ᠵᠠᠩ ᠰᠢᠶᠤᠤ ᠪᠢᠩ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠭᠰᠢ ᠶᠢᠨ ᠲᠥᠯᠥᠭᠡᠯᠡᠭᠴᠢ ᠶᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/9/11
    9 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ 39 ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠠᠴᠠ ᠡᠮᠦᠨᠡᠬᠡᠨ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠪᠤᠳᠤᠭᠠᠷ ᠳᠤᠮᠳᠠᠳᠤ ᠰᠤᠷᠭᠠᠭᠤᠯᠢ ᠪᠠ ᠤᠯᠠᠭᠠᠨᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠰᠤᠷᠭᠠᠨ ᠬᠥᠮᠦᠵᠢᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠪᠠ ᠠᠵᠢᠯ ᠳᠤ ᠪᠠᠶᠢᠭ᠎ᠠ ᠪᠠᠭᠰᠢ ᠶᠢ ᠪᠣᠯᠭᠤᠭᠠᠨ ᠲᠣᠬᠤᠨᠢᠭᠤᠯᠵᠤ᠂ ᠪᠥᠬᠦ ᠠᠶᠢᠮᠠᠭ ᠤᠨ ᠥᠷᠭᠡᠨ ᠣᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃    ᠵᠠᠩ ᠰᠢᠶᠤᠤ ᠪᠢᠩ ᠬᠡᠯᠡᠬᠦ ᠳᠡᠭᠡᠨ᠂ ᠰᠤᠷᠭᠠᠨ ᠬᠥᠮᠦᠵᠢᠯ ᠪᠣᠯ ᠥᠨᠢᠳᠡ ᠶᠢᠨ ᠶᠡᠭᠡ ᠪᠣᠳᠣᠯᠭ᠎ᠠ ᠮᠥᠨ᠂ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ  ᠲᠤᠭᠤᠰᠢᠯᠠᠭᠤᠯᠵᠦ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠴᠣᠭᠴᠠᠯᠠᠨ ᠪᠠᠬᠢᠵᠢᠭᠦᠯᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠲᠦᠭᠡᠮᠡᠯᠵᠢᠭᠦᠯᠦᠯᠲᠡ ᠶᠢᠨ ᠬᠡᠮᠵᠢᠶ᠎ᠡ ᠪᠠ ᠬᠡᠷᠡᠭᠯᠡᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ︽ᠪᠦᠯᠬᠦᠮ ᠮᠠᠶ᠋ᠢᠭ︾ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ ᠬᠡᠷᠡᠭᠯᠡᠨ  ᠭᠦᠢᠴᠡᠳ ᠬᠡᠷᠡᠭᠯᠡᠵᠦ᠂ ᠣᠯᠠᠨ  ᠵᠦᠢᠯ  ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠡᠮᠵᠢᠵᠤ᠂ ᠥᠷᠭᠡᠨ ᠤᠯᠠᠨ ᠪᠠᠭᠰᠢ ᠨᠠᠷ ᠢ ᠬᠠᠯᠠᠮᠵᠢᠯᠠᠨ ᠬᠠᠶᠢᠷᠠᠯᠠᠵᠤ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ ᠭᠡᠪᠡ᠃    ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号