9 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ 39 ᠳ᠋ᠦ᠋ᠭᠡᠷ ᠪᠠᠭᠰᠢ ᠶᠢᠨ ᠪᠠᠶᠠᠷ ᠤᠨ ᠡᠳᠦᠷ | ᠬᠦᠷᠴᠦ ᠢᠷᠡᠬᠦ ᠲᠠᠰᠢᠷᠠᠮ ᠢᠶᠠᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠰᠦᠬᠡ ᠠᠵᠢᠯ ᠠᠴᠠ ᠪᠠᠨ ᠠᠮᠠᠷᠠᠭᠰᠠᠨ ᠪᠠᠭᠰᠢ᠂ ᠨᠢᠭᠡᠳᠦᠭᠡᠷ ᠹᠷᠣᠨᠲ ᠤᠨ ᠪᠠᠭᠰᠢ ᠠᠵᠢᠯᠲᠠᠨ ᠤ ᠲᠥᠯᠥᠭᠡᠯᠡᠭᠴᠢᠳ ᠢ | ᠳᠣᠲᠣᠨᠣ ᠪᠠᠷ ᠪᠣᠯᠭᠤᠭᠠᠨ ᠲᠣᠬᠤᠨᠢᠭᠤᠯᠵᠤ᠂ ᠪᠥᠬᠦ ᠠᠶᠢᠮᠠᠭ ᠤᠨ ᠥᠷᠭᠡᠨ ᠣᠯᠠᠨ ᠪᠠᠭᠰᠢ ᠪᠠ ᠰᠤᠷᠭᠠᠨ | ᠬᠥᠮᠦᠵᠢᠯ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ | ᠃ | ᠰᠦᠬᠡ ᠰᠢᠯᠢᠳᠡᠭ ᠪᠠᠭᠰᠢ ᠶᠢᠨ ᠲᠥᠯᠥᠭᠡᠯᠡᠭᠴᠢᠳ ᠤᠨ ᠬᠡᠷ ᠲᠤ ᠭᠦᠨᠵᠡᠭᠡᠶᠢᠷᠡᠨ ᠲᠡᠳᠡᠨ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠪᠠ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠢ | ᠦᠷᠭᠦᠯᠵᠢᠯᠡᠨ ᠥᠯᠢᠭᠡᠷ ᠳᠠᠭᠤᠷᠢᠶᠠᠯ ᠢᠶᠠᠷ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ | ᠪᠠᠳᠠᠷᠠᠭᠤᠯᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃ ᠲᠣᠬᠤᠨᠢᠭᠤᠯᠬᠤ ᠶᠠᠪᠤᠴᠠ ᠳᠤ᠂ ᠰᠦᠬᠡ᠂ | ᠥᠨᠢᠳᠡ ᠶᠢᠨ ᠶᠡᠭᠡ ᠪᠤᠳᠤᠯᠭ᠎ᠠ ᠶᠢ ᠪᠡᠶᠡᠯᠡᠭᠦᠯᠬᠦ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠬᠤ ᠬᠡᠷᠡᠭᠲᠡᠢ᠃ | ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ | ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠪᠠᠳᠠᠷᠠᠭᠤᠯᠤᠨ᠂ ᠰᠤᠷᠭᠠᠨ ᠬᠥᠮᠦᠵᠢᠯ ᠤᠨ ᠦᠢᠯᠡᠰ ᠤᠨ | ᠬᠥᠭᠵᠢᠯᠲᠡ ᠶᠢ ᠢᠳᠡᠪᠬᠢᠲᠡᠶ ᠳᠡᠮᠵᠢᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠵᠤ᠂ ᠰᠤᠷᠭᠠᠭᠤᠯᠢ | ᠡᠷᠭᠢᠯᠡᠬᠦ ᠬᠢᠷᠢ ᠲᠦᠪᠰᠢᠨ ᠪᠠ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠦᠨ᠂ ᠠᠷᠠᠳ | ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠦ᠂ ᠣᠯᠠᠨ ᠲᠦᠮᠡᠨ ᠤ ᠵᠣᠯ ᠵᠢᠷᠭᠠᠯᠲᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠪᠡ᠃ | ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠤᠨᠢᠭᠤᠯᠬᠤ ᠠᠵᠢᠯᠯᠠᠭ᠎ᠠ ᠳᠤ | ᠣᠷᠣᠯᠴᠠᠪᠠ᠃ | |