ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠡᠷᠬᠡ | ᠲᠡᠭᠰᠢ ᠨᠢᠭᠡᠳᠦᠯᠲᠡᠢ᠂ ᠠᠮᠤᠷ ᠲᠦᠪᠰᠢᠨ ᠵᠢᠷᠤᠮᠵᠢᠭᠤᠨ᠂ ᠦᠷᠭᠦᠯᠵᠢᠯᠡᠭᠰᠡᠨ ᠤᠯᠠᠨ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ ᠶᠤᠮ᠃ ︽2023 ᠣᠨ ᠤ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ | ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ | ︹2023︺ 24 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠯᠦᠭᠡ ᠬᠠᠮᠲᠤᠷᠠᠨ ︽2023 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ | ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2023︺ 18 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄ | ᠨᠢᠭᠡ᠂ 2023 ᠣᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠪᠠᠲᠤᠯᠠᠬᠤ ᠠᠵᠢᠯ ᠤᠨ ᠪᠣᠳᠠᠲᠠᠢ ᠲᠣᠬᠢᠷᠠᠭᠤᠯᠤᠯᠲᠠ ᠨᠢ | ᠶᠠᠭᠤ ᠪᠤᠢ︖ | ᠪᠡᠯᠡ ᠴᠤᠭᠯᠠᠭᠤᠯᠬᠤ ᠪᠠᠷᠢᠮᠵᠢᠶ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠠᠵᠤ ᠠᠬᠤᠢ ᠨᠡᠶᠢᠭᠡᠮ ᠤᠨ | ᠬᠥᠭᠵᠢᠯᠲᠡ ᠪᠠ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠶᠢ | ᠨᠢᠭᠡᠳᠦᠯᠲᠡᠢ ᠪᠣᠳᠣᠯᠬᠢᠯᠠᠵᠤ᠂ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠡᠷᠬᠡ ᠠᠰᠢᠭ ᠢ | ᠬᠠᠮᠠᠭᠠᠯᠠᠨ᠎ᠠ᠃ ︽2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠳ᠋ ᠤᠨ | ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ᠳᠠᠬᠢ ︽ | 2023 ᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ | 1020 ᠲᠥᠭᠦᠷᠢᠭ ᠪᠣᠯᠭᠠᠵᠤ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ | ᠪᠠᠷᠢᠮᠵᠢᠶ᠎ᠠ ᠶᠢ ᠬᠥᠮᠥᠨ ᠪᠦᠷᠢ ᠵᠢᠯ ᠳᠤ 640 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ | ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ 380 ᠲᠥᠭᠦᠷᠢᠭ ᠲᠤ ᠬᠦᠷᠭᠡᠬᠦ︾ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠭᠡᠨ ᠤ ᠳᠠᠭᠠᠳᠬᠠᠯ ︵ᠳᠣᠷᠣᠭᠰᠢ ︽ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ︾ ᠭᠡᠵᠦ | ᠲᠣᠪᠴᠢᠯᠠᠨ᠎ᠠ︶ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ 1020 | ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠵᠦ᠂ ᠬᠥᠮᠥᠨ ᠪᠦᠷᠢ ᠵᠢᠯ ᠳᠤ 640 ᠲᠥᠭᠦᠷᠢᠭ ᠠᠴᠠ | ᠳᠣᠣᠷ᠎ᠠ ᠪᠠᠶᠢᠯᠭᠠᠬᠤ ᠦᠭᠡᠢ᠂ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ ᠬᠥᠮᠥᠨ ᠪᠦᠷᠢ ᠵᠢᠯ ᠳᠤ | 380 ᠲᠥᠭᠦᠷᠢᠭ ᠠᠴᠠ ᠳᠣᠣᠷ᠎ᠠ ᠪᠠᠶᠢᠯᠭᠠᠬᠤ ᠦᠭᠡᠢ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ᠂ | ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠦᠨᠳᠦ ᠡᠪᠡᠳᠴᠢᠨ ᠤ ᠳᠠᠭᠠᠳᠬᠠᠯ ᠤᠨ ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ | ᠲᠣᠭᠲᠠᠭᠠᠵᠤ᠂ ᠬᠥᠳᠡᠯᠦᠩᠭᠦᠢ ᠪᠠᠷ ᠲᠣᠬᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠠᠷᠠᠭᠠᠯᠵᠠᠯ ᠤᠨ ᠪᠠᠲᠤᠯᠠᠭ᠎ᠠ ᠶᠢᠨ ᠲᠠᠯ᠎ᠠ ᠪᠠᠷ᠂ ︽ᠮᠡᠳᠡᠭᠳᠡᠯ︾ ᠳᠤ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠬᠠᠷᠠᠭᠠᠯᠵᠠᠯ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠳᠦᠷᠢᠮ ᠢ ᠵᠢᠷᠤᠮᠵᠢᠭᠤᠨ ᠪᠥᠭᠡᠳ ᠨᠢᠭᠡᠳᠦᠯᠲᠡᠢ ᠪᠠᠶᠢᠯᠭᠠᠬᠤ᠂ ᠬᠠᠷᠠᠭᠠᠯᠵᠠᠯ ᠤᠨ ᠪᠠᠲᠤᠯᠠᠭ᠎ᠠ ᠶᠢ ᠲᠡᠩᠴᠡᠭᠦᠯᠬᠦ ᠶᠢ | ᠪᠠᠷᠢᠮᠲᠠᠯᠠᠨ᠂ ᠭᠤᠥᠯᠴᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠡᠭᠦᠨ ᠳᠤ ᠭᠤᠣᠯᠳᠠᠭᠤ | ᠭᠤᠷᠪᠠᠨ ᠲᠠᠯ᠎ᠠ ᠪᠠᠭᠲᠠᠨ᠎ᠠ᠂ ᠨᠢᠭᠡ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠮᠨᠡᠯᠭᠡ ᠳᠤ | ᠰᠠᠭᠤᠬᠤ ᠬᠠᠷᠠᠭᠠᠯᠵᠠᠯ ᠤᠨ ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠰᠠᠭᠤᠷᠢ | ᠮᠥᠩᠭᠦ ᠶᠢᠨ ᠲᠥᠯᠥᠬᠦ ᠬᠠᠷᠢᠴᠠᠯ ᠢ 70% ᠣᠷᠴᠢᠮ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ | ᠡᠭᠦᠳᠡᠨ ᠡᠮᠨᠡᠯᠭᠡ ᠶᠢᠨ ᠪᠠᠲᠤᠯᠠᠪᠤᠷᠢ ᠶᠢᠨ ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠰᠠᠭᠤᠭᠠᠯᠢ | ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠳᠦᠷᠢᠮ ᠢ ᠪᠥᠬᠦ ᠲᠠᠯ᠎ᠠ ᠪᠠᠷ ᠥᠷᠨᠢᠭᠦᠯᠵᠦ᠂ | ᠨᠥᠬᠦᠴᠡᠯ ᠲᠠᠢ ᠭᠠᠵᠠᠷ ᠣᠷᠣᠨ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠣᠨ ᠤ ᠰᠢᠨ᠎ᠡ ᠪᠠᠷ | ᠨᠡᠮᠡᠭᠳᠡᠭᠰᠡᠨ ᠪᠡᠯᠡ ᠴᠤᠭᠯᠠᠭᠤᠯᠤᠯᠲᠠ ᠶᠢᠨ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ | ᠴᠢᠩᠭᠠᠳᠬᠠᠬᠤ ᠳᠤ ᠬᠡᠷᠡᠭᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠲᠡᠶᠢᠰᠢ ᠦᠷᠭᠦᠯᠵᠢᠯᠡᠨ | ᠬᠡᠯᠪᠠᠶᠢᠯᠭᠡᠵᠦ ᠪᠣᠯᠣᠨ᠎ᠠ᠃ ᠣᠲᠣ ᠶᠢᠨ ᠪᠠᠶᠢᠭ᠎ᠠ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠨᠢᠭᠡᠳᠦᠯᠲᠡᠢ ᠲᠥᠯᠥᠪᠯᠡᠵᠦ᠂ ᠪᠠᠲᠤᠯᠠᠭ᠎ᠠ ᠶᠢᠨ ᠴᠢᠳᠠᠯ ᠢᠶᠠᠨ ᠳᠡᠭᠡᠭᠰᠢᠯᠡᠭᠦᠯᠦᠨ᠎ᠡ᠃ ᠤᠯᠤᠰ ᠤᠨ ᠪᠠᠶᠢᠷᠢᠯᠠᠭᠤᠯᠤᠯᠲᠠ | ᠶᠣᠰᠣᠭᠠᠷ᠂ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢᠨ ᠬᠠᠮᠤᠷᠬᠤ ᠬᠡᠪᠴᠢᠶ᠎ᠡ ᠶᠢ | ᠠᠯᠬᠤᠮ ᠠᠯᠬᠤᠮ ᠢᠶᠠᠷ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ ᠳᠤ ᠬᠦᠷᠲᠡᠯ᠎ᠡ ᠥᠷᠭᠡᠳᠬᠡᠨ᠎ᠡ᠃ | ᠭᠤᠷᠪᠠ ᠳᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠦᠷᠡᠵᠢᠯ ᠤᠨ ᠡᠮᠴᠢᠯᠡᠭᠡᠨ ᠤ ᠵᠠᠷᠤᠳᠠᠯ ᠤᠨ | ᠪᠠᠲᠤᠯᠠᠭ᠎ᠠ ᠶᠢ ᠴᠢᠩᠭᠠᠳᠬᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠦᠷᠡᠵᠢᠯ ᠤᠨ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃ ᠡᠭᠦᠨ ᠠᠴᠠ ᠭᠠᠳᠠᠨ᠎ᠠ᠂ ︽ | ᠮᠡᠳᠡᠭᠳᠡᠯ︾ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ | ᠨᠢᠭᠡᠳᠦᠯᠲᠡᠢ ᠲᠥᠯᠥᠪᠯᠡᠭᠡ ᠶᠢ ᠲᠣᠭᠲᠠᠭᠤᠨ ᠢᠶᠠᠷ ᠠᠬᠢᠭᠤᠯᠬᠤ ᠶᠢ ᠲᠣᠳᠣᠷᠬᠠᠶᠢᠯᠠᠪᠠ᠃ | ᠬᠤᠶᠠᠷ᠂ ᠡᠮᠴᠢᠯᠡᠭᠡᠨ ᠤ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ᠂ ᠪᠥᠬᠦ ᠠᠷᠠᠳ ᠤᠨ | ᠡᠮᠴᠢᠯᠡᠭᠡᠨ ᠤ ᠪᠠᠲᠤᠯᠠᠭ᠎ᠠ ᠶᠢ ᠪᠠᠬᠢᠵᠢᠭᠦᠯᠦᠨ ᠪᠦᠷᠢᠨᠰᠢᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠢ ᠱᠠᠭᠠᠷᠳᠠᠯᠭ᠎ᠠ ᠪᠠᠶᠢᠬᠤ | ᠪᠣᠶ︖ | ︽ᠮᠡᠳᠡᠭᠳᠡᠯ︾ ᠳᠤ᠂ ᠥᠪᠡᠷᠲᠡᠭᠡᠨ ᠵᠠᠰᠠᠬᠤ ᠣᠷᠣᠨ ᠤ ︽ᠦᠨᠳᠦᠰᠦᠨ ᠡᠮᠴᠢᠯᠡᠭᠡᠨ ᠤ ᠳᠠᠭᠠᠳᠬᠠᠯ ᠳᠤ | ᠪᠥᠬᠦ ᠠᠷᠠᠳ ᠢᠶᠠᠷ ᠢᠶᠠᠨ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ | ᠪᠠᠶᠢᠭᠤᠯᠬᠤ ᠲᠤᠬᠠᠢ ᠰᠠᠨᠠᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ︹2022︺ 24 ᠳ᠋ᠦ᠋ᠭᠡᠷ | ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠵᠠᠰᠠᠭ ᠤᠨ ᠣᠷᠳᠣᠨ ᠢᠶᠠᠷ ᠤᠳᠤᠷᠢᠳᠤᠭᠤᠯᠬᠤ ᠶᠢ ᠪᠠᠷᠢᠮᠲᠠᠯᠠᠨ᠂ | ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠵᠦ ᠪᠠᠶᠢᠭᠠᠳ | ᠳᠠᠭᠠᠳᠬᠠᠯ ᠳᠤ ᠣᠷᠣᠯᠴᠠᠬᠤ ᠲᠣᠭᠲᠠᠯᠴᠠᠭ᠎ᠠ ᠶᠢ ᠪᠠᠶᠢᠭᠤᠯᠵᠤ᠂ ᠡᠭᠦᠷᠭᠡ ᠶᠢᠨ ᠬᠠᠷᠠᠯᠲᠠ᠂ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠤᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠪᠠᠷ | ᠱᠠᠭᠠᠷᠳᠠᠪᠠ᠃ | ᠨᠢᠭᠡ ᠳᠤ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠰᠠᠭᠤᠷᠢ | ᠲᠤᠭ᠎ᠠ ᠶᠢ ᠣᠨᠣᠪᠴᠢᠲᠠᠢ ᠡᠵᠡᠮᠰᠢᠨ᠎ᠡ᠃ | ᠬᠤᠶᠠᠷ ᠲᠤ᠂ ᠭᠤᠣᠯᠳᠠᠯᠭ᠎ᠠ ᠲᠠᠢ ᠬᠥᠮᠥᠰ ᠢ ᠠᠩᠬᠠᠷᠴᠤ᠂ ᠬᠡᠪᠴᠢᠶ᠎ᠡ ᠶᠢ ᠣᠨᠣᠪᠴᠢᠲᠠᠢ ᠥᠷᠭᠡᠳᠬᠡᠨ᠎ᠡ᠃ | ᠭᠤᠷᠪᠠ ᠳᠤ᠂ ᠣᠷᠣᠰᠢᠨ ᠰᠠᠭᠤᠬᠤ ᠦᠨᠡᠮᠯᠡᠯ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠷᠥ ᠶᠢᠨ | ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠬᠢ ᠲᠠᠢ ᠠᠳᠠᠯᠢ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃ | ᠳᠥᠷᠪᠡ ᠳᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠰᠢᠨ᠎ᠡ ᠠᠷᠭ᠎ᠠ ᠶᠢ ᠡᠭᠦᠳᠴᠦ᠂ | ᠠᠷᠠᠳ ᠤᠨ ᠣᠯᠠᠨ ᠠᠷᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠲᠥᠬᠦᠮ ᠦᠵᠡᠭᠦᠯᠬᠦ | ᠦᠢᠯᠡᠴᠢᠯᠡᠭᠡ ᠬᠠᠩᠭᠠᠨ᠎ᠠ᠃ ᠲᠠᠪᠤ ᠳᠤ᠂ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ | ᠦᠷ᠎ᠡ ᠪᠦᠲᠦᠭᠡᠯ ᠢ ᠣᠨ ᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠦᠷᠭᠦᠯᠵᠢᠯᠡᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ | ᠰᠦᠪᠡᠭᠴᠢᠯᠡᠨ᠎ᠡ᠃ | ᠭᠤᠷᠪᠠ᠂ ᠬᠡᠷᠬᠢᠨ ᠡᠮᠴᠢᠯᠡᠭᠡᠨ ᠤ ᠪᠠᠲᠤᠯᠠᠭ᠎ᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠶᠢ ᠤᠯᠠᠮ ᠨᠢᠭᠡ ᠠᠯᠬᠤᠮ ᠠᠬᠢᠭᠤᠯᠬᠤ ᠪᠤᠢ︖ | ︽ᠦᠨᠳᠦᠰᠦᠨ ᠡᠮᠴᠢᠯᠡᠭᠡ ᠪᠠᠲᠤᠯᠠᠭ᠎ᠠ ᠲᠠᠢ︾ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠰᠢᠯᠵᠢᠯᠲᠡ ᠶᠢᠨ ᠬᠤᠭᠤᠴᠠᠭᠠᠨ ᠳᠠᠬᠢ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ | ᠯᠠᠪᠳᠠᠭᠤᠨ ᠢᠶᠠᠷ ᠪᠡᠶᠡᠯᠡᠭᠦᠯᠵᠦ᠂ ᠭᠤᠷᠪᠠᠨ ᠳᠠᠪᠬᠤᠷ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ | ᠴᠢᠩᠭᠠᠷᠠᠭᠤᠯᠤᠨ᠂ ᠡᠪᠡᠳᠴᠢᠨ ᠠᠴᠠ ᠪᠣᠯᠣᠭᠰᠠᠨ ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠭᠦᠰᠬᠦ ᠦᠭᠡᠢ ᠶᠢᠨ | ᠬᠢᠵᠠᠭᠠᠷ ᠢ ᠰᠠᠶᠢᠲᠤᠷ ᠰᠠᠬᠢᠨ᠎ᠠ᠃ ︽ᠮᠡᠳᠡᠭᠳᠡᠯ︾ ᠳᠤ ᠭᠤᠷᠪᠠᠨ ᠱᠠᠭᠠᠷᠳᠠᠯᠭ᠎ᠠ ᠳᠤᠷᠠᠳᠴᠠᠢ᠂ | ᠨᠢᠭᠡ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠲᠤᠰᠠᠯᠠᠬᠤ ᠴᠢᠳᠠᠪᠤᠷᠢ ᠪᠠ | ᠬᠦᠴᠢᠷᠳᠡᠯᠲᠡᠢ ᠣᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ ᠳᠠᠭᠠᠳᠬᠠᠯ ᠳᠤ ᠣᠷᠣᠯᠴᠠᠬᠤ ᠶᠢ | ᠲᠥᠷᠥᠯ ᠬᠤᠪᠢᠶᠠᠨ ᠳᠡᠮᠵᠢᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ | ᠬᠤᠶᠠᠷ ᠲᠤ᠂ ᠡᠪᠡᠳᠴᠢᠨ ᠠᠴᠠ ᠪᠣᠯᠵᠤ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ | ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠡᠭᠡ ᠬᠡᠮᠵᠢᠶᠡᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠵᠤ ᠰᠡᠷᠡᠮᠵᠢᠯᠡᠭᠦᠯᠬᠦ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ ᠬᠢᠨᠠᠵᠤ ᠰᠡᠷᠡᠮᠵᠢᠯᠡᠭᠦᠯᠬᠦ ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ ᠢ | ᠳᠡᠭᠡᠭᠰᠢᠯᠡᠭᠦᠯᠦᠨ᠎ᠡ᠃ | ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ | ᠬᠦᠴᠦᠨ ᠢᠶᠠᠷ ᠬᠦᠴᠢᠷᠳᠡᠯᠲᠡᠢ ᠬᠦᠨᠳᠦ ᠡᠪᠡᠳᠴᠢᠲᠡᠨ ᠢ ᠲᠤᠰᠠᠯᠠᠵᠤ ᠲᠡᠳᠬᠦᠬᠦ ᠶᠢ ᠢᠳᠡᠪᠬᠢᠲᠡᠢ ᠵᠢᠯᠣᠭᠤᠳᠴᠤ᠂ | ᠣᠯᠠᠨ ᠡᠰᠢᠵᠢᠭᠰᠡᠨ ᠠᠪᠤᠷᠠᠨ ᠲᠤᠰᠠᠯᠠᠬᠤ ᠵᠠᠭᠪᠤᠷ ᠪᠦᠲᠦᠭᠡᠬᠦ ᠶᠢ ᠠᠬᠢᠭᠤᠯᠤᠨ᠎ᠠ᠃ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ᠂ ᠡᠮ ᠡᠮᠨᠡᠯᠭᠡ ᠶᠢᠨ | ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠶᠢᠨ ᠬᠠᠮᠢᠶᠠᠷᠤᠯᠲᠠ ᠵᠡᠷᠭᠡ ᠲᠠᠯ᠎ᠠ ᠪᠠᠷ ᠶᠠᠮᠠᠷ ᠶᠠᠮᠠᠷ ᠪᠣᠳᠠᠲᠠᠢ | ᠲᠣᠬᠢᠷᠠᠭᠤᠯᠤᠯᠲᠠ ᠪᠠᠶᠢᠬᠤ ᠪᠣᠶ︖ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠠᠯ᠎ᠠ ᠪᠠᠷ᠂ ᠲᠠᠪᠤᠨ ᠪᠣᠳᠠᠲᠠᠢ | ᠱᠠᠭᠠᠷᠳᠠᠯᠭ᠎ᠠ ᠳᠤᠷᠠᠳᠪᠠ᠂ ᠨᠢᠭᠡ ᠳᠤ᠂ 2022 ᠣᠨ ᠤ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠡᠯᠡᠯᠴᠡᠭᠡ ᠬᠢᠬᠦ ᠡᠮ ᠤᠨ ᠵᠦᠢᠯ ᠤᠨ ︽ᠬᠤᠣᠰ | ᠵᠠᠮ︾ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ ᠵᠢᠷᠤᠮᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ | ᠵᠣᠷ ᠤᠨ ᠲᠥᠪ ᠤᠨ ᠬᠡᠷᠡᠭᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠦᠨᠳᠦᠰᠦᠲᠡᠨ ᠤ ᠡᠮ᠂ | ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠭᠤᠯᠭ᠎ᠠ ᠪᠠ ᠬᠢᠲᠠᠳ ᠬᠡᠷᠴᠢᠮᠡᠯ ᠡᠮ ᠤᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠵᠥᠪᠰᠢᠶᠡᠷᠡᠯ ᠤᠨ ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠬᠤ ᠶᠢᠨ ᠬᠠᠮᠲᠤ ᠬᠥᠳᠡᠯᠦᠩᠭᠦᠢ ᠪᠠᠷ | ᠲᠣᠬᠢᠷᠠᠭᠤᠯᠤᠨ᠎ᠠ᠃ ᠭᠤᠷᠪᠠ ᠳᠤ᠂ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ | ᠡᠮᠴᠢᠯᠡᠭᠡᠨ ᠤ ᠦᠢᠯᠡᠴᠢᠯᠡᠭᠡᠨ ᠤ ᠲᠥᠰᠥᠯ ᠢ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠤᠨ ᠲᠥᠯᠥᠬᠦ | ᠬᠡᠪᠴᠢᠶᠡᠨ ᠳᠤ ᠣᠷᠣᠭᠤᠯᠤᠨ᠎ᠠ᠃ ᠳᠥᠷᠪᠡ ᠳᠤ᠂ ᠲᠣᠭᠠᠴᠠᠭ᠎ᠠ ᠬᠢᠬᠦ ᠠᠷᠭ᠎ᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠠᠬᠢᠭᠤᠯᠵᠤ᠂ 2023 ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ | ᠥᠷᠨᠢᠭᠦᠯᠵᠦ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢ ᠪᠦᠬᠦᠨ ᠢ ᠬᠠᠮᠤᠷᠤᠨ᠎ᠠ᠃ ᠲᠠᠪᠤ ᠳᠤ᠂ ᠡᠮᠴᠢᠯᠡᠭᠡᠨ ᠤ | ᠳᠠᠭᠠᠳᠬᠠᠯ ᠢᠶᠠᠷ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠶᠢ ᠳᠡᠮᠵᠢᠬᠦ᠂ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠳᠡᠮᠵᠢᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠨᠢᠭᠡᠳᠦᠯᠲᠡᠢ ᠲᠥᠯᠥᠪᠯᠡᠨ᠎ᠡ᠃ | ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠪᠠ ᠦᠨ᠎ᠡ ᠬᠠᠩᠰᠢ ᠶᠢᠨ ᠬᠠᠮᠢᠶᠠᠷᠤᠯᠲᠠ ᠶᠢᠨ | ᠲᠠᠯ᠎ᠠ ᠪᠠᠷ᠂ ᠳᠥᠷᠪᠡᠨ ᠪᠣᠳᠠᠲᠠᠢ ᠱᠠᠭᠠᠷᠳᠠᠯᠭ᠎ᠠ ᠳᠤᠷᠠᠳᠪᠠ᠂ ᠨᠢᠭᠡ ᠳᠤ᠂ ᠡᠮ ᠤᠨ ᠵᠦᠢᠯ ᠤᠨ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ᠤᠯᠤᠰ ᠠᠴᠠ ᠵᠣᠬᠢᠶᠠᠨ ᠪᠠᠶᠢᠭᠤᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠳ᠋ᠦᠩ ᠢ ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠴᠢᠳᠠᠮᠵᠢ ᠶᠢ | ᠰᠢᠯᠢᠳᠡᠭᠵᠢᠭᠦᠯᠵᠦ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ︽ᠰᠦᠯᠵᠢᠶ᠎ᠡ ᠪᠠᠷ ᠬᠤᠳᠠᠯᠳᠤᠨ ᠠᠪᠬᠤ | ᠨᠣᠷᠮ᠎ᠠ︾ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠭᠤᠷᠪᠠ ᠳᠤ᠂ ᠡᠮ ᠤᠨ ᠵᠦᠢᠯ ᠢ ᠰᠦᠯᠵᠢᠶᠡᠨ ᠳᠤ ᠭᠠᠷᠭᠠᠬᠤ | ᠪᠠ ᠰᠦᠯᠵᠢᠶᠡᠨ ᠠᠴᠠ ᠪᠠᠭᠤᠯᠭᠠᠬᠤ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃ ᠳᠥᠷᠪᠡ ᠳᠤ᠂ ᠡᠮ ᠡᠮᠨᠡᠯᠭᠡ ᠶᠢᠨ | ᠦᠨ᠎ᠡ ᠪᠣᠯᠣᠨ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠶᠢᠨ ᠢᠲᠡᠭᠡᠮᠵᠢ ᠶᠢᠨ ᠦᠨᠡᠯᠡᠯᠲᠡ ᠶᠢ ᠰᠠᠶᠢᠲᠤᠷ | ᠬᠢᠨ᠎ᠡ᠃ ᠲᠠᠪᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠ ᠠᠵᠢᠯ ᠤᠨ | ᠪᠦᠲᠦᠮᠵᠢ ᠶᠢᠨ ᠬᠠᠮᠢᠶᠠᠷᠤᠯᠲᠠ ᠶᠢ ᠬᠡᠷᠬᠢᠨ ᠦᠷᠭᠦᠯᠵᠢᠯᠡᠨ ᠴᠢᠩᠭᠠᠳᠬᠠᠬᠤ ᠪᠣᠶ︖ ︽ᠮᠡᠳᠡᠭᠳᠡᠯ︾ ᠳᠤ 2023 | ᠣᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠮᠤᠷ ᠲᠦᠪᠰᠢᠨ ᠤ ᠵᠢᠷᠤᠮᠵᠢᠯ ᠤᠨ ᠣᠨ ᠤ ᠠᠵᠢᠯᠯᠠᠭ᠎ᠠ ᠶᠢ | ᠬᠡᠷᠡᠭᠵᠢᠭᠦᠯᠵᠦ᠂ ᠰᠠᠭᠤᠷᠢ ᠮᠥᠩᠭᠦ ᠶᠢᠨ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ | ᠭᠡᠨᠡᠳᠲᠡ ᠪᠠᠷ ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠦᠨ᠎ᠡ᠃ ᠬᠤᠶᠠᠷ ᠲᠤ᠂ ᠳᠠᠭᠠᠳᠬᠠᠯ ᠢ ᠮᠡᠬᠡᠯᠡᠨ ᠠᠪᠬᠤ ᠳᠤ | ᠴᠣᠬᠢᠯᠲᠠ ᠥᠭᠬᠦ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠦᠨ᠎ᠡ᠃ ᠭᠤᠷᠪᠠ ᠳᠤ᠂ ᠬᠢᠨᠠᠨ | ᠬᠠᠮᠢᠶᠠᠷᠬᠤ ᠡᠩᠨᠡᠭᠡ ᠪᠣᠯᠣᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠲᠡᠯᠢᠭ | ᠬᠡᠷᠡᠭ ᠤᠨ ᠵᠢᠱᠢᠶ᠎ᠡ ᠶᠢ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠴᠢᠬᠡᠴᠢ ᠰᠣᠶᠣᠯ ᠤᠨ ᠪᠠᠶᠢᠭᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ | ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ ᠶᠢ | ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠤᠨ ᠪᠦᠲᠦᠮᠵᠢ ᠶᠢᠨ | ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠵᠢᠷᠭᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ | ᠦᠢᠯᠡᠴᠢᠯᠡᠭᠡᠨ ᠤ ᠲᠦᠪᠰᠢᠨ ᠢ ᠬᠡᠷᠬᠢᠨ ᠦᠷᠭᠦᠯᠵᠢᠯᠡᠨ ᠳᠡᠭᠡᠭᠰᠢᠯᠡᠭᠦᠯᠬᠦ ᠪᠣᠶ︖ | ︽ᠮᠡᠳᠡᠭᠳᠡᠯ︾ ᠳᠤ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡ ᠶᠢ ᠳᠥᠷᠪᠡᠨ ᠲᠠᠯ᠎ᠠ ᠪᠠᠷ | ᠱᠠᠭᠠᠷᠳᠠᠪᠠ᠂ ᠨᠢᠭᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ | ᠲᠣᠭᠲᠠᠯᠴᠠᠭ᠎ᠠ ᠶᠢ ᠪᠦᠷᠢᠨᠰᠢᠭᠦᠯᠵᠦ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠶᠡᠭᠡ ᠪᠠᠷ ᠠᠬᠢᠭᠤᠯᠵᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ | ᠲᠣᠳᠣᠷᠬᠠᠢ ᠬᠠᠭᠤᠳᠠᠰᠤ ᠪᠠ ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠠᠷᠢᠮᠵᠢᠶᠠᠵᠢᠭᠤᠯᠤᠨ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠤᠶᠠᠷ ᠲᠤ᠂ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ | ᠨᠠᠶᠢᠳᠠᠪᠤᠷᠢᠵᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠰᠠᠶᠢᠲᠤᠷ ᠳᠠᠶᠢᠴᠢᠯᠠᠵᠤ᠂ ᠣᠯᠠᠨ | ᠲᠦᠮᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠨ᠂ ᠳᠠᠬᠢᠨ ᠳᠠᠪᠲᠠᠨ | ᠳᠠᠭᠠᠳᠬᠠᠯ ᠳᠤ ᠣᠷᠣᠯᠴᠠᠭᠰᠠᠨ ᠳ᠋ᠠᠶᠢᠲ᠋ᠠ ᠶᠢᠨ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠭᠤᠷᠪᠠ ᠳᠤ᠂ | ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠨᠢᠭᠡ ᠪᠦᠯᠦᠭ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ︽ | ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮᠨᠡᠯᠭᠡ ᠳᠤ ᠰᠠᠭᠤᠬᠤ | ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ 5 | ᠵᠦᠢᠯ ᠤᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠ ᠡᠪᠡᠳᠴᠢᠨ ᠤ ᠵᠠᠷᠤᠳᠠᠯ ᠢ ᠮᠤᠵᠢ ᠠᠯᠤᠰᠯᠠᠨ | ᠰᠢᠭᠤᠳ ᠳ᠋ᠦᠩᠨᠡᠨ ᠪᠤᠳᠤᠬᠤ ᠶᠢ ᠰᠢᠶᠠᠨ ᠤ ᠬᠡᠪᠴᠢᠶᠡᠨ ᠳᠤ ᠬᠦᠷᠭᠡᠬᠦ ᠶᠢ ᠠᠬᠢᠭᠤᠯᠤᠨ᠎ᠠ᠃ ᠳᠥᠷᠪᠡ ᠳᠤ᠂ | ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠰᠢᠰᠲ᠋ᠧᠮ ᠤᠨ ᠰᠣᠷᠢᠯᠲᠠ ᠪᠠᠷ ᠳᠠᠮᠵᠢᠭᠤᠯᠤᠨ᠂ ᠭᠠᠷᠲᠠᠨ | ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠮᠴᠢᠯᠡᠭᠡᠨ ᠤ | ᠳᠠᠭᠠᠳᠬᠠᠯ ᠤᠨ ᠮᠡᠳᠡᠭᠡᠯᠡᠯ ᠤᠨ ᠲᠠᠪᠴᠠᠩ ᠪᠠ ᠳ᠋ᠠᠶᠢᠲ᠋ᠠ ᠶᠢᠨ ᠬᠡᠷᠡᠭᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ︽ | ᠮᠡᠳᠡᠭᠳᠡᠯ︾ ᠳᠤ ᠪᠠᠰᠠ ᠪᠥᠬᠦ ᠤᠯᠤᠰ ᠤᠨ ᠨᠢᠭᠡᠳᠦᠯᠲᠡᠢ ᠡᠮᠴᠢᠯᠡᠭᠡᠨ ᠤ ᠳᠠᠭᠠᠳᠬᠠᠯ ᠤᠨ ᠮᠡᠳᠡᠭᠡᠯᠡᠯ ᠤᠨ | ᠲᠠᠪᠴᠠᠩ ᠳᠤ ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ᠂ ᠰᠢᠯᠵᠢᠮᠡᠯ ᠲᠣᠭᠠᠴᠠᠭ᠎ᠠ ᠵᠡᠷᠭᠡ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ | ᠳᠠᠭᠠᠳᠬᠠᠯ ᠤᠨ ᠳ᠋ᠠᠶᠢᠲ᠋ᠠ ᠶᠢᠨ ᠰᠠᠭᠤᠷᠢ ᠳᠦᠷᠢᠮ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ | ᠳ᠋ᠠᠶᠢᠲ᠋ᠠ ᠪᠠᠷ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠳᠤ ᠬᠦᠴᠦᠨ | ᠨᠡᠮᠡᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ | ᠰᠠᠶᠢᠲᠤᠷ ᠠᠳᠬᠤᠬᠤ ᠶᠢᠨ ᠲᠥᠯᠥᠭᠡ᠂ ︽ᠮᠡᠳᠡᠭᠳᠡᠯ︾ ᠳᠤ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤ ᠠᠵᠢᠯ ᠤᠨ ᠱᠠᠭᠠᠷᠳᠠᠯᠭ᠎ᠠ ᠳᠤᠷᠠᠳᠴᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ | ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠪᠦᠲᠦᠮᠵᠢ ᠣᠯᠬᠤ ᠶᠢ ᠦᠨᠡᠨ | ᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢᠶᠠᠷ | ᠳᠠᠭᠠᠳᠬᠠᠯ ᠳᠤ ᠣᠷᠣᠯᠴᠠᠭᠰᠠᠳ ᠲᠤ ᠨᠠᠩ ᠰᠠᠶᠢᠨ ᠠᠰᠢᠭ ᠬᠦᠷᠲᠡᠭᠡᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ | ᠃ | |