ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2023 ᠣᠨ ᠤ 11 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/11
  9 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2023 ᠣᠨ ᠤ 11 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠳᠡᠳ᠋ ᠡᠷᠬᠢᠯᠡᠭᠴᠢ ᠪᠦᠦ ᠰᠢᠨ ᠮᠢᠨ᠂ ᠬᠠᠮᠢᠶ᠎ᠠ ᠪᠥᠬᠦᠶ ᠠᠵᠢᠯ ᠤᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠪᠦᠬᠦ ᠤᠯᠤᠰ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ  ᠶᠢᠨ ᠰᠦᠨ ᠱᠤᠤ ᠴᠧᠩ ᠱᠦᠵᠢ ᠶᠢᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠪᠣᠯᠤᠨ ᠬᠢᠯᠢ ᠬᠢᠵᠠᠭᠠᠷ ᠣᠷᠣᠨ ᠤ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ᠂ ᠠᠶᠢᠮᠠᠭ ᠤᠨ ᠨᠠᠮ ᠤᠨ  ᠬᠤᠷᠢᠶ᠎ᠠ ᠶᠢᠨ 2023 ᠣᠨ ᠤ 22 ᠳ᠋ᠤᠭᠠᠷ ᠤᠳᠠᠭ᠎ᠠ ᠶᠢᠨ ᠭᠡᠰᠢᠭᠦᠳ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠲᠣᠪᠴᠢ ᠲᠡᠮᠳᠡᠭᠯᠡᠯ ᠤᠨ ᠵᠣᠷᠢᠭ ᠰᠠᠨᠠᠭ᠎ᠠ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ︔  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ  ᠬᠡᠮᠵᠢᠶ᠎ᠡ ᠶᠢ ᠰᠤᠳᠤᠯᠵᠤ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ  ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠤᠬᠠᠢ ᠲᠣᠭᠲᠠᠭᠠᠯ﹀ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠦᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠶᠢᠨ ᠬᠤᠪᠢᠶᠠᠷᠢᠯᠠᠯ ᠢ ᠬᠢᠨᠠᠨ ᠵᠥᠪᠯᠡᠵᠦ ᠪᠠᠲᠤᠯᠠᠪᠠ︔ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠪᠠᠶᠢᠭᠤᠯᠤᠯᠭ᠎ᠠ ᠶᠢᠨ ᠣᠨ ᠤ ᠲᠥᠰᠦᠪ ᠤᠨ ᠬᠡᠷᠡᠭᠵᠢᠭᠦᠯᠦᠯᠲᠡ ᠵᠢᠴᠢ ᠢᠷᠡᠬᠦ ᠵᠢᠯ ᠤᠨ ᠠᠩᠬᠠᠨ ᠤ ᠲᠥᠰᠦᠪ ᠤᠨ ᠪᠠᠶᠢᠷᠢᠯᠠᠭᠤᠯᠤᠯᠳᠠ ᠶᠢ ᠰᠤᠨᠤᠰᠪᠠ᠃  
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号