9 ᠳ᠋ᠦ᠋ᠭᠡᠷ ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠨᠠᠮ ᠤᠨ ᠬᠤᠷᠢᠶ᠎ᠠ ᠶᠢᠨ | ᠭᠡᠰᠢᠭᠦᠳ ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠠ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠵᠢᠴᠢ ᠪᠥᠬᠦ ᠤᠯᠤᠰ᠂ ᠪᠥᠬᠦ ᠣᠷᠣᠨ ᠤ | ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠤᠳᠤᠷᠢᠳᠬᠤ ᠪᠠᠭ ᠪᠠ ᠺᠠᠳ᠋ᠷ ᠤᠨ ᠡᠩᠨᠡᠭᠡ ᠶᠢᠨ | ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠪᠦᠬᠦ ᠤᠯᠤᠰ᠂ ᠪᠦᠬᠦ ᠣᠷᠣᠨ ᠤ ᠵᠣᠬᠢᠶᠠᠨ ᠪᠠᠶᠢᠭᠤᠯᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠵᠣᠬᠢᠶᠠᠨ ᠪᠠᠶᠢᠭᠤᠯᠬᠤ ᠠᠵᠢᠯ ᠤᠨ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ | ᠪᠦᠬᠦ ᠠᠶᠢᠮᠠᠭ ᠤᠨ ᠨᠠᠮ ᠤᠨ ᠪᠠᠶᠢᠭᠤᠯᠤᠯᠲᠠ ᠪᠣᠯᠤᠨ ᠵᠣᠬᠢᠶᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠠᠵᠤ ᠦᠢᠯᠡᠰ ᠤᠨ ᠪᠦᠲᠦᠴᠡ ᠶᠢ | ᠲᠦᠷᠭᠡᠪᠴᠢᠯᠡᠨ ᠰᠢᠯᠢᠳᠡᠭᠵᠢᠭᠦᠯᠬᠦ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠴᠢᠩᠭᠠᠳᠬᠠᠬᠤ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠬᠦᠴᠦᠷᠬᠡᠭᠵᠢᠭᠦᠯᠬᠦ᠂ ᠪᠠᠭ ᠢ ᠲᠣᠬᠢᠷᠠᠭᠤᠯᠤᠨ ᠬᠦᠴᠦᠷᠬᠡᠭᠵᠢᠭᠦᠯᠬᠦ᠂ | ᠺᠠᠳ᠋ᠷ ᠢ ᠰᠠᠶᠢᠲᠤᠷ ᠬᠡᠷᠡᠭᠯᠡᠬᠦ᠂ ᠴᠢᠳᠠᠪᠤᠷᠢᠲᠠᠨ ᠢ ᠬᠥᠮᠦᠵᠢᠭᠦᠯᠦᠨ ᠴᠢᠳᠠᠪᠤᠷᠢᠲᠠᠨ ᠢ ᠴᠤᠭᠯᠠᠭᠤᠯᠬᠤ᠂ ᠬᠢᠨᠠᠨ ᠰᠢᠯᠭᠠᠵᠤ | ᠬᠢᠨᠠᠯᠲᠠ ᠲᠠᠯᠪᠢᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠶ ᠨᠡᠶᠢᠭᠡᠮ ᠤᠨ | ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠨ᠎ᠠ᠃ ᠵᠠᠯᠠᠭᠤ ᠺᠠᠳ᠋ᠷᠴᠤᠳ ᠢ ᠶᠡᠭᠡ ᠪᠠᠷ ᠢᠯᠡᠷᠡᠭᠦᠯᠦᠨ ᠬᠥᠮᠦᠵᠢᠭᠦᠯᠵᠦ᠂ ︽ ᠡᠮᠡᠭᠲᠡᠶ ᠺᠠᠳ᠋ᠷ᠂ | ᠴᠥᠭᠡᠨ ᠲᠣᠭᠠᠲᠤ ᠦᠨᠳᠦᠰᠦᠲᠡᠨ ᠤ ᠺᠠᠳ᠋ᠷ᠂ ᠨᠠᠮ ᠤᠨ ᠭᠡᠰᠢᠭᠦᠨ ᠪᠤᠰᠤ ᠺᠠᠳ᠋ᠷ ︾ ᠢ ᠵᠦᠢ ᠵᠣᠬᠢᠰᠲᠠᠶ ᠪᠠᠷ | ᠲᠣᠬᠢᠷᠠᠭᠤᠯᠵᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠷ ᠰᠠᠶᠢᠨ ᠺᠠᠳ᠋ᠷᠴᠤᠳ ᠢ ᠢᠳᠡᠪᠬᠢᠲᠡᠶ ᠪᠠᠷ ᠰᠣᠩᠭᠤᠨ | ᠬᠡᠷᠡᠭᠯᠡᠵᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠶᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |