ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/15
               ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 18 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ᠂  ᠲᠦᠪ  ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄      ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                      2023 ᠣᠨ ᠤ 3 ᠰᠠᠷ᠎ᠠ ᠶᠢᠨ 15                                                     ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶    ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ  ︵ᠲᠤᠷᠰᠢᠨ ᠬᠡᠷᠡᠭᠵᠢᠭᠦᠯᠬᠦ︶      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ 12345 ᠬᠠᠯᠠᠭᠤᠨ ᠤᠲᠠᠰᠤ ︵ᠳᠣᠷᠣᠭᠰᠢ 12345 ᠭᠡᠵᠦ ᠲᠣᠪᠴᠢᠯᠠᠨ᠎ᠠ︶ ᠪᠣᠯᠤᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 89 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ 12345 ᠪᠣᠯᠤᠨ 110 ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠲᠠᠲᠠᠬᠤ ᠬᠦᠴᠦᠨ ᠪᠣᠯᠭᠠᠵᠤ᠂ ᠲᠠᠪᠴᠠᠩ ᠤᠨ ᠲᠤᠭ᠎ᠠ ᠪᠠᠷᠢᠮᠲᠠ ᠶᠢ ᠣᠶᠤᠨᠴᠢ ᠪᠠᠷ ᠬᠡᠷᠡᠭᠯᠡᠬᠦ ᠪᠠᠷ ᠲᠤᠯᠭᠠᠭᠤᠷᠢᠯᠠᠯ ᠪᠣᠯᠭᠠᠵᠤ᠂ ᠰᠠᠯᠭᠠᠨ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠤᠴᠢᠷ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠣᠯᠠᠨ ᠲᠦᠮᠡᠨ ᠳᠤ ᠦᠶ᠋ᠯᠡᠴᠢᠯᠡᠬᠦ︾ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠠᠷᠠᠳ ᠣᠯᠠᠨ ᠳᠤ ᠨᠠᠩ ᠲᠤᠰᠬᠠᠶ ᠮᠡᠷᠭᠡᠵᠢᠯ ᠤᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢ ᠲᠠᠢ ᠬᠠᠯᠠᠮᠰᠢᠯ ᠦᠶ᠋ᠯᠡᠴᠢᠯᠡᠭᠡ ᠶᠢ ᠬᠠᠩᠭᠠᠵᠤ᠂ ᠵᠠᠰᠠᠭ ᠤᠨ ᠣᠷᠳᠣᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    ᠬᠤᠶᠠᠷ᠂ ᠠᠵᠢᠯ  ᠤᠨ ᠬᠠᠷᠠᠯᠲᠠ    2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ 12345 ᠪᠣᠯᠤᠨ 110 ᠥᠨᠳᠥᠷ ᠪᠦᠲᠦᠮᠵᠢᠲᠡᠶ ᠵᠣᠯᠭᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠦᠬᠦᠯᠢ 24 ᠴᠠᠭ ᠤᠨ ᠳᠣᠲᠣᠷ᠎ᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ  ᠰᠢᠢᠳᠪᠦᠷᠢᠯᠡᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠥᠪᠡᠷ ᠥᠪᠡᠷ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ ᠲᠥᠷᠥᠯ ᠤᠨ ᠵᠦᠢᠯᠡᠰ ᠢ ᠰᠠᠯᠭᠠᠨ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ  ᠰᠢᠢᠳᠪᠦᠷᠢᠯᠡᠵᠦ᠂ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ 110 ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠪᠠᠴᠢᠮ ᠪᠠᠶᠢᠳᠠᠯ ᠠᠶᠤᠯ ᠲᠦᠭᠰᠢᠭᠦᠷᠢ ᠴᠠᠭᠳᠠᠭᠠᠨ ᠤ ᠪᠠᠶᠢᠳᠠᠯ ᠢ ᠴᠠᠭ ᠲᠤᠬᠠᠶ ᠳᠤᠨᠢ  ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠤᠯᠠᠨ ᠲᠦᠮᠡᠨ ᠤ ᠨᠡᠩ ᠲᠤᠰᠬᠠᠶ ᠮᠡᠷᠭᠡᠵᠢᠯ ᠤᠨ ᠲᠦᠷᠭᠡᠨ ᠦᠢᠯᠡᠴᠢᠯᠡᠭᠡ ᠬᠦᠷᠳᠡᠬᠦ ᠶᠢ ᠦᠨᠡᠨ ᠬᠦ ᠪᠠᠲᠤᠯᠠᠨ᠎ᠠ᠃ 2023 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ 12345 ᠪᠣᠯᠤᠨ 110 ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠬᠠᠮᠢᠶ᠎ᠠ ᠪᠥᠬᠦᠶ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠵᠢᠷᠤᠮᠵᠢᠯᠲᠠ᠂ ᠪᠠᠷᠢᠮᠵᠢᠶᠠᠵᠢᠯᠲᠠ᠂ ᠲᠤᠰᠬᠠᠶᠢᠵᠢᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠭᠤᠷᠪᠠ᠂ ᠬᠠᠷᠢᠯᠴᠠᠬᠤ ᠪᠦᠷᠢᠯᠳᠦᠬᠦᠨ    ︵ᠨᠢᠭᠡ︶ 12345 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠵᠤ᠂ ᠠᠶᠢᠮᠠᠭ ᠤᠨ 12345 ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠨ᠎ᠠ᠃    ︵ᠬᠤᠶᠠᠷ︶ 110 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ 110 ᠪᠠᠶᠢᠳᠠᠯ ᠤᠨ ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ᠂ 110 ᠴᠠᠭᠳᠠᠭ᠎ᠠ ᠶᠢ ᠭᠥᠯᠢᠶᠡᠨ ᠠᠪᠬᠤ ᠥᠷᠲᠡᠭᠡ ᠶᠢᠨ ᠡᠯ᠎ᠡ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠤᠨ ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ ᠪᠣᠯᠤᠨ᠎ᠠ᠃    ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ    12345 ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ  ᠦᠢᠯᠡᠴᠢᠯᠡᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠥᠪᠯᠡᠯᠭᠡ᠂ ᠪᠠᠴᠢᠮ ᠪᠤᠰᠤ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ᠃ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ  ᠰᠢᠢᠳᠪᠦᠷᠢᠯᠡᠬᠦ  ᠵᠦᠢᠯᠡᠰ᠂ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠬᠡᠪ ᠵᠠᠩᠰᠢᠯ ᠠᠴᠠ ᠵᠥᠷᠢᠴᠡᠭᠰᠡᠨ ᠵᠦᠢᠯᠡᠰ ᠵᠡᠷᠭᠡ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠦᠭᠡᠢ᠃    110 ᠬᠦ᠋ᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠡᠷᠡᠭᠦᠦ ᠶᠢᠨ ᠬᠡᠷᠡᠭ ᠤᠨ ᠲᠦᠷᠦᠯ ᠤᠨ ᠴᠠᠭᠳᠠᠭ᠎ᠠ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠬᠥᠮᠦᠨ ᠤ ᠪᠡᠶ᠎ᠡ ᠮᠠᠬᠠᠪᠣᠳ ᠪᠠ ᠡᠳ᠋ ᠬᠦ᠋ᠷᠦᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ ᠴᠢᠨᠠᠷᠲᠠᠶ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠰᠢᠢᠳᠪᠦᠷᠢᠯᠡᠭᠦᠯᠬᠦ ᠴᠢᠬᠤᠯᠠᠲᠠᠶ ᠪᠤᠰᠤᠳ ᠴᠠᠭᠳᠠᠭ᠎ᠠ ᠶᠢᠨ ᠮᠡᠳᠡᠭᠡ︔ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠭᠠᠶ ᠭᠠᠮᠰᠢᠭ ᠤᠨ ᠡ᠊ᠨᠳᠡᠯ ᠵᠢᠴᠢ ᠬᠥᠮᠦᠨ ᠤ ᠪᠡᠶ᠎ᠡ ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠬᠤ ᠵᠡᠷᠭᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠶᠠᠭ ᠡᠭᠦᠰᠴᠦ ᠪᠠᠶᠢᠭ᠎ᠠ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠶᠢᠨ ᠲᠤᠬᠠᠶ ᠵᠠᠭᠠᠯᠳᠤᠯᠭ᠎ᠠ᠃    ᠲᠠᠪᠤ᠂ ᠠᠵᠢᠯ  ᠤᠨ ᠲᠣᠭᠲᠠᠴᠠ    1. ᠬᠤᠪᠢᠶᠠᠷᠢ ᠡᠷᠭᠢᠯᠲᠡ ᠶᠢᠨ ᠠᠯᠪᠠᠨ ᠬᠡᠷ ᠤᠨ ᠲᠣᠭᠲᠠᠴᠠ᠃ 12345 ᠪᠤᠶᠤ 110 ᠤᠲᠠᠰᠤ ᠪᠠᠷ ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠵᠦᠢᠯᠡᠰ ᠢ ᠬᠦᠯᠢᠶᠡᠨ ᠠᠪᠤᠭᠰᠠᠨ ᠪᠠᠶᠢᠪᠠᠯ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ ᠬᠡᠯᠪᠡᠷᠢ ᠪᠠᠷ ᠨᠦᠬᠦᠭᠡ ᠡᠲᠡᠭᠡᠳ ᠲᠡᠭᠡᠨ ᠴᠠᠭ ᠲᠤᠬᠠᠶ ᠳᠤᠨᠢ ᠰᠢᠯᠵᠢᠭᠦᠯᠦᠨ ᠥᠭᠴᠦ ᠬᠦᠯᠢᠶᠡᠨ ᠠᠪᠴᠤ  ᠰᠢᠢᠳᠪᠦᠷᠢᠯᠡᠭᠦᠯᠦᠨ᠎ᠡ᠃ ᠬᠠᠷᠢᠭᠤᠴᠠᠯᠭ᠎ᠠ ᠲᠠᠢ  ᠨᠢᠭᠡᠴᠢ ᠨᠢ ᠲᠣᠳᠣᠷᠬᠠᠶ ᠦᠭᠡᠶ ᠪᠤᠶᠤ ᠲᠤᠰᠢᠶᠠᠯ ᠬᠠᠷᠢᠭᠤᠴᠠᠯᠭ᠎ᠠ ᠨᠢ ᠰᠣᠯᠪᠢᠴᠠᠵᠤ ᠪᠠᠶᠢᠪᠠᠯ᠂ ᠭᠤᠷᠪᠠᠨ ᠲᠠᠯ᠎ᠠ ᠶᠢᠨ ᠤᠲᠠᠰᠤ ᠪᠠᠷ ᠶᠠᠷᠢᠯᠴᠠᠬᠤ ︵ᠭᠤᠮᠣᠳᠠᠯ ᠲᠣᠭᠠᠴᠢᠭᠰᠠᠨ ᠲᠠᠯ᠎ᠠ᠂ 110᠂ 12345︶ ᠠᠷᠭ᠎ᠠ ᠮᠠᠶ᠋ᠢᠭ ᠢᠶᠠᠷ ᠪᠣᠳᠠᠲᠠᠶ ᠭᠤᠮᠣᠳᠠᠯ ᠲᠣᠭᠠᠴᠢᠯᠲᠠ ᠶᠢ ᠣᠶᠢᠯᠠᠭᠠᠭᠰᠠᠨ ᠤ ᠲᠠᠷᠠᠭ᠎ᠠ᠂ 12345 ᠪᠣᠯᠤᠨ 110 ᠪᠠᠷ ᠬᠦᠯᠢᠶᠠᠨ ᠠᠪᠴᠤ ᠰᠢᠢᠳᠪᠦᠷᠢᠯᠡᠬᠦ ᠲᠠᠪᠴᠠᠩ ᠢ ᠵᠥᠪᠳᠡᠯᠴᠡᠨ ᠲᠣᠭᠲᠠᠭᠠᠵᠤ ᠪᠣᠯᠤᠨ᠎ᠠ᠂ ᠵᠥᠪᠳᠡᠯᠴᠡᠭᠰᠡᠨ ᠤ ᠲᠠᠷᠠᠭ᠎ᠠ ᠮᠥᠨ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠤᠷᠢᠳᠠᠪᠠᠷ ᠠᠵᠤ ᠠᠬᠤᠶᠢᠯᠠᠯ ᠪᠠ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠣᠯᠤᠭᠰᠠᠨ ᠲᠠᠪᠴᠠᠩ ᠠᠴᠠ ᠤᠷᠢᠳ ᠢᠶᠠᠷ ᠬᠦᠯᠢᠶᠠᠨ ᠠᠪᠴᠤ ᠰᠢᠢᠳᠪᠦᠷᠢᠯᠡᠨ᠎ᠡ᠂ ᠬᠡᠷᠪᠡ ᠬᠥᠮᠦᠨ ᠤ ᠪᠡᠶ᠎ᠡ ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠᠴᠢᠮ ᠪᠠᠶᠢᠳᠠᠯ ᠣᠷᠣᠰᠢᠵᠤ ᠪᠠᠶᠢᠪᠠᠯ᠂ 110 ᠪᠠᠷ ᠴᠠᠭ ᠲᠤᠬᠠᠶ ᠳᠤᠨᠢ ᠴᠠᠭᠳᠠᠭ᠎ᠠ ᠲᠣᠮᠢᠯᠠᠵᠤ ᠤᠷᠢᠳ ᠢᠶᠠᠷ ᠰᠢᠢᠳᠪᠦᠷᠢᠯᠡᠭᠦᠯᠦᠨ᠎ᠡ᠃ 12345 ᠪᠤᠶᠤ 110 ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠶᠢ ᠲᠣᠳᠣᠷᠬᠠᠶ ᠲᠣᠭᠲᠠᠭᠠᠭᠰᠠᠨ ᠵᠦᠢᠯᠡᠰ ᠢ ᠬᠦᠯᠢᠶᠡᠨ ᠠᠪᠤᠭᠰᠠᠨ ᠪᠠᠶᠢᠪᠠᠯ᠂ ᠨᠦᠬᠦᠭᠡ ᠡᠲᠡᠭᠡᠳ ᠲᠡᠭᠡᠨ ᠰᠦᠯᠵᠢᠶᠡᠨ ᠳᠡᠭᠡᠷ᠎ᠡ ᠰᠢᠯᠵᠢᠭᠦᠯᠦᠨ ᠥᠭᠴᠦ ᠬᠦᠯᠢᠶᠡᠨ ᠠᠪᠴᠤ  ᠰᠢᠢᠳᠪᠦᠷᠢᠯᠡᠭᠦᠯᠵᠦ ᠪᠣᠯᠤᠨ᠎ᠠ᠃ 12345 ᠪᠠ 110 ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠥᠬᠡᠶ  ᠵᠦᠢᠯᠡᠰ ᠢ ᠲᠣᠳᠣᠷᠬᠠᠶ ᠲᠣᠭᠲᠠᠭᠠᠬᠤ ᠳᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠵᠦᠶ ᠵᠣᠬᠢᠰᠲᠠᠶ ᠬᠥᠲᠥᠯᠦᠨ ᠵᠢᠯᠣᠭᠤᠳᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠥᠯᠢᠶᠡᠨ ᠠᠪᠴᠤ ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠪᠣᠳᠠᠲᠤ ᠪᠠᠶᠢᠳᠠᠯ ᠲᠠᠢ ᠪᠠᠨ ᠨᠡᠶᠢᠴᠡᠬᠦ ᠥᠬᠡᠶ ᠪᠠᠶᠢᠪᠠᠯ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠪᠠᠶᠢᠳᠠᠯ ᠢ ᠴᠤᠭᠯᠠᠭᠤᠯᠤᠨ ᠡᠵᠡᠮᠰᠢᠬᠦ ᠶᠢ ᠬᠠᠷᠢᠭᠤᠴᠠᠬᠤ ᠶᠢᠨ ᠬᠠᠮᠲᠤ᠂ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢᠨ ᠬᠤᠪᠢᠶᠠᠷᠢᠯᠠᠯ︾ ᠤᠨ ᠠᠭᠤᠯᠭ᠎ᠠ ᠶᠣᠰᠣᠭᠠᠷ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠰᠢᠢᠳᠪᠦᠷᠢᠯᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠭᠤᠳ ᠬᠦᠷᠴᠦ ᠲᠦᠭᠰᠢᠭᠦᠷᠢ ᠮᠡᠳᠡᠭᠦᠯᠦᠭᠰᠡᠨ ᠴᠠᠭᠳᠠᠭᠠᠨ ᠤ ᠶᠠᠪᠤᠳᠠᠯ ᠤᠨ ᠪᠤᠰᠤ ᠴᠠᠭᠳᠠᠭᠠᠨ ᠤ ᠪᠠᠶᠢᠳᠠᠯ ᠢ ᠭᠥᠯᠢᠶᠡᠨ ᠠᠪᠤᠪᠠᠯ᠂ ᠭᠤᠮᠣᠳᠠᠯ ᠲᠣᠭᠠᠴᠢᠭᠰᠠᠨ ᠲᠠᠯ᠎ᠠ ᠶᠢ ᠬᠥᠲᠥᠯᠦᠨ ᠵᠢᠯᠣᠭᠤᠳᠴᠤ 12345 ᠤᠲᠠᠰᠤ ᠪᠠᠷ ᠤᠲᠠᠰᠤᠳᠠᠭᠤᠯᠤᠨ᠎ᠠ︔ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠣᠬᠢᠴᠠᠭᠤᠯᠤᠨ ᠰᠢᠢᠳᠪᠦᠷᠢᠯᠡᠬᠦ ᠶᠢᠨ ᠠᠷᠭ᠎ᠠ ᠥᠬᠡᠶ ᠶᠢ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠵᠣᠬᠢᠴᠠᠭᠤᠯᠤᠨ  ᠰᠢᠢᠳᠪᠦᠷᠢᠯᠡᠵᠦ ᠪᠣᠯᠤᠨ᠎ᠠ᠃    2. ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠲᠣᠭᠲᠠᠴᠠ᠃ 110 ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠢᠯᠠᠩᠭᠤᠶ᠎ᠠ ᠬᠦᠴᠦᠷᠬᠡᠭᠯᠡᠯ᠂ ᠬᠡᠲᠦᠷᠡᠮᠡᠬᠡᠶ ᠬᠡᠷᠡᠭ ᠢ ᠡᠭᠦᠰᠭᠡᠵᠦ ᠮᠡᠳᠡᠬᠦ ᠵᠥᠷᠢᠴᠡᠯ ᠵᠢᠭᠤᠷᠠᠯᠳᠤᠭᠠᠨ ᠢ ᠣᠯᠤᠭᠰᠠᠨ ᠦᠶ᠎ᠡ ᠳᠤ᠂ ᠲᠡᠷᠡ ᠳᠠᠷᠤᠶ ᠳᠤᠨᠢ ᠴᠠᠭᠳᠠᠭ᠎ᠠ ᠲᠣᠮᠢᠯᠠᠨ ᠰᠢᠢᠳᠪᠦᠷᠢᠯᠡᠭᠦᠯᠵᠦ᠂ 12345 ᠳᠤ ᠬᠠᠷᠢᠶᠠᠯᠠᠭᠳᠠᠬᠤ ᠭᠤᠮᠣᠳᠠᠯ ᠱᠠᠭᠠᠷᠳᠠᠯᠭ᠎ᠠ ᠶᠢ 110 ᠠᠴᠠ 12345 ᠳᠤ ᠰᠢᠯᠵᠢᠭᠦᠯᠦᠨ ᠲᠤᠰᠢᠶᠠᠵᠤ᠂ 12345 ᠠᠴᠠ ᠭᠤᠮᠣᠳᠠᠯ ᠱᠠᠭᠠᠷᠳᠠᠯᠭ᠎ᠠ ᠶᠢᠨ ᠤᠴᠢᠷ ᠶᠠᠪᠤᠳᠠᠯ ᠢ ᠬᠠᠷᠢᠶ᠎ᠠ ᠭᠠᠵᠠᠷ ᠤᠨ ᠬᠠᠯᠠᠭᠤᠨ ᠤᠲᠠᠰᠤᠨ ᠤ ᠬᠤᠪᠢᠶᠠᠷᠢ ᠲᠥᠪ ᠪᠠ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠰᠢᠢᠳᠪᠦᠷᠢᠯᠡᠭᠦᠯᠵᠦ᠂ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠵᠦ ᠂ ᠵᠥᠷᠢᠴᠡᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠠᠷᠢᠯᠭᠠᠬᠤ ᠶᠢ ᠲᠦᠯᠬᠢᠨ ᠠᠬᠢᠭᠤᠯᠤᠨ᠎ᠠ᠃ 12345 ᠪᠦᠷᠢᠯᠳᠦᠬᠦᠨ ᠨᠢᠭᠡᠴᠢ  ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠶᠤᠴᠢᠯᠠᠯ ᠢ ᠣᠯᠤᠭᠰᠠᠨ ᠤ ᠲᠠᠷᠠᠭ᠎ᠠ᠂ ᠲᠡᠷᠡ ᠳᠠᠷᠤᠶ ᠳᠤᠨᠢ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠴᠢᠬᠤᠯᠠᠲᠠᠶ ᠪᠠᠶᠢᠪᠠᠯ᠂ ᠴᠠᠭ ᠲᠤᠬᠠᠶ ᠳᠤᠨᠢ ᠬᠥᠮᠦᠨ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃ 12345 ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠰᠦᠪᠡᠭᠴᠢ ᠪᠤᠶᠤ ᠠᠵᠢᠯᠲᠠᠨ ᠤ ᠮᠡᠳᠡᠭᠡ ᠵᠠᠩᠭᠢ ᠶᠢ ᠣᠯᠤᠭᠰᠠᠨ ᠪᠠᠶᠢᠪᠠᠯ᠂ ᠲᠡᠷᠡ ᠳᠠᠷᠤᠶ ᠳᠤᠨᠢ 110 ᠳᠤ ᠬᠦᠷᠭᠡᠵᠦ ᠰᠢᠢᠳᠪᠦᠷᠢᠯᠡᠭᠦᠯᠬᠦ  ᠬᠡᠷᠡᠭᠲᠡᠶ᠂ ᠵᠠᠰᠠᠭ ᠤᠨ ᠣᠷᠳᠣᠨ ᠤ ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠶ ᠪᠠᠶᠢᠪᠠᠯ 12345 ᠨᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠬᠠᠷᠢᠭᠤᠴᠠᠨ᠎ᠠ᠃ 12345 ᠪᠤᠶᠤ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ ᠵᠥᠷᠢᠴᠡᠯ ᠵᠢᠭᠤᠷᠠᠯᠳᠤᠭᠠᠨ ᠰᠢᠷᠦᠭᠦᠰᠦᠭᠰᠡᠨ᠂ ᠬᠡᠷᠡᠭ ᠤᠨ ᠪᠠᠶᠢᠳᠠᠯ ᠢ ᠡᠵᠡᠮᠳᠡᠬᠦ ᠳᠤ ᠪᠡᠷᠬᠡᠲᠡᠶ ᠪᠤᠶᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢ ᠣᠯᠵᠤ ᠮᠡᠳᠡᠪᠡᠯ᠂ ᠲᠡᠷᠡ ᠳᠠᠷᠤᠶ ᠳᠤᠨᠢ 110 ᠴᠠᠭᠳᠠᠭ᠎ᠠ ᠲᠠᠢ ᠬᠤᠯᠪᠣᠭᠠᠯᠠᠨ ᠴᠠᠭᠳᠠᠭ᠎ᠠ ᠪᠠᠷ ᠰᠢᠢᠳᠪᠦᠷᠢᠯᠡᠭᠦᠯᠬᠦ  ᠬᠡᠷᠡᠭᠲᠡᠶ᠃ ᠡᠯ᠎ᠡ  ᠨᠢᠭᠡᠴᠢ ᠨᠦᠭᠦᠳ ᠠᠩᠬ᠎ᠠ ᠵᠣᠯᠭᠠᠭᠤᠯᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠤᠰᠤᠳ  ᠨᠢᠭᠡᠴᠢ ᠪᠤᠶᠤ ᠰᠠᠯᠠᠭ᠎ᠠ ᠮᠥᠴᠢᠷ ᠤᠨ ᠬᠠᠷᠢᠶᠠᠯᠠᠬᠤ ᠶᠣᠰᠣᠲᠠᠶ ᠶᠢ ᠣᠯᠵᠤ ᠮᠡᠳᠡᠪᠡᠯ᠂ ᠤᠷᠢᠳᠠᠪᠠᠷ  ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠲᠣᠭᠲᠠᠭᠠᠯ ᠶᠣᠰᠣᠭᠠᠷ ᠰᠢᠯᠵᠢᠭᠦᠯᠦᠨ ᠲᠤᠰᠢᠶᠠᠬᠤ ᠬᠡᠷᠡᠭᠲᠡᠶ᠃    3. ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠃ 12345᠂ 110 ᠪᠣᠯᠤᠨ 119᠂ 120᠂ 122 ᠵᠡᠷᠭᠡ ᠪᠠᠴᠢᠮ ᠬᠠᠯᠠᠭᠤᠨ ᠤᠲᠠᠰᠤ ᠪᠣᠯᠤᠨ ᠤᠰᠤ ᠴᠠᠬᠢᠯᠭᠠᠨ ᠬᠡᠢ ᠢᠯᠴᠢ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠭᠰᠠᠨ ᠲᠣᠭᠲᠠᠴᠠ ᠶᠢ ᠪᠠᠶᠢᠭᠤᠯᠵᠤ᠂ 12345 ᠬᠠᠯᠠᠭᠤᠨ ᠤᠲᠠᠰᠤᠨ ᠤ ᠲᠠᠪᠴᠠᠩ ᠠᠴᠠ ᠸᠢᠴᠠᠲ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠪᠥᠬᠦ ᠠᠶᠢᠮᠠᠭ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠪᠠᠴᠢᠮ ᠬᠤᠯᠪᠣᠭ᠎ᠠ ᠠᠪᠴᠤ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠡᠭᠦᠰᠪᠡᠯ᠂ ᠲᠦᠷᠭᠡᠨ ᠳᠠᠭᠠᠵᠤ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠠᠭ ᠲᠤᠬᠠᠶ ᠳᠤᠨᠢ᠂ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ ᠪᠠᠷ ᠪᠠᠴᠢᠮ ᠠᠪᠤᠷᠠᠨ ᠲᠤᠰᠠᠯᠠᠬᠤ ᠦᠶ᠋ᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ 12345 ᠪᠣᠯᠤᠨ 110 ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠬᠦᠨᠳᠦ ᠶᠡᠭᠡ ᠣᠯᠠᠨ ᠨᠡᠶᠢᠲᠡ ᠶᠢᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠬᠤ ᠳᠤ ᠬᠦᠷᠪᠡᠯ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠴᠠᠭᠳᠠᠭᠠᠨ ᠤ ᠬᠦᠴᠦᠨ ᠪᠠ ᠬᠠᠮᠲᠤᠷᠠᠨ ᠬᠥᠳᠡᠯᠦᠯᠴᠡᠬᠦ ᠨᠢᠭᠡᠴᠡ ᠶᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠤᠷᠢᠳᠠᠪᠠᠷ  ᠰᠢᠢᠳᠪᠦᠷᠢᠯᠡᠵᠦ᠂ 12345 ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ ᠬᠡᠷᠡᠭᠲᠡᠶ᠂ ᠬᠡᠷᠪᠡ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠬᠦᠨᠳᠦ ᠨᠣᠴᠢᠲᠠᠶ ᠬᠦᠷᠦᠯᠴᠡᠬᠦ ᠥᠬᠡᠶ ᠪᠠᠶᠢᠳᠠᠯ ᠭᠠᠷᠪᠠᠯ᠂ 12345 ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ ᠠᠯᠤᠰ ᠡᠵᠡᠮᠰᠢᠯ ᠤᠨ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠳᠡᠮᠵᠢᠯᠭᠡ ᠦᠵᠡᠭᠦᠯᠦᠨ᠎ᠡ᠃   4. ᠵᠥᠪᠳᠡᠯᠴᠡᠨ ᠰᠣᠯᠢᠯᠴᠠᠬᠤ ᠲᠣᠭᠲᠠᠴᠠ᠃ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ᠂ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠤ ᠰᠡᠵᠢᠭᠯᠡᠯ ᠲᠠᠢ ᠪᠠᠶᠢᠬᠤ ᠣᠯᠠᠨᠲᠠ ᠭᠤᠶᠤᠴᠢᠯᠠᠬᠤ ᠵᠦᠢᠯᠡᠰ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠬᠠᠷᠢᠶᠠᠯᠠᠯ ᠤᠨ ᠪᠡᠶᠡᠴᠢ ᠴᠣᠭᠴᠠ ᠶᠢ ᠲᠣᠳᠣᠷᠬᠠᠶ ᠪᠣᠯᠭᠠᠵᠤ᠂ ᠰᠢᠢᠳᠪᠦᠷᠢᠯᠡᠬᠦ ᠵᠢᠷᠤᠮᠵᠢᠯ ᠢ ᠲᠣᠭᠲᠠᠭᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠬᠠᠮᠢᠶᠠᠷᠬᠤ ᠬᠥᠮᠦᠨ ᠲᠠᠢ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ 12345 ᠪᠣᠯᠤᠨ 110 ᠶᠢᠨ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠭᠤᠨ ᠤᠲᠠᠰᠤ ᠪᠣᠯᠤᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ ᠢ ᠦᠨᠳᠦᠰᠦᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ ᠪᠤᠰᠤ ᠭᠤᠮᠣᠳᠠᠯ ᠱᠠᠭᠠᠷᠳᠠᠯᠭ᠎ᠠ ᠶᠢ 12345 ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ ᠭᠤᠮᠣᠳᠠᠯ ᠱᠠᠭᠠᠷᠳᠠᠯᠭ᠎ᠠ ᠶᠢ 110 ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠵᠥᠪᠳᠡᠯᠴᠡᠬᠦ ᠳᠤ ᠭᠤᠮᠣᠳᠠᠯ ᠱᠠᠭᠠᠷᠳᠠᠯᠭ᠎ᠠ ᠳᠤ ᠬᠤᠯᠪᠣᠭᠳᠠᠬᠤ ᠰᠠᠯᠠᠭ᠎ᠠ ᠮᠥᠴᠢᠷ ᠤᠨ ᠡᠷᠭᠢᠯᠡᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠵᠥᠪᠳᠡᠯᠴᠡᠭᠡᠳ ᠰᠢᠶ᠋ᠳᠪᠦᠷᠢᠯᠡᠵᠦ ᠳᠡᠶᠢᠯᠬᠦ ᠥᠬᠡᠶ ᠭᠤᠮᠣᠳᠠᠯ ᠱᠠᠭᠠᠷᠳᠠᠯᠭ᠎ᠠ ᠶᠢ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠤᠨ᠎ᠠ᠃ 12345 ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠥᠬᠦᠶ ᠪᠦᠷᠢᠯᠳᠦᠬᠦᠨ  ᠨᠢᠭᠡᠴᠢ  ᠨᠦᠭᠦᠳ ᠠᠵᠢᠯ ᠤᠨ ᠠᠵᠢᠯᠯᠠᠭᠠᠨ ᠤ ᠪᠠᠶᠢᠳᠠᠯ ᠢᠶᠠᠨ ᠮᠡᠳᠡᠭᠳᠡᠵᠦ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ᠂ ᠬᠠᠷᠢᠯᠴᠠᠨ ᠠᠵᠢᠯᠲᠠᠨ ᠲᠣᠮᠢᠯᠠᠵᠤ ᠨᠥᠭᠦᠭᠡ ᠡᠲᠡᠭᠡᠳ ᠤᠨ ᠢᠶᠠᠨ ᠲᠠᠪᠴᠠᠩ ᠳᠤ ᠰᠠᠭᠤᠯᠭᠠᠬᠤ ᠪᠤᠶᠤ ᠨᠢᠭᠡ ᠴᠤᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠶ᠋ᠳᠪᠦᠷᠢᠯᠡᠨ᠎ᠡ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 12345 ᠪᠣᠯᠤᠨ 110 ᠬᠤᠤᠰ ᠴᠢᠭᠯᠡᠯ ᠢᠶᠠᠷ ᠰᠠᠯᠭᠠᠨ ᠶᠠᠪᠤᠭᠤᠯᠤᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠥᠨᠳᠥᠷ ᠳᠠᠪᠲᠠᠮᠵᠢ ᠶᠢᠨ ᠬᠡᠷᠡᠭ ᠢ ᠵᠠᠳᠠᠯᠤᠨ ᠰᠢᠨᠵᠢᠯᠡᠵᠦ᠂ ᠬᠡᠯᠪᠡᠷᠢᠯ ᠤᠨ ᠴᠢᠨᠠᠷᠲᠠᠶ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠡᠷᠢᠨ ᠭᠠᠷᠭᠠᠵᠤ᠂ ᠬᠠᠯᠠᠭᠤᠨ ᠴᠡᠭ ᠤᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠷᠢᠭᠤ ᠥᠭᠬᠦ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠂ ᠲᠤᠰᠠᠯᠠᠬᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    5. ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ᠃ 12345 ᠪᠠ 110 ᠰᠢᠪᠠᠳᠠᠨ  ᠰᠢᠢᠳᠪᠦᠷᠢᠯᠡᠬᠦᠯᠬᠦ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠷᠭᠢᠯᠲᠡ ᠶᠢᠨ ᠠᠯᠪᠠᠨ ᠬᠡᠷ ᠤᠨ ᠪᠣᠳᠠᠲᠠᠶ ᠲᠦᠷᠢᠮ ᠪᠠ ᠵᠦᠢᠯᠡᠰ ᠤᠨ ᠨᠠᠷᠢᠨ ᠲᠠᠩᠰᠠ ᠶᠢ ᠨᠠᠷᠢᠯᠢᠬᠵᠢᠭᠤᠯᠤᠨ ᠬᠤᠪᠢᠶᠠᠵᠤ᠂ ᠭᠤᠮᠣᠳᠠᠯ ᠱᠠᠭᠠᠷᠳᠠᠯᠭ᠎ᠠ ᠶᠢ  ᠭᠦᠢᠴᠡᠳᠭᠡᠬᠦ ᠨᠢᠭᠡᠴᠢ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠵᠡᠷᠭᠡ  ᠭᠦᠢᠴᠡᠳᠭᠡᠯ ᠲᠤᠭ᠎ᠠ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠨ᠎ᠠ᠃ ᠰᠢᠪᠠᠳᠠᠨ  ᠰᠢᠢᠳᠪᠦᠷᠢᠯᠡᠬᠦᠯᠬᠦ ᠬᠠᠭᠤᠳᠠᠰᠤ᠂ ᠲᠤᠰᠬᠠᠶ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ ᠵᠦᠢᠯ  ᠤᠨ ᠠᠷᠭ᠎ᠠ ᠮᠠᠶ᠋ᠢᠭ ᠢ ᠬᠡᠷᠡᠭᠯᠡᠨ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ  ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ᠂ ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ᠂ ᠲᠡᠷᠡ ᠳᠠᠷᠤᠶ ᠳᠤᠨᠢ ᠰᠢᠯᠵᠢᠭᠦᠯᠦᠨ  ᠰᠢᠢᠳᠪᠦᠷᠢᠯᠡᠭᠦᠯᠬᠦ᠂ ᠴᠠᠭ ᠬᠢᠵᠠᠭᠠᠷᠯᠠᠨ ᠭᠦᠢᠴᠡᠳᠭᠡᠬᠦ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠶᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ 12345᠂ 110 ᠦᠨᠡᠯᠡᠨ ᠵᠢᠱᠢᠬᠦ ᠪᠦᠷᠢᠨ ᠲᠡᠭᠦᠯᠳᠡᠷ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ᠂ ᠭᠤᠮᠣᠳᠠᠯ ᠱᠠᠭᠠᠷᠳᠠᠯᠭ᠎ᠠ ᠶᠢ  ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 12345 ᠶᠢ ᠲᠦᠭᠰᠢᠭᠦᠷᠢ ᠭᠥᠯᠢᠶᠡᠨ ᠠᠪᠴᠤ ᠰᠢᠢᠳᠪᠦᠷᠢᠯᠡᠬᠦ 110 ᠰᠢᠰᠲ᠋ᠧᠮ ᠳᠤ ᠰᠢᠯᠵᠢᠭᠦᠯᠦᠭᠰᠡᠨ  ᠵᠦᠢᠯᠡᠰ  ᠲᠤ᠂ 110 ᠶᠢ ᠬᠤᠯᠪᠣᠭᠳᠠᠯ ᠪᠥᠬᠦᠶ ᠪᠦᠷᠢᠯᠳᠦᠬᠦᠨ  ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠬᠡᠷᠡᠭᠲᠡᠶ᠂ 12345 ᠶᠢᠨ ᠪᠦᠷᠢᠯᠳᠦᠬᠦᠨ  ᠨᠢᠭᠡᠴᠢ  ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠥᠬᠡᠶ︔ 110 ᠪᠠᠶᠢᠭᠰᠠᠨ ᠠᠴᠠ 12345 ᠳᠤ ᠰᠢᠯᠵᠢᠭᠰᠡᠨ ᠵᠦᠢᠯᠡᠰ ᠲᠤ 12345 ᠨᠢ ᠬᠤᠯᠪᠣᠭᠳᠠᠯ ᠪᠥᠬᠦᠶ ᠪᠦᠷᠢᠯᠳᠦᠬᠦᠨ  ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠨ᠎ᠠ᠂ 110 ᠨᠢ ᠪᠦᠷᠢᠯᠳᠦᠬᠦᠨ ᠨᠢᠭᠡᠴᠡ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠥᠬᠡᠶ᠃    ᠵᠢᠷᠭᠤᠭ᠎ᠠ᠂ ᠲᠠᠪᠴᠠᠩ ᠢ ᠵᠣᠯᠭᠠᠭᠤᠯᠬᠤ    ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠴᠢᠩᠭᠠᠳᠬᠠᠨ᠎ᠠ᠃ 12345 ᠪᠣᠯᠤᠨ 110 ᠥᠨᠳᠥᠷ ᠪᠦᠲᠦᠮᠵᠢᠲᠡᠢ ᠪᠠᠷ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢᠨ ᠲᠣᠭᠤᠷᠢᠨ ᠳᠤ᠂ ᠬᠤᠶᠠᠷ ᠲᠠᠯ᠎ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠶᠡᠷᠦᠩᠬᠡᠶᠢᠯᠡᠨ ᠬᠡᠷᠡᠭᠯᠡᠬᠦ ᠶᠢ ᠠᠬᠢᠭᠤᠯᠵᠤ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢ᠊ ᠡᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ᠂ ᠲᠠᠪᠴᠠᠩ ᠢ ᠵᠣᠯᠭᠠᠭᠤᠯᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠦᠷᠳᠡᠭ ᠢ ᠠᠭᠤᠳᠠᠯᠬᠤ ᠶᠢ ᠲᠦᠷᠭᠡᠨ ᠪᠡᠶᠡᠯᠡᠭᠦᠯᠦᠨ᠎ᠡ᠃    1. ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠤᠨ᠎ᠠ᠃ ︽ᠰᠢᠰᠲ᠋ᠧᠮ ᠢ ᠠᠭᠤᠰᠤᠯᠴᠠᠭᠤᠯᠤᠨ ᠵᠠᠯᠭᠠᠬᠤ᠂ ᠲᠤᠭ᠎ᠠ ᠪᠠᠷᠢᠮᠲᠠ ᠶᠢ ᠠᠭᠤᠰᠤᠯᠴᠠᠭᠤᠯᠤᠨ᠂ ᠲᠣᠭᠲᠠᠴᠠ ᠶᠢ ᠠᠭᠤᠰᠤᠯᠴᠠᠭᠤᠯᠤᠨ ᠰᠢᠯᠢᠳᠡᠭᠵᠢᠭᠦᠯᠬᠦ︾ ᠶᠡᠷᠦᠩᠬᠡᠶ ᠰᠡᠳᠬᠢᠮᠵᠢ ᠶᠢᠨ ᠶᠣᠰᠣᠭᠠᠷ᠂ 12345 ᠪᠠ 110 ᠠᠵᠢᠯ ᠤᠨ ᠲᠠᠪᠴᠠᠩ ᠢ ᠨᠡᠪᠲᠡᠷᠡᠭᠦᠯᠵᠦ᠂ ᠠᠵᠢᠯ ᠤᠨ ᠬᠠᠭᠤᠳᠠᠰᠤ᠂ ᠴᠠᠭᠳᠠᠭᠠᠨ ᠤ ᠬᠠᠭᠤᠳᠠᠰᠤ ᠶᠢᠨ ᠬᠠᠷᠢᠯᠴᠠᠨ ᠨᠡᠪᠲᠡᠷᠡᠬᠦ ᠵᠠᠮ ᠢ ᠪᠠᠶᠢᠭᠤᠯᠤᠨ᠂ ᠵᠣᠯᠭᠠᠭᠤᠯᠬᠤ  ᠵᠦᠢᠯᠡᠰ ᠢ ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠳᠠᠭᠠᠵᠤ ᠰᠢᠮᠳᠠᠭᠤᠯᠤᠨ  ᠭᠦᠢᠴᠡᠳᠭᠡᠬᠦ᠂ ᠬᠠᠷᠢᠭᠤ ᠲᠤᠰᠬᠠᠵᠤ ᠬᠠᠷᠢᠭᠤ ᠰᠤᠷᠪᠤᠯᠵᠢᠯᠠᠬᠤ᠂ ᠣᠶᠤᠨᠴᠢ ᠪᠠᠷ ᠬᠢᠨᠠᠨ ᠬᠠᠮᠢᠶᠠᠷᠬᠤ ᠪᠢᠲᠡᠭᠦᠤ ᠴᠠᠭᠠᠷᠢᠭ ᠠᠵᠢᠯᠯᠠᠭᠠᠨ ᠤ ᠵᠠᠭᠪᠤᠷ ᠢ ᠪᠡᠶᠡᠯᠡᠭᠦᠯᠦᠨ᠎ᠡ᠃ 12345 ᠪᠣᠯᠤᠨ 110 ᠨᠢ ᠬᠠᠷᠢᠯᠴᠠᠨ ᠠᠵᠢᠯᠳᠠᠨ ᠲᠣᠮᠢᠯᠠᠨ ᠰᠠᠭᠤᠯᠭᠠᠵᠤ᠂ ᠬᠠᠮᠵᠢᠯᠴᠠᠨ ᠰᠢᠢᠳᠪᠦᠷᠢᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠤᠶᠤᠨᠴᠢᠯᠠᠬᠤ ᠶᠢ ᠠᠬᠢᠭᠤᠯᠬᠤ ᠬᠡᠷᠡᠭᠲᠡᠢ᠃    2. ᠳ᠋ᠠᠶᠢᠲ᠋ᠠ ᠶᠢᠨ ᠠᠮᠤᠷ ᠲᠦᠪᠰᠢᠨ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ 12345 ᠪᠠ 110 ᠣᠲᠣ ᠶᠢᠨ ᠪᠠᠶᠢᠭ᠎ᠠ ᠰᠢᠰᠲ᠋ᠧᠮ ᠳᠤ ᠲᠦᠰᠢᠭᠯᠡᠨ᠂ ᠪᠥᠬᠦ ᠣᠷᠣᠨ ᠤ ᠨᠢᠭᠡᠳᠦᠯᠲᠡᠶ ᠵᠢᠷᠤᠮᠵᠢᠭᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ᠂ ᠠᠵᠢᠯ ᠤᠨ ᠬᠠᠭᠤᠳᠠᠰᠤ ᠪᠠ ᠴᠠᠭᠳᠠᠭᠠᠨ ᠤ ᠬᠠᠭᠤᠳᠠᠰᠤ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ ᠲᠤᠰᠬᠠᠬᠤ ᠲᠥᠷᠥᠯ ᠵᠦᠢᠯ ᠵᠡᠷᠭᠡ ᠰᠠᠭᠤᠷᠢ ᠲᠤᠭ᠎ᠠ ᠪᠠᠷᠢᠮᠲᠠ ᠪᠠ ᠭᠤᠤᠯ ᠰᠡᠳᠦᠪᠲᠦ ᠬᠡᠷᠡᠭᠯᠡᠭᠡᠨ ᠤ ᠲᠤᠭ᠎ᠠ ᠪᠠᠷᠢᠮᠲᠠ ᠶᠢ ᠭᠥᠯᠢᠶᠡᠨ ᠠᠪᠴᠤ  ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠡᠮᠬᠢᠯᠡᠨ ᠳᠢᠭᠯᠡᠵᠦ᠂ ᠬᠤᠯᠪᠣᠭᠠᠯᠠᠨ ᠨᠡᠪᠲᠡᠷᠡᠯᠴᠡᠬᠦ ᠪᠠᠷᠢᠮᠵᠢᠶ᠎ᠠ ᠶᠢ ᠵᠣᠯᠭᠠᠭᠤᠯᠤᠨ᠂ ᠲᠤᠭ᠎ᠠ ᠪᠠᠷᠢᠮᠲᠠ ᠶᠢᠨ ᠠᠭᠤᠰᠤᠯᠴᠠᠬᠤ ᠬᠡᠪᠴᠢᠶ᠎ᠡ ᠶᠢ ᠵᠣᠯᠭᠠᠭᠤᠯᠤᠨ᠎ᠠ᠃ ︽ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠲᠤ ᠪᠠᠷ ᠡᠳ᠋ᠯᠡᠬᠦ ᠦᠭᠡᠶ ᠪᠠᠷ ᠣᠨᠴᠠᠭᠠᠶ ᠵᠦᠢᠯ ᠪᠣᠯᠭᠠᠬᠤ︾ ᠶᠢ ᠪᠠᠷᠢᠮᠲᠠᠯᠠᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ 12345 ᠪᠣᠯᠤᠨ 110 ᠶᠢ ᠰᠠᠯᠭᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢᠯᠡᠰ ᠤᠨ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠳᠤ ᠦᠢᠯᠡᠴᠢᠯᠡᠭᠡᠨ ᠤ ᠵᠠᠯᠭᠠᠰᠤ ᠶᠢ ᠬᠤᠣᠰ ᠴᠢᠭᠯᠡᠯ ᠢᠶᠠᠷ ᠬᠠᠮᠲᠤ ᠪᠠᠷ ᠡᠳ᠋ᠯᠡᠬᠦ ᠠᠷᠭ᠎ᠠ ᠬᠡᠮᠵᠢᠶ᠎ᠡ ᠠᠪᠴᠤ᠂ ᠳᠤᠮᠳᠠᠬᠢ ᠳ᠋ᠠᠶᠢᠲ᠋ᠠ ᠶᠢᠨ ᠬᠥᠮᠥᠷᠭᠡ ᠶᠢᠨ ᠬᠠᠮᠲᠤᠪᠠᠷ ᠡᠳ᠋ᠯᠡᠬᠦ ᠳ᠋ᠠᠶᠢᠲ᠋ᠠ ᠶᠢ ᠬᠠᠮᠲᠤᠪᠠᠷ ᠪᠠᠶᠢᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠠᠵᠢᠯ ᠤᠨ ᠬᠠᠭᠤᠳᠠᠰᠤ ᠰᠡᠷᠡᠮᠵᠢ ᠶᠢᠨ ᠬᠠᠭᠤᠳᠠᠰᠤ ᠶᠢ ᠬᠤᠣᠰ ᠴᠢᠭᠯᠡᠯ ᠢᠶᠠᠷ ᠡᠷᠭᠢᠯᠳᠦᠭᠦᠯᠵᠦ᠂ ᠬᠠᠷᠢᠭᠤ ᠲᠤᠰᠬᠠᠯ ᠤᠨ ᠪᠢᠲᠡᠭᠦᠦ ᠴᠠᠭᠠᠷᠢᠭ ᠤᠨ ᠠᠵᠢᠯᠯᠠᠭᠠᠨ ᠢ ᠬᠦᠯᠢᠶᠡᠨ ᠠᠪᠴᠤ  ᠰᠢᠢᠳᠪᠦᠷᠢᠯᠡᠨ᠎ᠡ᠃ ᠬᠡᠷᠡᠭᠯᠡᠭᠡᠨ ᠤ ᠬᠤᠶᠠᠷ ᠲᠠᠯ᠎ᠠ ᠶᠢᠨ ᠮᠡᠳᠡᠯᠭᠡ ᠶᠢᠨ ᠬᠥᠮᠥᠷᠭᠡ᠂ ᠲᠤᠰᠬᠠᠶ ᠮᠡᠷᠭᠡᠵᠢᠯᠲᠡᠨ ᠤ ᠬᠥᠮᠥᠷᠭᠡ ᠵᠡᠷᠭᠡ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢᠨ ᠬᠠᠮᠲᠤ ᠬᠠᠷᠢᠯᠴᠠᠨ ᠣᠶᠢᠯᠠᠭᠠᠵᠤ ᠮᠡᠳᠡᠬᠦ ᠪᠤᠰᠤᠳ  ᠵᠦᠢᠯᠡᠰ‌ᠢ ᠬᠠᠮᠲᠤ ᠪᠠᠷ ᠡᠳ᠋ᠯᠡᠬᠦ ᠪᠠᠷ ᠵᠥᠪᠳᠡᠯᠴᠡᠨ ᠲᠣᠭᠲᠠᠭᠠᠵᠤ᠂ ᠣᠶᠢᠯᠠᠭᠠᠵᠤ ᠮᠡᠳᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠪᠠᠶᠢᠴᠠᠭᠠᠵᠤ ᠪᠣᠯᠬᠤ᠂ ᠨᠡᠬᠡᠮᠵᠢᠯᠡᠵᠦ ᠪᠣᠯᠬᠤ᠂ ᠬᠡᠷᠡᠭᠯᠡᠵᠦ ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠪᠠᠶᠢᠩᠭᠤᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠪᠠᠶᠢᠳᠠᠯ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠰᠤᠳᠤᠯᠤᠨ ᠮᠠᠭᠠᠳᠯᠠᠬᠤ ᠶᠢ ᠪᠡᠶᠡᠯᠡᠭᠦᠯᠦᠨ᠎ᠡ᠃    3. ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ 12345 ᠪᠣᠯᠤᠨ 110 ᠨᠢ ᠲᠤᠰ ᠲᠠᠯ᠎ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠥᠨᠳᠥᠷ ᠳᠠᠪᠲᠠᠮᠵᠢ ᠶᠢᠨ ᠯᠠᠪᠯᠠᠯᠭ᠎ᠠ ᠶᠢᠨ ᠲᠥᠷᠥᠯ ᠤᠨ ᠠᠰᠠᠭᠤᠳᠠᠯ᠂ ᠥᠨᠳᠥᠷ ᠳᠠᠪᠲᠠᠮᠵᠢ ᠶᠢᠨ ᠰᠢᠯᠵᠢᠭᠦᠯᠦᠨ ᠭᠦᠢᠴᠡᠳᠬᠡᠬᠦ ᠤᠴᠢᠷ ᠶᠠᠪᠤᠳᠠᠯ ᠢ ᠡᠮᠬᠢᠯᠡᠨ ᠳᠢᠭᠯᠡᠵᠦ᠂ ᠬᠤᠯᠪᠣᠭᠳᠠᠯ ᠢᠶᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠴᠠᠭᠳᠠᠭ᠎ᠠ ᠶᠢᠨ ᠪᠠᠶᠢᠳᠠᠯ ᠢ ᠠᠮᠤᠷ ᠲᠦᠪᠰᠢᠨ ᠪᠣᠯᠭᠠᠵᠤ᠂ ᠠᠷᠠᠳ ᠤᠨ ᠰᠠᠨᠠᠭᠠᠨ ᠤ ᠬᠠᠯᠠᠮᠰᠢᠯ ᠴᠡᠭ᠂ ᠠᠶᠤᠯ ᠲᠦᠭᠰᠢᠭᠦᠷᠢ ᠶᠢᠨ ᠳᠠᠯᠳᠠ ᠬᠡᠮ᠂ ᠵᠥᠷᠢᠴᠡᠯ ᠠᠰᠠᠭᠤᠳᠠᠯ ᠢ ᠪᠦᠲᠦᠮᠵᠢᠲᠡᠶ ᠵᠢᠭᠰᠠᠭᠠᠨ ᠪᠠᠶᠢᠴᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠲᠠᠢ ᠪᠠᠨ ᠤᠶᠠᠯᠳᠤᠭᠤᠯᠤᠨ ᠲᠣᠰ ᠲᠣᠰ ᠲᠤᠨᠢ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠬᠠᠮᠲᠤᠷᠠᠨ ᠰᠤᠳᠤᠯᠤᠨ ᠮᠠᠭᠠᠳᠯᠠᠬᠤ᠂ ᠲᠤᠰᠬᠠᠶ ᠰᠡᠳᠦᠪ ᠢᠶᠠᠷ ᠰᠤᠳᠤᠯᠤᠨ ᠮᠠᠭᠠᠳᠯᠠᠬᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ 12345 ᠬᠢᠭᠡᠳ 110 ᠥᠨᠳᠥᠷ ᠪᠦᠲᠦᠮᠵᠢᠲᠡᠶ ᠵᠣᠯᠭᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠦᠨᠡᠨᠬᠦ ᠠᠬᠢᠭᠤᠯᠵᠤ᠂ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠨ᠂ ᠴᠠᠭᠳᠠᠭᠠᠨ ᠤ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠬᠤ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠬᠠᠮᠵᠢᠯᠴᠠᠨ  ᠦᠢᠯᠡᠴᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠤᠳᠤᠷᠢᠳᠤᠯᠭ᠎ᠠ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠦᠢᠯᠡᠴᠢᠯᠡᠨ᠎ᠡ᠃    ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠡᠯ᠎ᠡ ᠭᠠᠵᠠᠷ ᠤᠨ ᠬᠢᠨ 12345 ᠪᠣᠯᠤᠨ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ 12345 ᠲᠠᠪᠴᠠᠩ ᠪᠣᠯᠤᠨ 110 ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠪᠠᠲᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ 12345 ᠶᠢ ᠬᠦᠯᠢᠶᠡᠨ ᠠᠪᠴᠤ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠪᠣᠯᠤᠨ 110 ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠪᠠ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ 12345 ᠬᠢᠭᠡᠳ 110 ᠶᠢ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠮᠲᠤᠷᠠᠨ ᠬᠥᠳᠡᠯᠦᠯᠴᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠨ ᠴᠢᠩᠭᠠᠳᠬᠠᠵᠤ᠂ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠨ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠢᠳᠡᠪᠬᠢᠲᠡᠶ ᠵᠣᠬᠢᠴᠠᠭᠤᠯᠤᠨ  ᠰᠢᠢᠳᠪᠦᠷᠢᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠭᠰᠡᠨ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠭᠰᠡᠨ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ ᠦᠨᠡᠨᠬᠦ ᠪᠠᠶᠢᠭᠤᠯᠵᠤ᠂ ᠴᠠᠭ ᠲᠤᠬᠠᠶ ᠳᠤᠨᠢ ᠳᠠᠭᠠᠵᠤ᠂ ᠬᠦᠴᠦᠲᠡᠶ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃    ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠠᠷᠤᠳᠠᠯ ᠤᠨ ᠠᠷᠭ᠎ᠠ ᠵᠠᠮ ᠢ ᠨᠢᠭᠡᠳᠦᠯᠲᠡᠶ ᠲᠥᠯᠥᠪᠯᠡᠨ ᠠᠰᠢᠭᠯᠠᠵᠤ᠂ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠳᠤ ᠬᠡᠷᠡᠭᠰᠡᠬᠦ ᠵᠠᠷᠤᠳᠠᠯ ᠢ ᠪᠠᠲᠤᠯᠠᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠳᠡᠮᠵᠢᠨ ᠠᠬᠢᠭᠤᠯᠬᠤ ᠬᠡᠷᠡᠭᠲᠡᠶ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠶᠢᠨ ᠲᠠᠰ ᠳᠡᠪᠰᠢᠭᠦᠯᠦᠨ ᠰᠢᠯᠢᠳᠡᠭᠵᠢᠭᠦᠯᠬᠦ ᠰᠢᠰᠲ᠋ᠧᠮ ᠤᠨ ᠲᠠᠪᠴᠠᠩ ᠠᠴᠠ ᠪᠣᠶ ᠪᠣᠯᠤᠭᠰᠠᠨ ᠵᠠᠷᠤᠳᠠᠯ ᠪᠠ ᠠᠵᠢᠯᠲᠠᠨ ᠤ ᠵᠠᠷᠤᠳᠠᠯ ᠢ ᠪᠦᠷᠢᠯᠳᠦᠬᠦᠨ ᠨᠢᠭᠡᠴᠡ ᠥᠪᠡᠰᠦᠪᠡᠨ ᠡᠭᠦᠷᠭᠡᠯᠡᠨ᠎ᠡ᠃    ︵ᠭᠤᠷᠪᠠ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 12345 ᠪᠠ 110 ᠳ᠋ᠢᠶᠠᠩᠬᠤᠸᠠ ᠵᠠᠯᠭᠠᠯᠲᠠ ᠶᠢᠨ ᠬᠡᠮᠵᠢᠶ᠎ᠡ ᠶᠢ ᠦᠨᠳᠦᠰᠦᠯᠡᠨ᠂ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠢ ᠭᠦᠢᠴᠡᠳ ᠳᠣᠭᠢᠷᠠᠭᠤᠯᠤᠨ ᠴᠢᠩᠭ᠎ᠠ ᠳᠣᠭᠢᠷᠠᠭᠤᠯᠵᠤ᠂ ᠨᠢᠭᠡᠳᠦᠭᠡᠷ ᠹᠷᠣᠨᠲ ᠤᠨ ᠠᠵᠢᠯᠲᠠᠨ ᠢ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠤᠨ᠂ ᠬᠤᠯᠪᠣᠭᠳᠠᠯ ᠪᠥᠬᠦᠶ ᠠᠵᠢᠯ ᠮᠡᠷᠭᠡᠵᠢᠯ ᠤᠨ ᠲᠥᠯᠥᠪᠵᠢᠭᠦᠯᠭᠡ᠂ ᠴᠠᠯᠢᠩ ᠬᠥᠯᠥᠰᠥ ᠣᠯᠭᠤᠮᠵᠢ᠂ ᠡᠷᠬᠡ ᠠᠰᠢᠭ ᠤᠨ ᠬᠠᠮᠠᠭᠠᠯᠠᠯᠲᠠ᠂ ᠰᠠᠶᠢᠰᠢᠶᠠᠨ ᠬᠥᠬᠢᠭᠦᠯᠬᠦ ᠵᠡᠷᠭᠡ ᠲᠠᠯ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ 12345 ᠪᠣᠯᠤᠨ 110 ᠠᠵᠢᠯᠲᠠᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠳ᠋ᠢᠶᠠᠩᠬᠤᠸᠠ ᠵᠠᠯᠭᠠᠯᠲᠠ ᠶᠢᠨ ᠲᠥᠯᠥᠭᠡᠯᠡᠭᠴᠢ᠂ ᠴᠠᠭᠳᠠᠭᠠᠴᠢ ᠶᠢᠨ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠨ᠂ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠪᠦᠷᠢᠯᠳᠦᠬᠦᠨ  ᠨ᠊ ᠨᠢᠭᠡᠴᠢ ᠨᠦᠭᠦᠳ ᠠᠵᠢᠯ ᠤᠨ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠯᠤᠭ᠎ᠠ ᠵᠣᠬᠢᠴᠠᠯᠳᠤᠭᠰᠠᠨ ᠠᠵᠢᠯ ᠤᠨ ᠵᠠᠭᠪᠤᠷ ᠢ ᠲᠦᠷᠭᠡᠳᠬᠡᠨ ᠪᠠᠶᠢᠭᠤᠯᠵᠤ᠂ ︽7 × 24 ᠴᠠᠭ︾ ᠤᠨ ᠵᠢᠵᠢᠭᠦᠷᠯᠡᠨ ᠰᠠᠬᠢᠬᠤ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ 12345 ᠬᠢᠭᠡᠳ 110 ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠰᠢᠯᠵᠢᠭᠦᠯᠦᠨ ᠭᠦᠶ᠋ᠴᠡᠳᠬᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ 12345 ᠪᠠ 110 ᠶᠢ ᠵᠥᠪ ᠬᠡᠷᠡᠭᠯᠡᠭᠦᠯᠬᠦ ᠬᠡᠷᠡᠭᠲᠡᠶ᠃ ᠮᠠᠭᠤ ᠰᠠᠨᠠᠭ᠎ᠠ ᠲᠠᠢ ᠪᠠᠷ ᠲᠦᠢᠪᠡᠭᠡᠭᠰᠡᠨ 12345 ᠪᠠ 110 ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠡᠶᠢᠭᠡᠮ ᠤᠨ ᠪᠦᠯᠬᠦᠮ᠂ ᠠᠷᠠᠳ ᠤᠯᠠᠨ ᠪᠠ ᠵᠠᠭᠤᠴᠢᠯᠠᠭᠤᠷ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 12345 ᠪᠠ 110 ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃    ᠳᠠᠭᠠᠯᠳᠤᠭᠤᠯᠤᠯ᠄ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯᠳᠠᠭᠠᠯᠳᠤᠭᠤᠯᠤᠯ    12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠡᠯᠡᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ    ᠨᠢᠭᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠪᠤᠰᠤ ᠲᠥᠷᠥᠯ ᠤᠨ ᠭᠤᠮᠣᠳᠠᠯ ᠱᠠᠭᠠᠷᠳᠠᠯᠭ᠎ᠠ ︵ᠭᠤᠤᠯᠳᠠᠭᠤ 16 ᠲᠥᠷᠥᠯ ᠬᠤᠪᠢᠶᠠᠨ᠎ᠠ︶    ︵ᠨᠢᠭᠡ︶ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ᠄ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠢ᠂ ᠳᠤᠯᠠᠭᠠᠯᠠᠭ᠎ᠠ᠂ ᠵᠠᠮ ᠤᠨ ᠳ᠋ᠧᠩ᠂ ᠭᠠᠯ ᠤᠨᠲᠠᠷᠠᠭᠠᠬᠤ ᠪᠥᠭᠯᠡᠭᠡᠰᠦ᠂ ᠤᠲᠠᠰᠤ ᠲᠠᠲᠠᠯᠭ᠎ᠠ ᠶᠢᠨ ᠪᠠᠭᠠᠨ᠎ᠠ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠪᠡᠯᠡᠳᠬᠡᠮᠵᠢ ᠶᠢᠨ ᠡᠪᠳᠡᠷᠡᠨ ᠡᠪᠳᠡᠷᠡᠬᠦ᠂ ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ ᠳᠤᠲᠠᠭᠳᠠᠬᠤ᠂ ᠵᠠᠮ ᠤᠨ ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ ᠬᠡᠷᠡᠮ ᠪᠠ ᠵᠠᠷ ᠤᠨ ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠣᠶᠢᠴᠢᠬᠤ ; ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ ᠵᠦᠢᠯ︶ ᠡᠪᠳᠡᠷᠡᠨ ᠡᠪᠳᠡᠷᠡᠬᠦ᠂ ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ ᠳᠤᠲᠠᠭᠳᠠᠬᠤ᠂ ᠵᠠᠮ ᠤᠨ ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ ᠬᠡᠷᠡᠮ ᠪᠠ ᠵᠠᠷ ᠤᠨ ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠡᠪᠳᠡᠷᠡᠬᠦ︔    ︵ᠬᠤᠶᠠᠷ︶ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠲᠥᠷᠥᠯ᠄ ᠲᠦᠷᠢᠮ ᠠᠴᠠ ᠵᠥᠷᠢᠴᠡᠨ ᠪᠠᠶᠢᠭᠤᠯᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠵᠠᠮ ᠳᠡᠭᠡᠷ᠎ᠡ ᠤᠰᠤ ᠬᠤᠷᠠᠭᠤᠯᠬᠤ᠂ ᠵᠠᠮ ᠱᠦᠭᠦᠷᠳᠡᠬᠦ ᠂ ᠵᠠᠮ ᠳᠡᠭᠡᠷ᠎ᠡ ᠲᠣᠰᠣᠨ ᠤ ᠪᠣᠬᠢᠷᠲᠤᠯ᠂ ᠪᠣᠬᠢᠷ ᠤᠰᠤ ᠪᠢᠯᠬᠠᠬᠤ᠂ ᠦᠨᠡᠮᠯᠡᠯ ᠥᠬᠡᠶ ᠪᠠᠷ ᠳᠡᠯᠭᠡᠭᠡ ᠮᠠᠶᠢᠮᠠᠶ ᠬᠢᠬᠦ᠂ ᠵᠠᠮ ᠡᠵᠡᠯᠡᠨ ᠡᠵᠡᠩᠨᠡᠬᠦ᠂ ᠭᠤᠤᠯ ᠮᠥᠷᠡᠨ ᠤ ᠪᠣᠬᠢᠷᠲᠤᠯ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ ᠭᠤᠤᠯ ᠮᠥᠷᠡᠨ ᠤ ᠬᠤᠷᠠᠭᠰᠠᠨ ᠢ ᠴᠡᠪᠡᠷᠯᠡᠬᠦ᠂ ᠵᠠᠷ ᠨᠠᠭᠠᠬᠤ᠂ ᠬᠤᠲᠠ ᠶᠢᠨ ᠲᠡᠵᠢᠭᠡᠪᠦᠷᠢ ᠬᠡᠷ ᠤᠨ ᠲᠡᠵᠢᠭᠡᠪᠦᠷᠢ᠂ ᠲᠡᠨᠦᠭᠦᠯ ᠨᠣᠬᠠᠶ᠂ ᠮᠤᠤᠷ ᠨᠣᠬᠠᠶ ᠵᠡᠷᠭᠡ ᠠᠮᠢᠲᠠᠨ ᠤ ᠢᠯᠭᠠᠳᠠᠰᠤ ᠨᠢ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠵᠡᠷᠭᠡ︔    ︵ᠭᠤᠷᠪᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ᠄ ᠮᠣᠳᠣ ᠶᠢ ᠠᠰᠬᠠᠵᠤ ᠤᠨᠠᠭᠠᠬᠤ᠂ ᠮᠣᠳᠣ ᠶᠢ ᠬᠠᠶᠢᠴᠢᠯᠠᠵᠤ ᠵᠠᠰᠠᠬᠤ᠂ ᠨᠣᠭᠤᠭᠠᠷᠠᠭᠤᠯᠤᠯᠲᠠ ᠶᠢ ᠡᠪᠳᠡᠬᠦ᠂ ᠬᠤᠷᠣᠬᠠᠶ ᠰᠢᠪᠠᠵᠢ ᠶᠢ ᠠᠷᠢᠯᠭᠠᠵᠤ ᠬᠥᠨᠥᠭᠡᠯ ᠢ ᠠᠷᠢᠯᠭᠠᠬᠤ᠂ ᠠᠮᠢᠲᠠᠨ ᠤ ᠦᠬᠦᠳᠡᠯ ᠢ ᠴᠡᠪᠡᠷᠯᠡᠬᠦ ᠵᠡᠷᠭᠡ︔    ︵ᠲᠥᠷᠪᠡ︶ ᠪᠠᠷᠢᠯᠭ᠎ᠠ ᠶᠢᠨ ᠠᠵᠢᠯ  ᠤᠨ ᠬᠠᠮᠢᠶᠠᠷᠤᠯᠲᠠ ᠶᠢᠨ ᠲᠥᠷᠥᠯ᠄ ᠪᠠᠷᠢᠯᠭ᠎ᠠ ᠶᠢᠨ ᠠᠵᠢᠯ  ᠤᠨ ᠱᠤᠤᠭᠢᠶᠠᠨ ᠠᠷᠠᠳ ᠢ ᠦᠢᠮᠡᠭᠦᠯᠬᠦ᠂ ᠲᠣᠭᠲᠠᠭᠠᠯ ᠠᠴᠠ ᠵᠥᠷᠢᠴᠡᠨ ᠮᠠᠯᠲᠠᠬᠤ᠂ ᠪᠠᠷᠢᠯᠭ᠎ᠠ ᠶᠢᠨ ᠭᠠᠵᠠᠷ ᠲᠣᠭᠤᠰᠣ ᠳᠡᠭᠳᠡᠬᠦ᠂ ᠠᠰᠬᠠᠵᠤ ᠭᠤᠭᠤᠵᠢᠭᠤᠯᠬᠤ᠂ ᠭᠡᠷ ᠪᠠᠶᠢᠰᠢᠩ ᠡᠪᠳᠡᠭᠳᠡᠬᠦ᠂ ᠲᠣᠭᠲᠠᠭᠠᠯ ᠠᠴᠠ ᠵᠥᠷᠢᠴᠡᠨ ᠬᠡᠷᠡᠮ ᠢ ᠨᠤᠷᠠᠭᠠᠵᠤ ᠥᠭᠡᠷᠡᠴᠢᠯᠡᠬᠦ ᠵᠡᠷᠭᠡ︔ ︵ᠲᠠᠪᠤ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠦᠯ᠄ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ᠂ ᠬᠠᠷ᠎ᠠ ᠲᠡᠷᠭᠡ ᠶᠢᠨ ᠡᠵᠡᠩᠨᠡᠯᠲᠡ ᠶᠢᠨ ᠡᠵᠡᠩᠨᠡᠯᠲᠡ᠂ ᠵᠣᠴᠢᠳ ᠢ ᠨᠢᠲᠤᠯᠬᠤ ᠪᠠ ᠵᠣᠴᠢᠳ ᠢ ᠲᠠᠶᠠᠭᠳᠠᠭᠰᠠᠳ︔    ︵ᠵᠢᠷᠭᠤᠭ᠎ᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠣᠷᠴᠢᠨ ᠠᠬᠤᠶ ᠶᠢᠨ ᠪᠣᠬᠢᠷᠲᠤᠯ᠂ ᠬᠤᠭ ᠨᠣᠪᠰᠢ᠂ ᠭᠡᠷᠡᠯ ᠤᠨ ᠪᠣᠬᠢᠷᠲᠤᠯ᠂ ᠤᠰᠤᠨ ᠴᠣᠭᠴᠠ ᠶᠢᠨ ᠪᠣᠬᠢᠷᠲᠤᠯ᠂ ᠠᠭᠠᠷ ᠤᠨ ᠪᠣᠬᠢᠷᠲᠤᠯ᠂ ᠴᠠᠬᠢᠯᠭᠠᠨ ᠰᠣᠷᠢᠨᠵᠢᠨ ᠤ ᠪᠣᠬᠢᠷᠲᠤᠯ᠂ ᠠᠵᠤ ᠦᠢᠯᠡᠳᠪᠦᠷᠢ ᠶᠢᠨ ᠱᠤᠤᠭᠢᠶᠠᠨ᠂ ᠪᠠᠷᠢᠯᠭ᠎ᠠ ᠶᠢᠨ ᠠᠵᠢᠯ ᠤᠨ ᠱᠤᠤᠭᠢᠶᠠᠨ᠂ ᠵᠠᠮ ᠲᠡᠭᠡᠭᠡᠪᠦᠷᠢ ᠶᠢᠨ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ ᠱᠤᠤᠭᠢᠶᠠᠨ ᠵᠡᠷᠭᠡ︔    ︵ᠲᠤᠯᠤᠭ᠎ᠠ︶ ᠬᠡᠷᠡᠭᠯᠡᠭᠡᠨ ᠤ ᠵᠢᠭᠤᠷᠠᠯᠳᠤᠭᠠᠨ ᠤ ᠲᠦᠷᠦᠯ᠄ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠡᠨ ᠤ ᠵᠥᠷᠢᠯᠳᠦᠭᠡᠨ᠂ ᠪᠠᠷᠠᠭᠠᠨ ᠤ ᠦᠨ᠎ᠡ ᠶᠢᠨ ᠠᠰᠠᠭᠤᠳᠠᠯ᠂ ᠬᠡᠷᠡᠭᠯᠡᠭᠡᠨ ᠤ ᠪᠠᠷᠢᠮᠲᠠ᠂ ᠦᠢᠯᠡᠳᠬᠦᠨ ᠤ ᠶᠠᠰᠤ ᠴᠢᠨᠠᠷ᠂ ᠦᠢᠯᠡᠴᠢᠯᠡᠭᠡᠨ ᠤ ᠵᠠᠭᠠᠯᠳᠤᠯᠭ᠎ᠠ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ ᠵᠡᠷᠭᠡ︔    ︵ᠨᠠᠶ᠋ᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠦᠨᠡᠮᠯᠡᠯ ᠥᠬᠡᠶ ᠪᠠᠷ ᠡᠵᠡᠩᠨᠡᠬᠦ᠂ ᠪᠠᠷᠠᠭᠠᠨ ᠤ ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠵᠡᠷᠭᠡ︔    ︵ᠶᠢᠰᠦ︶ ᠰᠣᠶᠣᠯ ᠤᠨ ᠰᠣᠨᠢᠨ ᠮᠡᠳᠡᠭᠡᠨ ᠤ ᠲᠥᠷᠥᠯ᠄ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠬᠦ ᠪᠠ ᠵᠠᠭᠠᠯᠳᠤᠬᠤ᠂ ᠨᠠᠰᠤᠨ ᠳᠤ ᠥᠯᠥ ᠭᠦᠷᠦᠭᠰᠡᠳ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ ᠣᠷᠣᠵᠤ ᠭᠠᠷᠬᠤ ᠵᠡᠷᠭᠡ︔    ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠷᠦᠯ᠄ ᠡᠮᠴᠢ ᠡᠪᠡᠳᠴᠢᠲᠡᠨ ᠤ ᠵᠢᠭᠤᠷᠠᠯᠳᠤᠭᠠᠨ᠂ ᠬᠠᠤᠯᠢ ᠪᠤᠰᠤ ᠪᠠᠷ ᠡᠮᠴᠢᠯᠡᠬᠦ᠂ ᠡᠮᠴᠢᠯᠡᠭᠡᠨ ᠤ ᠭᠡᠨᠡᠳᠡᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠡᠮᠴᠢ ᠶᠢᠨ ᠮᠣᠷᠠᠯ ᠰᠤᠷᠲᠠᠯ᠂ ᠡᠮᠴᠢ ᠰᠤᠪᠢᠯᠠᠭᠴᠢ ᠶᠢᠨ ᠦᠢᠯᠡᠴᠢᠯᠡᠭᠡ ᠵᠡᠷᠭᠡ︔    ︵ᠠᠷᠪᠠᠨ ᠨᠢᠭᠡ︶ ᠰᠤᠷᠭᠠᠨ ᠬᠥᠮᠦᠵᠢᠯ ᠤᠨ ᠲᠥᠷᠥᠯ᠄ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠪᠥᠷᠢᠯᠡᠬᠦ ᠂ ᠲᠣᠭᠲᠠᠭᠠᠯ ᠠᠴᠠ ᠵᠥᠷᠢᠴᠡᠨ  ᠰᠦᠢᠳᠭᠡᠯ ᠬᠤᠷᠢᠶᠠᠬᠤ᠂ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠭᠤᠯᠢ ᠳᠤ ᠣᠷᠣᠬᠤ ᠠᠰᠠᠭᠤᠳᠠᠯ᠂ ᠰᠤᠷᠤᠯᠭ᠎ᠠ ᠶᠢᠨ ᠰᠦᠢᠳᠭᠡᠯ ᠤᠨ ᠨᠥᠬᠦᠪᠥᠷᠢ᠂ ᠰᠤᠷᠤᠯᠭ᠎ᠠ ᠶᠢᠨ ᠨᠠᠮᠲᠠᠷ ᠤᠨ ᠰᠢᠯᠭᠠᠯᠲᠠ᠂ ᠪᠤᠰᠤᠳ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠵᠡᠷᠭᠡ︔    ︵ᠠᠷᠪᠠᠨ ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ᠄ ᠪᠠᠭᠤᠷᠠᠶ ᠬᠠᠮᠲᠤᠯᠢᠭ ᠢ ᠠᠪᠤᠷᠠᠨ ᠲᠤᠰᠠᠯᠠᠬᠤ ︵ᠵᠢᠱᠢᠶᠡᠯᠡᠪᠡᠯ ᠲᠡᠨᠦᠭᠦᠯᠴᠢᠨ᠂ ᠭᠤᠶᠢᠷᠠᠨᠴᠢ᠂ ᠭᠤᠯᠣᠭᠳᠠᠭᠰᠠᠨ ᠨᠢᠯᠬ᠎ᠠ ᠬᠡᠤᠬᠡᠳ᠂ ᠵᠡᠮᠳᠡᠭ ᠬᠥᠮᠦᠨ᠂ ᠮᠡᠳᠡᠷᠡᠯ ᠤᠨ ᠡᠪᠡᠳᠴᠢᠲᠡᠨ ᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠪᠤᠷᠠᠨ ᠲᠤᠰᠠᠯᠠᠬᠤ ᠴᠢᠬᠤᠯᠠᠲᠠᠶ᠂ ᠬᠡᠷ ᠲᠡᠭᠡᠨ ᠮᠡᠳᠡᠷᠡᠯ ᠤᠨ ᠡᠪᠡᠳᠴᠢᠲᠡᠨ ᠢ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠬᠦᠷᠭᠡᠵᠦ ᠲᠤᠰᠠᠯᠠᠮᠵᠢ ᠭᠤᠶᠤᠴᠢᠯᠠᠬᠤ ᠴᠢᠬᠤᠯᠠᠲᠠᠶ᠂ ᠮᠡᠳᠡᠷᠡᠯ ᠤᠨ ᠡᠪᠡᠳᠴᠢᠲᠡᠨ ᠢ ᠡᠮᠨᠡᠯᠭᠡ ᠶᠢᠨ ᠬᠤᠷᠢᠶ᠎ᠠ ᠳᠤ ᠬᠦᠷᠭᠡᠬᠦ ᠵᠣᠭᠤᠰ ᠥᠬᠡᠶ ᠪᠣᠯ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠴᠢᠬᠤᠯᠠᠲᠠᠶ ᠵᠡᠷᠭᠡ︶᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ᠂ ᠣᠷᠣᠰᠢᠭᠤᠯᠭ᠎ᠠ ᠶᠢᠨ ᠠᠰᠠᠭᠤᠳᠠᠯ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ ᠨᠡᠶᠢᠭᠡᠮ ᠤᠨ ᠳᠠᠭᠠᠳᠬᠠᠯ᠂ ᠠᠳᠠᠯ ᠦᠶ᠋ᠯᠡᠰ ᠴᠣᠭᠴᠠᠯᠠᠬᠤ ᠶᠢᠨ ᠲᠡᠳᠬᠦᠮᠵᠢ᠂ ᠴᠡᠷᠢᠭ ᠠᠴᠠ ᠪᠠᠭᠤᠭᠰᠠᠳ ᠢ ᠲᠥᠪᠬᠢᠨᠡᠭᠦᠯᠬᠦ᠂ ᠠᠵᠢᠯᠴᠢᠨ ᠤ ᠡᠪᠯᠡᠯ᠂ ᠦᠨᠳᠦᠰᠦᠲᠡᠨ ᠱᠠᠰᠢᠨ ᠰᠤᠷᠲᠠᠬᠤᠨ ᠵᠡᠷᠭᠡ︔    ︵ᠠᠷᠪᠠᠨ ᠭᠤᠷᠪᠠ︶ ᠬᠡᠭᠡᠷ᠎ᠡ ᠶᠢᠨ ᠠᠮᠢᠲᠠᠨ ᠤ ᠲᠥᠷᠥᠯ᠄ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ︔    ︵ᠠᠷᠪᠠᠨ ᠲᠦᠷᠪᠡ︶ ᠭᠡᠨᠡᠳᠲᠡ ᠶᠢᠨ ᠬᠡᠷᠡᠭ ᠤᠨ ᠲᠦᠷᠦᠯ᠄ ᠲᠦᠭᠡᠭᠡᠯ ᠤᠰᠤᠨ ᠤ ᠬᠤᠭᠤᠯᠠᠶ ᠬᠠᠭᠠᠷᠠᠬᠤ᠂ ᠳᠤᠯᠠᠭᠠᠮᠵᠢ ᠶᠢᠨ ᠬᠤᠭᠤᠯᠠᠶ ᠬᠠᠭᠠᠷᠠᠬᠤ᠂ ᠴᠠᠬᠢᠯᠭᠠᠨ ᠬᠠᠩᠭᠠᠯᠭ᠎ᠠ ᠳᠤ ᠰᠠᠭᠠᠳ ᠭᠠᠷᠬᠤ᠂ ᠤᠰᠤ ᠬᠠᠩᠭᠠᠬᠤ ᠳᠤ ᠰᠠᠭᠠᠳ ᠭᠠᠷᠬᠤ᠂ ᠰᠢᠲᠠᠮᠠᠬᠠᠶ ᠬᠡᠢ ᠯᠡᠪᠡᠷᠡᠬᠦ ᠵᠡᠷᠭᠡ︔    ︵ᠠᠷᠪᠠᠨ ᠲᠠᠪᠤ︶ ᠪᠤᠰᠤᠳ ᠲᠤᠰᠠᠯᠠᠮᠵᠢ ᠭᠤᠶᠤᠴᠢᠯᠠᠬᠤ ᠲᠥᠷᠥᠯ᠄ ᠲᠡᠷᠭᠡ ᠰᠢᠯᠵᠢᠭᠦᠯᠬᠦ᠂ ᠲᠡᠷᠭᠡ ᠬᠥᠰᠬᠡ ᠲᠣᠰᠣ ᠥᠬᠡᠶ᠂ ᠴᠠᠬᠢᠯᠭᠠᠨ ᠥᠬᠡᠶ᠂ ᠰᠠᠭᠠᠳ ᠲᠣᠳᠬᠠᠷ ᠲᠠᠢ᠂ ᠱᠠᠯᠪᠠᠭ ᠲᠤ ᠤᠨᠠᠭᠰᠠᠨ᠂ ᠤᠰᠤᠨ ᠳᠤ ᠠᠪᠲᠠᠭᠰᠠᠨ ᠵᠡᠷᠭᠡ᠂ ᠵᠢᠵᠢᠭ ᠲᠣᠭᠤᠷᠢᠭ ᠲᠤ ︽ᠦᠬᠦᠰᠢᠷᠡᠮᠡᠯ ᠲᠡᠷᠭᠡ︾᠂ ᠪᠠᠩᠬᠢ ᠶᠢᠨ ATM ᠮᠠᠰᠢᠨ ᠢᠶᠠᠷ ᠵᠠᠯᠭᠢᠭᠰᠠᠨ ᠺᠠᠷᠲ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠬᠠᠮᠲᠤ ᠪᠠᠷ ᠡᠳ᠋ᠯᠡᠬᠦ ᠳᠤᠭᠤᠶ ᠲᠡᠷᠭᠡᠨ ᠳᠤ ᠭᠡᠭᠡᠭᠰᠡᠨ ᠡᠳ᠋ ᠪᠣᠳᠠᠰ ᠵᠡᠷᠭᠡ ᠶᠢ ᠢᠯᠡᠷᠡᠭᠦᠯᠪᠡ︔    ︵ᠠᠷᠪᠠᠨ ᠵᠢᠷᠭᠤᠭ᠎ᠠ︶ ᠪᠤᠰᠤᠳ ᠬᠡᠷᠡᠭ ᠶᠠᠪᠤᠳᠠᠯ ᠤᠨ ᠲᠥᠷᠥᠯ᠄ ᠠᠮᠢᠲᠠᠨ ᠤᠷᠭᠤᠮᠠᠯ ᠤᠨ ᠬᠢᠵᠢᠭ ᠤᠨ ᠪᠠᠶᠢᠳᠠᠯ᠂ ᠠᠮᠢᠲᠠᠨ ᠢ ᠫᠠᠨᠽᠠᠯᠠᠬᠤ᠂ ᠠᠳᠠᠯ ᠠᠬᠤᠶ ᠶᠢᠨ ᠬᠠᠮᠢᠶᠠᠷᠤᠯᠲᠠ᠂ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠥᠯᠥ  ᠦᠢᠯᠡᠳᠭᠦᠢ ᠪᠤᠶᠤ  ᠦᠢᠯᠡᠴᠢᠯᠡᠬᠦ ᠣᠪᠣᠷ ᠢᠶᠠᠷ ᠮᠠᠭᠤ ᠭᠡᠵᠦ ᠵᠠᠭᠠᠯᠳᠤᠬᠤ᠂ ᠠᠰᠠᠭᠤᠨ ᠯᠠᠪᠯᠠᠵᠤ ᠵᠠᠭᠠᠯᠳᠤᠬᠤ ᠪᠠ ᠠᠪᠤᠷᠠᠨ ᠲᠤᠰᠠᠯᠠᠬᠤ  ᠦᠢᠯᠡᠴᠢᠯᠡᠭᠡ ︵12345 ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠠᠬᠢ  ᠦᠢᠯᠡᠴᠢᠯᠡᠭᠡ︶᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠦᠢᠯᠡᠴᠢᠯᠡᠭᠡ᠂ 110 ᠬᠢᠭᠡᠳ 12345 ᠶᠢᠨ ᠵᠥᠪᠳᠡᠯᠴᠡᠭᠰᠡᠨ ᠪᠤᠰᠤᠳ  ᠵᠦᠢᠯᠡᠰ ᠵᠡᠷᠭᠡ᠃    ᠬᠤᠶᠠᠷ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ ᠴᠠᠭᠳᠠᠭᠠᠨ ᠤ ᠶᠠᠪᠤᠳᠠᠯ ᠤᠨ ᠲᠦᠷᠦᠯ ᠤᠨ ᠭᠤᠮᠣᠳᠠᠯ ᠱᠠᠭᠠᠷᠳᠠᠯᠭ᠎ᠠ ︵ᠭᠤᠣᠯᠳᠠᠭᠤ 7 ᠲᠦᠷᠦᠯ ᠳᠤ ᠬᠤᠪᠢᠶᠠᠨ᠎ᠠ︶    ︵ᠨᠢᠭᠡ︶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠯᠠᠯ ᠳᠠᠬᠢ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ︵ᠠᠮᠤᠷ ᠢ ᠬᠠᠮᠠᠭᠠᠯᠠᠬᠤ︶ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ︔    ︵ᠬᠤᠶᠠᠷ︶ ᠬᠠᠮᠲᠤᠯᠢᠭ ᠤᠨ ᠴᠢᠨᠠᠷᠲᠠᠶ ᠬᠡᠷᠡᠭ᠄ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ᠂ ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠷᠰᠢᠯᠠᠭᠰᠠᠨ ᠪᠤᠶᠤ ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ ᠴᠢᠨᠠᠷᠲᠠᠶ ᠬᠡᠷᠡᠭ︔    ︵ᠭᠤᠷᠪᠠ︶ ᠵᠠᠮ ᠬᠠᠷᠢᠯᠴᠠᠭᠠᠨ ᠤ ᠬᠠᠮᠢᠶᠠᠷᠤᠯᠲᠠ᠄ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ ᠪᠤᠰᠤ ᠭᠡᠨᠡᠳᠡᠯ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠬᠥᠰᠬᠡ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠵᠠᠮ ᠬᠠᠷᠢᠯᠴᠠᠭᠠᠨ ᠤ ᠲᠥᠬᠦᠭᠡᠷᠦᠮᠵᠢ ᠡᠪᠳᠡᠷᠡᠵᠦ ᠰᠦᠢᠳᠦᠭᠰᠡᠨ ᠵᠢᠴᠢ ᠳᠤᠷ᠎ᠠ ᠪᠠᠷ ᠢᠶᠠᠨ ᠥᠭᠡᠷᠡᠴᠢᠯᠡᠨ ᠲᠣᠨᠣᠭᠯᠠᠭᠰᠠᠨ ᠮᠠᠰᠢᠨᠲᠤ ᠲᠡᠷᠭᠡ ᠶᠢ ᠵᠢᠯᠣᠭᠤᠳᠬᠤ ᠳᠤ ᠬᠦᠷᠴᠢᠭᠢᠨᠡᠬᠦ᠂ ᠲᠦᠷᠭᠡᠨ ᠳᠠᠪᠬᠢᠬᠤ ᠵᠡᠷᠭᠡ ᠠᠷᠭ᠎ᠠ ᠮᠠᠶ᠋ᠢᠭ ᠢᠶᠠᠷ ᠪᠤᠶᠤ ᠲᠣᠭᠲᠠᠭᠠᠯ ᠶᠣᠰᠣᠭᠠᠷ ᠳᠠᠭᠤ ᠴᠢᠮᠡᠭᠡᠨ ᠤ ᠲᠣᠨᠣᠭᠯᠠᠯ ᠢ ᠬᠡᠷᠡᠭᠯᠡᠭᠰᠡᠨ ᠦᠭᠡᠢ ᠠᠴᠠ ᠪᠣᠯᠤᠭᠰᠠᠨ ᠳᠠᠭᠤ ᠱᠤᠤᠭᠢᠶᠠᠨ ᠤ ᠪᠣᠬᠢᠷᠲᠤᠯ︔    ︵ᠲᠦᠷᠪᠡ︶ ᠠᠮᠤᠷ ᠢ ᠬᠠᠮᠠᠭᠠᠯᠠᠬᠤ ᠭᠠᠶ ᠭᠠᠮᠰᠢᠭ ᠤᠨ ᠡ᠊ᠨᠳᠡᠯ᠄ ᠠᠶᠤᠯᠲᠠᠶ ᠬᠢᠮᠢ ᠶᠢᠨ ᠪᠣᠳᠠᠰ ᠤᠨ ᠭᠤᠭᠤᠵᠢᠭᠰᠠᠨ ᠡ᠊ᠨᠳᠡᠯ᠂ ᠬᠤᠣᠷᠳᠠᠭᠳᠠᠭᠰᠠᠨ ᠡ᠊ᠨᠳᠡᠯ᠂ ᠳᠡᠯᠪᠡᠷᠡᠯᠲᠡ ᠶᠢᠨ ᠡ᠊ᠨᠳᠡᠯ᠂ ᠭᠠᠯ ᠤᠨ ᠠᠶᠤᠯ ᠤᠨ ᠡ᠊ᠨᠳᠡᠯ᠂ ᠣᠩᠭᠤᠴᠠ ᠵᠢᠪᠪᠦᠭᠰᠡᠨ ᠡ᠊ᠨᠳᠡᠯ᠂ ᠰᠢᠬᠠᠨ ᠳᠠᠷᠤᠵᠤ ᠦᠬᠦᠭᠦᠯᠵᠦ ᠰᠢᠷᠬᠠᠲᠤᠭᠤᠯᠤᠭᠰᠠᠨ ᠡ᠊ᠨᠳᠡᠯ᠂ ᠪᠠᠷᠢᠯᠭ᠎ᠠ ᠶᠢᠨ ᠨᠤᠷᠠᠵᠤ ᠶᠡᠭᠦᠷᠡᠭᠰᠡᠨ ᠡ᠊ᠨᠳᠡᠯ᠂ ᠬᠢᠵᠢᠭ ᠤᠨ ᠭᠠᠶ ᠭᠠᠮᠰᠢᠭ᠂ ᠪᠠᠶᠢᠭᠠᠯᠢ ᠶᠢᠨ ᠴᠠᠭ ᠠᠭᠤᠷ ᠤᠨ ᠭᠠᠶ ᠭᠠᠮᠰᠢᠭ ᠵᠡᠷᠭᠡ ᠡ᠊ᠨᠳᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠢᠳᠪᠦᠷᠢᠯᠡᠬᠦ ᠳᠤ ᠣᠷᠣᠯᠴᠠᠭᠤᠯᠬᠤ ᠴᠢᠬᠤᠯᠠᠲᠠᠶ ᠪᠠᠶᠢᠬᠤ︔    ︵ᠲᠠᠪᠤ︶ ᠣᠯᠠᠨ ᠲᠦᠮᠡᠨ ᠤ ᠠᠪᠤᠷᠠᠨ ᠲᠤᠰᠠᠯᠠᠬᠤ ᠦᠶ᠋ᠯᠡᠴᠢᠯᠡᠭᠡ᠄ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ ᠵᠢᠴᠢ ᠤᠶᠤᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠶ ᠬᠥᠮᠦᠰ ᠨᠢ ᠲᠥᠭᠡᠷᠢᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠣᠲᠣᠷ᠎ᠠ ᠬᠠᠪᠰᠤᠷᠴᠤ ᠡᠷᠢᠬᠦ ᠴᠢᠬᠤᠯᠠᠲᠠᠶ ᠪᠣᠯᠤᠭᠰᠠᠨ᠂ ᠵᠢᠴᠢ ᠤᠰᠤᠨ ᠳᠤ ᠴᠠᠴᠠᠬᠤ᠂ ᠥᠨᠳᠥᠷ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠵᠢᠴᠢ ᠣᠯᠠᠨ ᠨᠡᠶᠢᠲᠡ ᠳᠤ ᠪᠤᠰᠤᠳ ᠠᠶᠤᠯ ᠲᠦᠭᠰᠢᠭᠦᠷᠢ ᠲᠤᠯᠭᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠰᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠶ ᠪᠣᠯᠤᠭᠰᠠᠨ︔    ︵ᠵᠢᠷᠭᠤᠭ᠎ᠠ︶ ᠠᠶᠤᠯ ᠠᠴᠠ ᠠᠪᠤᠷᠠᠨ ᠭᠠᠮᠰᠢᠭ ᠲᠠᠢ ᠲᠡᠮᠡᠴᠡᠵᠦ ᠠᠪᠤᠷᠠᠨ ᠲᠤᠰᠠᠯᠠᠬᠤ᠄ ᠤᠰᠤ᠂ ᠴᠠᠬᠢᠯᠭᠠᠨ᠂ ᠲᠤᠰᠤ᠂ ᠭᠡᠢ᠂ ᠢᠯᠴᠢ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ ᠳᠤ ᠬᠤᠯᠪᠣᠭᠳᠠᠵᠤ᠂ ᠤᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ  ᠰᠢᠢᠳᠪᠦᠷᠢᠯᠡᠯᠳᠡ ᠳᠤ ᠣᠷᠣᠯᠴᠠᠭᠤᠯᠬᠤ ᠴᠢᠬᠤᠯᠠᠲᠠᠶ ᠵᠢᠴᠢ ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠡᠭᠦᠰᠴᠦ᠂ ᠤᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠶ᠋ᠳᠪᠦᠷᠢᠯᠡᠯᠲᠡ ᠳᠤ ᠣᠷᠣᠯᠴᠠᠭᠤᠯᠬᠤ ᠴᠢᠬᠤᠯᠠᠲᠠᠶ ᠪᠠᠶᠢᠬᠤ︔    ︵ᠳᠣᠯᠤᠭ᠎ᠠ︶ ᠴᠠᠭᠳᠠᠭ᠎ᠠ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠣᠲᠣ ᠶᠠᠭ ᠡᠭᠦᠰᠴᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠪᠠ ᠠᠷᠠᠳ ᠤᠨ ᠴᠠᠭᠳᠠᠭ᠎ᠠ ᠶᠢᠨ ᠡᠯ᠎ᠡ  ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠵᠥᠷᠢᠴᠡᠵᠦ᠂ ᠬᠠᠤᠯᠢ ᠶᠢ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠥᠬᠡᠶ᠂ ᠡᠯ᠎ᠡ  ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ ᠲᠦᠷᠢᠮ ᠢ ᠵᠢᠷᠤᠮᠯᠠᠬᠤ ᠥᠬᠡᠶ ᠪᠠ ᠠᠵᠢᠯ ᠮᠡᠷᠭᠡᠵᠢᠯ ᠤᠨ ᠶᠣᠰᠣ ᠮᠣᠷᠠᠯ ᠢ ᠵᠥᠷᠢᠴᠡᠭᠰᠡᠨ ᠡᠯ᠎ᠡ  ᠵᠦᠢᠯ ᠤᠨ  ᠦᠢᠯᠡ ᠠᠵᠢᠯᠯᠠᠭ᠎ᠠ᠃    ᠭᠤᠷᠪᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠬᠠᠮᠤᠭ ᠤᠨ ᠲᠡᠷᠢᠭᠦᠨ ᠳᠤ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠳᠤ ᠰᠢᠯᠵᠢᠭᠦᠯᠦᠨ ᠲᠤᠰᠢᠶᠠᠬᠤ ᠶᠢᠨ ᠬᠠᠮᠲᠤ᠂ ᠭᠤᠮᠣᠳᠠᠯ ᠲᠣᠭᠠᠴᠢᠬᠤ ᠵᠦᠢᠯᠡᠰ ᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠮᠣᠳᠠᠯ ᠲᠣᠭᠠᠴᠢᠬᠤ ︵ᠭᠤᠤᠯᠳᠠᠭᠤ 4 ᠲᠥᠷᠥᠯ ᠤᠨ ᠪᠠᠴᠢᠮ ᠬᠡᠷᠡᠭ︶ ᠳᠤ ᠰᠢᠯᠵᠢᠭᠦᠯᠦᠨ  ᠰᠢᠢᠳᠪᠦᠷᠢᠯᠡᠬᠦᠯᠬᠦ ᠪᠠᠷ ᠭᠤᠶᠤᠴᠢᠯᠠᠬᠤ ᠬᠡᠷᠡᠭᠲᠡᠶ ︵ᠭᠤᠤᠯᠳᠠᠭᠤ 4 ᠲᠥᠷᠥᠯ ᠤᠨ ᠪᠠᠴᠢᠮ ᠬᠡᠷᠡᠭ︶    ︵ᠨᠢᠭᠡ︶ ᠬᠤᠪᠢ ᠬᠥᠮᠦᠨ ᠤ ᠬᠡᠲᠦᠷᠡᠮᠡᠬᠡᠢ ᠬᠡᠷᠡᠭ᠄ 12345 ᠭᠤᠮᠣᠳᠠᠯ ᠲᠣᠭᠠᠴᠢᠭᠴᠢ ᠶᠢ ᠬᠦᠯᠢᠶᠡᠨ ᠠᠪᠤᠭᠰᠠᠨ ᠬᠥᠮᠦᠨ ᠤ ᠬᠡᠯᠡᠬᠦ ᠪᠠᠷ ᠬᠤᠪᠢ ᠬᠥᠮᠦᠨ ᠤ ᠬᠡᠲᠦᠷᠡᠮᠡᠬᠡᠢ ᠦᠢᠯᠡ ᠠᠵᠢᠯᠯᠠᠭ᠎ᠠ ᠶᠢᠨ ᠬᠡᠷᠡᠭ ᠲᠠᠢ ᠪᠠᠶᠢᠬᠤ︔    ︵ᠬᠤᠶᠠᠷ︶ ᠨᠡᠶᠢᠭᠡᠮ ᠠᠴᠠ ᠬᠠᠷᠢᠭᠤ ᠠᠪᠤᠭᠰᠠᠨ ᠬᠡᠷᠡᠭ ᠶᠠᠪᠤᠳᠠᠯ ᠤᠨ ᠲᠤᠬᠠᠶ ᠴᠤᠤᠷᠬᠠᠯ ᠲᠠᠯᠪᠢᠬᠤ᠄ ᠭᠤᠮᠣᠳᠠᠯ ᠲᠣᠭᠠᠴᠢᠭᠰᠠᠳ ᠢ ᠬᠦᠯᠢᠶᠡᠨ ᠠᠪᠤᠭᠰᠠᠨ ᠬᠥᠮᠦᠨ ᠨᠢ ᠵᠠᠰᠠᠭ ᠤᠨ ᠣᠷᠳᠣᠨ ᠪᠠ ᠨᠡᠶᠢᠭᠡᠮ ᠳᠤ ᠳᠤᠷ᠎ᠠ ᠦᠭᠡᠶᠢᠴᠡᠵᠦ ᠪᠠᠶᠢᠬᠤ᠂ ᠬᠡᠲᠦᠷᠡᠮᠡᠬᠡᠶ ᠠᠷᠭ᠎ᠠ ᠪᠠᠷ ᠨᠡᠶᠢᠭᠡᠮ ᠠᠴᠠ ᠬᠠᠷᠢᠭᠤ ᠠᠪᠬᠤ ᠪᠤᠶᠤ ᠪᠡᠶ᠎ᠡ ᠪᠠᠨ ᠬᠤᠣᠷᠯᠠᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠢ ᠰᠢᠬᠠᠮᠳᠠᠭᠤᠯᠵᠤ ᠪᠠᠶᠢᠭᠠᠳ ᠠᠰᠠᠭᠤᠳᠠᠯ ᠢ  ᠰᠢᠢᠳᠪᠦᠷᠢᠯᠡᠬᠦᠯᠦᠨ᠎ᠡ ᠭᠡᠵᠦ ᠴᠤᠤᠷᠬᠠᠯ ᠲᠠᠯᠪᠢᠭᠰᠠᠨ︔    ︵ᠭᠤᠷᠪᠠ︶ ᠬᠠᠮᠲᠤᠯᠢᠭ ᠤᠨ ᠴᠢᠨᠠᠷᠲᠠᠶ ᠴᠤᠭᠯᠠᠷᠠᠯ ᠤᠨ ᠬᠡᠷᠡᠭ᠄ ᠭᠤᠮᠣᠳᠠᠯ ᠲᠣᠭᠠᠴᠢᠭᠴᠢ ᠶᠢ ᠬᠦᠯᠢᠶᠡᠨ ᠠᠪᠤᠭᠰᠠᠨ ᠬᠥᠮᠦᠨ ᠤ ᠨᠡᠶᠢᠭᠡᠮ ᠤᠨ ᠲᠠᠯ᠎ᠠ ᠪᠤᠶᠤ ᠴᠢᠬᠤᠯᠠ ᠲᠠᠯᠠᠪᠤᠷ ᠲᠤ ᠬᠥᠮᠦᠨ ᠴᠤᠭᠯᠠᠷᠠᠭᠰᠠᠨ ᠵᠡᠷᠭᠡ ᠬᠠᠮᠲᠤᠯᠢᠭ ᠤᠨ ᠴᠢᠨᠠᠷᠲᠠᠶ ᠬᠡᠷᠡᠭ︔    ︵ᠳᠥᠷᠪᠡ︶ ᠣᠯᠠᠨ ᠨᠡᠶᠢᠲᠡ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠡᠷᠡᠭ᠄ 12345 ᠠᠵᠢᠯ ᠤᠨ ᠬᠠᠭᠤᠳᠠᠰᠤ ᠶᠢ  ᠭᠦᠢᠴᠡᠳᠭᠡᠬᠦ ᠶᠠᠪᠤᠴᠠ ᠳᠤ᠂ ᠬᠡᠲᠦᠷᠡᠮᠡᠬᠡᠶ  ᠦᠢᠯᠡ ᠠᠵᠢᠯᠯᠠᠭ᠎ᠠ ᠬᠢᠬᠦ᠂ ᠵᠥᠷᠢᠴᠡᠯ ᠵᠢᠭᠤᠷᠠᠯᠳᠤᠭᠠᠨ ᠰᠢᠷᠦᠭᠦᠰᠬᠦ᠂ ᠬᠡᠷᠡᠭ ᠤᠨ ᠪᠠᠶᠢᠳᠠᠯ ᠢ ᠡᠵᠡᠮᠳᠡᠬᠦ ᠳᠤ ᠪᠡᠷᠬᠡᠲᠡᠶ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠪᠠᠶᠢᠳᠠᠯ ᠲᠣᠬᠢᠶᠠᠯᠳᠤᠵᠤ᠂ 110 ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠴᠢᠬᠤᠯᠠᠲᠠᠶ  ᠵᠦᠢᠯᠡᠰ᠃    ᠳᠥᠷᠪᠡ᠂ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠤᠷᠢᠳᠠᠪᠠᠷ  ᠰᠢᠢᠳᠪᠦᠷᠢᠯᠡᠵᠦ᠂ ᠳᠠᠷᠠᠭ᠎ᠠ ᠨᠢ ᠪᠣᠳᠠᠲᠠᠶ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠭᠤᠶᠤᠴᠢᠯᠠᠯ ᠢ ᠰᠢᠯᠵᠢᠭᠦᠯᠦᠨ ᠲᠤᠰᠢᠶᠠᠨ᠎ᠠ ︵ᠭᠤᠤᠯᠳᠠᠭᠤ 7 ᠲᠥᠷᠥᠯ ᠤᠨ ᠣᠯᠠᠨ ᠲᠦᠮᠡᠨ ᠠᠴᠠ ᠲᠤᠰᠠᠯᠠᠮᠵᠢ ᠭᠤᠶᠤᠴᠢᠯᠠᠨ᠎ᠠ︶    ︵ᠨᠢᠭᠡ︶ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠲᠦᠷᠦᠯ᠄ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ ᠤᠨ ᠫᠠᠶᠢᠰᠠ᠂ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠬᠠᠯᠬᠠᠪᠴᠢ ᠬᠡᠷᠡᠰᠬᠡ᠂ ᠵᠠᠮ ᠤᠨ ᠳᠤᠬᠢᠶ᠎ᠠ ᠶᠢ ᠦᠵᠡᠭᠦᠯᠬᠦ ᠳᠡᠯᠭᠡᠴᠡ ᠵᠡᠷᠭᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠳᠤ ᠬᠤᠯᠪᠣᠭᠳᠠᠬᠤ ᠲᠦᠭᠰᠢᠭᠦᠷᠢ ᠮᠡᠳᠡᠭᠦᠯᠬᠦ︔    ︵ᠬᠤᠶᠠᠷ︶ ᠵᠡᠭᠡᠯᠢ ᠳᠡᠭᠡᠷᠡᠬᠢ ᠡᠮᠬᠢ ᠳᠢᠭᠯᠢᠮ ᠤᠨ ᠲᠦᠷᠦᠯ᠄ ᠲᠦᠷᠢᠮ ᠢ ᠵᠥᠷᠢᠴᠡᠨ ᠲᠡᠷᠭᠡ ᠵᠣᠭᠰᠣᠭᠠᠬᠤ᠂ ᠵᠠᠮ ᠲᠦᠭᠵᠢᠷᠡᠬᠦ᠂ ᠵᠠᠰᠠᠬᠤ᠂ ᠵᠡᠭᠡᠯᠢ ᠳᠡᠭᠡᠷ᠎ᠡ ᠡᠪᠡᠳᠴᠢᠯᠡᠭᠰᠡᠨ ᠬᠥᠮᠦᠰ᠂ ᠵᠠᠮ ᠲᠡᠭᠡᠭᠡᠪᠦᠷᠢ ᠶᠢᠨ ᠱᠤᠤᠭᠢᠶᠠᠨ ᠵᠡᠷᠭᠡ ᠵᠡᠭᠡᠯᠢ ᠳᠡᠭᠡᠷᠡᠬᠢ ᠠᠮᠤᠷ ᠲᠦᠪᠰᠢᠨ ᠤ ᠡᠮᠬᠢ ᠳᠢᠭᠯᠢᠮ ᠲᠠᠢ ᠬᠤᠯᠪᠣᠭᠳᠠᠬᠤ ᠰᠡᠷᠡᠮᠵᠢ ᠶᠢᠨ ᠳᠤᠬᠢᠶ᠎ᠠ︔    ︵ᠭᠤᠷᠪᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠬᠤᠭ ᠨᠣᠪᠰᠢ ᠶᠢ ᠰᠢᠲᠠᠭᠠᠬᠤ ᠵᠡᠷᠭᠡ ︵ᠭᠠᠯ ᠤᠨ ᠠᠶᠤᠯ ᠠᠮᠠᠷᠬᠠᠨ ᠭᠠᠷᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠦᠷᠴᠦ ᠤᠷᠢᠳᠠᠪᠠᠷ ᠰᠢᠢᠳᠪᠦᠷᠢᠯᠡᠬᠦ ᠬᠡᠷᠡᠭᠲᠡᠶ︶︔    ︵ᠳᠥᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠨᠠᠰᠤᠨ ᠳᠤ ᠥᠯᠥ ᠭᠦᠷᠦᠭᠰᠡᠳ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ ᠣᠷᠣᠵᠤ ᠭᠠᠷᠬᠤ ︵ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠦᠷᠴᠦ ᠤᠷᠢᠳ ᠢᠶᠠᠷ ᠰᠢᠢᠳᠪᠦᠷᠢᠯᠡᠬᠦ ᠬᠡᠷᠡᠭᠲᠡᠶ︶ ᠵᠡᠷᠭᠡ︔    ︵ᠲᠠᠪᠤ︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠦᠯ᠄ ᠤᠯᠠᠨ ᠢᠶᠠᠷ ᠢᠶᠠᠨ ᠲᠦᠷᠢᠶᠡᠰᠦᠯᠡᠬᠦ ᠠᠰᠠᠭᠤᠳᠠᠯ᠂ ᠨᠣᠬᠠᠶ ᠶᠢᠨ ᠲᠦᠷᠦᠯ ᠢᠶᠠᠷ ᠬᠥᠮᠦᠨ ᠢ ᠰᠢᠷᠬᠠᠲᠤᠭᠤᠯᠬᠤ᠂ ᠬᠤᠳᠠ ᠶᠢᠨ ᠲᠡᠵᠢᠭᠡᠪᠦᠷᠢ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ᠂ ᠠᠮᠤᠷ ᠢ ᠬᠠᠮᠠᠭᠠᠯᠠᠬᠤ ᠢᠯᠡᠴᠢᠯᠡᠨ ᠮᠡᠳᠡᠭᠦᠯᠬᠦ ᠲᠦᠷᠦᠯ ᠤᠨ ᠠᠰᠠᠭᠤᠳᠠᠯ᠂ ᠠᠷᠠᠯ ᠤᠨ ᠱᠠᠷ ᠫᠢᠶᠣᠣ ᠰᠠᠷᠢᠭᠠᠯᠠᠬᠤ ᠵᠡᠷᠭᠡ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠬᠤᠯᠪᠣᠭᠳᠠᠬᠤ ᠴᠠᠭᠳᠠᠭ᠎ᠠ ᠶᠢᠨ ᠮᠡᠳᠡᠭᠦᠯᠦᠯᠲᠡ︔    ︵ᠵᠢᠷᠭᠤᠭ᠎ᠠ︶ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠷᠦᠯ᠄ ᠬᠤᠳᠳᠤᠭ ᠤᠨ ᠪᠦᠷᠬᠦᠭᠡᠰᠦ ᠳᠤᠲᠠᠭᠳᠠᠬᠤ᠂ ᠬᠥᠭᠦᠷᠭᠡ ᠡᠪᠳᠡᠷᠡᠬᠦ᠂ ᠬᠦᠷᠢᠶ᠎ᠡ ᠬᠡᠷᠡᠮ ᠨᠤᠷᠠᠬᠤ᠂ ᠵᠠᠷ ᠤᠨ ᠫᠠᠶᠢᠰᠠ᠂ ᠪᠠᠷᠢᠯᠭ᠎ᠠ ᠡᠪᠳᠡᠷᠡᠬᠦ ︵ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠦᠷ ᠴᠠᠭ ᠤᠨ ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠬᠤ ᠴᠢᠬᠤᠯᠠᠲᠠᠶ︶᠂ ᠤᠲᠠᠰᠤ ᠳᠡᠭᠡᠰᠦᠨ ᠤ ᠴᠠᠬᠢᠯᠭᠠᠨ ᠪᠠᠭᠠᠨ᠎ᠠ ᠡᠪᠳᠡᠷᠡᠬᠦ ︵ᠵᠣᠷᠢᠭᠤᠳᠠ ᠡᠪᠳᠡᠭᠰᠡᠨ ᠡᠰᠡᠬᠦ ᠶᠢ ᠤᠷᠢᠳᠠᠪᠠᠷ ᠰᠢᠢᠳᠪᠦᠷᠢᠯᠡᠬᠦ ᠴᠢᠬᠤᠯᠠᠲᠠᠶ︶ ᠵᠡᠷᠭᠡ︔    ︵ᠲᠤᠯᠤᠭ᠎ᠠ︶ ᠭᠡᠨᠡᠳᠲᠡ ᠶᠢᠨ ᠬᠡᠷᠡᠭ ᠤᠨ ᠲᠦᠷᠦᠯ᠄ ᠠᠮᠢᠳᠠᠨ ᠤᠷᠭᠤᠮᠠᠯ ᠤᠨ ᠲᠦᠷᠦᠯ ᠤᠨ ᠬᠢᠵᠢᠭ ᠤᠨ ᠪᠠᠶᠢᠳᠠᠯ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ︵ᠤᠰᠤᠨ ᠳᠤ ᠴᠠᠴᠠᠬᠤ᠂ ᠠᠰᠠᠷ ᠠᠴᠠ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠪᠠᠶᠢᠳᠠᠯ ᠭᠠᠷᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠶ ᠪᠣᠯᠤᠭᠰᠠᠨ︔ ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠡᠪᠡᠳᠴᠢᠲᠡᠨ ᠵᠡᠷᠭᠡ ᠬᠥᠮᠦᠰ ᠤᠨ ᠲᠥᠭᠡᠷᠢᠭᠰᠡᠨ ᠪᠠᠶᠢᠳᠠᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠤ ᠡᠷᠢᠬᠦ ᠴᠢᠬᠤᠯᠠᠲᠠᠶ ᠪᠠᠶᠢᠬᠤ︔ ᠣᠯᠠᠨ ᠨᠡᠶᠢᠲᠡ ᠠᠶᠤᠯ ᠲᠦᠭᠰᠢᠭᠦᠷᠢ ᠳᠤ ᠤᠴᠠᠷᠠᠭᠠᠳ ᠲᠤᠰᠠᠯᠠᠮᠵᠢ ᠥᠬᠡᠶ ᠭᠠᠭᠴᠠᠭᠠᠷᠳᠠᠭᠰᠠᠨ ᠪᠠᠶᠢᠳᠠᠯ ᠳᠤ ᠪᠠᠶᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠷᠡ ᠳᠠᠷᠤᠶ ᠳᠤᠨᠢ ᠠᠪᠤᠷᠠᠨ ᠲᠤᠰᠠᠯᠠᠬᠤ ᠴᠢᠬᠤᠯᠠᠲᠠᠶ ᠪᠠᠶᠢᠬᠤ︶᠂ ᠬᠠᠮᠲᠤᠯᠢᠭ ᠤᠨ ᠴᠢᠨᠠᠷᠲᠠᠶ ᠬᠡᠷᠡᠭ᠂ ᠤᠰᠤ ᠴᠠᠬᠢᠯᠭᠠᠨ ᠬᠡᠢ ᠶᠢᠨ ᠬᠦᠨᠳᠦ ᠶᠡᠭᠡ ᠰᠠᠭᠠᠳ᠂ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠭᠤᠭᠤᠵᠢᠭᠰᠠᠨ ᠬᠡᠷᠡᠭ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠤᠶᠤ ᠪᠤᠰᠤᠳ ᠲᠦᠭᠰᠢᠭᠦᠷᠢ ᠮᠡᠳᠡᠭᠦᠯᠦᠭᠰᠡᠨ ᠬᠡᠷᠡᠭ ᠶᠠᠪᠤᠳᠠᠯ᠃                          ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ                           2023 ᠣᠨ ᠤ 4 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄  ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号