| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ | ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ ︵ᠥᠪᠥᠷ ᠵᠠᠰᠠᠭ | ᠠᠯᠪᠠᠨ ᠲᠠᠷᠬᠠᠭᠠᠭᠰᠠᠨ ︹2023︺ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ | ᠬᠠᠭᠤᠳᠠᠰᠤ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ ᠪᠦᠬᠦᠢ | ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ | ᠮᠡᠲᠦ ᠲᠠᠶᠢᠯᠤᠮᠵᠢ ᠬᠢᠪᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ | ᠲᠤᠰᠠᠳᠠ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ | ᠱᠠᠭᠠᠷᠳᠠᠯᠭ᠎ᠠ ᠶᠢ ᠦᠨᠳᠦᠰᠦᠯᠡᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ | ᠲᠦᠷ ᠴᠠᠭ ᠤᠨ ᠪᠡᠶ᠎ᠡ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢ | ᠲᠣᠭᠲᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ | ᠶᠠᠪᠤᠳᠠᠯ ᠭᠦᠢᠴᠡᠳᠬᠡᠬᠦ ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ | ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ | ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ ᠲᠥᠷᠥᠯ | ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂ ᠡᠷᠦᠬᠡ | ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24 | ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ | ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ | ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ | ᠭᠦᠢᠴᠡᠳᠬᠡᠬᠦ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃ | ︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ | ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ | ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃ | | ︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ | ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ | ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ | ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ | ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾ | ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃ | ︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠰᠢᠯᠵᠢᠭᠦᠯᠦᠨ | ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽ | ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ ᠳᠣᠲᠣᠷ᠎ᠠ | ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ᠂ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1 | ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ | ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ | ︵ᠲᠠᠪᠤ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ | ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ | ᠂ ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ | ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃ | ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢᠨ ᠰᠢᠯᠭᠠᠨ | ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ ᠪᠠᠶᠢᠴᠠᠭᠠᠯᠲᠠ ᠶᠢᠨ | ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠪᠥᠬᠦ ᠣᠷᠣᠨ ᠳᠤ | ᠨᠡᠶᠢᠳᠡᠮ ᠭᠦᠢᠴᠡᠳᠬᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ᠭᠤᠷᠪᠠ᠂ ᠣᠨᠴᠠᠯᠢᠭ ᠪᠠ ᠭᠢᠯᠠᠰ ᠴᠡᠭ | ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ | ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ | ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ | ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ | ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ | ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ | ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ ᠠᠰᠠᠭᠤᠳᠠᠯ ᠢ | ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ | ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ | ᠥᠷᠲᠡᠭ ᠢ ᠠᠷᠪᠢᠯᠠᠪᠠ᠃ | |