ᠵᠥᠷᠢᠶ᠎ᠡ ᠪᠠᠨ ᠡᠷᠢᠵᠦ ᠰᠢᠰᠲ᠋ᠧᠮ ᠪᠠᠶᠢᠭᠤᠯᠤᠨ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠡᠢ | | 2022 ᠣᠨ ᠠᠴᠠ ᠡᠬᠢᠯᠡᠨ᠂ ᠷᠠᠰᠢᠶᠠᠨ ᠬᠤᠲᠠ ᠤᠯᠤᠰ ᠤᠨ ᠲᠠᠰ ᠤᠨ ᠵᠤᠭᠠᠴᠠᠯ ᠤᠨ ᠠᠮᠠᠷᠠᠯᠲᠠ ᠶᠢᠨ | ᠣᠷᠣᠨ ᠢ ᠡᠭᠦᠳᠦᠨ ᠪᠠᠶᠢᠭᠤᠯᠬᠤ ᠶᠢ ︽ᠲᠡᠷᠢᠭᠦᠨ ᠢᠨᠵᠧᠨᠧᠷᠢᠩ︾ ᠪᠠ ᠥᠪᠥᠷ ᠮᠣᠩᠭᠤᠯ ᠤᠨ ᠰᠣᠶᠣᠯ | ᠵᠤᠭᠠᠴᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠤᠯᠤᠰ ᠤᠨ | ᠳᠣᠲᠣᠭᠠᠳᠤ ᠳᠤ ᠲᠡᠷᠢᠭᠦᠨ ᠤ ᠬᠢ᠂ ᠳᠡᠯᠡᠬᠡᠶ ᠳᠤ ᠨᠠᠷ᠎ᠡ ᠠᠯᠳᠠᠷᠰᠢᠬᠰᠠᠨ︾ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠣᠨ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠪᠠ᠃ ︽ᠡᠭᠦᠳᠦᠨ ᠪᠠᠶᠢᠭᠤᠯᠬᠤ ᠠᠯᠪᠠᠨ ᠬᠡᠷ ᠨᠢ ᠡᠳᠦᠷ ᠪᠦᠷᠢ | ᠰᠦᠯᠵᠢᠶᠡᠨ ᠳᠡᠭᠡᠷ᠎ᠡ ᠲᠣᠬᠢᠷᠠᠭᠤᠯᠤᠯᠲᠠ ᠬᠢᠬᠦ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠨᠢ ᠭᠠᠷᠠᠭ | ᠪᠦᠷᠢ ᠶᠢᠨ ᠬᠤᠷᠠᠯ ᠢᠶᠠᠷ ᠲᠣᠬᠢᠷᠠᠭᠤᠯᠤᠯᠲᠠ ᠬᠢᠬᠦ᠂ ᠭᠤᠣᠯ ᠤᠳᠤᠷᠢᠳᠤᠯᠭ᠎ᠠ ᠨᠢ ᠬᠠᠭᠠᠰ ᠰᠠᠷ᠎ᠠ ᠪᠦᠷᠢ ᠶᠢᠨ | ᠬᠤᠷᠠᠯ ᠢᠶᠠᠷ ᠲᠣᠬᠢᠷᠠᠭᠤᠯᠤᠯᠲᠠ ᠬᠢᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ | ᠤᠶᠠᠯᠳᠤᠭᠤᠯᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠢᠶᠠᠷ | ᠠᠬᠢᠭᠤᠯᠪᠡ᠃ ᠤᠯᠤᠰ ᠤᠨ ᠪᠠᠷᠢᠮᠵᠢᠶ᠎ᠠ ᠳᠤ ᠰᠠᠭᠤᠷᠢᠯᠠᠨ᠂ ᠡᠭᠦᠳᠦᠨ ᠪᠠᠶᠢᠭᠤᠯᠬᠤ ᠭᠤᠣᠯᠳᠠᠯᠭ᠎ᠠ ᠶᠢ ᠲᠣᠭᠲᠠᠭᠠᠪᠡ᠃ | ᠲᠣᠰ ᠪᠡᠶ᠎ᠡ ᠶᠢᠨ ᠨᠥᠬᠦᠴᠡᠯ ᠳᠡᠭᠡᠨ ᠰᠠᠭᠤᠷᠢᠯᠠᠨ᠂ ᠬᠥᠭᠵᠢᠯᠲᠡ ᠶᠢᠨ ᠵᠥᠷᠢᠶ᠎ᠡ ᠪᠠᠨ ᠲᠣᠳᠣᠷᠬᠠᠶᠢᠯᠠᠵᠡᠢ᠃ ᠵᠠᠬ᠎ᠠ | ᠳᠡᠯᠭᠡᠭᠦᠷ ᠤᠨ ᠣᠳᠣᠬᠢ ᠪᠠᠶᠢᠳᠠᠯ ᠳᠤ ᠰᠠᠭᠤᠷᠢᠯᠠᠪᠡ᠃ ᠳᠣᠲᠣᠭᠠᠳᠤ ᠶᠢᠨ ᠨᠠᠷᠠᠲᠤ ᠬᠠᠪᠰᠤᠷᠤᠨ ᠵᠢᠯᠣᠭᠤᠳᠬᠤ | ᠪᠦᠯᠬᠦᠮ ᠵᠢᠴᠢ ᠲᠤᠰᠬᠠᠶ ᠮᠡᠷᠭᠡᠵᠢᠯᠲᠡᠨ ᠢ ᠤᠷᠢᠵᠤ ᠡᠭᠦᠳᠦᠨ ᠪᠠᠶᠢᠭᠤᠯᠬᠤ ᠵᠥᠪᠯᠡᠭᠴᠢ ᠪᠣᠯᠭᠠᠵᠤ᠂ ᠨᠠᠷᠢᠨ | ᠣᠨᠣᠴᠠᠲᠠᠶ ᠪᠠᠷ ᠰᠤᠳᠠᠯ ᠢ ᠪᠠᠷᠢᠵᠤ᠂ ᠪᠥᠬᠦ ᠶᠠᠪᠤᠴᠠ ᠳᠤ ᠵᠢᠯᠣᠭᠤᠳᠴᠠᠢ᠃ ᠡᠭᠦᠨ ᠤ ᠬᠠᠮᠲᠤ᠂ ᠪᠤᠰᠤᠳ ᠭᠠᠵᠠᠷ | ᠣᠷᠣᠨ ᠤ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠯᠠᠬᠤ ᠪᠠᠷ ᠳᠠᠮᠵᠢᠭᠤᠯᠤᠨ᠂ ᠲᠥᠷᠥᠯ ᠵᠣᠶᠢᠯᠡᠴᠢᠯᠡᠬᠦ᠂ | ᠨᠠᠷᠢᠨ ᠲᠠᠩᠰᠠᠵᠢᠭᠤᠯᠬᠤ ᠪᠠ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠬᠵᠢᠭᠤᠯᠪᠠ᠃ ᠡᠭᠦᠳᠦᠨ | ᠪᠠᠶᠢᠭᠤᠯᠤᠭᠰᠠᠨ ᠠᠴᠠ ᠨᠠᠰᠢ᠂ ᠨᠡᠶᠢᠲᠡ 9.94 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 62 | ᠭᠤᠣᠯᠳᠠᠯᠭ᠎ᠠ ᠲᠠᠢ ᠡᠭᠦᠳᠦᠨ ᠪᠠᠶᠢᠭᠤᠯᠬᠤ ᠲᠥᠷᠥᠯ ᠵᠣᠶᠢᠯ ᠢ ᠬᠡᠷᠡᠭᠵᠢᠭᠦᠯᠣᠭᠡᠳ᠂ 185 ᠵᠦᠢᠯ ᠤᠨ | ᠭᠤᠣᠯᠳᠠᠯᠭ᠎ᠠ ᠲᠠᠢ ᠵᠣᠶᠢᠯᠡᠰ ᠢ ᠪᠡᠶᠡᠯᠡᠭᠦᠯᠵᠡᠶ᠃ | ᠭᠤᠣᠯ ᠰᠡᠳᠦᠪ ᠲᠣᠭᠲᠠᠭᠠᠵᠤ ᠰᠠᠭᠤᠷᠢ ᠶᠢ ᠪᠠᠲᠤᠳᠬᠠᠵᠤ ᠡᠭᠦᠳᠦᠨ ᠪᠠᠶᠢᠭᠤᠯᠬᠤ ᠡᠯᠧᠮᠧᠨ᠋ᠲ ᠢ | ᠳᠡᠭᠡᠭᠰᠢᠯᠡᠭᠦᠯᠣᠨ ᠲᠡᠭᠦᠯᠳᠡᠷᠵᠢᠭᠦᠯᠵᠡᠢ | ᠷᠠᠰᠢᠶᠠᠨ ᠳᠤᠮᠳᠠᠴᠢ ᠪᠠᠷ ᠲᠡᠯᠡᠶ ᠶᠢᠨ ᠲᠦᠪᠰᠢᠨ ᠠᠴᠠ 1100 ᠮᠧᠲᠷ ᠡᠷᠭᠦᠭᠳᠡᠵᠦ᠂ ᠣᠶ ᠰᠢᠭᠤᠶ ᠨᠤᠲᠤᠭ | ᠪᠡᠯᠴᠢᠭᠡᠷ ᠤᠨ ᠰᠢᠯᠵᠢᠯᠲᠡ ᠶᠢᠨ ᠣᠷᠣᠨ ᠪᠦᠰᠡ ᠳᠤ ᠬᠠᠷᠢᠶᠠᠯᠠᠭᠳᠠᠵᠤ᠂ ᠣᠶ ᠰᠢᠭᠤᠶ ᠶᠢᠨ ᠪᠦᠷᠬᠦᠴᠡ 81.2%᠂ | ᠪᠣᠬᠢᠷᠲᠤᠯ ᠥᠬᠡᠶ ᠤᠷᠭᠤᠮᠠᠯ ᠤᠨ ᠬᠤᠴᠢᠯᠭ᠎ᠠ ᠶᠢᠨ ᠪᠦᠷᠬᠦᠴᠡ 95%᠂ ᠤᠰᠤᠨ ᠤ ᠡᠬᠢ ᠪᠠᠶᠠᠯᠢᠭ ᠤᠨ | ᠶᠡᠷᠦᠩᠬᠡᠶ ᠬᠡᠮᠵᠢᠶ᠎ᠡ 9.1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠭᠠᠷ ᠮᠠᠨᠳᠠᠯ ᠤᠨ | ᠣᠷᠴᠢᠨ ᠲᠣᠭᠤᠷᠢᠨ ᠤ ᠴᠢᠨᠠᠷ ᠰᠠᠶᠢᠲᠠᠶ ᠡᠳᠦᠷ ᠤᠨ ᠲᠤᠭ᠎ᠠ ᠶᠢᠨ ᠬᠠᠷᠢᠴᠠᠯ 99% ᠳᠤ ᠬᠦᠷᠴᠦ᠂ ᠵᠢᠯ | ᠳᠤᠮᠳᠠᠴᠢ ᠶᠢᠨ ᠪᠢᠯᠢᠭ ᠬᠦᠴᠢᠯᠲᠥ᠋ᠷᠥᠭᠴᠢᠲᠦ ᠢᠶᠣᠨ ᠤ ᠠᠭᠤᠯᠤᠭᠳᠠᠴᠠ 3303/ ᠪᠣᠰᠤᠭ᠎ᠠ ᠳᠥᠷᠪᠡᠯᠵᠢᠨ | ᠰᠠᠨᠲ᠋ᠢᠮᠧᠲᠷ ᠲᠤ ᠬᠦᠷᠴᠡᠶ᠃ ᠷᠠᠰᠢᠶᠠᠨ ᠤ ᠷᠠᠰᠢᠶᠠᠨ ᠪᠤᠯᠠᠭ ᠤᠨ ᠡᠬᠢ ᠪᠠᠶᠠᠯᠢᠭ ᠡᠯᠪᠡᠭ ᠪᠠᠶᠢᠵᠤ᠂ ᠭᠠᠯᠲᠤ | ᠠᠭᠤᠯᠠ ᠶᠢᠨ ᠬᠥᠳᠡᠯᠭᠡᠭᠡᠨ ᠠᠴᠠ ᠪᠣᠯᠤᠭᠰᠠᠨ ᠣᠨᠴᠠᠭᠠᠶ ᠭᠠᠵᠠᠷ ᠤᠨ ᠪᠦᠲᠦᠴᠡ ᠠᠴᠠ ᠪᠣᠯᠵᠣ᠂ ᠷᠠᠰᠢᠶᠠᠨ ᠤ | ᠬᠦᠢᠲᠡᠨ ᠷᠠᠰᠢᠶᠠᠨ᠂ ᠬᠠᠯᠠᠭᠤᠨ ᠷᠠᠰᠢᠶᠠᠨ᠂ ᠥᠨᠳᠥᠷ ᠬᠠᠯᠠᠭᠤᠨ ᠷᠠᠰᠢᠶᠠᠨ ᠵᠡᠷᠭᠡ ᠳᠤᠯᠠᠭᠠᠨ ᠤ ᠬᠡᠮᠵᠢᠶ᠎ᠡ ᠨᠢ | ᠠᠳᠠᠯᠢ ᠥᠬᠡᠶ᠂ ᠴᠢᠳᠠᠮᠵᠢ ᠨᠢ ᠠᠳᠠᠯᠢ ᠥᠬᠡᠶ ᠤᠣᠭᠤᠬᠤ ᠪᠠ ᠤᠬᠢᠶᠠᠬᠤ ᠷᠠᠰᠢᠶᠠᠨ ᠪᠤᠯᠠᠭ ᠵᠠᠭᠤ ᠭᠠᠷᠤᠶ ᠪᠠᠶᠢᠵᠤ᠂ | ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠴᠢᠳᠠᠮᠵᠢᠳᠤ ᠬᠡᠯᠪᠡᠷᠢ ᠶᠢᠨ ᠷᠠᠰᠢᠶᠠᠨ ᠪᠤᠯᠠᠭ ᠤᠨ ᠰᠦᠷᠦᠭ | ᠪᠣᠯᠵᠣ᠂ ᠳᠤᠮᠳᠠᠳᠤ ᠤᠯᠤᠰ ᠤᠨ ᠴᠢᠨᠠᠷ ᠰᠠᠶᠢᠲᠠᠶ ᠷᠠᠰᠢᠶᠠᠨ ᠪᠤᠯᠠᠭ ᠤᠨ ᠡᠬᠢ ᠰᠤᠷᠪᠤᠯᠵᠢ ᠪᠠᠷ ᠲᠣᠭᠳᠠᠭᠠᠭᠳᠠᠭᠰᠠᠨ | ᠪᠠᠶᠢᠨ᠎ᠠ᠃ ᠷᠠᠰᠢᠶᠠᠨ ᠤ ᠵᠤᠭᠠᠴᠠᠯ ᠤᠨ ᠠᠮᠠᠷᠠᠯᠲᠠ ᠶᠢᠨ ᠣᠷᠣᠨ ᠨᠢ ᠤᠢ ᠰᠢᠭᠤᠢ ᠪᠠ ᠬᠠᠯᠠᠭᠤᠨ ᠷᠠᠰᠢᠶᠠᠨ ᠢᠶᠠᠷ | ᠭᠤᠣᠯ ᠰᠡᠳᠦᠪ ᠪᠣᠯᠭᠠᠵᠤ᠂ ᠰᠡᠯᠡᠭᠦᠴᠡᠯ᠂ ᠪᠡᠶᠡᠴᠢᠯᠡᠨ ᠣᠶᠢᠯᠠᠭᠠᠬᠤ᠂ ᠡᠷᠡᠭᠦᠯᠵᠢᠯ ᠰᠤᠪᠢᠯᠠᠯᠲᠠ᠂ ᠰᠤᠳᠤᠯᠭᠠᠨ᠂ | ᠠᠮᠠᠷᠠᠯᠲᠠ ᠵᠡᠷᠭᠡ ᠲᠠᠯ᠎ᠠ ᠪᠠᠷ ᠲᠦᠷᠦᠯ ᠵᠦᠢᠯ ᠢ ᠰᠤᠳᠤᠯᠤᠨ ᠨᠡᠭᠡᠭᠡᠵᠦ᠂ ᠵᠤᠭᠠᠴᠠᠯ ᠤᠨ ᠱᠤᠭᠤᠮ ᠢ ᠲᠥᠯᠣᠪᠯᠡᠨ᠂ | ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠪᠦᠲᠦᠭᠡᠭᠳᠡᠬᠦᠨ ᠤ ᠰᠢᠨ᠎ᠡ ᠶᠢ ᠡᠭᠦᠳᠴᠦ᠂ ᠡᠯᠧᠮᠧᠨ᠋ᠲ ᠢ | ᠲᠥᠪᠯᠡᠷᠡᠭᠦᠯᠵᠦ᠂ ᠰᠠᠭᠤᠷᠢ ᠶᠢ ᠪᠠᠬᠢᠵᠢᠭᠦᠯᠣᠨ᠂ ᠲᠦᠷᠭᠡᠨ ᠪᠠᠶᠢᠭᠤᠯᠵᠤ᠂ ᠤᠯᠤᠰ ᠤᠨ ᠲᠡᠰ ᠤᠨ ᠵᠤᠭᠠᠴᠠᠯ ᠤᠨ | ᠠᠮᠠᠷᠠᠯᠲᠠ ᠶᠢᠨ ᠣᠷᠣᠨ ᠢ ᠪᠦᠬᠦ ᠲᠠᠯ᠎ᠠ ᠪᠠᠷ ᠡᠭᠦᠳᠦᠨ ᠪᠠᠶᠢᠭᠤᠯᠬᠤ ᠱᠠᠳᠤᠨ ᠳᠠᠭᠠᠨ ᠯᠠᠪᠳᠠᠭᠤᠨ ᠢᠶᠠᠷ ᠣᠷᠣᠪᠠ᠃ | | ᠥᠨᠥᠳᠦᠷ ᠤᠨ ᠷᠠᠰᠢᠶᠠᠨ᠂ ᠲᠠᠢ ᠸᠧᠶ ᠲᠠᠪᠤᠨ ᠣᠳᠣᠨ ᠲᠠᠰ ᠤᠨ ᠬᠠᠯᠠᠭᠤᠨ ᠷᠠᠰᠢᠶᠠᠨ ᠤ ᠠᠮᠠᠷᠠᠯᠲᠠ ᠶᠢᠨ | ᠪᠠᠭᠤᠳᠠᠯ ᠨᠢᠭᠡᠨᠲᠡ ᠰᠦᠨᠳᠡᠷᠯᠡᠨ ᠪᠣᠰᠴᠤ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠬᠤᠳᠠᠯᠳᠤᠭᠠᠨ ᠤ | ᠶᠠᠪᠤᠳᠠᠯ᠂ ᠵᠤᠭ᠎ᠠ ᠴᠡᠩᠭᠡᠯ ᠢ ᠨᠢᠭᠡ ᠴᠤᠭᠴᠠᠵᠢᠭᠤᠯᠤᠭᠰᠠᠨ ᠳᠥᠷᠪᠡᠨ ᠣᠳᠣᠨ ᠲᠠᠰ ᠤᠨ ᠴᠧᠩ ᠶᠤᠸᠠᠢ ᠶᠡᠭᠡ | ᠪᠠᠭᠤᠳᠠᠯ᠂ ᠶᠢᠨ ᠵᠢᠶᠠᠩ ᡁᠢ ᠰᠢᠩ ᠨᠠᠷᠠᠲᠤ ᠲᠡᠮᠳᠡᠭᠲᠦ ᠪᠠᠭᠤᠳᠠᠯ ᠵᠡᠷᠭᠡ ᠠᠳᠠᠯᠢ ᠪᠤᠰᠤ ᠲᠠᠰ ᠤᠨ ᠠᠮᠠᠷᠠᠯᠲᠠ ᠶᠢᠨ | ᠭᠤᠣᠯ ᠰᠡᠳᠦᠪᠲᠦ ᠪᠠᠭᠤᠳᠠᠯ᠂ ᠯᠦ ᠵᠢᠶᠤᠤ ᠸᠠᠨ ᠪᠠᠭᠤᠴᠠ᠂ ᠸᠠᠩ ᠱᠠᠨ ᠪᠠᠭᠤᠴᠠ᠂ ᠪᠠᠨ ᠱᠠᠨ ᠠᠷᠠᠳ ᠤᠨ | ᠪᠠᠭᠤᠳᠠᠯ᠂ ᠮᠠᠨ ᠪᠦ᠋ ᠶᠠ ᠱᠧ ᠠᠷᠠᠳ ᠤᠨ ᠪᠠᠭᠤᠳᠠᠯ ᠵᠡᠷᠭᠡ ᠥᠪᠡᠷᠮᠢᠴᠡ ᠣᠨᠴᠠᠯᠢᠭ ᠲᠠᠢ ᠰᠣᠳᠣᠨ ᠪᠠᠭᠤᠳᠠᠯ ᠪᠠ | ᠠᠷᠠᠳ ᠤᠨ ᠪᠠᠭᠤᠳᠠᠯ ᠢ ᠵᠤᠭᠠᠴᠠᠭᠰᠠᠳ ᠥᠪᠡᠰᠦᠪᠡᠨ ᠰᠣᠩᠭᠤᠵᠤ ᠪᠣᠯᠤᠨ᠎ᠠ᠃ ᠷᠠᠰᠢᠶᠠᠨ ᠭᠤᠣᠯ ᠤᠨ | ᠬᠥᠪᠡᠭᠡᠨ ᠳᠤ᠂ ᠴᠡᠪᠡᠷ ᠴᠡᠮᠴᠡᠭᠡᠷ᠂ ᠥᠪᠡᠷᠮᠢᠴᠡ ᠬᠡᠪ ᠨᠠᠮᠪᠠ ᠲᠠᠢ ᠵᠤᠰᠠᠯᠠᠩ ᠤᠨ ᠲᠣᠭᠤᠷᠢᠭ ᠤᠨ ᠵᠣᠴᠢᠳ ᠤᠨ | ᠪᠠᠭᠤᠳᠠᠯ ᠲᠡᠷᠢ ᠲᠡᠭᠰᠢ ᠰᠦᠨᠳᠡᠷᠯᠡᠨ᠎ᠡ᠃ ᠪᠦᠷᠢᠳᠭᠡᠯ ᠢ ᠦᠨᠳᠦᠰᠦᠯᠡᠪᠡᠯ᠂ ᠷᠠᠰᠢᠶᠠᠨ ᠳᠤ ᠣᠳᠣᠬᠠᠨ ᠳᠤ ᠨᠡᠶᠢᠲᠡ | 548 ᠵᠣᠴᠢᠳ ᠤᠨ ᠪᠠᠭᠤᠳᠠᠯ᠂ 26687 ᠪᠠᠷᠢᠮᠵᠢᠶᠠᠲᠤ ᠣᠷᠣ ᠲᠠᠢ᠂ ᠡᠭᠦᠨ ᠳᠤ 2 ᠣᠳᠣᠨ ᠲᠠᠰ ᠤᠨ | ᠪᠠᠭᠤᠳᠠᠯ 1᠂ 3 ᠣᠳᠣᠨ ᠲᠠᠰ ᠤᠨ ᠪᠠᠭᠤᠳᠠᠯ 4᠂ 4 ᠣᠳᠣᠨ ᠲᠠᠰ ᠤᠨ ᠪᠠᠭᠤᠳᠠᠯ 2 ᠪᠠᠶᠢᠨ᠎ᠠ᠃ | ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠣᠨ ᠲᠠᠰ ᠳᠡᠪᠰᠢᠭᠦᠯᠵᠦ᠂ ᠦᠷ᠎ᠡ ᠠᠰᠢᠭ ᠢ ᠡᠵᠡᠨ ᠵᠣᠴᠢᠨ | ᠬᠠᠮᠲᠤ ᠪᠠᠷ ᠡᠳ᠋ᠯᠡᠨ᠎ᠡ᠃ ᠷᠠᠰᠢᠶᠠᠨ ᠬᠤᠲᠠ ᠪᠦᠬᠦ ᠬᠤᠳᠠ ᠶᠢᠨ ᠶᠠᠰᠤ ᠴᠢᠨᠠᠷ ᠢ ᠳᠡᠭᠡᠭᠰᠢᠯᠡᠬᠦᠯᠵᠦ᠂ ᠠᠮᠠᠷᠠᠯᠲᠠ ᠶᠢᠨ | ᠣᠷᠣᠨ ᠤ ᠣᠶᠢᠯᠡᠴᠢᠯᠡᠭᠡᠨ ᠤ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠷᠠᠰᠢᠶᠠᠨ ᠬᠤᠲᠠ ᠶᠢᠨ | ᠤᠯᠤᠰ ᠤᠨ ᠳᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠵᠥᠭᠡᠯᠡᠨ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ︽ᠤᠷᠢᠬᠠᠨ ᠳᠤᠯᠠᠭᠠᠨ ᠷᠠᠰᠢᠶᠠᠨ︾ | ᠤ ᠨᠡᠷᠡᠲᠦ ᠲᠡᠮᠳᠡᠭ ᠢ ᠡᠭᠦᠳᠴᠦ᠂ ᠵᠤᠭᠠᠴᠠᠯ ᠤᠨ ᠠᠮᠠᠷᠠᠯᠲᠠ ᠶᠢᠨ ᠣᠷᠣᠨ ᠤ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠴᠢᠬᠤᠯᠠ ᠨᠥᠬᠦᠴᠡᠯ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ︽ᠡᠦ ᠺᠧ ᠰᠦᠩ︾ | ᠵᠣᠴᠢᠳ ᠤᠨ ᠪᠠᠭᠤᠳᠠᠯ ᠵᠡᠷᠭᠡ ᠬᠤᠨᠤᠭ ᠤᠨ ᠠᠵᠢᠯ ᠲᠥᠷᠥᠯ ᠤᠨ ᠨᠡᠷᠡᠲᠦ ᠲᠡᠮᠳᠡᠭ ᠤᠨ ᠦᠢᠯᠡᠴᠢᠯᠡᠭᠡᠨ ᠤ | ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ︽ᠪᠠᠭᠪᠠᠭᠠᠶ ᠴᠡᠴᠡᠭ︾ ᠬᠤᠭᠤᠯᠠᠨ ᠬᠡᠷ ᠤᠨ ᠢᠳᠡᠭᠡᠨ ᠤᠮᠳᠠᠭᠠᠨ ᠤ | ᠠᠵᠢᠯ ᠲᠥᠷᠥᠯ ᠤᠨ ᠨᠠᠷᠠᠲᠤ ᠲᠥᠷᠥᠯ ᠲᠡᠮᠳᠡᠭᠲᠦ ᠶᠢᠨ ᠣᠶᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮ᠂ ︽ᠠ ᠡᠯ | ᠯᠤ᠋︾ ᠵᠤᠭᠠᠴᠠᠯ ᠤᠨ ᠬᠥᠲᠥᠴᠢ᠂ ᠲᠠᠶᠢᠯᠪᠤᠷᠢᠯᠠᠭᠴᠢ᠂ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ | ᠲᠡᠷᠭᠡᠨ ᠤ ᠵᠢᠯᠣᠭᠤᠴᠢ ᠵᠡᠷᠭᠡ ᠠᠵᠢᠯᠲᠠᠳ ᠤᠨ ᠣᠶᠢᠯᠡᠴᠢᠯᠡᠭᠡᠨ ᠤ ᠰᠢᠰᠲ᠋ᠧᠮ ᠨᠢ ᠣᠶᠢᠯᠡᠴᠢᠯᠡᠭᠡᠨ ᠤ ᠠᠵᠢᠯ | ᠲᠥᠷᠥᠯ ᠤᠨ ᠠᠵᠢᠯᠲᠠᠳ ᠤᠨ ᠣᠶᠢᠯᠡᠴᠢᠯᠡᠭᠡᠨ ᠤ ᠬᠢᠷᠢ ᠬᠡᠮᠵᠢᠶ᠎ᠡ ᠪᠠ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠵᠦ᠂ | ᠬᠤᠲᠠ ᠶᠢᠨ ᠡᠶ᠎ᠡ ᠵᠣᠬᠢᠴᠠᠯ ᠲᠠᠢ ᠨᠥᠬᠦᠷᠰᠡᠭ᠂ ᠪᠣᠯᠪᠠᠰᠤᠨ ᠨᠡᠭᠡᠭᠡᠯᠲᠡᠲᠡᠶ᠂ ᠡᠵᠡᠨ ᠵᠣᠴᠢᠳ ᠬᠠᠮᠲᠤᠪᠠᠷ ᠡᠳ᠋ᠯᠡᠬᠦ | ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠵᠡᠢ᠃ ᠡᠭᠦᠨ ᠤ ᠬᠠᠮᠲᠤ ᠵᠤᠭᠠᠴᠠᠭᠰᠠᠳ ᠤᠨ | ᠦᠢᠯᠡᠴᠢᠯᠡᠭᠡᠨ ᠤ ᠲᠥᠪ ᠢ ᠪᠠᠶᠢᠭᠤᠯᠤᠨ ᠬᠡᠷᠡᠭᠯᠡᠬᠦ ᠪᠠᠷ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡᠨ ᠤ ᠠᠩᠬᠢ᠂ ᠨᠡᠶᠢᠭᠡᠮ ᠲᠣᠭᠤᠷᠢᠭ ᠤᠨ | ᠰᠡᠳᠭᠢᠯ ᠢ ᠳᠤᠯᠠᠭᠠᠴᠠᠭᠤᠯᠬᠤ ᠦᠷᠳᠡᠭᠡ᠂ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ᠂ ᠠᠵᠢᠯ | ᠲᠦᠷᠦᠯ ᠤᠨ ᠵᠢᠱᠢᠶᠡᠴᠢ ᠵᠡᠷᠭᠡ ᠪᠠᠷ ᠬᠦᠳᠦᠯᠣᠨ ᠳᠠᠭᠠᠭᠤᠯᠵᠤ ᠵᠢᠱᠶᠶ᠎ᠠ ᠦᠵᠡᠭᠦᠯᠵᠦ᠂ ᠲᠦᠷᠦᠯ ᠲᠡᠮᠳᠡᠭ ᠤᠨ | ᠨᠥᠯᠣᠭᠡᠯᠡᠬᠦ ᠬᠦᠴᠦᠨ ᠢ ᠤᠯᠤᠰ ᠤᠨ ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠡᠭᠦᠳᠦᠨ | ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠭᠠᠪᠠ᠃ ᠪᠦᠷᠢᠳᠭᠡᠯ ᠢ ᠦᠨᠳᠦᠰᠦᠯᠡᠪᠡᠯ᠂ ᠡᠨᠡ ᠵᠢᠯ ᠤᠨ 5 | ᠰᠠᠷ᠎ᠠ ᠶᠢᠨ ᠰᠡᠭᠦᠯᠴᠢ ᠪᠣᠯᠲᠠᠯ᠎ᠠ᠂ ᠷᠠᠰᠢᠶᠠᠨ ᠤ ᠵᠤᠭᠠᠴᠠᠯ ᠤᠨ ᠠᠮᠠᠷᠠᠯᠲᠠ ᠶᠢᠨ ᠣᠷᠣᠨ ᠡᠨᠡ ᠵᠢᠯ ᠠᠴᠠ ᠨᠠᠰᠢ | ᠨᠡᠶᠢᠳᠡ 51.52 ᠲᠦᠮᠡᠨ ᠵᠤᠭᠠᠴᠠᠭᠰᠠᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 719. | 08% ᠪᠠᠷ ᠨᠡᠮᠡᠭᠳᠡᠪᠡ᠃ ᠵᠤᠭᠠᠴᠠᠯ ᠤᠨ ᠣᠷᠣᠯᠭ᠎ᠠ ᠶᠢ 7.47 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 711.96% ᠪᠠᠷ ᠨᠡᠮᠡᠭᠳᠡᠪᠡ᠃ | ᠲᠦᠷᠦᠯ ᠵᠦᠢᠯ ᠢ ᠰᠠᠶᠢᠳᠤᠷ ᠴᠢᠬᠤᠯᠠᠴᠢᠯᠠᠨ ᠰᠣᠶᠣᠯ ᠵᠤᠭᠠᠴᠠᠯ ᠤᠨ ᠦᠢᠯᠡᠰ ᠤᠨ ᠰᠢᠨ᠎ᠡ ᠶᠢ ᠡᠭᠦᠳᠴᠡᠢ | | ᠲᠠ ᠮᠠᠰᠢᠨ ᠲᠡᠷᠭᠡ ᠪᠠᠷ ᠷᠠᠰᠢᠶᠠᠨ ᠤ ᠬᠤᠳᠠ ᠶᠢᠨ ᠡᠮᠦᠨ᠎ᠡ ᠬᠦᠷᠬᠦ ᠳᠤ᠂ 3.7 ᠲᠦᠮᠡᠨ ᠲᠡᠭᠰᠢ ᠳᠥᠷᠪᠡᠯᠵᠢᠨ | ᠮᠧᠲᠷ ᠲᠠᠯᠠᠪᠠᠢ ᠲᠠᠢ ᠰᠢᠨ᠎ᠡ ᠮᠠᠶ᠋ᠢᠭ ᠤᠨ ᠪᠠᠷᠢᠯᠭ᠎ᠠ ᠨᠢᠳᠤᠨ ᠳᠤ ᠴᠢᠨᠢ ᠬᠠᠷᠠᠭᠳᠠᠨ᠎ᠠ᠂ ᠳᠠᠷᠤᠢ ᠷᠠᠰᠢᠶᠠᠨ ᠤ ︽ᠯᠣ᠋ | ᠵᠢᠶᠣᠣ ᠸᠠᠨ︾ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ ᠪᠣᠯᠤᠨ᠎ᠠ᠃ ︽ᠣᠳᠣᠨ ᠣᠷᠣᠨ︾ ᠤ ᠭᠡᠷᠳᠦ | ᠲᠡᠷᠭᠡᠨ ᠤ ᠪᠠᠭᠤᠴᠠ ᠨᠢ ᠴᠡᠪᠡᠷ ᠲᠣᠬᠢᠯᠢᠭ᠂ ᠴᠢᠳᠠᠮᠵᠢ ᠨᠢ ᠪᠦᠷᠢᠨ ᠭᠦᠢᠴᠡᠳ ᠪᠠᠶᠢᠵᠤ᠂ ︽ᠱᠧᠨ ᠯᠣ᠋︾ ᠮᠣᠳᠣᠨ | ᠪᠠᠭᠤᠴᠠ ᠪᠠ ︽ ᠳᠣᠬᠢᠭᠤᠷ ᠳᠣᠯᠣᠭᠠᠨ ᠣᠳᠤᠨ︾ ᠮᠠᠶᠢᠬᠠᠨ ᠤ ᠪᠠᠭᠤᠴᠠ ᠨᠢ ᠨᠠᠷᠢᠨ ᠨᠢᠭᠲᠠ᠂ ᠷᠣᠮᠠᠨᠲ᠋ᠢᠭ | ᠪᠥᠭᠡᠳ ᠬᠡᠭᠡᠨᠴᠢᠷ ᠪᠠᠶᠢᠵᠤ᠂ ᠵᠤᠭᠠᠴᠠᠬᠤ ᠪᠠᠷ ᠢᠷᠡᠭᠰᠡᠨ ᠵᠤᠭᠠᠴᠠᠭᠰᠠᠳ ᠤᠨ ᠪᠠᠬ᠎ᠠ ᠶᠢ ᠳᠠᠳᠠᠨ᠎ᠠ᠃ | ᠷᠠᠰᠢᠶᠠᠨ ᠬᠤᠲᠠ ︽ᠲᠥᠷᠥᠯ ᠵᠦᠢᠯ ᠢᠶᠠᠷ ᠳᠠᠶᠢᠴᠢᠯᠠᠬᠤ᠂ ᠰᠣᠶᠣᠯ ᠢᠶᠠᠷ ᠡᠨᠧᠷᠭᠢ ᠣᠯᠭᠤᠬᠤ᠂ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ᠂ ᠰᠣᠶᠣᠯ ᠵᠣᠭᠠᠴᠠᠯ ᠢ ᠠᠭᠤᠰᠤᠯᠴᠠᠭᠤᠯᠬᠤ︾ ᠪᠠᠷ ᠳᠠᠮᠵᠢᠭᠤᠯᠤᠨ᠂ ᠠᠮᠠᠷᠠᠯᠲᠠ ᠶᠢᠨ | ᠣᠷᠣᠨ ᠤ ᠴᠢᠨᠠᠷ ᠴᠢᠨᠰᠠᠭ᠎ᠠ ᠶᠢᠨ ᠠᠭᠤᠯᠤᠭᠳᠠᠬᠤᠨ ᠢ ᠳᠡᠭᠡᠭᠰᠢᠯᠡᠭᠦᠯᠦᠨ ᠲᠡᠭᠦᠯᠳᠡᠷᠵᠢᠭᠦᠯᠪᠡ᠃ ᠬᠠᠯᠠᠭᠤᠨ | ᠷᠠᠰᠢᠶᠠᠨ ᠤ ᠪᠦᠲᠦᠭᠡᠭᠳᠡᠬᠦᠨ ᠤ ᠲᠠᠯ᠎ᠠ ᠪᠠᠷ᠂ ᠬᠠᠯᠠᠭᠤᠨ ᠷᠠᠰᠢᠶᠠᠨ ᠤ ᠮᠦᠽᠧᠢ ᠳᠤ ᠥᠭᠡᠷᠡᠴᠢᠯᠡᠯᠲᠡ ᠬᠢᠵᠦ᠂ ︽ | ᠯᠣ᠋ ᠵᠢᠶᠣᠣ ᠸᠠᠨ︾ ᠬᠠᠯᠠᠭᠤᠨ ᠷᠠᠰᠢᠶᠠᠨ ᠤ ᠠᠮᠠᠷᠠᠯᠲᠠ ᠶᠢᠨ ᠭᠠᠵᠠᠷ᠂ ᠲᠠᠢ ᠸᠧᠢ ᠲᠠᠪᠤᠨ ᠣᠳᠣᠨ ᠲᠠᠰ ᠤᠨ | ᠬᠠᠯᠠᠭᠤᠨ ᠷᠠᠰᠢᠶᠠᠨ ᠤ ᠠᠮᠠᠷᠠᠯᠲᠠ ᠶᠢᠨ ᠪᠠᠭᠤᠳᠠᠯ᠂ ᠰᠢᠩ ᠠᠨ ᠱᠧᠩ ᠴᠢᠤᠸᠠᠨ ᠡᠷᠡᠭᠦᠯᠵᠢᠯ ᠰᠤᠪᠢᠯᠠᠯᠲᠠ ᠶᠢᠨ | ᠠᠮᠠᠷᠠᠯᠲᠠ ᠶᠢᠨ ᠲᠥᠪ᠂ ᠷᠡᠰᠢᠶᠠᠨ ᠡᠮᠴᠢᠯᠡᠭᠡᠨ ᠤ ᠲᠤᠷᠰᠢᠯᠲᠠ ᠶᠢᠨ ᠣᠷᠳᠣᠨ ᠵᠡᠷᠭᠡ ᠬᠡᠪ ᠳᠠᠭᠤᠷᠢᠶᠠᠯ ᠤᠨ | ᠲᠥᠷᠥᠯ ᠵᠦᠢᠯ ᠢ ᠬᠡᠷᠡᠭᠵᠢᠭᠦᠯᠦᠨ᠂ ᠷᠠᠰᠢᠶᠠᠨ ᠤ ᠪᠦᠲᠦᠭᠡᠭᠳᠡᠬᠦᠨ ᠢ ᠬᠠᠮᠲᠤ ᠪᠠᠷ ᠡᠳ᠋ᠯᠡᠬᠦ᠂ ᠣᠯᠠᠨ ᠲᠠᠯ᠎ᠠ ᠶᠢ | ᠪᠡᠶᠡᠴᠢᠯᠡᠨ ᠣᠶᠢᠯᠠᠭᠠᠬᠤ᠂ ᠪᠥᠬᠦ ᠣᠷᠣᠨ ᠢ ᠬᠠᠮᠤᠷᠬᠤ ᠶᠢ ᠪᠡᠶᠡᠯᠡᠭᠦᠯᠪᠡ᠃ ᠣᠶ ᠰᠢᠭᠤᠢ ᠶᠢᠨ ᠪᠦᠲᠦᠭᠡᠭᠳᠡᠬᠦᠨ ᠤ | ᠲᠠᠯ᠎ᠠ ᠪᠠᠷ᠂ ᠬᠦᠴᠢᠯᠲᠥ᠋ᠷᠥᠭᠴᠢ ᠶᠢᠨ ᠲᠥᠪ ᠣᠶ ᠰᠢᠭᠤᠢ ᠶᠢᠨ ᠤᠬᠢᠶᠠᠯ ᠤᠨ ᠵᠠᠮ᠂ ᠣᠶ ᠰᠢᠭᠤᠢ ᠶᠢᠨ ᠴᠠᠰᠤᠲᠤ | ᠬᠡᠭᠡᠷ᠎ᠡ ᠶᠢᠨ ᠬᠤᠸᠠᠷᠠᠨ ᠢ ᠪᠠᠶᠢᠭᠤᠯᠵᠤ᠂ ᠣᠶ ᠰᠢᠭᠤᠢ ᠶᠢᠨ ᠰᠤᠳᠤᠯᠭᠠᠨ ᠤ ᠬᠢᠴᠢᠶᠡᠯ ᠤᠨ ᠲᠠᠩᠬᠢᠮ ᠢ ᠲᠥᠯᠥᠪᠯᠡᠨ | ᠨᠡᠭᠡᠭᠡᠵᠦ᠂ ᠪᠦᠷᠢᠨ ᠲᠡᠭᠦᠯᠳᠡᠷ ᠴᠢᠳᠠᠮᠵᠢ ᠲᠠᠢ ᠣᠶ ᠰᠢᠭᠤᠢ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠪᠣᠶ | ᠪᠣᠯᠭᠠᠪᠠ᠃ ᠠᠮᠠᠷᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠠᠯ᠎ᠠ ᠪᠠᠷ᠂ ᠢᠯᠴᠢ ᠶᠢᠨ ᠬᠦᠴᠦᠨ | MALL ᠬᠤᠲᠠ ᠶᠢᠨ ᠬᠤᠭᠤᠯᠠᠨ ᠲᠢᠩᠬᠢᠮ᠂ ᠱᠧᠩ ᠴᠢᠤᠸᠠᠨ ᠰᠢᠤᠸᠠᠢ ᠵᠢᠢ᠂ ᠫᠢᠸᠤ᠋ · ᠴᠢᠩ ᠹᠠᠩ᠂ ᠴᠤᠤ ᠬᠠᠢ | ᠰᠢᠶᠠᠩ᠂ ᠱᠦᠢ ᠶᠦᠨ ᠷᠠᠰᠢᠶᠠᠨ ᠤ ᠤᠷᠠᠨ ᠰᠠᠶᠢᠬᠠᠨ ᠤ ᠲᠣᠭᠯᠠᠯᠲᠠ᠂ ︽ᠠ ᠡᠯ ᠯᠣ᠋︾ ᠰᠣᠶᠣᠯ ᠤᠨ | ᠡᠭᠦᠳᠦᠯᠲᠡ ᠶᠢᠨ ᠳᠡᠯᠭᠡᠭᠦᠷ᠂ ᠣᠶ ᠰᠢᠭᠤᠢ ᠶᠢᠨ ᠮᠠᠯᠵᠢᠯ ᠤᠨ ᠲᠠᠯᠠᠪᠠᠶ᠂ ᠣᠨᠴᠠᠯᠢᠭᠲᠤ ᠳ᠋ᠢᠩ ᠳ᠋ᠠᠩ ᠴᠧ ᠵᠡᠷᠭᠡ | ᠣᠨᠴᠠᠯᠢᠭᠲᠤ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠬᠡᠭᠡᠷ᠎ᠡ ᠶᠢᠨ ᠨᠤᠭᠤᠭ᠎ᠠ ᠵᠠᠭᠤᠰᠢ | ᠪᠠᠷ ᠭᠤᠣᠯ ᠰᠡᠳᠦᠪᠲᠦ ᠢᠳᠡᠭᠡᠨ ᠤᠮᠳᠠᠭᠠᠨ ᠢ ᠨᠡᠭᠡᠭᠡᠨ ᠬᠥᠭᠵᠢᠭᠦᠯᠵᠦ᠂ ᠵᠢᠨᠵᠢᠶᠠᠩ᠂ ᠬᠠᠨ ᠱᠧ ᠵᠡᠷᠭᠡ ᠨᠠᠷᠠᠲᠤ | ᠲᠡᠮᠳᠡᠭᠲᠦ ᠵᠣᠴᠢᠳ ᠤᠨ ᠪᠠᠭᠤᠳᠠᠯ ᠢ ᠣᠷᠣᠭᠤᠯᠤᠭᠰᠠᠨ ᠪᠠᠶᠢᠨ᠎ᠠ᠃ ᠪᠠᠶᠠᠷ ᠳᠤᠷᠠᠰᠬᠠᠯ ᠤᠨ ᠠᠵᠢᠯᠯᠠᠭ᠎ᠠ ᠶᠢᠨ | ᠲᠠᠯ᠎ᠠ ᠪᠠᠷ᠂ ᠬᠤᠷᠴᠠ ᠤᠯᠠᠭᠠᠨ ᠴᠡᠴᠡᠭ ᠤᠨ ᠨᠠᠶᠢᠷ᠂ ᠠᠷᠢᠭᠤᠨ ᠤᠰᠤᠨ ᠤ ᠨᠠᠶᠢᠷ᠂ ᠮᠥᠰᠥ ᠴᠠᠰᠤᠨ ᠤ ᠨᠠᠶᠢᠷ | ᠵᠡᠷᠭᠡ ᠪᠠᠶᠠᠷ ᠳᠤᠷᠠᠰᠬᠠᠯ ᠤᠨ ᠨᠠᠷᠠᠲᠤ ᠲᠡᠮᠳᠡᠭ ᠵᠢᠴᠢ ᠰᠤᠷᠭᠠᠭᠤᠯᠢ ᠶᠢᠨ ᠨᠠᠶᠢᠵᠠ ᠨᠠᠷ ᠤᠨ ᠠᠵᠤ ᠠᠬᠤᠢ ᠶᠢᠨ | ᠶᠠᠷᠢᠶᠠᠨ ᠤ ᠲᠠᠪᠴᠠᠩ᠂ ᠵᠤᠭᠠᠴᠠᠯ ᠤᠨ ᠠᠮᠠᠷᠠᠯᠲᠠ ᠶᠢᠨ ᠶᠡᠭᠡ ᠬᠤᠷᠠᠯ ᠵᠡᠷᠭᠡ ᠳᠡᠭᠡᠳᠦ ᠲᠠᠰ ᠤᠨ ᠶᠠᠷᠢᠶᠠᠨ ᠤ | ᠲᠠᠪᠴᠠᠩ ᠢ ᠪᠣᠶ ᠪᠣᠯᠭᠠᠪᠠ︔ ᠡᠭᠦᠨ ᠤ ᠬᠠᠮᠲᠤ ᠰᠣᠶᠣᠯ ᠵᠤᠭᠠᠴᠠᠯ ᠤᠨ ᠶᠠᠮᠤᠨ ᠤ ᠳᠡᠮᠵᠢᠯᠭᠡ ᠪᠠᠷ᠂ ᠶᠠᠩ ᠯᠠᠨ᠂ | ᠯᠢᠦ ᠶᠢᠨ᠂ ᠰᠠᠷᠡᠨᠠ᠂ ᠴᠧᠨ ᠳ᠋ᠦᠩ ᠱᠧᠩ ᠵᠡᠷᠭᠡ 30 ᠭᠠᠷᠤᠢ ᠨᠡᠷᠡᠳᠦ ᠬᠥᠮᠥᠰ ᠢ ᠤᠷᠢᠵᠤ ᠤᠬᠠᠭᠤᠯᠤᠨ | ᠶᠠᠷᠢᠭᠤᠯᠵᠤ᠂ ᠡᠯ᠎ᠡ ᠱᠠᠲᠤᠨ ᠤ ᠡᠯ᠎ᠡ ᠲᠦᠷᠦᠯ ᠤᠨ ᠵᠠᠭᠤᠴᠢᠯᠠᠭᠤᠷ ᠤᠨ ᠲᠠᠪᠴᠠᠩ ᠳᠤ ᠠᠮᠠᠷᠠᠯᠲᠠ ᠶᠢᠨ ᠣᠷᠣᠨ ᠤ | ᠵᠤᠭᠠᠴᠠᠯ ᠤᠨ ᠡᠬᠢ ᠪᠠᠶᠠᠯᠢᠭ ᠪᠣᠯᠣᠨ ᠠᠮᠠᠷᠠᠯᠲᠠ ᠶᠢᠨ ᠪᠦᠲᠦᠭᠡᠭᠳᠡᠬᠦᠨ ᠢ ᠪᠦᠬᠦ ᠲᠠᠯ᠎ᠠ ᠪᠠᠷ᠂ ᠤᠯᠠᠨ | ᠬᠠᠷᠠᠭᠠᠰᠤ ᠠᠴᠠ ᠳᠡᠯᠭᠡᠨ ᠦᠵᠡᠭᠦᠯᠵᠡᠢ᠃ ᠡᠭᠦᠳᠦᠨ ᠪᠠᠶᠢᠭᠤᠯᠬᠤ ᠪᠠᠷ ᠳᠡᠮᠵᠢᠨ᠂ ᠷᠠᠰᠢᠶᠠᠨ ᠤ ᠬᠠᠯᠠᠭᠤᠨ | ᠷᠠᠰᠢᠶᠠᠨ ᠤ ᠪᠦᠲᠦᠭᠡᠭᠳᠡᠬᠦᠨ ᠪᠥᠬᠦ ᠲᠠᠯ᠎ᠠ ᠪᠠᠷ ᠳᠡᠭᠡᠭᠰᠢᠯᠡᠵᠦ᠂ ᠣᠶ ᠰᠢᠭᠤᠢ ᠶᠢᠨ ᠡᠷᠡᠭᠦᠯᠵᠢᠯ ᠰᠤᠪᠢᠯᠠᠯᠲᠠ | ᠤᠯᠠᠮ ᠢᠶᠠᠷ ᠰᠢᠰᠲ᠋ᠧᠮ ᠲᠠᠢ ᠪᠣᠯᠤᠨ ᠪᠦᠷᠢᠯᠳᠦᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠨᠠᠩ ᠣᠯᠠᠨ | ᠡᠰᠢᠵᠢᠭᠰᠡᠨ᠂ ᠠᠮᠠᠷᠠᠯᠲᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠨᠠᠩ ᠪᠦᠷᠢᠨᠰᠢᠭᠰᠡᠨ᠂ ᠰᠡᠯᠡᠭᠦᠴᠡᠨ ᠠᠮᠠᠷᠠᠬᠤ | ᠵᠤᠭᠠᠴᠠᠯ ᠶᠠᠭ ᠥᠷᠨᠢᠨ ᠬᠥᠭᠵᠢᠵᠦ ᠪᠠᠶᠢᠨ᠎ᠠ᠃ | ᠴᠢᠨᠠᠷ ᠴᠢᠨᠰᠠᠭ᠎ᠠ ᠶᠢ ᠳᠡᠭᠡᠭᠰᠢᠯᠡᠬᠦᠯᠵᠦ ᠬᠠᠮᠢᠶᠠᠷᠤᠯᠲᠠ ᠶᠢ ᠨᠠᠷᠢᠯᠢᠭᠵᠢᠭᠤᠯᠠᠨ ᠦᠵᠡᠮᠵᠢ ᠬᠤᠳ᠋ᠨ ᠶᠢ ᠨᠢᠭᠡ | ᠴᠣᠭᠴᠠᠵᠢᠭᠤᠯᠤᠭᠰᠠᠨ ᠡᠵᠡᠨ ᠵᠣᠴᠢᠳ ᠬᠠᠮᠲᠤ ᠪᠠᠷ ᠡᠳ᠋ᠯᠡᠨ᠎ᠠ | ᠷᠠᠰᠢᠶᠠᠨ ᠬᠤᠳᠠ ᠶᠢᠨ ᠬᠢᠨ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠵᠤ᠂ | ᠦᠵᠡᠮᠵᠢ ᠬᠤᠳᠠ ᠶᠢᠨ ᠠᠭᠤᠰᠤᠯᠴᠠᠯ ᠢ ᠭᠦᠨᠵᠡᠭᠡᠶᠢᠷᠡᠭᠦᠯᠣᠨ᠂ ᠡᠵᠡᠨ ᠵᠣᠴᠢᠳ ᠬᠠᠮᠲᠤᠪᠠᠷ ᠡᠳ᠋ᠯᠡᠬᠦ ᠶᠢ | ᠪᠡᠶᠡᠯᠡᠭᠦᠯᠪᠡ᠃ ︽ᠪᠢᠴᠢᠯ ᠥᠭᠡᠷᠡᠴᠢᠯᠡᠯᠲᠡ᠂ ᠳᠤᠲᠠᠭᠤᠳᠠᠯ ᠢ ᠨᠥᠬᠦᠪᠦᠷᠢᠯᠡᠬᠦ᠂ ᠴᠡᠭᠴᠡᠯᠡᠨ ᠵᠠᠰᠠᠬᠤ ᠶᠢ | ᠴᠢᠩᠭᠠᠳᠬᠠᠬᠤ︾ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠣᠭᠠᠴᠠᠬᠰᠠᠳ ᠤᠨ | ᠦᠢᠯᠡᠴᠢᠯᠡᠭᠡᠨ ᠤ ᠲᠥᠪ ᠤᠨ ᠰᠢᠰᠲ᠋ᠧᠮ ᠢ ᠪᠦᠷᠢᠨᠰᠢᠭᠦᠯᠬᠦ ᠪᠠᠷ ᠠᠴᠢᠶᠠᠯᠠᠪᠤᠷᠢ ᠪᠣᠯᠭᠠᠵᠤ᠂ ᠣᠶᠤᠨᠴᠢ ᠵᠤᠭᠠᠴᠠᠯ ᠤᠨ | ᠲᠠᠪᠴᠠᠩ᠂ ᠲᠡᠮᠳᠡᠭ ᠤᠨ ᠬᠥᠲᠥᠯᠥᠮᠵᠢ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠪᠡᠶᠡᠯᠡᠭᠦᠯᠵᠦ᠂ ᠠᠮᠠᠷᠠᠯᠲᠠ ᠶᠢᠨ ᠣᠷᠣᠨ ᠢ ᠨᠠᠩ ᠳᠤᠯᠠᠭᠠᠨ᠂ | ᠨᠠᠩ ᠴᠢᠨᠠᠷ ᠴᠢᠨᠰᠠᠭ᠎ᠠ ᠲᠠᠢ ᠪᠣᠯᠭᠠᠪᠡ᠃ ᠬᠤᠲᠠ ᠶᠢᠨ ᠰᠢᠨᠡᠳᠬᠡᠬᠦ ᠠᠵᠢᠯᠯᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠢᠯᠴᠢ ᠬᠠᠩᠭᠠᠬᠤ ᠶᠢ ᠥᠭᠡᠷᠡᠴᠢᠯᠡᠬᠦ᠂ ᠬᠤᠭᠤᠯᠠᠢ ᠲᠣᠣᠷ ᠢ ᠰᠡᠯᠪᠢᠨ ᠵᠠᠰᠠᠬᠤ᠂ ᠭᠤᠣᠯ ᠵᠡᠭᠡᠯᠢ ᠶᠢ ᠳᠡᠭᠡᠭᠰᠢᠯᠡᠭᠦᠯᠬᠦ | ᠂ ᠨᠦᠬᠡᠨ ᠵᠠᠮ ᠢ ᠴᠡᠭᠴᠡᠯᠡᠨ ᠵᠠᠰᠠᠬᠤ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠢᠨᠵᠧᠨᠧᠷᠢᠩ ᠢ ᠪᠡᠶᠡᠯᠡᠭᠦᠯᠵᠦ᠂ | ᠦᠵᠡᠮᠵᠢ ᠶᠢᠨ ᠵᠢᠵᠢᠭ ᠪᠦᠲᠦᠭᠡᠭᠳᠡᠬᠦᠨ ᠢ ᠪᠠᠶᠠᠯᠢᠭᠵᠢᠭᠤᠯᠤᠨ᠂ ᠠᠮᠠᠷᠠᠯᠲᠠ ᠶᠢᠨ ᠣᠷᠣᠨ ᠤ ᠴᠢᠳᠠᠮᠵᠢ ᠶᠢ | ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠡᠵᠡᠨ ᠵᠣᠴᠢᠳ ᠬᠠᠮᠲᠤᠪᠠᠷ ᠡᠳ᠋ᠯᠡᠬᠦ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠣᠬᠢᠷᠲᠤᠯ ᠦᠭᠡᠢ | ᠬᠥᠭᠵᠢᠯᠲᠡ ᠶᠢᠨ ᠵᠢᠱᠢᠶᠡᠴᠢ ᠬᠤᠲᠠ ᠪᠠ ᠰᠥᠨᠢ ᠶᠢᠨ ᠰᠣᠶᠣᠯ ᠵᠤᠭᠠᠴᠠᠯ ᠤᠨ ᠬᠡᠷᠡᠭᠯᠡᠭᠡᠨ ᠤ ᠲᠥᠪᠯᠡᠷᠡᠭᠰᠡᠨ | ᠲᠣᠭᠤᠷᠢᠭ ᠪᠣᠯᠬᠤ ᠶᠢ ᠠᠮᠵᠢᠯᠲᠠ ᠲᠠᠢ ᠪᠠᠷ ᠵᠥᠪᠰᠢᠶᠡᠷᠡᠭᠦᠯᠪᠡ᠃ | ᠬᠠᠮᠢᠶᠠᠷᠤᠯᠲᠠ ᠶᠢᠨ ᠰᠢᠰᠲ᠋ᠧᠮ ᠳᠤ ᠥᠨᠳᠥᠷ ᠪᠠᠷᠢᠮᠵᠢᠶ᠎ᠠ ᠶᠢ ᠲᠤᠪᠤᠶᠢᠯᠭᠠᠨ᠂ ᠦᠢᠯᠡᠴᠢᠯᠡᠭᠡ ᠪᠠᠷ ᠦᠨᠳᠦᠰᠦ | ᠪᠣᠯᠭᠠᠵᠤ᠂ ᠵᠤᠭᠠᠴᠠᠭᠰᠠᠳ ᠢ ᠬᠦᠨᠳᠣᠯᠠᠬᠦ ᠶᠢ ᠪᠠᠷᠢᠮᠲᠠᠯᠠᠨ᠎ᠠ᠃ ︽ᠣᠶᠤᠨᠴᠢ ᠵᠤᠭᠠᠴᠠᠯ︾ ᠤᠨ ᠲᠥᠷᠥᠯ ᠵᠦᠢᠯ ᠢ | ᠬᠡᠷᠡᠭᠵᠢᠭᠦᠯᠵᠦ᠂ ᠠᠮᠠᠷᠠᠯᠲᠠ ᠶᠢᠨ ᠣᠷᠣᠨ ᠳᠤ ᠠᠵᠤ ᠦᠢᠯᠡᠰ ᠤᠨ ᠬᠢᠨᠠᠨ ᠬᠡᠮᠵᠢᠯᠲᠡ᠂ ᠵᠤᠭᠠᠴᠠᠯ ᠤᠨ ᠬᠤᠭᠤᠯᠠᠢ | ᠱᠤᠭᠤᠮ ᠤᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠵᠡᠷᠭᠡ ᠣᠶᠤᠨᠴᠢ | ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠨ᠎ᠠ᠃ ︽ᠯᠣ᠋ ᠵᠢᠶᠣᠣ ᠸᠠᠨ︾ ᠠᠮᠠᠷᠠᠯᠲᠠ ᠶᠢᠨ ᠬᠠᠮᠢᠶᠠᠷᠤᠯᠲᠠ ᠶᠢᠨ | ᠦᠢᠯᠡᠴᠢᠯᠡᠭᠡ ᠭᠠᠷᠭᠠᠵᠤ᠂ ᠬᠤᠲᠠ ᠶᠢᠨ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ | ᠳᠤᠮᠳᠠᠳᠤ ᠤᠯᠤᠰ ᠤᠨ ᠵᠤᠭᠠᠴᠠᠯ ᠤᠨ ᠬᠠᠯᠠᠭᠤᠨ ᠷᠠᠰᠢᠶᠠᠨ ᠤ ᠬᠤᠪᠢᠶᠠᠷᠢ ᠨᠡᠶᠢᠭᠡᠮᠯᠢᠭ᠂ ᠳᠤᠮᠳᠠᠳᠤ ᠤᠯᠤᠰ ᠤᠨ | ᠣᠶ ᠰᠢᠭᠤᠢ ᠶᠢᠨ ᠡᠷᠡᠭᠦᠯ ᠮᠡᠨᠳᠦ ᠶᠢᠨ ᠰᠢᠮ᠎ᠡ ᠲᠡᠵᠢᠭᠡᠯ ᠤᠨ ᠨᠡᠶᠢᠭᠡᠮᠯᠢᠭ ᠵᠡᠷᠭᠡ ᠪᠦᠯᠬᠦᠮ ᠨᠡᠶᠢᠲᠡ ᠲᠠᠢ | ᠬᠠᠮᠲᠤᠷᠠᠯᠴᠠᠵᠤ᠂ ᠬᠠᠯᠠᠭᠤᠨ ᠷᠠᠰᠢᠶᠠᠨ᠂ ᠣᠶ ᠰᠢᠭᠤᠢ ᠶᠢᠨ ᠡᠷᠡᠭᠦᠯ ᠮᠡᠨᠳᠦ ᠶᠢᠨ ᠰᠤᠪᠢᠯᠠᠯᠲᠠ᠂ ᠠᠮᠠᠷᠠᠯᠲᠠ ᠶᠢᠨ | ᠬᠤᠸᠠᠷᠠᠨ᠂ ᠪᠠᠭᠤᠳᠠᠯ᠂ ᠢᠳᠡᠭᠡᠨ ᠤᠮᠳᠠᠭᠠᠨ ᠵᠡᠷᠭᠡ 5 ᠶᠡᠭᠡ ᠪᠠᠷᠢᠮᠵᠢᠶᠠᠵᠢᠭᠰᠠᠨ ᠦᠢᠯᠡᠴᠢᠯᠡᠭᠡᠨ ᠤ ᠰᠢᠰᠲ᠋ᠧᠮ ᠶᠢ | ᠢᠳᠡᠪᠬᠢᠲᠡᠢ ᠪᠠᠶᠢᠭᠤᠯᠵᠡᠢ︔ ᠪᠤᠰᠤᠳ ᠠᠮᠠᠷᠠᠯᠲᠠ ᠶᠢᠨ ᠣᠷᠣᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ | ᠲᠣᠯᠢᠯᠠᠵᠤ᠂ ᠳ᠋ᠠᠢ ᠪᠢᠨ᠂ ᠦ᠋ ᠪᠢ ᠬᠤ᠋ ᠵᠡᠷᠭᠡ ᠵᠤᠭᠠᠴᠠᠯ ᠤᠨ ᠵᠥᠪᠯᠡᠭᠴᠢ ᠶᠢᠨ ᠬᠠᠪᠰᠤᠷᠤᠯᠭ᠎ᠠ ᠵᠢᠯᠣᠭᠤᠳᠤᠯᠭ᠎ᠠ ᠪᠠᠷ | ᠂ ᠬᠠᠮᠢᠶᠠᠷᠤᠯᠲᠠ ᠶᠢᠨ ᠵᠥᠪᠯᠡᠯ ᠪᠣᠯᠣᠨ ᠵᠡᠭᠡᠯᠢ ᠶᠢᠨ ᠠᠯᠪᠠᠨ ᠭᠡᠷ ᠬᠤᠣᠰ ᠱᠤᠭᠤᠮ ᠢᠶᠠᠷ ᠬᠠᠮᠢᠶᠠᠷᠬᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠪᠣᠯᠣᠨ ᠠᠵᠢᠯ ᠲᠦᠷᠦᠯ ᠤᠨ ᠨᠡᠶᠢᠭᠡᠮᠯᠢᠭ ᠬᠤᠣᠰ ᠡᠭᠡᠯᠵᠢ ᠪᠠᠷ ᠬᠥᠳᠡᠯᠭᠡᠬᠦ᠂ | ᠬᠠᠮᠲᠤᠷᠠᠨ ᠬᠠᠤᠯᠢ ᠬᠡᠷᠡᠭᠵᠢᠭᠦᠯᠬᠦ ᠪᠣᠯᠣᠨ ᠰᠢᠯᠢᠳᠡᠭ ᠦᠢᠯᠡᠴᠢᠯᠡᠭᠡᠨ ᠤ ᠬᠤᠣᠰ ᠪᠠᠲᠤᠯᠠᠭ᠎ᠠ ᠲᠠᠢ | ᠬᠠᠮᠢᠶᠠᠷᠤᠯᠲᠠ ᠶᠢᠨ ᠵᠠᠭᠪᠤᠷ ᠢ ᠠᠩᠬ᠎ᠠ ᠠᠯᠬᠤᠮ ᠪᠦᠷᠢᠯᠳᠦᠭᠦᠯᠵᠦ᠂ ᠠᠮᠠᠷᠠᠯᠲᠠ ᠶᠢᠨ ᠣᠷᠣᠨ ᠤ ᠬᠠᠮᠢᠶᠠᠷᠤᠯᠲᠠ ᠶᠢᠨ | ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠪᠡ᠃ | | |