᠢᠰ  ᠤᠳᠠᠰᠤᠳᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/8
   8 ᠳ᠋ᠤᠭᠠᠷ ᠰᠠᠷ᠎ᠠ ᠶᠢᠨ 3 ᠤ ᠡᠳᠦᠷ᠂ ᠪᠥᠬᠦ ᠠᠶᠢᠮᠠᠭ ᠤᠨ  ᠠᠶᠤᠯᠭᠦᠶ ᠦᠢᠯᠡᠳᠪᠦᠷᠢᠯᠡᠯ  ᠤᠨ ᠲᠧᠯᠸᠢᠰ  ᠤᠳᠠᠰᠤᠳᠤ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠶᠠᠭ ᠰᠠᠶ᠋ᠢᠬᠠᠨ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ᠂ ᠦᠢᠯᠡᠳᠪᠦᠷᠢᠯᠡᠯ ᠤᠨ ᠣᠷᠭᠢᠯ ᠤᠨ ᠬᠤᠭᠤᠴᠠᠭ᠎ᠠ ᠪᠠ ᠵᠢᠭᠤᠯᠴᠢᠯᠠᠯ ᠤᠨ ᠰᠢᠵᠢᠷ ᠠᠯᠲᠠᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ  ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ  ᠲᠤᠭᠤᠰᠢᠯᠠᠭᠤᠯᠵᠦ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ  ᠤᠳᠠᠰᠤᠳᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠪᠠ᠃    ᠬᠤᠷᠠᠯ ᠠᠴᠠ  ᠴᠢᠩᠭᠠᠳᠬᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠡᠮ ᠰᠣᠭᠤᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠴᠡᠭᠴᠡᠯᠡᠵᠦ᠂ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠭᠡᠮ ᠰᠣᠭᠤᠭ ᠢ ᠦᠨᠳᠦᠰᠦᠨ ᠠᠴᠠ ᠨᠢ ᠠᠷᠢᠯᠭᠠᠵᠤ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃  ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠵᠠᠷᠤᠳᠠᠯ ᠤᠨ ᠪᠠᠲᠤᠯᠠᠭ᠎ᠠ᠂ ᠡᠳ᠋ ᠪᠣᠳᠠᠰ ᠤᠨ ᠪᠠᠲᠤᠯᠠᠭ᠎ᠠ ᠪᠠ ᠠᠵᠢᠯᠲᠠᠨ ᠤ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠤ᠂ ᠬᠥᠮᠦᠨ ᠪᠠ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号