ᠳᠤᠮᠳᠠᠳᠤ ᠤᠯᠤᠰ ᠤᠨ ᠬᠢᠩᠭᠠᠨ ᠠᠶᠢᠮᠠᠭ — ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠠᠩᠬᠠᠳᠠᠭᠴᠢ ᠰᠣᠶᠣᠯ ᠤᠷᠠᠯᠢᠭ ᠤᠨ ᠭᠠᠷᠠᠭ ᠤᠨ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/9/14
  8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 6 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠬᠢᠩᠭᠠᠨ ᠠᠶᠢᠮᠠᠭ — ᠮᠣᠩᠭᠤᠯ ᠤᠯᠤᠰ ᠤᠨ ᠳᠣᠷᠣᠨᠠᠲᠤ ᠮᠤᠵᠢ ᠶᠢᠨ ︽ᠳᠤᠮᠳᠠᠳᠤ ᠮᠣᠩᠭᠤᠯ ᠤᠨ ᠰᠣᠯᠢᠯᠴᠠᠭᠠᠨ ᠤ ᠰᠢᠨ᠎ᠡ ᠲᠠᠪᠴᠠᠩ ᠢ ᠪᠠᠶᠢᠭᠤᠯᠵᠤ ᠨᠥᠬᠦᠷᠰᠡᠭ ᠬᠠᠮᠲᠤᠷᠠᠯᠴᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠠᠩᠬᠠᠳᠠᠭᠴᠢ ᠰᠣᠶᠣᠯ ᠤᠷᠠᠯᠢᠭ ᠤᠨ ᠭᠠᠷᠠᠭ ᠤᠨ ᠠᠵᠢᠯᠯᠠᠭ᠎ᠠ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠴᠤᠶᠢᠪᠠᠯᠰᠠᠩ ᠬᠤᠲᠠ᠂ ᠬᠠᠯᠬ᠎ᠠ ᠭᠤᠤᠯ ᠰᠢᠶᠠᠨ ᠳᠤ ᠲᠣᠰ ᠲᠣᠰ ᠶᠠᠪᠤᠭᠳᠠᠪᠠ᠃ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠵᠥᠪᠯᠡᠯ ᠤᠨ ᠬᠤᠯᠪᠣᠭᠠᠨ ᠤ ᠵᠥᠪᠯᠡᠯ ᠤᠨ ᠤᠬᠠᠭᠤᠯᠬᠤ ᠬᠡᠯᠲᠡᠰ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ᠂ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠢᠩᠭᠠᠨ ᠠᠶᠢᠮᠠᠭ ᠤᠨ ᠤᠯᠠᠭᠠᠨᠮᠥ᠋ᠴᠢᠷ᠂ ᠡᠪᠯᠡᠯ ᠤᠨ ᠠᠶᠢᠮᠠᠭ ᠤᠨ ᠨᠠᠮ ᠤᠨ  ᠬᠤᠷᠢᠶ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠢᠨ ᠬᠥᠮᠦᠰ ᠵᠣᠬᠢᠶᠠᠨ ᠪᠠᠶᠢᠭᠤᠯᠵᠤ ᠣᠷᠣᠯᠴᠠᠪᠠ᠃    ᠲᠣᠰ ᠤᠳᠠᠭᠠᠨ ᠤ ᠠᠵᠢᠯᠯᠠᠭ᠎ᠠ ᠳᠤ᠂ ᠠᠶᠢᠮᠠᠭ ᠤᠨ ᠭᠠᠳᠠᠭᠠᠳᠤ ᠶᠠᠪᠤᠳᠠᠯ ᠤᠨ ᠠᠯᠪᠠᠨ ᠬᠡᠷ ᠪᠣᠯᠤᠨ ᠳᠣᠷᠣᠨᠠᠲᠤ ᠮᠤᠵᠢ ᠶᠢᠨ ᠠᠯᠪᠠᠨ ᠲᠢᠩᠬᠢᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠭᠠᠵᠠᠷ ᠭᠠᠷ ᠤᠨ ᠥᠰᠥᠭ ᠵᠢᠷᠤᠬᠤ ᠪᠠᠷ ᠪᠠᠶᠢᠭ᠎ᠠ ︽ᠬᠠᠮᠲᠤᠷᠠᠯᠴᠠᠭᠠᠨ ᠤ ᠰᠠᠨᠠᠭᠤᠯᠤᠮᠵᠢ︾ ᠵᠢᠴᠢ ᠣᠯᠠᠨ ᠤᠯᠤᠰ ᠤᠨ ᠨᠥᠬᠦᠷᠰᠡᠭ ᠬᠤᠲᠠ ᠶᠢ ᠬᠠᠮᠲᠤ ᠪᠠᠷ ᠪᠥᠲᠥᠭᠡᠨ ᠪᠠᠶᠢᠭᠤᠯᠬᠤ ᠵᠡᠷᠭᠡ ᠵᠥᠪᠯᠡᠬᠦ ᠰᠡᠳᠦᠪ ᠤᠨ ᠲᠤᠬᠠᠶ ᠭᠦᠨᠵᠡᠭᠡᠶ ᠨᠡᠪᠲᠡᠷᠡᠯᠴᠡᠭᠡ ᠪᠠ ᠵᠥᠪᠳᠡᠯᠴᠡᠭᠡ ᠬᠢᠵᠡᠶ᠃ ᠡᠭᠦᠨ ᠤ ᠬᠠᠮᠲᠤ ᠪᠠᠰᠠ ᠳᠣᠷᠣᠨᠠᠲᠤ ᠮᠤᠵᠢ ᠶᠢᠨ ᠪᠠᠴᠢᠮ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠳᠤ ᠤᠷᠢᠵᠤ ᠣᠷᠣᠯᠴᠠᠭᠤᠯᠬᠤ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠠᠶ᠃ ᠬᠢᠩᠭᠠᠨ ᠠᠶᠢᠮᠠᠭ ᠤᠨ ᠤᠯᠠᠭᠠᠨᠮᠥ᠋ᠴᠢᠷ ᠤᠨ ᠬᠢᠨ ᠳᠣᠷᠣᠨᠠᠳᠠᠬᠢᠨ ᠮᠤᠵᠢ ᠶᠢᠨ ᠳᠠᠭᠤᠤ ᠪᠥᠵᠢᠭᠲᠦ ᠵᠦᠴᠦᠭᠡ ᠶᠢᠨ ᠬᠦᠷᠢᠶᠡᠯᠡᠩ ᠲᠠᠢ ᠬᠠᠮᠲᠤᠪᠠᠷ ᠳᠣᠷᠣᠨᠠᠳᠠᠬᠢᠨ ᠮᠤᠵᠢ ᠶᠢᠨ ᠠᠷᠠᠳ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠦᠪᠡᠳᠡᠭᠰᠢ ᠨᠠᠶᠢᠷ ᠢ ᠠᠪᠴᠢᠷᠠᠵᠤ᠂ ᠬᠤᠶᠠᠷ ᠲᠠᠯ᠎ᠠ ᠶᠢᠨ ᠤᠷᠠᠯᠢᠭᠴᠢᠳ ᠬᠠᠮᠲᠤ ᠪᠠᠷ ᠲᠣᠭᠯᠠᠯᠲᠠ ᠭᠠᠷᠭᠠᠵᠤ᠂ ᠤᠷᠠᠯᠢᠭ ᠢᠶᠠᠷ ᠵᠠᠭᠤᠴᠢᠯᠠᠭᠤᠷ ᠪᠣᠯᠭᠠᠵᠤ᠂ ᠳᠤᠮᠳᠠᠳᠤ ᠮᠣᠩᠭᠤᠯ ᠬᠤᠶᠠᠷ ᠭᠠᠵᠠᠷ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠢ ᠵᠤᠵᠠᠭᠠᠳᠬᠠᠪᠠ᠃ ᠡᠭᠦᠨ ᠠᠴᠠ ᠭᠠᠳᠠᠨ᠎ᠠ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠶᠡᠷᠦᠩᠬᠡᠶᠢᠯᠡᠭᠰᠡᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠪᠠᠰᠠ ᠬᠤᠸᠠᠷ ᠴᠡᠴᠡᠭ ᠢᠶᠠᠷ ᠭᠤᠤᠯ ᠰᠡᠳᠦᠪ ᠪᠣᠯᠭᠠᠨ ᠰᠠᠨᠠᠯ ᠢᠶᠠᠨ ᠰᠣᠯᠢᠯᠴᠠᠵᠠᠶ᠃ ᠳᠠᠷᠠᠭ᠎ᠠ ᠨᠢ ᠪᠠᠰᠠ ᠳᠣᠷᠣᠨᠠᠲᠤ ᠮᠤᠵᠢ ᠶᠢᠨ ᠠᠵᠢᠯ ᠮᠡᠷᠭᠡᠵᠢᠯ ᠤᠨ ᠪᠣᠯᠪᠠᠰᠤᠷᠠᠯ ᠤᠨ ᠲᠥᠪ ᠲᠤ ᠬᠦᠷᠴᠦ ᠶᠠᠷᠢᠯᠴᠠᠨ ᠰᠣᠯᠢᠯᠴᠠᠵᠤ᠂ ᠥᠪᠡᠷ ᠥᠪᠡᠷ ᠤᠨ ᠲᠤᠷᠰᠢᠯᠭ᠎ᠠ ᠪᠠ ᠠᠷᠭ᠎ᠠ ᠪᠠᠨ ᠬᠤᠪᠢᠶᠠᠯᠴᠠᠬᠤ ᠶᠢᠨ ᠬᠠᠮᠲᠤ ᠮᠠᠰᠢᠨ ᠰᠡᠯᠪᠢᠨ ᠵᠠᠰᠠᠬᠤ᠂ ᠴᠠᠬᠢᠯᠭᠠᠨ ᠭᠠᠩᠨᠠᠯᠲᠠ ᠵᠡᠷᠭᠡ ᠬᠦᠷᠢᠶᠡᠨ ᠤ ᠪᠣᠳᠠᠲᠠᠶ ᠪᠣᠯᠪᠠᠰᠤᠷᠠᠯ ᠤᠨ ᠰᠠᠭᠤᠷᠢᠨ ᠢ ᠲᠣᠭᠤᠷᠢᠨ ᠦᠵᠡᠪᠡ᠃    ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠭᠠᠳᠠᠭᠠᠳᠤ ᠤᠬᠠᠭᠤᠯᠭ᠎ᠠ ᠶᠢᠨ ᠰᠠᠯᠠᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠣᠩᠭᠤᠯ ᠤᠯᠤᠰ ᠤᠨ ᠰᠣᠨᠢᠨ ᠮᠡᠳᠡᠭᠡᠨ ᠤ ᠠᠵᠢᠯᠲᠠᠳ ᠤᠨ ᠬᠤᠯᠪᠣᠭᠠᠲᠤ ᠬᠤᠷᠠᠯ ᠤᠨ ᠳᠣᠷᠣᠨᠠᠳᠠᠬᠢᠨ ᠮᠤᠵᠢ ᠶᠢᠨ ᠬᠤᠪᠢᠶᠠᠷᠢ ᠬᠤᠷᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠳᠣᠷᠣᠨᠠᠳᠠᠬᠢᠨ ᠮᠤᠵᠢ ᠶᠢᠨ ᠲᠧᠯᠸᠢᠰ  ᠬᠤᠷᠢᠶ᠎ᠠ᠂ ᠰᠣᠨᠢᠨ ᠤ ᠬᠤᠷᠢᠶ᠎ᠠ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠳᠠᠷᠠᠭᠠᠴᠢ ᠶᠢᠨ ᠠᠯᠬᠤᠮ ᠤᠨ ᠭᠦᠨᠵᠡᠭᠡᠢ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠲᠠᠯᠪᠢᠪᠠ︔ ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠷᠠᠨ ᠵᠢᠷᠤᠭᠴᠢᠳ ᠤᠨ ᠨᠡᠶᠢᠭᠡᠮᠯᠢᠭ᠂ ᠤᠷᠠᠨ ᠪᠢᠴᠢᠯᠭᠡᠲᠡᠳ ᠤᠨ ᠨᠡᠶᠢᠭᠡᠮᠯᠢᠭ ᠤᠨ ᠤᠷᠠᠯᠢᠭᠴᠢᠳ ᠳᠣᠷᠣᠨᠠᠲᠤ ᠮᠤᠵᠢ ᠶᠢᠨ ᠰᠤᠷᠭᠠᠨ ᠬᠥᠮᠦᠵᠢᠯ ᠰᠣᠶᠣᠯ ᠤᠨ ᠲᠣᠪᠴᠢᠶ᠎ᠠ᠂ ᠨᠣᠮ ᠤᠨ ᠰᠠᠩ᠂ ᠮᠦᠽᠧᠶ ᠵᠢᠴᠢ ᠰᠣᠶᠣᠯ ᠤᠷᠠᠯᠢᠭ ᠤᠨ ᠨᠡᠶᠢᠭᠡᠮᠯᠢᠭ ᠤᠨ ᠤᠷᠠᠯᠢᠭᠴᠢᠳ ᠲᠠᠢ ᠤᠷᠠᠨ ᠪᠢᠴᠢᠯᠭᠡ᠂ ᠤᠷᠠᠨ ᠵᠢᠷᠤᠭ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠦᠭᠰᠡᠨ ᠪᠥᠭᠡᠳ ᠳᠣᠷᠣᠨᠠᠲᠤ ᠮᠤᠵᠢ ᠶᠢᠨ ᠨᠣᠮ ᠤᠨ ᠰᠠᠩ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠡᠶ︔ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠠᠩᠭᠢ ᠶᠢᠨ ᠭᠡᠰᠢᠭᠦᠳ ᠳᠣᠷᠣᠨᠠᠲᠤ ᠮᠤᠵᠢ ᠶᠢᠨ ᠬᠠᠯᠬ᠎ᠠ ᠶᠢᠨ ᠭᠤᠤᠯ ᠰᠢᠶᠠᠨ ᠤ ᠡᠮᠴᠢᠯᠡᠭᠡᠨ ᠤ ᠲᠥᠪ ᠤᠨ ᠡᠮᠴᠢᠯᠡᠭᠡᠨ ᠤ ᠠᠩᠭᠢ ᠶᠢᠨ ᠭᠡᠰᠢᠭᠦᠳ ᠲᠠᠢ ᠤᠯᠠᠮᠵᠢᠯᠠᠯᠲᠤ ᠮᠣᠩᠭᠤᠯ ᠡᠮᠴᠢᠯᠡᠭᠡᠨ ᠤ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠭᠰᠡᠨ ᠪᠥᠭᠡᠳ ᠲᠤᠬᠠᠶ ᠶᠢᠨ ᠭᠠᠵᠠᠷ ᠤᠨ 100 ᠭᠠᠷᠤᠶ ᠮᠠᠯᠴᠢᠳ ᠲᠤ ᠲᠤᠬᠠᠶ ᠶᠢᠨ ᠲᠠᠯᠠᠪᠤᠷ ᠤᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃    ᠡᠭᠦᠨ ᠠᠴᠠ ᠭᠠᠳᠠᠨ᠎ᠠ᠂ ᠡᠪᠯᠡᠯ ᠤᠨ  ᠬᠤᠷᠢᠶ᠎ᠠ ᠠᠴᠠ ᠮᠣᠩᠭᠤᠯ ᠤᠯᠤᠰ ᠤᠨ ᠳᠣᠷᠣᠨᠠᠲᠤ ᠮᠤᠵᠢ ᠵᠢᠴᠢ ᠬᠠᠯᠬ᠎ᠠ  ᠭᠤᠣᠯ ᠰᠢᠶᠠᠨ ᠤ ᠵᠠᠯᠠᠭᠤᠴᠤᠳ ᠤᠨ ᠲᠥᠯᠥᠭᠡᠯᠡᠭᠴᠢᠳ ᠲᠠᠢ ᠢᠳᠡᠪᠬᠢᠲᠡᠢ ᠶᠠᠷᠢᠯᠴᠠᠨ ᠰᠣᠯᠢᠯᠴᠠᠵᠤ᠂ ᠵᠠᠯᠠᠭᠤᠴᠤᠳ ᠤᠨ ᠰᠣᠶᠣᠯ ᠤᠨ ᠰᠣᠯᠢᠯᠴᠠᠭ᠎ᠠ ᠶᠢ ᠬᠡᠷᠬᠢᠨ ᠴᠢᠩᠭᠠᠳᠬᠠᠬᠤ᠂ ᠵᠠᠯᠠᠭᠤ ᠠᠵᠤ ᠠᠬᠤᠶᠢᠯᠠᠯᠲᠠᠳ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠬᠡᠷᠬᠢᠨ ᠭᠦᠨᠵᠡᠭᠡᠶᠢᠷᠡᠭᠦᠯᠬᠦ ᠵᠡᠷᠭᠡ ᠵᠥᠪᠯᠡᠬᠦ ᠵᠦᠢᠯ ᠢ ᠬᠠᠮᠲᠤᠪᠠᠷ ᠶᠠᠷᠢᠯᠴᠠᠪᠠ᠃ ᠰᠣᠯᠢᠯᠴᠠᠭᠠᠨ ᠤ ᠶᠠᠪᠤᠴᠠ ᠳᠤ᠂ ᠡᠯ᠎ᠡ ᠲᠠᠯ᠎ᠠ ᠶᠢᠨ ᠬᠢᠨ ᠵᠠᠯᠠᠭᠤ ᠠᠵᠤ ᠠᠬᠤᠶᠢᠯᠠᠯᠲᠠᠳ ᠤᠨ ︽ᠬᠠᠮᠲᠤᠪᠠᠷ ᠵᠥᠪᠳᠡᠵᠦ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ︾ ᠰᠣᠯᠢᠯᠴᠠᠭᠠᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠠᠩᠬ᠎ᠠ ᠠᠯᠬᠤᠮ ᠤᠨ ᠬᠦᠰᠡᠯ ᠵᠣᠷᠢᠯᠲᠠ ᠲᠠᠢ ᠪᠣᠯᠵᠠᠢ᠃    ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠨᠢ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢᠳ ᠲᠠᠢ ᠨᠥᠬᠦᠷᠰᠡᠭ ᠢᠶᠠᠷ ᠶᠠᠷᠢᠯᠴᠠᠵᠤ᠂ ᠬᠠᠷᠢᠯᠴᠠᠨ ᠡᠮᠡᠭᠲᠡᠶᠢᠴᠦᠳ ᠤᠨ ᠲᠥᠯᠥᠭᠡᠯᠡᠭᠴᠢᠳ ᠤᠨ ᠪᠦᠯᠬᠦᠮ ᠲᠣᠮᠢᠯᠠᠨ ᠲᠤᠷᠰᠢᠯᠭ᠎ᠠ ᠪᠠᠨ ᠰᠣᠯᠢᠯᠴᠠᠬᠤ᠂ ᠤᠷᠠᠨ ᠰᠠᠶᠢᠬᠠᠨ ᠤ ᠲᠣᠭᠯᠠᠯᠲᠠ ᠵᠣᠬᠢᠶᠠᠨ ᠪᠠᠶᠢᠭᠤᠯᠬᠤ ᠵᠡᠷᠭᠡ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠣᠯᠵᠠᠶ᠃ ᠮᠣᠩᠭᠤᠯ ᠤᠯᠤᠰ ᠤᠨ ᠡᠮᠡᠭᠲᠡᠶᠢᠴᠦᠳ ᠤᠨ ᠨᠥᠬᠦᠷᠯᠡᠯ ᠤᠨ ᠬᠤᠷᠠᠯ ᠠᠴᠠ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ᠳᠤ ︽ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ︾ ᠭᠠᠷᠳᠠᠭᠤᠯᠤᠭᠰᠠᠨ ᠪᠥᠭᠡᠳ ᠲᠡᠭᠦᠨ ᠢ 2024 ᠣᠨ ᠤ ᠮᠣᠩᠭᠤᠯ ᠤᠯᠤᠰ ᠤᠨ ᠡᠮᠡᠭᠲᠡᠶᠢᠴᠦᠳ ᠤᠨ ᠨᠥᠬᠦᠷᠯᠡᠯ ᠤᠨ ᠬᠤᠷᠠᠯ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠳᠤ ᠣᠷᠣᠯᠴᠠᠭᠤᠯᠬᠤ ᠪᠠᠷ ᠤᠷᠢᠵᠠᠢ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号