| ᠬᠢᠩᠭᠠᠨ ᠵᠠᠬᠢᠷᠭ᠎ᠠ ᠲᠠᠷᠬᠠᠭᠠᠭᠰᠠᠨ ﹇2023﹈ 41 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ | ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ | ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | 2023 ᠣᠨ ᠤ 4 ᠰᠠᠷ᠎ᠠ ᠶᠢᠨ 4 | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠢᠩᠭᠠᠨ ᠠᠶᠢᠮᠠᠭ ᠤᠨ ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ | ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠬᠢᠩᠭᠠᠨ | ᠠᠶᠢᠮᠠᠭ ᠤᠨ ᠪᠣᠳᠠᠲᠠᠶ ᠳᠤ ᠨᠡᠶᠢᠴᠡᠭᠰᠡᠨ ᠤᠨᠴᠠᠯᠢᠬᠳᠤ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ | ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠳᠤᠮᠳᠠᠬᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠦᠢᠯᠡᠰ ᠤᠨ ᠰᠠᠭᠤᠷᠢᠯᠠᠬᠤ ᠴᠢᠨᠠᠷᠲᠠᠶ᠂ | ᠤᠳᠤᠷᠢᠳᠤᠮᠵᠢ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠤᠨ᠂ ᠠᠶᠢᠮᠠᠭ ᠵᠠᠬᠢᠷᠭ᠎ᠠ ᠶᠢᠨ | ᠰᠤᠳᠤᠯᠤᠯᠲᠠ ᠪᠠᠷ ᠳᠡᠮᠵᠢᠨ᠂ ᠪᠥᠬᠦ ᠠᠶᠢᠮᠠᠭ ᠲᠤ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠳᠣᠭᠢᠷᠠᠭᠤᠯᠤᠨ | ᠬᠦᠷᠭᠡᠬᠦ᠂ ᠰᠢᠶᠠᠨ ᠤ ᠬᠡᠪᠴᠢᠶᠡᠨ ᠤ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠪᠠᠲᠤᠯᠠᠭ᠎ᠠ᠂ ᠠᠵᠤ | ᠠᠬᠤᠶᠢᠯᠠᠯ ᠤᠨ ᠪᠤᠶᠢᠵᠢᠭᠤᠯᠤᠯᠲᠠ᠂ ᠪᠣᠭᠤᠮᠲᠠ ᠪᠠᠷ ᠥᠩᠭᠡᠷᠡᠬᠦ ︽ᠲᠠᠪᠤᠨ ᠶᠡᠭᠡ ᠰᠢᠰᠲ᠋ᠧᠮᠵᠢ ᠶᠢᠨ ᠪᠠᠶᠢᠭᠤᠯᠤᠯᠲᠠ︾ | ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ | ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠠᠵᠤ | ᠠᠬᠤᠶ ᠠᠷᠠᠯᠵᠢᠶ᠎ᠠ ᠥᠰᠥᠭ ︹ 2022 ︺ 135 ᠳ᠋ᠤᠭᠠᠷ ᠲᠣᠭᠠᠲᠤ︶᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ | ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 | ︺ 82 ᠳ᠋ᠤᠭᠠᠷ ᠲᠣᠭᠠᠲᠤ︶᠂ ︽ᠬᠢᠩᠭᠠᠨ ᠠᠶᠢᠮᠠᠭ ᠤᠨ ᠪᠠᠷᠠᠭᠠᠨ ᠤ ᠭᠦᠢᠯᠭᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ︵2021 — 2025︶︾ ᠵᠡᠷᠭᠡ ᠶᠢ ᠮᠠᠨ ᠤ ᠠᠶᠢᠮᠠᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠲᠣᠮᠣ ᠠᠷᠠᠯᠵᠢᠶ᠎ᠠ ᠬᠤᠳᠠᠯᠳᠤᠭ᠎ᠠ᠂ ᠲᠣᠮᠣ | ᠪᠠᠷᠠᠭᠠᠨ ᠤ ᠭᠦᠢᠯᠭᠡᠭᠡᠨ ᠤ ᠣᠶᠢᠯᠠᠭᠠᠭᠳᠠᠬᠤᠨ ᠢ ᠪᠤᠶ ᠪᠣᠯᠭᠠᠵᠤ᠂ ᠬᠢᠩᠭᠠᠨ ᠠᠶᠢᠮᠠᠭ ᠤᠨ ᠤᠨᠴᠠᠯᠢᠬᠳᠤ | ᠳᠠᠪᠠᠭᠤᠯᠢᠭ ᠲᠤ ᠰᠠᠭᠤᠷᠢᠯᠠᠵᠤ᠂ ︽ᠨᠡᠪᠲᠡᠷᠡᠬᠦ ᠵᠠᠮ + ᠵᠠᠩᠭᠢᠯᠠᠭ᠎ᠠ + ᠪᠣᠭᠤᠮᠲᠠ︾ ᠶᠢᠨ ᠴᠤᠭᠯᠠᠷᠠᠯ ᠤᠨ | ᠦᠢᠯᠡᠳᠦᠯ ᠢ ᠪᠠᠳᠠᠷᠠᠭᠤᠯᠵᠤ᠂ ᠪᠠᠷᠠᠭᠠᠨ ᠤ ᠭᠦᠢᠯᠭᠡᠭᠡᠨ ᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠶᠠᠰᠤ | ᠴᠢᠨᠠᠷ ᠢ ᠳᠡᠭᠡᠭᠰᠢᠯᠡᠭᠦᠯᠦᠨ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠦᠢᠯᠡᠴᠢᠯᠡᠭᠡᠨ ᠤ ᠴᠢᠳᠠᠪᠤᠷᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ | ᠡᠯ᠎ᠡ ᠲᠠᠯ᠎ᠠ ᠶᠢᠨ ᠪᠠᠯᠠ ᠮᠥᠩᠭᠦ ᠶᠢ ᠤᠯᠬᠤ ᠪᠠᠷ ᠴᠢᠷᠮᠠᠶᠢᠬᠤ ᠪᠠ ᠡᠮᠬᠢᠯᠡᠨ ᠨᠡᠶᠢᠯᠡᠭᠦᠯᠵᠦ᠂ ᠤᠨᠴᠠᠯᠢᠬᠳᠤ | ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠠᠮᠢᠳᠤᠯᠢᠭ ᠬᠢᠵᠦ᠂ ︽ᠪᠣᠭᠤᠮᠲᠠ ᠳᠤ | ᠲᠦᠰᠢᠭᠯᠡᠨ᠂ ᠳᠣᠲᠣᠭᠠᠳᠤ ᠭᠠᠳᠠᠭᠠᠳᠤ ᠶᠢ ᠬᠤᠯᠪᠣᠭᠰᠠᠨ︾ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠤᠨᠴᠠᠯᠢᠬᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ | ᠭᠠᠵᠠᠷ ᠢ ᠪᠣᠶ ᠪᠣᠯᠭᠠᠵᠤ᠂ ᠪᠥᠬᠦ ᠠᠶᠢᠮᠠᠭ ᠴᠢᠨᠠᠭᠰᠢᠯᠠᠪᠠᠯ ᠪᠥᠬᠦ ᠣᠷᠣᠨ ᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠪᠠ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ | ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ ᠳᠠᠭᠠᠭᠤᠯᠤᠨ᠎ᠠ᠃ | ᠬᠤᠶᠠᠷ᠂ ᠭᠤᠣᠯ ᠬᠠᠷᠠᠯᠲᠠ | ᠤᠯᠤᠰ ᠤᠨ ᠳᠣᠲᠣᠭᠠᠳᠤ ᠶᠢᠨ ᠬᠡᠷᠡᠭᠴᠡᠭᠡ ᠪᠠᠨ ᠥᠷᠭᠡᠳᠬᠡᠬᠦ ᠶᠢ ᠵᠠᠪᠳᠤᠨ ᠠᠳᠬᠤᠵᠤ᠂ ᠠᠷᠠᠯᠵᠢᠶᠠᠨ ᠤ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠲᠦᠷᠭᠡᠳᠬᠡᠵᠦ᠂ ᠬᠡᠷᠡᠭᠯᠡᠭᠡ᠂ | ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ ᠶᠢ ᠤᠯᠤᠰ ᠤᠨ | ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠬᠤᠣᠰ ᠡᠷᠭᠢᠯᠲᠡ ᠶᠢᠨ | ᠵᠠᠯᠭᠠᠭᠤᠷ ᠪᠣᠯᠭᠠᠵᠤ᠂ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠲᠣᠬᠢᠷᠠᠭᠤᠯᠤᠨ ᠬᠦᠷᠭᠡᠬᠦ᠂ ᠰᠢᠶᠠᠨ ᠤ | ᠬᠡᠪᠴᠢᠶᠡᠨ ᠤ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠪᠠᠲᠤᠯᠠᠭ᠎ᠠ᠂ ᠠᠵᠤ ᠠᠬᠤᠶᠢᠯᠠᠯ ᠤᠨ ᠪᠤᠶᠢᠵᠢᠭᠤᠯᠤᠯᠲᠠ᠂ | ᠪᠣᠭᠤᠮᠲᠠ ᠶᠢᠨ ᠪᠣᠭᠤᠮᠲᠠ ᠥᠩᠭᠡᠷᠡᠬᠦ ︽ᠲᠠᠪᠤᠨ ᠶᠡᠭᠡ ᠰᠢᠰᠲ᠋ᠧᠮ ᠤᠨ ᠪᠠᠶᠢᠭᠤᠯᠤᠯᠲᠠ︾ ᠶᠢ ᠬᠦᠴᠦᠯᠡᠨ | ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠂ | ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠷᠠᠯᠵᠢᠶ᠎ᠠ ᠬᠤᠳᠠᠯᠳᠤᠭᠠᠨ ᠤ | ᠵᠠᠬ᠎ᠠ ᠳᠡᠯᠭᠡᠭᠦᠷ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠂ | ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ | ᠴᠢᠳᠠᠪᠤᠷᠢ ᠶᠢᠨ ᠲᠠᠰ ᠪᠠ ᠬᠥᠭᠵᠢᠯᠲᠡ ᠶᠢᠨ ᠣᠨᠴᠠᠯᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠠᠶᠢᠮᠠᠭ ᠤᠨ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠦᠳᠡᠯᠭᠡᠬᠦ ᠬᠦᠴᠦᠨ ᠬᠠᠩᠭᠠᠨ᠎ᠠ᠃ | ᠭᠤᠷᠪᠠ᠂ ᠭᠤᠣᠯ ᠵᠠᠷᠴᠢᠮ | ︵ᠨᠢᠭᠡ︶ ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠨ᠎ᠠ᠃ | ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ | ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠬᠥᠭᠵᠢᠭᠡᠨ᠂ ᠪᠠᠷᠠᠭᠠᠨ ᠤ | ᠭᠦᠢᠯᠭᠡᠭᠡᠨ ᠤ ᠡᠬᠢ ᠪᠠᠶᠠᠯᠢᠭ ᠤᠨ ᠣᠷᠣᠨ ᠪᠦᠰᠡ ᠠᠯᠤᠰᠯᠠᠨ ᠴᠢᠯᠥᠭᠡᠲᠡᠶ ᠰᠢᠯᠵᠢᠬᠦ ᠶᠢ ᠠᠬᠢᠭᠤᠯᠤᠨ᠎ᠠ᠃ ᠤᠯᠠᠮ | ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠶᠢ ᠴᠢᠯᠥᠭᠡᠲᠡᠶ ᠪᠣᠯᠭᠠᠵᠤ᠂ ᠵᠠᠰᠠᠭ ᠤᠨ ᠣᠷᠳᠣᠨ ᠤ ᠪᠠᠷᠠᠭᠠᠨ ᠤ ᠭᠦᠢᠯᠭᠡᠭᠡᠨ ᠤ ᠲᠥᠯᠥᠪᠵᠢᠭᠦᠯᠭᠡ᠂ | ᠪᠠᠷᠢᠮᠵᠢᠶ᠎ᠠ ᠲᠣᠭᠲᠠᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠲᠦᠷᠢᠮ ᠤᠨ ᠣᠷᠴᠢᠨ ᠲᠣᠭᠤᠷᠢᠨ ᠢ ᠪᠣᠶ | ᠪᠣᠯᠭᠠᠬᠤ ᠵᠡᠷᠭᠡ ᠲᠠᠯ᠎ᠠ ᠪᠠᠷ ᠬᠢ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠂ ᠣᠯᠠᠨ ᠡᠰᠢᠲᠦ᠂ | ᠨᠡᠭᠡᠭᠡᠯᠲᠡᠲᠡᠶ᠂ ᠠᠮᠢᠵᠢᠷᠠᠯ ᠤᠨ ᠬᠦᠴᠦᠨ ᠲᠠᠢ ᠥᠪᠡᠷᠮᠢᠴᠡ ᠣᠨᠴᠠᠯᠢᠭ ᠲᠠᠢ ᠠᠷᠠᠯᠵᠢᠶ᠎ᠠ ᠬᠤᠳᠠᠯᠳᠤᠭᠠᠨ ᠤ | ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ | ︵ᠬᠤᠶᠠᠷ︶ ᠪᠦᠲᠦᠴᠡ ᠶᠢ ᠰᠢᠯᠢᠳᠡᠭᠵᠢᠭᠦᠯᠵᠦ᠂ ᠰᠠᠭᠤᠷᠢ ᠶᠢ ᠪᠠᠬᠢᠵᠢᠭᠦᠯᠦᠨ᠎ᠡ᠃ ᠤᠯᠠᠮᠵᠢᠯᠠᠯᠲᠤ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠵᠦ᠂ ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠰᠢᠯᠢᠳᠡᠭᠵᠢᠭᠦᠯᠦᠨ᠂ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠦᠢᠯᠡᠰ ᠤᠨ ︽ᠪᠠᠭ᠎ᠠ᠂ ᠲᠠᠷᠠᠬᠠᠶ᠂ ᠪᠠᠭᠤᠷᠠᠶ︾ ᠬᠥᠭᠵᠢᠯᠲᠡ ᠶᠢᠨ ᠪᠠᠶᠢᠷᠢᠰᠢᠯ ᠢ ᠬᠤᠪᠢᠷᠠᠭᠤᠯᠵᠤ᠂ ᠭᠤᠷᠪᠠᠳᠠᠬᠢ | ᠡᠲᠡᠭᠡᠳ ᠤᠨ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠨᠡᠯᠢᠶᠡᠳ ᠴᠢᠩᠭ᠎ᠠ | ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠢ ᠪᠣᠶ ᠪᠣᠯᠭᠠᠵᠤ᠂ ᠠᠵᠤ ᠦᠢᠯᠡᠰ ᠤᠨ ᠬᠡᠪᠴᠢᠶ᠎ᠡ ᠪᠠ ᠬᠥᠭᠵᠢᠯᠲᠡ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠠᠭᠤᠰᠤᠯᠴᠠᠭᠤᠯᠤᠨ ᠬᠥᠭᠵᠢᠭᠦᠯᠦᠨ᠎ᠡ᠃ | ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ | ᠡᠭᠦᠳᠬᠦ ᠪᠠᠷ ᠭᠤᠣᠯ ᠪᠣᠯᠭᠠᠵᠤ᠂ ᠤᠨᠴᠠᠯᠢᠭᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ | ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ | ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ | ᠨᠡᠮᠡᠭᠳᠡᠯ ᠤᠨ ᠬᠡᠮᠵᠢᠶ᠎ᠡ ᠥᠬᠡᠶ ᠪᠠᠶᠢᠬᠤ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠂ ᠪᠠᠷᠠᠭᠠᠨ ᠤ ᠭᠦᠢᠯᠭᠡᠭᠡᠨ ᠬᠢᠭᠡᠳ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ | ᠦᠢᠯᠡᠳᠬᠦ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠴᠠᠷᠠᠭ᠎ᠠ ᠶᠢᠨ ᠠᠭᠤᠰᠤᠯᠴᠠᠨ ᠬᠥᠭᠵᠢᠬᠦ ᠶᠢ | ᠠᠬᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠤᠨ᠎ᠠ᠃ | ︵ᠳᠥᠷᠪᠡ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠡᠭᠡᠭᠡᠯᠲᠡ ᠬᠢᠵᠦ ᠬᠠᠮᠲᠤᠪᠠᠷ ᠭᠥᠷᠳᠡᠨ᠎ᠡ᠃ | ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ᠂ ᠬᠤᠳᠠ | ᠬᠥᠳᠡᠭᠡ ᠲᠣᠰᠬᠤᠨ ᠢ ᠬᠠᠮᠲᠤ ᠳᠤᠨᠢ ᠬᠠᠷᠠᠭᠠᠯᠵᠠᠵᠤ᠂ ᠣᠷᠣᠨ ᠪᠦᠰᠡ ᠬᠠᠮᠵᠢᠯᠴᠠᠭᠰᠠᠨ᠂ ᠤᠯᠠᠨ ᠠᠵᠢᠯ ᠦᠢᠯᠡᠰ | ᠬᠠᠮᠲᠤᠷᠠᠨ ᠬᠥᠳᠡᠯᠦᠯᠴᠡᠭᠰᠡᠨ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠭᠰᠡᠨ ᠠᠷᠠᠯᠵᠢᠶ᠎ᠠ ᠬᠤᠳᠠᠯᠳᠤᠭᠠᠨ ᠤ | ᠪᠠᠷᠠᠭᠠᠨ ᠤ ᠭᠦᠢᠯᠭᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ | ᠪᠠᠶᠠᠯᠢᠭ ᠢ ᠭᠦᠢᠴᠡᠳ ᠡᠮᠬᠢᠯᠡᠨ ᠨᠡᠶᠢᠯᠡᠭᠦᠯᠵᠦ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠮᠡᠳᠡᠭᠡ | ᠵᠠᠩᠭᠢ ᠶᠢ ᠨᠡᠭᠡᠭᠡᠯᠲᠡ ᠲᠠᠢ ᠪᠥᠭᠡᠳ ᠬᠠᠮᠲᠤᠪᠠᠷ ᠭᠥᠷᠳᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠠᠬᠢᠭᠤᠯᠤᠨ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠣᠯᠠᠨ ᠨᠡᠶᠢᠲᠡ ᠶᠢᠨ | ᠲᠠᠪᠴᠠᠩ ᠢ ᠲᠦᠷᠭᠡᠳᠬᠡᠨ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠲᠦᠪᠰᠢᠨ ᠢ | ᠳᠡᠭᠡᠭᠰᠢᠯᠡᠭᠦᠯᠦᠨ᠎ᠡ᠃ | ︵ᠲᠠᠪᠤ︶ ᠬᠠᠩᠭᠠᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠥᠬᠡᠶ ᠪᠠᠷ ᠬᠥᠭᠵᠢᠭᠦᠯᠦᠨ᠎ᠡ᠃ ᠠᠷᠠᠯᠵᠢᠶ᠎ᠠ | ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠠᠬᠢᠭᠤᠯᠵᠤ᠂ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠦᠢᠯᠡᠴᠢᠯᠡᠭᠡᠨ ᠤ ᠴᠢᠳᠠᠮᠵᠢ ᠶᠢ | ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠣᠨᠣᠯᠵᠢᠬᠤᠨ ᠢ ᠰᠠᠨᠠᠭᠠᠴᠢᠯᠠᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠬᠤᠷᠣᠭᠳᠠᠯ ᠢ ᠪᠠᠭᠠᠰᠬᠠᠬᠤ ᠶᠡᠷᠦᠩᠬᠡᠶ | ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠠᠬᠢᠭᠤᠯᠤᠨ᠎ᠠ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠬᠤᠳᠠ ᠬᠥᠳᠡᠭᠡ ᠶᠢᠨ ᠥᠨᠳᠥᠷ ᠦᠷ᠎ᠡ ᠪᠦᠲᠦᠮᠵᠢᠲᠡᠶ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠬᠡᠷᠡᠭᠵᠢᠭᠦᠯᠦᠨ᠎ᠡ | 1. ᠬᠠᠩᠭᠠᠯᠭ᠎ᠠ ᠶᠢᠨ ᠬᠡᠯᠬᠢᠶ᠎ᠡ ᠶᠢᠨ ᠵᠠᠩᠭᠢᠯᠠᠭ᠎ᠠ ᠶᠢ ᠰᠢᠰᠲ᠋ᠧᠮ ᠲᠠᠢ ᠰᠦᠪᠡᠭᠴᠢᠯᠡᠨ᠎ᠡ᠃ ᠲᠣᠮᠣ ᠠᠷᠠᠯᠵᠢᠶ᠎ᠠ | ᠬᠤᠳᠠᠯᠳᠤᠭ᠎ᠠ᠂ ᠲᠣᠮᠣ ᠪᠠᠷᠠᠭᠠᠨ ᠤ ᠭᠦᠢᠯᠭᠡᠭᠡᠨ ᠤ ᠣᠨᠣᠯᠵᠢᠬᠤᠨ ᠢ ᠪᠣᠶ ᠪᠣᠯᠭᠠᠵᠤ᠂ ᠡᠯ᠎ᠡ ᠲᠠᠯ᠎ᠠ ᠶᠢᠨ ᠪᠠᠯᠠ | ᠮᠥᠩᠭᠦ ᠶᠢ ᠢᠳᠡᠪᠬᠢᠲᠡᠶ ᠲᠡᠮᠡᠴᠡᠨ ᠤᠯᠬᠤ ᠪᠠ ᠡᠮᠬᠢᠯᠡᠨ ᠨᠡᠶᠢᠯᠡᠭᠦᠯᠵᠦ᠂ ᠤᠯᠠᠭᠠᠨᠬᠤᠲᠠ ᠶᠢᠨ ᠥᠪᠡᠷᠲᠡᠭᠡᠨ ᠵᠠᠰᠠᠬᠤ | ᠣᠷᠣᠨ ᠤ ᠲᠠᠰ ᠤᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠪᠠᠶᠢᠷᠢ ᠲᠣᠭᠲᠠᠭᠠᠯᠲᠠ ᠶᠢ ᠴᠢᠩᠭᠠᠷᠠᠭᠤᠯᠤᠨ᠂ ᠷᠠᠰᠢᠶᠠᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠣᠶ ᠪᠣᠯᠭᠠᠵᠤ᠂ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ | ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠢᠶᠠᠨ ᠤ ᠪᠦᠰᠡ ᠵᠢᠴᠢ ᠣᠷᠣᠨ ᠪᠦᠰᠡ ᠠᠯᠤᠰᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠶᠡᠭᠡ ᠤᠯᠠᠭᠠᠨᠬᠤᠲᠠ ︵ᠤᠯᠠᠭᠠᠨᠬᠤᠲᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ︶᠂ ᠷᠠᠰᠢᠶᠠᠨ ᠬᠤᠲᠠ ᠳᠤ ᠲᠣᠰ ᠲᠣᠰ 1 ᠲᠣᠮᠣ ᠬᠡᠯᠪᠡᠷᠢ ᠶᠢᠨ ᠪᠠᠷᠠᠭᠠᠨ ᠤ | ᠭᠦᠢᠯᠭᠡᠭᠡᠨ ᠤ ᠲᠥᠷᠥᠯ ᠵᠦᠢᠯ ᠢ ᠲᠥᠯᠥᠪᠯᠡᠨ ᠪᠠᠶᠢᠷᠢᠯᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ 1 ᠲᠣᠮᠣ ᠬᠡᠯᠪᠡᠷᠢ ᠶᠢᠨ ᠨᠡᠭᠦᠷᠡᠰᠦ ᠨᠥᠭᠡᠴᠡᠯᠡᠬᠦ ᠲᠥᠷᠥᠯ ᠵᠦᠢᠯ ᠢ ᠲᠥᠯᠥᠪᠯᠡᠨ ᠪᠠᠶᠢᠷᠢᠯᠠᠭᠤᠯᠵᠤ᠂ | ᠵᠠᠯᠠᠶᠢᠳ ᠬᠤᠰᠢᠭᠤᠨ ᠳᠤ 1 ᠲᠣᠮᠣ ᠬᠡᠯᠪᠡᠷᠢ ᠶᠢᠨ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠢ ᠲᠥᠯᠥᠪᠯᠡᠨ | ᠪᠠᠶᠢᠷᠢᠯᠠᠭᠤᠯᠤᠨ᠎ᠠ᠃ ᠬᠥᠬᠡᠬᠤᠲᠠ᠂ ᠪᠡᠭᠡᠵᠢᠩ᠂ ᠱᠠᠩᠬᠠᠶ᠂ ᠴᠠᠩᠴᠦ᠋ᠨ᠂ ᠮᠦᠭᠳᠡᠨ᠂ ᠬᠠᠩᠵᠧᠦ᠂ ᠭᠤᠸᠠᠩᠵᠧᠦ | ᠵᠡᠷᠭᠡ ᠭᠤᠣᠯ ᠪᠣᠯᠬᠤ ᠬᠠᠷᠠᠯᠲᠠᠲᠤ ᠵᠠᠬ᠎ᠠ ᠳᠡᠯᠭᠡᠭᠦᠷ ᠪᠣᠯᠤᠨ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠬᠤᠳᠠ ᠳᠤ | ᠡᠮᠦᠨᠡᠬᠢ ᠬᠥᠮᠥᠷᠭᠡ ᠪᠠᠶᠢᠭᠤᠯᠬᠤ ︵ᠪᠤᠶᠤ ᠲᠦᠷᠢᠶᠡᠰᠦᠯᠡᠬᠦ︶ ᠪᠠ ᠬᠠᠮᠲᠤ ᠪᠠᠷ ᠬᠥᠮᠥᠷᠭᠡ ᠲᠣᠬᠢᠷᠠᠭᠤᠯᠬᠤ ᠶᠢ | ᠰᠦᠪᠡᠭᠴᠢᠯᠡᠵᠦ᠂ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠠᠮᠢᠶᠠᠷᠤᠯᠲᠠ ᠡᠵᠡᠮᠳᠡᠯ ᠢ ᠤᠯᠠᠮ ᠨᠢᠭᠡ | ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠂ | ᠭᠤᠣᠯᠳᠠᠯᠭ᠎ᠠ ᠲᠠᠢ ᠡᠳ᠋ ᠪᠣᠳᠠᠰ᠂ ᠴᠢᠬᠤᠯᠠ ᠦᠢᠯᠡᠳᠬᠦᠨ ᠤ ᠭᠦᠢᠯᠭᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 2. ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠰᠢᠰᠲ᠋ᠧᠮᠵᠢ ᠶᠢ ᠪᠦᠷᠢᠨᠰᠢᠬᠦᠯᠦᠨ᠎ᠡ᠃ ᠰᠢᠶᠠᠨ ᠤ ᠬᠡᠪᠴᠢᠶᠡᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ | ᠲᠥᠪ᠂ ᠰᠢᠶᠠᠩ ᠪᠠᠯᠭᠠᠰᠤ ᠶᠢᠨ ᠳᠠᠮᠵᠢᠭᠤᠯᠬᠤ ᠵᠠᠩᠭᠢᠶᠠᠰᠤ᠂ ᠲᠣᠰᠬᠤᠨ ᠤ ᠲᠠᠰ ᠤᠨ ᠦᠵᠦᠭᠦᠷ ᠤᠨ | ᠳᠣᠭᠢᠷᠠᠭᠤᠯᠤᠨ ᠬᠦᠷᠭᠡᠬᠦ ᠲᠣᠤᠷ ᠴᠡᠭ ᠢᠶᠠᠷ ᠲᠤᠯᠭᠠᠭᠤᠷᠢᠯᠠᠭᠰᠠᠨ ᠭᠤᠷᠪᠠᠨ ᠳᠡᠰ ᠤᠨ ᠪᠠᠷᠠᠭᠠᠨ ᠤ ᠭᠦᠢᠯᠭᠡᠭᠡᠨ ᠤ | ᠳᠣᠭᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ ᠃ ᠡᠯ᠎ᠡ ᠬᠤᠰᠢᠭᠤ ᠰᠢᠶᠠᠨ ᠬᠤᠲᠠ ᠶᠢᠨ | ᠣᠲᠣ ᠶᠢᠨ ᠪᠠᠶᠢᠭ᠎ᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠥᠪ ᠢ | ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠵᠠᠯᠠᠶᠢᠳ ᠬᠤᠰᠢᠭᠤᠨ ᠤ ᠲᠦᠷᠭᠡᠨ ᠬᠦᠷᠭᠡᠯᠲᠡ ᠶᠢᠨ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ 2025 ᠣᠨ ᠪᠣᠯᠬᠤ ᠳᠤ ᠪᠥᠬᠦ ᠠᠶᠢᠮᠠᠭ | ᠬᠤᠰᠢᠭᠤ ᠰᠢᠶᠠᠨ ᠬᠤᠲᠠ ᠶᠢᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠢ ᠪᠦᠬᠦᠨ ᠢ | ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠳᠡᠭᠡᠭᠰᠢ ᠬᠤᠰᠢᠭᠤ ᠰᠢᠶᠠᠨ ᠲᠠᠢ ᠵᠠᠯᠭᠠᠭᠰᠠᠨ᠂ ᠳᠣᠷᠣᠭᠰᠢ ᠠᠶᠢᠯ | ᠲᠣᠰᠬᠤᠨ ᠲᠠᠢ ᠬᠤᠯᠪᠣᠭᠰᠠᠨ ᠰᠢᠶᠠᠩ ᠪᠠᠯᠭᠠᠰᠤ ᠶᠢᠨ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠬᠦᠷᠭᠡᠬᠦ | ᠵᠠᠩᠭᠢᠯᠠᠭ᠎ᠠ ᠶᠢᠨ ᠴᠡᠭ ᠢ ᠢᠳᠡᠪᠬᠢᠲᠡᠶ ᠪᠠᠷ ᠪᠣᠶ ᠪᠣᠯᠭᠠᠵᠤ᠂ ᠰᠢᠶᠠᠩ ᠪᠠᠯᠭᠠᠰᠤ ᠶᠢᠨ ᠳᠠᠮᠵᠢᠭᠤᠯᠤᠨ ᠬᠦᠷᠭᠡᠬᠦ | ᠵᠠᠩᠭᠢᠯᠠᠭ᠎ᠠ ᠶᠢᠨ ᠴᠡᠭ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠨ ᠡᠬᠢ ᠪᠠᠶᠠᠯᠢᠭ ᠢ | ᠬᠠᠮᠲᠤᠪᠠᠷ ᠡᠳ᠋ᠯᠡᠬᠦ ᠪᠠ ᠠᠵᠢᠯ ᠲᠦᠷᠦᠯ ᠠᠯᠤᠰᠯᠠᠨ ᠬᠠᠮᠵᠢᠯᠴᠠᠨ ᠬᠤᠯᠪᠣᠭᠠᠯᠠᠨ ᠡᠵᠡᠩᠨᠡᠬᠦ ᠶᠢ ᠵᠣᠷᠢᠭᠵᠢᠭᠤᠯᠵᠤ᠂ | ᠬᠥᠳᠡᠭᠡ ᠲᠣᠰᠬᠤᠨ ᠲᠡᠰᠢ ᠦᠢᠯᠡᠴᠢᠯᠡᠭᠡᠨ ᠤ ᠲᠣᠣᠷ ᠰᠦᠯᠵᠢᠶ᠎ᠡ ᠶᠢ ᠤᠷᠲᠤᠳᠬᠠᠵᠤ᠂ ᠬᠦᠷᠭᠡᠬᠦ ᠪᠠᠷᠠᠭᠠᠨ ᠤ | ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠰᠢᠦᠳᠠᠨ ᠤ ᠲᠣᠣᠷ ᠴᠡᠭ ᠤᠨ ᠡᠵᠡᠩᠨᠡᠯᠲᠡ ᠶᠢᠨ | ᠵᠠᠭᠪᠤᠷ ᠤᠨ ᠰᠢᠨ᠎ᠡ ᠶᠢ ᠡᠭᠦᠳᠴᠦ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠵᠦ ᠣᠷᠣᠯᠠᠨ ᠲᠤᠰᠢᠶᠠᠬᠤ᠂ | ᠲᠠᠷᠢᠶᠠᠯᠠᠩ ᠤᠨ ᠪᠦᠲᠦᠭᠡᠭᠳᠡᠬᠦᠨ ᠢ ᠣᠷᠣᠯᠠᠨ ᠬᠤᠳᠠᠯᠳᠤᠨ ᠠᠪᠴᠤ ᠣᠷᠣᠯᠠᠨ ᠪᠣᠷᠣᠯᠠᠭᠤᠯᠬᠤ ᠵᠡᠷᠭᠡ ᠠᠷᠠᠳ ᠲᠤ | ᠳᠦᠭᠦᠮ ᠦᠵᠡᠭᠦᠯᠬᠦ ᠡᠯ᠎ᠡ ᠲᠦᠷᠦᠯ ᠤᠨ ᠦᠢᠯᠡᠴᠢᠯᠡᠭᠡ ᠶᠢ ᠬᠦᠯᠢᠶᠡᠨ ᠠᠪᠴᠤ᠂ ᠬᠥᠳᠡᠭᠡ ᠲᠣᠰᠬᠤᠨ ᠤ ᠲᠣᠣᠷ | ᠴᠡᠭ ᠤᠨ ︽ᠨᠢᠭᠡ ᠴᠡᠭ ᠤᠯᠠᠨ ᠴᠢᠳᠠᠪᠤᠷᠢ︾ ᠶᠢ ᠪᠡᠶᠡᠯᠡᠭᠦᠯᠵᠦ᠂ ᠲᠣᠰᠬᠤᠨ ᠤ ᠱᠠᠲᠤᠨ ᠤ ᠲᠦᠷᠭᠡᠨ | ᠬᠦᠷᠭᠡᠯᠳᠡ ᠶᠢᠨ ᠦᠷᠳᠡᠭᠡ ᠶᠢ 65 ᠡᠷᠦᠬᠡ ᠳᠤ ᠬᠦᠷᠭᠡᠬᠦ ᠪᠠᠷ ᠴᠢᠷᠮᠠᠶᠢᠨ᠎ᠠ᠃ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠰᠢᠶᠠᠨ ᠤ ᠬᠡᠪᠴᠢᠶᠡᠨ ᠤ ᠭᠦᠢᠯᠭᠡᠭᠡᠨ ᠤ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ | ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠤᠯᠠᠭᠠᠨᠬᠤᠲᠠ ᠶᠢᠨ ᠪᠠᠶ ᠯᠢᠩ ᠬᠠᠩᠭᠠᠯᠭ᠎ᠠ ᠶᠢᠨ | ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠲᠣᠩᠰᠢᠭᠤᠯ ᠤᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠵᠠᠯᠠᠶᠢᠳ | ᠬᠤᠰᠢᠭᠤᠨ ᠤ ᠶᠢᠨ ᠢ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠲᠦᠷᠭᠡᠨ ᠬᠦᠷᠭᠡᠬᠦ | ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠤ ᠳᠠᠷᠠᠭ᠎ᠠ᠂ ᠲᠣᠰ | ᠲᠣᠰ ᠲᠤᠬᠠᠶ ᠶᠢᠨ ᠭᠠᠵᠠᠷ ᠤᠨ 5 — 7 ᠲᠦᠷᠭᠡᠨ ᠬᠦᠷᠭᠡᠬᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ | ᠬᠠᠮᠲᠤ ᠪᠠᠷ ᠳᠣᠭᠢᠷᠠᠭᠤᠯᠤᠨ ᠬᠦᠷᠭᠡᠬᠦ ᠶᠢ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠬᠤᠲᠠ ᠠᠴᠠ ᠭᠠᠷᠴᠤ | ᠲᠣᠰᠬᠤᠨ ᠳᠤ ᠣᠷᠣᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢ ᠵᠣᠷᠢᠭᠵᠢᠭᠤᠯᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ | ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | 3. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢ ᠨᠡᠪᠲᠡᠷᠡᠬᠦ ᠵᠠᠮ ᠢ ᠥᠷᠭᠡᠳᠬᠡᠨ᠎ᠡ᠃ | ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ︽ᠨᠢᠭᠡ ᠭᠠᠵᠠᠷ ᠨᠢᠭᠡ ᠪᠦᠲᠦᠭᠡᠭᠳᠡᠬᠦᠨ︾ ᠤ ᠲᠠᠷᠢᠶᠠᠯᠠᠩ ᠤᠨ ᠪᠦᠲᠦᠭᠡᠭᠳᠡᠬᠦᠨ ᠤ ᠬᠤᠲᠠ ᠳᠤ | ᠣᠷᠣᠬᠤ ᠳᠤ ᠦᠢᠯᠡᠴᠢᠯᠡᠬᠦ ᠶᠢ ᠳᠡᠮᠵᠢᠵᠦ᠂ ︽ᠲᠦᠷᠭᠡᠨ ᠬᠦᠷᠭᠡᠬᠦ + ᠲᠠᠷᠢᠶᠠᠯᠠᠩ ᠮᠠᠯ ᠠᠵᠤ ᠠᠬᠤᠶ︾ ᠶᠢᠨ | ᠬᠠᠮᠵᠢᠯᠴᠠᠨ ᠬᠥᠭᠵᠢᠬᠦ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠥᠭᠡᠳᠡᠯᠡᠬᠦ | ᠦᠵᠦᠭᠦᠷ ᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠦᠢᠯᠡᠳᠪᠦᠷᠢᠯᠡᠯ ᠪᠣᠷᠣᠯᠠᠭᠤᠯᠭ᠎ᠠ ᠶᠢ | ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠢᠩᠬᠢᠮ | ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠠᠰᠢᠭᠯᠠᠨ᠂ | ᠪᠡᠭᠡᠵᠢᠩ᠂ ᠬᠥᠬᠡᠬᠤᠲᠠ ᠭᠠᠵᠠᠷ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠯᠪᠠᠨ ᠪᠠᠶᠢᠭᠤᠯᠭ᠎ᠠ | ᠠᠵᠢᠯ ᠦᠢᠯᠡᠰ ᠤᠨ ᠨᠢᠭᠡᠴᠢ ᠪᠣᠯᠤᠨ ᠲᠣᠮᠣ ᠬᠡᠯᠪᠡᠷᠢ ᠶᠢᠨ ᠬᠡᠯᠬᠢᠶ᠎ᠡ ᠬᠤᠳᠠᠯᠳᠤᠭᠠᠨ ᠤ ᠬᠡᠲᠦ ᠳᠡᠯᠭᠡᠭᠦᠷ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠶ ᠤᠨᠴᠠᠯᠢᠭᠳᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠶᠢᠰᠯᠡᠯ᠂ ᠮᠤᠵᠢ ᠶᠢᠨ ᠲᠥᠪ ᠤᠨ ᠲᠣᠮᠣ ᠬᠤᠳᠠᠯᠳᠤᠭᠠᠨ ᠤ ᠬᠡᠲᠦ | ᠲᠣᠮᠣ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ︽ᠮᠣᠩᠭᠤᠯ ᠦᠰᠦᠭᠲᠦ ᠲᠡᠮᠳᠡᠭ︾ ᠢ | ᠪᠤᠶᠢᠵᠢᠭᠤᠯᠬᠤ ᠪᠠ ᠬᠢᠩᠭᠠᠨ ᠠᠶᠢᠮᠠᠭ ᠤᠨ ᠣᠷᠣᠨ ᠪᠦᠰᠡ ᠶᠢᠨ ᠲᠡᠮᠳᠡᠭ ᠢ ᠡᠵᠡᠩᠨᠡᠨ ᠪᠣᠷᠣᠯᠠᠭᠤᠯᠬᠤ ᠲᠠᠢ | ᠤᠶᠠᠯᠳᠤᠭᠤᠯᠤᠨ᠂ ᠬᠢᠩᠭᠠᠨ ᠠᠶᠢᠮᠠᠭ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠪᠡᠶᠡᠴᠢᠯᠡᠨ ᠣᠶᠢᠯᠠᠭᠠᠬᠤ ᠳᠡᠯᠭᠡᠭᠦᠷ᠂ ᠲᠤᠰᠬᠠᠶ ᠡᠵᠡᠩᠨᠡᠯᠲᠡ ᠶᠢᠨ ᠳᠡᠯᠭᠡᠭᠦᠷ ᠢ ᠲᠥᠯᠥᠪᠵᠢᠭᠦᠯᠦᠨ | ᠪᠠᠶᠢᠷᠢᠰᠢᠭᠤᠯᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠪᠣᠯᠭᠠᠨ ᠪᠥᠲᠥᠭᠡᠨ | ᠪᠠᠶᠢᠭᠤᠯᠵᠤ ᠡᠵᠡᠩᠨᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠪᠡᠭᠡᠵᠢᠩ ᠲᠢᠶᠠᠨᠵᠢᠨ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠲᠣᠭᠤᠷᠢᠭ ᠤᠨ | ᠵᠠᠬ᠎ᠠ ᠳᠡᠯᠭᠡᠭᠦᠷ ᠤᠨ ᠬᠤᠪᠢᠳᠠᠯ ᠢ ᠲᠠᠰᠤᠷᠠᠯᠲᠠ ᠥᠬᠡᠶ ᠥᠷᠭᠡᠳᠬᠡᠵᠦ᠂ ︽ᠬᠢᠩᠭᠠᠨ ᠠᠶᠢᠮᠠᠭ ᠤᠨ ᠲᠤᠲᠤᠷᠭ᠎ᠠ︾ ︽ | ᠬᠢᠩᠭᠠᠨ ᠠᠶᠢᠮᠠᠭ ᠤᠨ ᠨᠠᠷᠢᠮᠤ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ︽ᠬᠢᠩᠭᠠᠨ ᠠᠶᠢᠮᠠᠭ ᠤᠨ ᠬᠤᠨᠢᠨ | ᠮᠢᠬ᠎ᠠ︾ ᠵᠡᠷᠭᠡ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠪᠦᠲᠦᠭᠡᠭᠳᠡᠬᠦᠨ ᠤ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠤᠨᠴᠠᠯᠢᠭᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ | ᠪᠦᠲᠦᠭᠡᠭᠳᠡᠬᠦᠨ ᠢ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ | ᠠᠵᠤ ᠦᠶ᠋ᠯᠡᠳᠪᠦᠷᠢ ᠶᠢᠨ ᠪᠣᠷᠣᠯᠠᠭᠤᠯᠭ᠎ᠠ ᠶᠢᠨ ᠲᠣᠤᠷ ᠴᠡᠭ ᠲᠤ ᠣᠷᠣᠭᠤᠯᠤᠨ ᠪᠥᠬᠦ ᠣᠷᠣᠨ᠂ ᠪᠥᠬᠦ ᠤᠯᠤᠰ ᠲᠤ | ᠳᠡᠯᠭᠡᠷᠡᠭᠦᠯᠦᠨ ᠪᠣᠷᠣᠯᠠᠭᠤᠯᠬᠤ ᠶᠢ ᠠᠬᠢᠭᠤᠯᠤᠨ᠎ᠠ ᠃ ᠦᠬᠡᠷ ᠬᠤᠨᠢᠨ ᠮᠢᠬ᠎ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ | ᠠᠵᠤ ᠦᠢᠯᠡᠰ ᠤᠨ ᠰᠢᠰᠲ᠋ᠧᠮ ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠩ ᠠᠨ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠸᠠ ᠶᠠᠩ ᠤᠨ 10 ᠲᠦᠮᠡᠨ | ᠠᠯᠠᠰᠢᠨ ᠦᠬᠡᠷ ᠨᠢᠲᠤᠯᠵᠤ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ᠂ | ᠵᠠᠯᠠᠶᠢᠳ ᠬᠤᠰᠢᠭᠤᠨ ᠤ ᠲᠢᠶᠠᠨ ᠮᠥ ᠵᠧᠨ ᠤ 15 ᠲᠦᠮᠡᠨ ᠠᠯᠠᠰᠢᠨ ᠦᠬᠡᠷ᠂ ᠲᠦᠴᠢᠦᠸᠠᠨ ᠰᠢᠶᠠᠨ ᠤ ᠯᠢᠦᠶ | ᠹᠧᠩ ᠴᠢᠦᠸᠠᠨ ᠤ 10 ᠲᠦᠮᠡᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠢᠶᠠᠷ ᠵᠢᠯᠣᠭᠤᠳᠤᠮᠵᠢ | ᠪᠣᠯᠭᠠᠵᠤ᠂ ᠳᠡᠭᠡᠳᠦ ᠳᠤᠮᠳᠠ ᠳᠣᠤᠷᠠᠳᠤ ᠤᠷᠤᠰᠬᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠨᠢᠲᠤᠯᠵᠤ ᠡᠳ᠋ᠰᠢᠭᠦᠯᠬᠦ᠂ ᠰᠠᠯᠭᠠᠵᠤ | ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠪᠠᠷ ᠪᠣᠶ ᠪᠣᠯᠭᠠᠵᠤ᠂ ᠬᠦᠢᠳᠡᠨ ᠬᠡᠯᠬᠢᠶ᠎ᠡ᠂ | ᠪᠠᠷᠠᠭᠠᠨ ᠤ ᠭᠦᠢᠯᠭᠡᠭᠡᠨ ᠤ ᠵᠠᠮ ᠮᠥᠷ ᠢ ᠰᠠᠭᠠᠳ ᠥᠬᠡᠶ ᠨᠡᠪᠲᠡᠷᠡᠭᠦᠯᠵᠦ᠂ ᠠᠯᠠᠰᠢᠨ ᠦᠬᠡᠷ ᠤᠨ ᠲᠤᠭ᠎ᠠ | ᠲᠣᠯᠣᠭᠠᠶ ᠶᠢ 170 ᠲᠦᠮᠡ ᠳᠤ ᠬᠦᠷᠦᠭᠦᠯᠵᠦ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 30% ᠳᠤ | ᠬᠦᠷᠦᠭᠦᠯᠬᠦ ᠶᠢ ᠦᠨᠡᠨᠬᠦ ᠪᠠᠲᠤᠯᠠᠵᠤ᠂ ᠪᠥᠬᠦ ᠤᠯᠤᠰ ᠲᠤ ᠬᠠᠨᠳᠤᠭᠤᠯᠤᠨ ᠲᠣᠮᠣ B ᠦᠵᠦᠭᠦᠷ ᠤᠨ ᠠᠵᠤ | ᠠᠬᠤᠶᠢᠯᠠᠯ ᠢ ᠬᠤᠯᠪᠣᠵᠤ᠂ ᠦᠬᠡᠷ ᠤᠨ ᠠᠵᠤ ᠦᠢᠯᠡᠰ ᠤᠨ ᠢᠨᠲ᠋ᠧᠷ ᠰᠦᠯᠵᠢᠶ᠎ᠡ ᠶᠢ ᠪᠣᠶ ᠪᠣᠯᠭᠠᠨ᠎ᠠ᠃ ᠬᠤᠨᠢᠨ | ᠮᠢᠬ᠎ᠠ ᠶᠢ ᠦᠷᠡᠵᠢᠭᠦᠯᠦᠨ ᠪᠤᠶᠢᠵᠢᠭᠤᠯᠬᠤ᠂ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ | ᠨᠢᠲᠤᠯᠵᠤ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ᠂ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ᠂ ᠨᠠᠷᠠᠲᠤ | ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠤ ᠦᠢᠯᠡᠰ ᠤᠨ | ᠬᠡᠯᠬᠢᠶ᠎ᠡ ᠶᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ 10 ᠲᠦᠮᠡᠨ ︽ᠬᠢᠩᠭᠠᠨ ᠠᠯᠠᠰᠢᠨ ᠬᠤᠨᠢ︾ ᠶᠢ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠯᠠᠰᠢᠨ ᠬᠤᠨᠢᠨ ᠤ ᠲᠤᠭ᠎ᠠ ᠶᠢ 1000 ᠲᠦᠮᠡ ᠳᠤ ᠬᠦᠷᠦᠭᠦᠯᠵᠦ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ | 35% ᠳᠤ ᠬᠦᠷᠦᠭᠦᠯᠦᠨ᠎ᠡ᠃ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠡᠯᠴᠢᠭᠡᠷ ᠤᠨ ᠬᠤᠨᠢ︾ | ᠶᠢᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠦᠨ ᠡᠵᠡᠩᠨᠡᠨ ᠪᠣᠷᠣᠯᠠᠭᠤᠯᠬᠤ ᠲᠥᠪ ᠢ ᠪᠠᠶᠢᠭᠤᠯᠵᠤ᠂ ᠣᠷᠭᠠᠨᠢᠭ | ᠬᠤᠨᠢᠨ ᠤ ᠴᠢᠨᠠᠷ ᠰᠠᠶᠢᠲᠠᠶ ᠪᠥᠭᠡᠳ ᠰᠠᠶᠢᠨ ᠦᠨ᠎ᠡ ᠪᠠᠷ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠬᠤᠶᠠᠷ︶ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠬᠡᠷᠡᠭᠵᠢᠭᠦᠯᠦᠨ᠎ᠡ | 4. ᠠᠷᠠᠯᠵᠢᠶ᠎ᠠ ᠬᠤᠳᠠᠯᠳᠤᠭᠠᠨ ᠤ ᠠᠷᠭ᠎ᠠ ᠵᠠᠮ ᠢ ᠳᠣᠷᠣᠭᠰᠢ ᠪᠠᠭᠤᠯᠭᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠰᠢᠶᠠᠨ ᠰᠢᠶᠠᠩ ᠢᠶᠠᠷ ᠭᠤᠣᠯᠳᠠᠯᠭ᠎ᠠ ᠪᠣᠯᠭᠠᠵᠤ᠂ ᠲᠣᠭᠠᠴᠢᠯᠠᠬᠤ᠂ ᠬᠡᠯᠬᠢᠶᠡᠵᠢᠭᠦᠯᠬᠦ᠂ | ᠪᠠᠷᠢᠮᠵᠢᠶᠠᠵᠢᠭᠤᠯᠬᠤ ᠪᠠᠷ ᠠᠷᠭ᠎ᠠ ᠪᠠᠷᠢᠯ ᠪᠣᠯᠭᠠᠵᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠲᠦᠴᠢᠦᠸᠠᠨ ᠰᠢᠶᠠᠨ ᠤ ᠰᠢᠨ᠎ᠡ ᠳᠡᠯᠡᠬᠡᠶ ᠶᠢᠨ ᠬᠤᠲᠠ ᠶᠢᠨ | ᠴᠡᠴᠡᠷᠯᠢᠭ ᠤᠨ ᠬᠤᠳᠠᠯᠳᠤᠭᠠᠨ ᠤ ᠲᠥᠪ᠂ ᠵᠠᠯᠠᠶᠢᠳ ᠬᠤᠰᠢᠭᠤᠨ ᠤ ᠢᠦᠶ ᠬᠤᠸᠠᠨ ᠬᠤᠳᠠᠯᠳᠤᠭᠠᠨ ᠤ ᠵᠡᠭᠡᠯᠢ ᠶᠢᠨ | ᠲᠥᠷᠥᠯ ᠵᠦᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠭᠦᠨ ᠬᠤᠶᠢᠲᠤ ᠶᠢᠨ ᠣᠯᠠᠨ | ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠠᠭᠠᠨᠬᠤᠲᠠ ᠶᠢᠨ | ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ ᠤ ᠦᠨᠳᠦᠰᠦᠲᠡᠨ ᠤ ᠵᠠᠩ ᠦᠢᠯᠡ ᠶᠢᠨ ᠬᠤᠳᠠᠯᠳᠤᠭᠠᠨ ᠤ | ᠵᠡᠭᠡᠯᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2025 ᠣᠨ | ᠪᠣᠯᠬᠤ ᠳᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠲᠥᠪ ᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠳᠡᠯᠭᠡᠭᠦᠷ ᠤᠨ ᠦᠢᠯᠡᠴᠢᠯᠡᠭᠡᠨ ᠤ | ᠴᠢᠳᠠᠮᠵᠢ ᠶᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠣᠮᠣ ᠬᠡᠯᠪᠡᠷᠢ ᠶᠢᠨ ᠬᠡᠯᠬᠢᠶ᠎ᠡ | ᠭᠦᠢᠯᠭᠡᠭᠡᠨ ᠤ ᠠᠵᠤ ᠠᠬᠤᠶᠢᠯᠠᠯ ᠤᠨ ᠳᠣᠷᠣᠭᠰᠢ ᠰᠠᠭᠤᠬᠤ ᠶᠢ ᠬᠥᠲᠥᠯᠦᠨ ᠵᠢᠯᠣᠭᠤᠳᠴᠤ᠂ ᠨᠢᠭᠡ ᠪᠦᠯᠦᠭ ᠰᠢᠶᠠᠩ | ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠲᠥᠪ᠂ ᠲᠣᠰᠬᠤᠨ ᠤ ᠲᠠᠰ ᠤᠨ ᠲᠥᠬᠦᠮ ᠳᠡᠯᠭᠡᠭᠦᠷ ᠢ ᠥᠭᠡᠷᠡᠴᠢᠯᠡᠨ᠂ | ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠡᠷ ᠪᠦᠯᠢ᠂ ᠵᠤᠭ᠎ᠠ ᠴᠡᠩᠭᠡᠯ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠵᠡᠷᠭᠡ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ | ᠬᠤᠲᠠ ᠶᠢᠨ ᠠᠷᠠᠳ ᠤᠨ ᠬᠥᠳᠡᠭᠡ ᠪᠠᠭᠤᠬᠤ ᠪᠠ ᠮᠠᠯᠴᠢᠨ ᠲᠠᠷᠢᠶᠠᠴᠢᠨ ᠤ ᠬᠤᠲᠠ ᠳᠤ ᠣᠷᠣᠵᠤ ᠬᠡᠷᠡᠭᠯᠡᠭᠡ ᠬᠢᠬᠦ ᠶᠢ | ᠭᠥᠯᠢᠶᠡᠨ ᠠᠪᠤᠨ᠎ᠠ᠃ ᠲᠣᠰ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ ᠬᠥᠲᠥᠴᠢ ᠠᠵᠤ ᠠᠬᠤᠶᠢᠯᠠᠯ ᠤᠨ | ᠬᠠᠩᠭᠠᠯᠭ᠎ᠠ ᠶᠢᠨ ᠬᠡᠯᠬᠢᠶ᠎ᠡ ᠶᠢ ᠳᠣᠷᠣᠭᠰᠢ ᠪᠠᠭᠤᠯᠭᠠᠬᠤ ᠶᠢ ᠵᠣᠷᠢᠭᠵᠢᠭᠤᠯᠵᠤ᠂ ᠲᠥᠪᠯᠡᠷᠡᠭᠦᠯᠦᠨ ᠮᠠᠯᠲᠠᠬᠤ᠂ | ᠰᠢᠭᠤᠳ ᠮᠠᠯᠲᠠᠬᠤ᠂ ᠰᠢᠭᠤᠳ ᠬᠤᠳᠠᠯᠳᠤᠨ ᠠᠪᠬᠤ᠂ ᠰᠢᠭᠤᠳ ᠪᠣᠷᠣᠯᠠᠭᠤᠯᠬᠤ ᠲᠣᠤᠷ ᠰᠦᠯᠵᠢᠶ᠎ᠡ ᠶᠢ ᠪᠠᠶᠢᠭᠤᠯᠵᠤ | ᠂ ᠲᠣᠰ ᠭᠠᠵᠠᠷ ᠣᠷᠣᠨ ᠤ ᠦᠢᠯᠡᠳᠪᠦᠷᠢᠯᠡᠯ᠂ ᠭᠦᠢᠯᠭᠡᠭᠡᠨ ᠤ ᠠᠵᠤ ᠠᠬᠤᠶᠢᠯᠠᠯ ᠵᠢᠴᠢ ᠰᠢᠶᠠᠩ ᠪᠠᠯᠭᠠᠰᠤ ᠶᠢᠨ | ᠠᠷᠠᠯᠵᠢᠶ᠎ᠠ ᠬᠤᠳᠠᠯᠳᠤᠭᠠᠨ ᠤ ᠲᠥᠪ᠂ ᠮᠠᠯᠵᠢᠬᠤ ᠲᠠᠷᠢᠶᠠᠯᠠᠬᠤ ᠣᠷᠣᠨ ᠤ ᠲᠥᠬᠦᠮ ᠳᠡᠯᠭᠡᠭᠦᠷ ᠵᠡᠷᠭᠡ ᠳᠤ | ᠬᠡᠷᠡᠭᠯᠡᠭᠡᠨ ᠤ ᠵᠦᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠢ | ᠳᠣᠭᠢᠷᠠᠭᠤᠯᠤᠨ ᠬᠦᠷᠭᠡᠬᠦ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | 5. ︽ᠨᠢᠭᠡ ᠮᠥᠴᠡ︾ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠴᠠᠷᠠᠭ᠎ᠠ ᠶᠢ | ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠣᠣᠷ ᠴᠡᠭ ᠤᠨ ᠪᠠᠶᠢᠷᠢᠰᠢᠯ ᠢ ᠲᠡᠭᠦᠯᠳᠡᠷᠵᠢᠭᠦᠯᠦᠨ | ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠬᠠᠩᠭᠠᠯᠭ᠎ᠠ ᠶᠢ ᠪᠠᠶᠠᠯᠢᠭᠵᠢᠭᠤᠯᠵᠤ᠂ ᠠᠷᠠᠳ ᠲᠤ ᠳᠦᠭᠦᠮ ᠦᠵᠡᠭᠦᠯᠬᠦ ᠲᠥᠬᠦᠭᠡᠷᠦᠮᠵᠢ ᠶᠢᠨ ᠳᠤᠲᠠᠭᠤᠳᠠᠯ ᠢ | ᠨᠥᠬᠦᠪᠥᠷᠢᠯᠡᠵᠦ᠂ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠲᠥᠬᠦᠭᠡᠷᠦᠮᠵᠢ ᠶᠢ ᠢᠵᠢ | ᠪᠦᠷᠢᠳᠦᠭᠦᠯᠬᠦ᠂ ᠦᠢᠯᠡᠴᠢᠯᠡᠭᠡ ᠶᠢ ᠤᠯᠠᠨ ᠡᠰᠢᠵᠢᠭᠦᠯᠬᠦ ᠶᠢ ᠲᠦᠯᠬᠢᠨ ᠠᠬᠢᠭᠤᠯᠤᠨ᠎ᠠ᠃ ᠸᠠᠨ ᠳ᠋ᠠ ᠠᠭᠤᠳᠠᠮ | ᠲᠠᠯᠠᠪᠠᠶ᠂ ᠧᠦ ᠶᠠ ᠬᠤᠳᠠᠯᠳᠤᠭᠠᠨ ᠤ ᠲᠥᠪ᠂ ᠱᠧᠩ ᠳ᠋ᠡ ᠰᠢᠨ ᠶᠤᠸᠠᠢ ᠬᠤᠶ ᠵᠡᠷᠭᠡ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠸᠠᠩ ᠹᠦ᠋ | ᠵᠢᠩ ᠤᠨ ᠬᠤᠰᠢᠭᠤᠨ ᠳᠣᠤᠷᠠᠬᠢ ᠬᠤᠳᠠᠯᠳᠤᠭᠠᠨ ᠤ ᠲᠥᠪ ᠤᠨ ᠮᠠᠨ ᠤ ᠠᠶᠢᠮᠠᠭ ᠲᠤ ᠣᠷᠣᠵᠤ ᠰᠠᠭᠤᠬᠤ ᠶᠢ | ᠢᠳᠡᠪᠬᠢᠲᠡᠶ ᠪᠠᠷ ᠠᠬᠢᠭᠤᠯᠵᠤ᠂ ᠢ ᠡᠤ ᠶᠢᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢ | ᠠᠮᠢᠯᠠᠭᠤᠯᠵᠤ᠂ ᠰᠢᠩ ᠪᠠ ᠺᠧ᠂ ᠴᠤᠤ ᠫᠠᠢ᠂ ᠰᠢᠶᠦ᠋ᠩ ᠮᠢᠶᠣᠣ ᠯᠠᠶ ᠵᠡᠷᠭᠡ ᠨᠠᠷᠠᠲᠤ ᠲᠥᠷᠥᠯ ᠲᠡᠮᠳᠡᠭᠲᠦ ᠶᠢ | ᠣᠷᠣᠭᠤᠯᠤᠨ ᠠᠪᠴᠢᠷᠠᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠴᠢᠳᠠᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ᠂ | ᠨᠠᠰᠤᠲᠠᠶᠢᠴᠤᠳ ᠤᠨ ᠡᠷᠡᠭᠦᠯ ᠴᠢᠭᠢᠷᠠᠭ᠂ ᠬᠥᠮᠦᠵᠢᠯ ᠪᠣᠯᠪᠠᠰᠤᠷᠠᠭᠤᠯᠤᠯ᠂ ᠬᠡᠦᠬᠡᠳ ᠢ ᠨᠠᠶᠢᠳᠠᠨ ᠬᠠᠮᠢᠶᠠᠷᠤᠭᠤᠯᠬᠤ | ᠵᠡᠷᠭᠡ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ︽ᠢᠨᠲ᠋ᠧᠷ | ᠰᠦᠯᠵᠢᠶ᠎ᠡ +︾ ᠶᠢ ᠭᠦᠢᠴᠡᠳ ᠠᠰᠢᠭᠯᠠᠨ ᠳᠠᠬᠢᠯᠲᠠ ᠡᠬᠢ ᠪᠠᠶᠠᠯᠢᠭ ᠢ ᠣᠶᠤᠨᠴᠢᠯᠠᠬᠤ ᠬᠡᠮᠵᠢᠶ᠎ᠡ ᠶᠢ | ᠳᠡᠭᠡᠭᠰᠢᠯᠡᠭᠦᠯᠵᠦ᠂ 5 ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ᠳᠠᠬᠢᠯᠲᠠ ᠡᠬᠢ ᠪᠠᠶᠠᠯᠢᠭ ᠢ ᠬᠤᠷᠢᠶᠠᠨ | ᠠᠪᠴᠢᠷᠠᠬᠤ ᠥᠷᠲᠡᠭᠡ ᠪᠠᠶᠢᠭᠤᠯᠵᠤ᠂ ᠣᠶᠤᠨᠴᠢ ᠬᠤᠷᠢᠶᠠᠨ ᠠᠪᠴᠢᠷᠠᠬᠤ ᠠᠪᠳᠠᠷ᠎ᠠ ᠶᠢ ᠲᠠᠯᠪᠢᠵᠤ᠂ ᠨᠡᠶᠢᠭᠡᠮ | ᠲᠣᠭᠤᠷᠢᠭ ᠤᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ᠬᠢᠩᠭᠠᠨ ᠤ ᠬᠡᠷ ᠠᠬᠤᠶ ᠳᠤ ᠲᠦᠰᠢᠭᠯᠡᠨ ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ᠬᠡᠷ ᠪᠦᠯᠢ ᠶᠢᠨ | ᠠᠮᠢᠳᠤᠷᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠥᠬᠦ | ᠲᠠᠯ᠎ᠠ ᠶᠢᠨ ᠬᠡᠷ ᠠᠬᠤᠶ ᠶᠢᠨ ᠦᠢᠯᠡᠴᠢᠯᠡᠭᠡ ᠬᠠᠩᠭᠠᠨ᠎ᠠ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠦᠷᠦᠯ | ᠳᠡᠮᠳᠡᠭᠵᠢᠬᠦᠯᠬᠦ᠂ ᠬᠡᠯᠬᠢᠶᠡᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠳᠠᠯᠢ ᠪᠤᠰᠤ ᠬᠠᠮᠲᠤᠯᠢᠭ ᠤᠨ | ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | 6. ᠡᠯᠧᠺᠲᠷᠣᠨ ᠬᠤᠳᠠᠯᠳᠤᠭ᠎ᠠ ᠶᠢᠨ ᠡᠨᠧᠷᠭᠢ ᠣᠯᠭᠤᠬᠤ ᠬᠥᠭᠵᠢᠯᠲᠡ ᠶᠢ ᠲᠦᠷᠭᠡᠳᠬᠡᠨ᠎ᠡ᠃ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠶᠢ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠬᠤᠷᠳᠤᠳᠬᠠᠭᠤᠷ ᠪᠣᠯᠭᠠᠵᠤ᠂ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ | ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠣᠷᠣᠭᠤᠯᠵᠤ ᠬᠥᠲᠥᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ 100 ᠡᠯᠧᠺᠲᠷᠣᠨ ᠬᠤᠳᠠᠯᠳᠤᠭᠠᠨ ᠤ ᠦᠢᠡᠯᠴᠢᠯᠡᠭᠡᠨ ᠤ ᠥᠷᠲᠡᠭᠡ ᠶᠢ | ᠲᠠᠰ ᠳᠡᠪᠰᠢᠭᠦᠯᠦᠨ ᠥᠭᠡᠷᠡᠴᠢᠯᠡᠬᠦ ᠪᠠᠷ ᠲᠣᠬᠢᠶᠠᠯ ᠪᠣᠯᠭᠠᠵᠤ᠂ ᠰᠦᠯᠵᠢᠶ᠎ᠡ ᠪᠠᠷ ᠬᠤᠳᠠᠯᠳᠤᠨ ᠠᠪᠬᠤ ᠪᠠ | ᠰᠦᠯᠵᠢᠶ᠎ᠡ ᠪᠠᠷ ᠪᠣᠷᠣᠯᠠᠭᠤᠯᠬᠤ ᠪᠠᠷ ᠬᠡᠷᠡᠭᠯᠡᠭᠡᠨ ᠤ ᠲᠠᠰ ᠳᠡᠪᠰᠢᠬᠦ ᠪᠠ ᠠᠵᠤ ᠦᠢᠯᠡᠳᠪᠦᠷᠢ ᠶᠢᠨ ᠦᠢᠯᠡᠳᠭᠦᠨ᠂ | ᠲᠠᠷᠢᠶᠠᠯᠠᠩ ᠤᠨ ᠪᠦᠲᠦᠭᠡᠭᠳᠡᠬᠦᠨ ᠤ ᠬᠤᠤᠰ ᠴᠢᠭᠯᠡᠯ ᠢᠶᠠᠷ ᠰᠢᠯᠵᠢᠬᠦ ᠬᠤᠷᠳᠤᠴᠠ ᠶᠢ ᠳᠠᠶᠢᠴᠢᠯᠠᠬᠤ ᠶᠢ ᠲᠦᠷᠭᠡᠳᠬᠡᠨ᠎ᠡ | ᠃ ᠲᠢᠶᠠᠨ ᠮᠤᠤ᠂ ᠲᠤᠤ ᠪᠦᠦ ᠵᠡᠷᠭᠡ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠪᠠ ᠳ᠋ᠧᠦ ᠶᠢᠨ᠂ | ᠺᠤᠸᠠᠢ ᠱᠧᠦ ᠵᠡᠷᠭᠡ ᠰᠢᠨ᠎ᠡ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠯᠤᠭ᠎ᠠ ᠨᠠᠩ ᠨᠢᠭᠲᠠ᠂ | ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠤᠯᠲᠠ ᠵᠢᠴᠢ | ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ᠃ ᠭᠠᠵᠠᠷ ᠣᠷᠣᠨ ᠤ | ᠪᠠᠷᠢᠮᠵᠢᠶᠠᠲᠤ ᠦᠢᠯᠡᠳᠭᠦᠨ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ᠂ ᠬᠠᠭᠤᠴᠢᠨ ᠨᠠᠷᠠᠲᠤ ᠲᠡᠮᠳᠡᠭᠲᠦ | ᠵᠡᠷᠭᠡ ᠪᠠᠷ ᠭᠤᠤᠯ ᠰᠡᠳᠦᠪ ᠪᠣᠯᠭᠠᠭᠰᠠᠨ ᠡᠯᠧᠺᠲᠷᠣᠨ ᠬᠤᠳᠠᠯᠳᠤᠭᠠᠨ ᠤ ᠰᠢᠷᠢᠰ ᠰᠢᠭᠤᠳ ᠨᠡᠪᠲᠡᠷᠡᠭᠦᠯᠭᠡ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2023 ᠣᠨ ᠳᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ | ᠠᠬᠢᠭᠤᠯᠬᠤ ᠠᠵᠢᠯᠯᠠᠭ᠎ᠠ ᠶᠢ 100 ᠠᠴᠠ ᠳᠡᠭᠡᠭᠰᠢ ᠥᠷᠨᠢᠭᠦᠯᠬᠦ ᠪᠠᠷ ᠴᠢᠷᠮᠠᠶᠢᠨ᠎ᠠ᠃ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠣᠮᠣ ᠬᠡᠯᠪᠡᠷᠢ ᠶᠢᠨ ᠪᠠᠷᠠᠭᠠᠨ ᠤ | ᠭᠦᠢᠯᠭᠡᠭᠡᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠵᠦ᠂ 1 ᠠᠴᠠ 2 ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠴᠢᠷᠮᠠᠶᠢᠨ ᠪᠤᠶᠢᠵᠢᠭᠤᠯᠵᠤ᠂ 1 ᠠᠴᠠ 2 | ᠵᠢᠯ ᠤᠨ ᠳᠣᠲᠣᠷ᠎ᠠ 1 ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ ᠪᠤᠶᠢᠵᠢᠭᠤᠯᠤᠨ ᠳᠠᠭᠤᠰᠬᠠᠬᠤ ᠪᠠᠷ | ᠴᠢᠷᠮᠠᠶᠢᠨ᠎ᠠ᠃ ᠤᠯᠠᠭᠠᠨᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ | ᠬᠠᠩᠭᠠᠯᠭ᠎ᠠ ᠶᠢᠨ ᠬᠡᠯᠬᠢᠶ᠎ᠡ ᠶᠢᠨ ᠰᠠᠭᠤᠷᠢᠨ ᠭᠠᠵᠠᠷ ᠲᠤ ᠲᠦᠰᠢᠭᠯᠡᠨ᠂ ᠲᠣᠰ ᠭᠠᠵᠠᠷ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠢ ᠲᠣᠤᠷᠵᠢᠭᠤᠯᠤᠨ ᠪᠠᠷᠠᠭᠠᠵᠢᠭᠤᠯᠬᠤ ᠥᠭᠡᠷᠡᠴᠢᠯᠡᠯᠲᠡ ᠶᠢ ᠴᠢᠩᠭᠠᠳᠬᠠᠨ᠎ᠠ᠃ ᠵᠧᠩ ᠶᠤᠸᠠᠨ | ᠹᠧᠩ ᠲᠠᠢ᠂ ᠶᠦᠨ ᠰᠢᠶᠠ ᠠᠮᠢᠳᠤᠷᠠᠯ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢᠶᠠᠷ | ᠵᠢᠯᠣᠭᠤᠳᠤᠮᠵᠢ ᠪᠣᠯᠭᠠᠵᠤ᠂ ᠲᠣᠰ ᠭᠠᠵᠠᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠳᠤ | ᠦᠨᠳᠦᠰᠦᠯᠡᠵᠦ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ | ᠠᠵᠢᠯᠯᠠᠭ᠎ᠠ ᠶᠢ ᠥᠷᠨᠢᠭᠦᠯᠦᠨ᠎ᠡ᠃ ᠠᠯᠢᠪᠠᠪᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ | ᠪᠠᠶᠢᠭᠤᠯᠤᠭᠰᠠᠨ ᠲᠤᠤ ᠪᠦᠦ ᠰᠢᠭᠤᠳ ᠨᠡᠪᠲᠡᠷᠡᠭᠦᠯᠭᠡ ᠶᠢᠨ ᠲᠣᠰᠬᠤᠨ ᠤ ᠨᠡᠪᠲᠡᠷᠡᠭᠦᠯᠭᠡ ᠶᠢᠨ ᠳᠡᠭᠡᠳᠦ ᠰᠤᠷᠭᠠᠭᠤᠯᠢ | ᠵᠢᠴᠢ ᠡᠯ᠎ᠡ ᠬᠤᠰᠢᠭᠤ ᠰᠢᠶᠠᠨ ᠬᠤᠲᠠ ᠶᠢᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠪ ᠲᠤ ᠲᠦᠰᠢᠭᠯᠡᠨ᠂ 2025 ᠣᠨ ᠪᠣᠯᠬᠤ ᠳᠤ ᠡᠯᠧᠺᠲᠷᠣᠨ ᠬᠤᠳᠠᠯᠳᠤᠭᠠᠨ ᠤ ᠦᠢᠯᠡᠰ | ᠴᠣᠭᠴᠠᠯᠠᠬᠤ ᠳᠠᠭᠠᠭᠤᠯᠤᠭᠴᠢ ᠶᠢ ᠬᠥᠮᠦᠵᠢᠭᠦᠯᠵᠦ᠂ ᠪᠠᠷᠠᠭᠠᠨ ᠤ ᠰᠦᠯᠵᠢᠶᠡᠨ ᠤ ᠤᠯᠠᠭᠠᠨ᠂ ᠰᠢᠨ᠎ᠡ ᠲᠠᠷᠢᠶᠠᠴᠢᠨ | ᠵᠡᠷᠭᠡ ᠲᠣᠰ ᠭᠠᠵᠠᠷ ᠤᠨ ᠡᠯᠧᠺᠲᠷᠣᠨ ᠬᠤᠳᠠᠯᠳᠤᠭᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 100 ᠠᠴᠠ | ᠳᠡᠭᠡᠭᠰᠢ ᠰᠢᠭᠤᠳ ᠨᠡᠪᠲᠡᠷᠡᠭᠦᠯᠦᠨ᠎ᠡ᠃ ᠠᠯᠢᠪᠠᠪᠠ ᠲᠠᠢ ᠬᠠᠮᠲᠤᠷᠠᠨ ᠬᠢᠩᠭᠠᠨ ᠠᠶᠢᠮᠠᠭ ᠤᠨ ᠠᠵᠤ ᠦᠢᠯᠡᠰ ᠤᠨ | ᠲᠣᠭᠠᠴᠢᠯᠠᠭᠰᠠᠨ ᠡᠵᠡᠩᠨᠡᠯᠲᠡ ᠶᠢᠨ ᠲᠥᠪ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ | ᠦᠢᠯᠡᠰ ᠤᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠲᠥᠷᠥᠯ ᠵᠦᠢᠯ ᠢ ᠠᠬᠢᠭᠤᠯᠵᠤ᠂ | ᠰᠦᠯᠵᠢᠶᠡᠨ ᠤ ᠪᠠᠷᠠᠭᠠᠨ ᠤ ᠰᠢᠨ᠎ᠡ ᠪᠦᠲᠦᠭᠡᠭᠳᠡᠬᠦᠨ ᠢ ᠨᠡᠪᠴᠢᠭᠦᠯᠦᠨ᠎ᠡ᠃ ᠵᠢᠩ ᠳ᠋ᠦᠩ ᠪᠦᠯᠦᠭᠯᠡᠯ ᠤᠨ ᠬᠠᠮᠢᠶ᠎ᠠ | ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ︽ᠵᠠᠭᠤᠨ ᠲᠦᠮᠡᠨ ᠬᠤᠳᠠᠯᠳᠤᠭᠠᠴᠢᠨ ᠢ ᠵᠢᠩ | ᠳ᠋ᠦᠩ ᠺᠣᠮᠫᠠᠨᠢ ᠳᠤ ᠰᠦᠯᠵᠢᠶᠡᠨ ᠳᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠤᠨ ᠵᠢᠩ ᠳ᠋ᠦᠩ ᠺᠣᠮᠫᠠᠨᠢ ᠳᠤ ᠰᠠᠭᠠᠳ ᠥᠬᠡᠶ ᠨᠡᠪᠲᠡᠷᠡᠬᠦ ᠵᠠᠮ ᠢ ᠬᠠᠩᠭᠠᠵᠤ᠂ ᠨᠠᠩ ᠣᠯᠠᠨ ᠬᠢᠩᠭᠠᠨ | ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠠᠬᠤᠶᠢᠯᠠᠯ ᠤᠨ ᠵᠢᠩ ᠳ᠋ᠦᠩ | ᠺᠣᠮᠫᠠᠨᠢ ᠶᠢᠨ ᠲᠠᠪᠴᠠᠩ ᠳᠤ ᠣᠷᠣᠵᠤ ᠰᠠᠭᠤᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠶᠢ | ᠥᠷᠨᠢᠭᠦᠯᠦᠨ᠎ᠡ᠃ ᠵᠢᠩ ᠳ᠋ᠦᠩ ᠬᠢᠩᠭᠠᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠤᠯᠪᠣᠭ᠎ᠠ ᠶᠢ ᠵᠣᠬᠢᠶᠠᠨ | ᠪᠠᠶᠢᠭᠤᠯᠤᠨ ᠪᠠᠶᠢᠭᠤᠯᠵᠤ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠠᠪᠴᠠᠩ ᠪᠠ ᠳᠠᠮᠵᠢᠭᠤᠯᠬᠤ ᠥᠷᠲᠡᠭᠡ ᠶᠢ | ᠨᠢᠭᠡᠳᠦᠯᠲᠡᠶ ᠲᠥᠯᠥᠪᠯᠡᠨ ᠬᠡᠷᠡᠭᠯᠡᠵᠦ᠂ ᠬᠦᠴᠦᠨ ᠢᠶᠠᠨ ᠠᠰᠢᠭᠯᠠᠨ ᠬᠥᠭᠵᠢᠭᠦᠯᠦᠨ᠎ᠡ᠃ ︵ᠬᠠᠷᠢᠭᠤᠴᠠᠯᠭᠠᠲᠤ | ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︶ | ︵ᠭᠤᠷᠪᠠ︶ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠬᠡᠷᠡᠭᠵᠢᠭᠦᠯᠦᠨ᠎ᠡ | 7. ᠪᠠᠷᠠᠭᠠᠨ ᠤ ᠭᠦᠢᠯᠭᠡᠭᠡᠨ ᠤ ᠨᠡᠪᠳᠡᠷᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ | G5511 ᠰᠤᠭᠤᠳᠤ — ᠤᠯᠠᠭᠠᠨᠬᠤᠲᠠ᠂ G1015 ᠰᠢᠨ᠎ᠡ ᠪᠠᠷ ᠲᠠᠷᠬᠠᠭᠠᠭᠰᠠᠨ — ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠷᠭᠡᠨ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠢ | ᠲᠦᠷᠭᠡᠳᠬᠡᠨ ᠬᠡᠷᠡᠭᠵᠢᠭᠦᠯᠵᠦ᠂ ᠠᠶᠢᠮᠠᠭ ᠤᠨ ᠬᠡᠪᠴᠢᠶᠡᠨ ᠳᠠᠬᠢ ᠳᠡᠭᠡᠳᠦ ᠬᠤᠷᠳᠤᠴᠠᠳᠤ ᠵᠠᠰᠠᠮᠠᠯ ᠵᠠᠮ ᠤᠨ ᠲᠣᠤᠷ ᠢ | ᠪᠠᠶᠢᠭᠤᠯᠤᠨ᠎ᠠ᠃ G331 ᠷᠠᠰᠢᠶᠠᠨ — ᠳ᠋ᠦᠷᠠᠷ᠂ ᠲᠦᠴᠢᠦᠸᠠᠨ — ᠳ᠋ᠢ ᠬᠥᠩ ᠬᠤᠸᠠ᠂ ᠲᠦᠴᠢᠦᠸᠠᠨ | — ᠲᠤᠤ ᠨᠠᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠢ ᠲᠠᠰ | ᠳᠡᠪᠰᠢᠭᠦᠯᠦᠨ ᠥᠭᠡᠷᠡᠴᠢᠯᠡᠵᠦ᠂ ᠤᠯᠤᠰ ᠮᠤᠵᠢ ᠶᠢᠨ ᠵᠠᠰᠠᠮᠠᠯ ᠵᠠᠮ ᠢᠶᠠᠷ ᠨᠢᠷᠤᠭᠤᠪᠴᠢ ᠪᠣᠯᠭᠠᠭᠰᠠᠨ ᠭᠤᠤᠯ | ᠱᠤᠭᠤᠮ ᠤᠨ ᠵᠠᠰᠠᠮᠠᠯ ᠵᠠᠮ ᠤᠨ ᠲᠣᠤᠷ ᠢ ᠪᠣᠶ ᠪᠣᠯᠭᠠᠵᠤ᠂ ᠡᠯ᠎ᠡ ᠬᠤᠰᠢᠭᠤ ᠰᠢᠶᠠᠨ ᠬᠤᠲᠠ ᠶᠢᠨ ᠳᠡᠭᠡᠳᠦ ᠲᠠᠰ ᠤᠨ | ᠵᠠᠰᠠᠮᠠᠯ ᠵᠠᠮ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠭᠤᠤᠯᠳᠠᠯᠭ᠎ᠠ ᠲᠠᠢ ᠰᠤᠮᠤ ᠰᠢᠶᠠᠩ ᠪᠠᠯᠭᠠᠰᠤ ᠶᠢᠨ | ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠢ ᠨᠡᠪᠲᠡᠷᠡᠭᠦᠯᠦᠨ᠎ᠡ᠃ ᠭᠤᠤᠯ ᠱᠤᠭᠤᠮ ᠤᠨ ᠲᠡᠮᠦᠷ ᠵᠠᠮ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠ ᠲᠦᠷᠭᠡᠨ ᠬᠤᠷᠳᠤᠴᠠᠳᠤ ᠲᠡᠮᠦᠷ ᠵᠠᠮ ᠤᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠠᠶ ᠠ — ᠠᠷᠤ ᠱᠤᠭᠤᠮ ᠤᠨ ᠤᠯᠠᠭᠠᠨᠬᠤᠲᠠ ᠠᠴᠠ ᠷᠠᠰᠢᠶᠠᠨ ᠬᠥᠷᠬᠦ | ᠠᠵᠢᠯᠯᠠᠭᠠᠨ ᠤ ᠲᠡᠷᠭᠡ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ | ᠲᠦᠩᠯᠢᠶᠣᠤ ᠠᠴᠠ ᠤᠯᠠᠭᠠᠨᠬᠤᠲᠠ ᠠᠴᠠ ᠴᠢᠴᠢᠬᠠᠷ ᠬᠥᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ | ᠲᠥᠷᠥᠯ ᠵᠦᠢᠯ᠂ ᠢᠷᠪᠢᠰ ᠠᠴᠠ ᠢᠮᠢᠨ ᠬᠥᠷᠬᠦ ᠬᠠᠶᠢᠯᠠᠷ ᠬᠥᠷᠬᠦ ᠲᠡᠮᠦᠷ ᠵᠠᠮ ᠤᠨ ᠥᠭᠡᠷᠡᠴᠢᠯᠡᠯᠲᠡ ᠶᠢᠨ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠠᠬᠢᠭᠤᠯᠵᠤ᠂ ᠣᠷᠣᠨ ᠠᠴᠠ ᠭᠠᠷᠬᠤ᠂ | ᠠᠶᠢᠮᠠᠭ ᠠᠴᠠ ᠭᠠᠷᠬᠤ ᠥᠨᠳᠥᠷ ᠦᠷ᠎ᠡ ᠪᠦᠲᠦᠮᠵᠢᠲᠡᠶ ᠨᠡᠪᠲᠡᠷᠡᠬᠦ ᠲᠡᠮᠦᠷ ᠵᠠᠮ ᠤᠨ ᠲᠣᠤᠷ ᠰᠦᠯᠵᠢᠶ᠎ᠡ ᠶᠢ ᠪᠣᠶ | ᠪᠣᠯᠭᠠᠨ᠎ᠠ᠃ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠪᠣᠯᠤᠨ ᠷᠠᠰᠢᠶᠠᠨ ᠤ ᠨᠢᠰᠬᠡᠯ ᠤᠨ ᠪᠠᠭᠤᠳᠠᠯ ᠤᠨ | ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠭᠠᠷ ᠤᠨ ᠠᠶᠠᠯᠠᠯ ᠤᠨ ᠱᠤᠭᠤᠮ ᠢ ᠢᠳᠡᠪᠬᠢᠲᠡᠶ ᠪᠠᠷ ᠤᠷᠲᠤᠳᠬᠠᠨ ᠥᠷᠭᠡᠳᠬᠡᠵᠦ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠳᠡᠮ | ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠬᠠᠮᠲᠤ | ᠠᠰᠢᠭᠯᠠᠯᠲᠠ ᠳᠤ ᠣᠷᠣᠭᠤᠯᠵᠤ᠂ ᠪᠠᠷᠠᠭᠠᠨ ᠤ ᠭᠦᠢᠯᠭᠡᠭᠡᠨ ᠤ ᠲᠤᠰᠬᠠᠶ ᠱᠤᠭᠤᠮ ᠢ ᠤᠷᠢᠳᠴᠢᠯᠠᠨ ᠦᠯᠡᠳᠡᠭᠡᠵᠦ᠂ | ᠬᠥᠮᠦᠨ ᠪᠠ ᠪᠠᠷᠠᠭ᠎ᠠ ᠶᠢ ᠰᠠᠯᠭᠠᠵᠤ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠴᠢᠳᠠᠮᠵᠢ ᠨᠢ ᠬᠠᠷᠢᠯᠴᠠᠨ | ᠨᠥᠬᠦᠪᠥᠷᠢᠯᠡᠭᠰᠡᠨ ᠠᠭᠠᠷ ᠤᠨ ᠠᠶᠠᠯᠠᠯ ᠤᠨ ᠲᠣᠤᠷ ᠰᠦᠯᠵᠢᠶ᠎ᠡ ᠶᠢ ᠪᠦᠷᠢᠯᠳᠦᠭᠦᠯᠦᠨ᠎ᠡ᠃ 2023 ᠣᠨ ᠪᠣᠯᠬᠤ ᠳᠤ | ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 3000 ᠲᠦᠮᠡᠨ | ᠲᠣᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠢᠭᠡᠴᠢ᠄ ᠠᠶᠢᠮᠠᠭ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 8. ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ | ᠳᠤᠲᠠᠭᠤᠳᠠᠯ ᠢ ᠨᠥᠬᠦᠪᠥᠷᠢᠯᠡᠨ᠎ᠡ᠃ ᠣᠲᠣ ᠶᠢᠨ ᠪᠠᠶᠢᠭ᠎ᠠ ᠠᠵᠤ ᠦᠢᠯᠡᠰ ᠤᠨ ᠴᠤᠭᠯᠠᠷᠠᠯ ᠬᠢᠭᠡᠳ ᠪᠠᠷᠠᠭᠠᠨ ᠤ | ᠭᠦᠢᠯᠭᠡᠭᠡᠨ ᠤ ᠪᠡᠯᠡᠳᠬᠡᠮᠵᠢ ᠳᠤ ᠲᠦᠰᠢᠭᠯᠡᠨ᠂ ᠪᠠᠷᠠᠭᠠᠨ ᠤ ᠭᠦᠢᠯᠭᠡᠭᠡᠨ ᠤ ᠵᠥᠭᠡᠯᠡᠨ ᠬᠠᠲᠠᠭᠤ ᠲᠣᠨᠤᠭ ᠤᠨ | ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ | ᠡᠬᠢ ᠪᠠᠶᠠᠯᠢᠭ ᠢ ᠲᠦᠷᠭᠡᠳᠬᠡᠨ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠪᠠᠷᠠᠭᠠᠨ ᠤ ᠭᠦᠢᠯᠭᠡᠭᠡᠨ ᠤ ᠲᠥᠪ᠂ | ᠳᠣᠭᠢᠷᠠᠭᠤᠯᠤᠨ ᠬᠦᠷᠭᠡᠬᠦ ᠪᠡᠯᠡᠳᠬᠡᠮᠵᠢ ᠶᠢ ᠴᠢᠬᠤᠯᠠ ᠶᠡᠭᠡ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ | ᠴᠢᠳᠠᠮᠵᠢ ᠯᠤᠭ᠎ᠠ ᠠᠶᠢᠮᠠᠭ ᠤᠨ ᠲᠠᠰ ᠤᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 5 ᠢᠵᠢ ᠴᠠᠭᠠᠷᠢᠭᠯᠠᠨ ᠰᠣᠯᠪᠢᠴᠠᠬᠤ ᠪᠦᠰᠡ ᠮᠠᠶ᠋ᠢᠭ ᠤᠨ | ᠠᠦ᠋ᠲ᠋ᠣ᠋ ᠢᠯᠭᠠᠯᠲᠠ ᠶᠢᠨ ᠲᠥᠬᠦᠭᠡᠷᠦᠮᠵᠢ ᠶᠢᠨ ᠴᠢᠳᠠᠮᠵᠢ ᠶᠢ ᠣᠷᠣᠭᠤᠯᠤᠨ ᠠᠪᠴᠢᠷᠠᠵᠤ ᠳᠡᠭᠡᠭᠰᠢᠯᠡᠭᠦᠯᠦᠨ᠎ᠡ᠃ | ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠤᠮᠳᠠᠳᠤ ᠤᠯᠤᠰ ᠤᠨ ᠠᠵᠤ | ᠠᠬᠤᠶᠢᠯᠠᠯ ᠤᠨ ᠲᠡᠮᠦᠷ ᠵᠠᠮ ᠤᠨ ᠬᠤᠲᠠ ᠲᠡᠮᠦᠷ ᠵᠠᠮ ᠤᠨ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ | ᠤᠯᠠᠭᠠᠨᠬᠤᠲᠠ ᠶᠢᠨ ᠳ᠋ᠠ ᠾᠧ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠬᠥᠯᠳᠡᠭᠡᠵᠦ ᠬᠠᠳᠠᠭᠠᠯᠠᠬᠤ᠂ ᠵᠠᠯᠠᠶᠢᠳ | ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠨᠥᠭᠡᠴᠡᠯᠡᠵᠦ ᠰᠣᠷᠭᠤᠭ ᠪᠠᠶᠢᠯᠭᠠᠬᠤ ᠪᠠᠷᠠᠭᠠᠨ ᠤ ᠭᠦᠢᠯᠭᠡᠭᠡᠨ ᠤ | ᠰᠠᠭᠤᠷᠢᠨ ᠭᠠᠵᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯᠳᠡᠭᠡᠵᠦ ᠬᠠᠳᠠᠭᠠᠯᠠᠬᠤ ᠪᠠᠷᠠᠭᠠᠨ ᠤ | ᠭᠦᠢᠯᠭᠡᠭᠡᠨ ᠤ ᠰᠠᠭᠤᠷᠢ ᠪᠡᠯᠡᠳᠬᠡᠮᠵᠢ ᠵᠡᠷᠭᠡ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠪᠥᠬᠦ ᠬᠡᠯᠬᠢᠶᠡᠵᠢᠭᠰᠡᠨ᠂ | ᠰᠦᠯᠵᠢᠶᠡᠵᠢᠭᠰᠡᠨ᠂ ᠴᠢᠩᠭ᠎ᠠ ᠪᠠᠷᠢᠮᠵᠢᠶ᠎ᠠ ᠲᠠᠢ᠂ ᠮᠥᠷᠳᠡᠵᠦ ᠪᠣᠯᠬᠤ᠂ ᠰᠢᠨ᠎ᠡ ᠵᠠᠭᠪᠤᠷ ᠲᠠᠢ᠂ ᠥᠨᠳᠥᠷ ᠦᠷ᠎ᠡ | ᠪᠦᠲᠦᠮᠵᠢ ᠲᠠᠢ︾ ᠣᠲᠣ ᠦᠶ᠎ᠡ ᠶᠢᠨ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ | ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠥᠯᠳᠡᠭᠡᠵᠦ ᠬᠡᠯᠬᠢᠶᠡᠵᠢᠭᠦᠯᠬᠦ | ᠪᠠᠷᠠᠭᠠᠨ ᠤ ᠭᠦᠢᠯᠭᠡᠭᠡᠨ ᠤ ᠨᠢᠷᠤᠭᠤᠪᠴᠢ ᠵᠠᠩᠭᠢᠯᠠᠭ᠎ᠠ ᠶᠢᠨ ᠰᠠᠭᠤᠷᠢᠨ ᠭᠠᠵᠠᠷ ᠪᠣᠯᠭᠠᠨ ᠬᠥᠭᠵᠢᠭᠦᠯᠦᠨ᠎ᠡ᠃ ᠬᠢᠩᠭᠠᠨ | ᠠᠶᠢᠮᠠᠭ ᠤᠨ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠲᠥᠷᠥᠯ | ᠵᠦᠢᠯ ᠤᠨ ᠲᠣᠭᠤᠷᠢᠨ ᠳᠤ᠂ ᠠᠮᠤ ᠪᠤᠳᠠᠭ᠎ᠠ ᠲᠣᠰᠣᠨ ᠤ ᠡᠳ᠋ ᠪᠠᠷᠠᠭ᠎ᠠ ᠨᠥᠭᠡᠴᠡᠯᠡᠬᠦ᠂ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠡᠳ᠋ ᠪᠠᠷᠠᠭ᠎ᠠ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡᠨ ᠵᠡᠷᠭᠡ ᠪᠠᠴᠢᠮ | ᠪᠠᠶᠢᠳᠠᠯ ᠢ ᠠᠷᠭᠠᠴᠠᠬᠤ ᠣᠯᠠᠨ ᠵᠦᠢᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠭᠤᠤᠯ ᠨᠥᠭᠡᠴᠡᠯᠡᠬᠦ | ᠪᠡᠯᠡᠳᠬᠡᠮᠵᠢ ᠶᠢᠨ ᠡᠬᠢ ᠪᠠᠶᠠᠯᠢᠭ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ | ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | 9. ᠪᠠᠷᠠᠭᠠᠨ ᠤ ᠭᠦᠢᠯᠭᠡᠭᠡᠨ ᠤ ᠲᠤᠰᠬᠠᠶ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠪᠠᠷᠠᠭᠠᠨ ᠤ | ᠭᠦᠢᠯᠭᠡᠭᠡᠨ ᠤ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ | ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠴᠤᠭᠯᠠᠷᠠᠭᠤᠯᠤᠨ᠂ ᠣᠷᠣᠨ ᠪᠦᠰᠡ ᠶᠢᠨ ᠪᠠᠷᠠᠭᠠᠨ ᠤ | ᠭᠦᠢᠯᠭᠡᠭᠡᠨ ᠤ ᠮᠡᠳᠡᠭᠡ ᠵᠠᠩᠭᠢ ᠪᠠ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠬᠠᠮᠲᠤᠪᠠᠷ ᠡᠳ᠋ᠯᠡᠬᠦ ᠶᠢ | ᠠᠬᠢᠭᠤᠯᠵᠤ᠂ ᠡᠯ᠎ᠡ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠ ᠥᠨᠳᠥᠷ ᠦᠷ᠎ᠡ ᠪᠠᠷᠠᠭᠠᠨ ᠤ ᠭᠦᠢᠯᠭᠡᠭᠡᠨ ᠤ ᠦᠢᠯᠡᠰ ᠪᠣᠯᠤᠨ ᠦᠢᠯᠡᠳᠬᠦ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠢᠨᠲ᠋ᠧᠷ ᠰᠦᠯᠵᠢᠶ᠎ᠡ +︾ ᠥᠨᠳᠥᠷ ᠦᠷ᠎ᠡ ᠪᠦᠲᠦᠮᠵᠢᠲᠡᠶ | ᠪᠠᠷᠠᠭᠠᠨ ᠤ ᠭᠦᠢᠯᠭᠡᠭᠡᠨ ᠪᠠ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠦᠢᠯᠡᠳᠬᠦ ᠦᠢᠯᠡᠰ ᠲᠤ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠬᠥᠮᠥᠷᠭᠡ ᠶᠢᠨ | ᠬᠠᠳᠠᠭᠠᠯᠠᠯᠲᠠ᠂ ︽ᠱᠤᠭᠤᠮ ᠤᠨ ᠬᠠᠵᠠᠭᠤ ᠶᠢᠨ ᠪᠠᠷᠠᠭᠠᠨ ᠤ ᠭᠦᠢᠯᠭᠡᠭᠡᠨ︾᠂ ᠬᠠᠩᠭᠠᠯᠭ᠎ᠠ ᠶᠢᠨ ᠬᠡᠯᠬᠢᠶᠡᠰᠦ ᠶᠢᠨ | ᠪᠠᠷᠠᠭᠠᠨ ᠤ ᠭᠦᠢᠯᠭᠡᠭᠡᠨ ᠢ ᠨᠢᠭᠡ ᠴᠤᠭᠴᠠᠵᠢᠭᠤᠯᠬᠤ ᠦᠢᠯᠡᠴᠢᠯᠡᠭᠡᠨ ᠵᠡᠷᠭᠡ ᠪᠠᠷᠠᠭᠠᠨ ᠤ ᠭᠦᠢᠯᠭᠡᠭᠡᠨ ᠤ | ᠰᠢᠢᠳᠪᠦᠷᠢᠯᠡᠬᠦ ᠲᠥᠰᠦᠯ ᠢ ᠪᠡᠶ᠎ᠡ ᠪᠠᠷ ᠢᠶᠠᠨ ᠲᠣᠭᠲᠠᠭᠠᠨ ᠬᠢᠯᠭᠡᠬᠦ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠦᠢᠯᠡᠳᠬᠦ ᠦᠢᠯᠡᠰ ᠤᠨ | ᠲᠥᠪᠯᠡᠷᠡᠭᠰᠡᠨ ᠲᠣᠭᠤᠷᠢᠭ ᠲᠤ ᠲᠥᠯᠥᠪᠵᠢᠭᠦᠯᠭᠡ ᠬᠢᠵᠦ᠂ ᠣᠶᠤᠨᠴᠢ ᠥᠨᠳᠥᠷ ᠦᠷ᠎ᠡ ᠪᠦᠲᠦᠮᠵᠢᠲᠡᠶ ᠲᠦᠷᠭᠡᠨ | ᠬᠦᠷᠭᠡᠬᠦ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠪᠠᠷᠠᠭᠠᠨ ᠤ ᠭᠦᠢᠯᠭᠡᠭᠡᠨ ᠤ ᠦᠢᠯᠡᠰ ᠬᠢᠭᠡᠳ | ᠦᠢᠯᠡᠳᠬᠦ ᠦᠢᠯᠡᠰ ᠤᠨ ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠤᠯᠲᠠ ᠠᠴᠠ ᠬᠠᠩᠭᠠᠯᠭ᠎ᠠ ᠶᠢᠨ ᠬᠡᠯᠬᠢᠶ᠎ᠡ ᠶᠢᠨ | ᠬᠤᠷᠠᠮᠠᠯ ᠳᠠᠰᠢ ᠬᠤᠪᠢᠷᠠᠭᠤᠯᠬᠤ ᠶᠢ ᠳᠡᠮᠵᠢᠵᠦ᠂ ᠳᠣᠲᠣᠭᠠᠳᠤ ᠳᠠᠭᠠᠨ ᠥᠪᠡᠷ ᠤᠨ ᠥᠷᠲᠡᠭ ᠢᠶᠠᠨ | ᠪᠠᠭᠤᠷᠠᠭᠤᠯᠬᠤ ᠪᠠᠷ ᠳᠠᠮᠵᠢᠭᠤᠯᠤᠨ᠂ ᠭᠠᠳᠠᠨ᠎ᠠ ᠠᠴᠠ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ | ᠦᠢᠯᠡᠰ ᠤᠨ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ ᠦᠢᠯᠡᠴᠢᠯᠡᠭᠡ ᠶᠢ ᠴᠢᠩᠭᠠᠳᠬᠠᠵᠤ᠂ | ᠪᠥᠬᠦ ᠠᠶᠢᠮᠠᠭ ᠤᠨ 181 ᠵᠤᠷᠪᠤᠰ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ | ᠂ 845 ᠪᠠᠶᠢᠭᠤᠯᠤᠯᠳᠤ ᠲᠣᠰᠬᠤᠨ ᠤ ᠠᠶᠠᠨᠴᠢᠳ ᠤᠨ ᠮᠠᠰᠢᠨ ᠲᠡᠷᠭᠡ ᠨᠡᠪᠲᠡᠷᠡᠬᠦ ᠨᠣᠷᠮ᠎ᠠ ᠶᠢ 100% ᠳᠤ | ᠬᠦᠷᠦᠭᠦᠯᠬᠦ ᠶᠢ ᠦᠨᠡᠨᠬᠦ ᠪᠠᠲᠤᠯᠠᠵᠤ᠂ ᠲᠠᠯᠠᠪᠤᠷ ᠥᠷᠲᠡᠭᠡ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ᠂ | ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠷᠢᠯᠴᠠᠨ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠲᠡᠭᠡ ᠲᠠᠯᠠᠪᠤᠷ᠂ ᠵᠠᠮ ᠱᠤᠭᠤᠮ᠂ | ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠬᠤ᠂ ᠬᠠᠮᠲᠤᠪᠠᠷ ᠭᠥᠷᠳᠡᠬᠦ᠂ ᠬᠠᠮᠲᠤᠪᠠᠷ ᠬᠡᠷᠡᠭᠯᠡᠬᠦ ᠶᠢ | ᠪᠡᠶᠡᠯᠡᠭᠦᠯᠵᠦ᠂ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠡᠩᠴᠡᠭᠦᠷᠢᠰᠢᠬᠦ | ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ | ᠪᠠᠭᠤᠷᠠᠭᠤᠯᠵᠤ ᠪᠠᠷᠠᠭᠠᠨ ᠤ ᠭᠦᠢᠯᠭᠡᠭᠡᠨ ᠤ ᠬᠦᠢᠰᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠮᠦᠷ | ᠵᠠᠮ ᠪᠠ ᠨᠢᠰᠬᠡᠯ ᠤᠨ ᠪᠠᠭᠤᠳᠠᠯ ᠤᠨ ᠪᠠᠷᠠᠭᠠᠨ ᠤ ᠲᠡᠭᠡᠭᠡᠪᠦᠷᠢ ᠶᠢᠨ ᠥᠷᠲᠡᠭᠡ ᠶᠢᠨ AI᠂ ᠪᠠᠷᠠᠭᠠᠨ ᠤ ᠮᠡᠳᠡᠭᠡ | ᠵᠠᠩᠭᠢ ᠶᠢᠨ ᠰᠦᠯᠵᠢᠶ᠎ᠡ᠂ ᠮᠠᠰᠢᠨ ᠬᠥᠮᠦᠨ᠂ AR/VR᠂ 5G ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ | ᠵᠣᠷᠢᠭᠵᠢᠭᠤᠯᠵᠤ᠂ ᠠᠦ᠋ᠲ᠋ᠣᠴᠢᠯᠠᠭᠰᠠᠨ ᠪᠡᠶᠡᠲᠦ ᠬᠥᠮᠥᠷᠭᠡ ᠶᠢ ᠳᠡᠯᠭᠡᠷᠡᠭᠦᠯᠦᠨ᠂ ᠲᠡᠭᠡᠭᠡᠪᠦᠷᠢ ᠶᠢᠨ ᠲᠡᠷᠭᠡ᠂ | ᠣᠶᠤᠨᠴᠢ ᠬᠦᠷᠭᠡᠯᠲᠡ ᠶᠢᠨ ᠢᠯᠭᠠᠬᠤ ᠪᠠ ᠠᠴᠢᠶᠠᠯᠠᠵᠤ ᠪᠠᠭᠤᠯᠭᠠᠬᠤ ᠲᠥᠬᠦᠭᠡᠷᠦᠮᠵᠢ ᠶᠢᠨ ᠬᠡᠪᠴᠢᠶᠡᠵᠢᠭᠦᠯᠦᠨ | ᠬᠡᠷᠡᠭᠯᠡᠬᠦ ᠶᠢ ᠬᠥᠲᠥᠯᠦᠨ ᠵᠢᠯᠣᠭᠤᠳᠴᠤ᠂ ᠤᠶᠤᠨᠴᠢᠯᠠᠭᠰᠠᠨ ᠣᠪᠣᠭᠠᠯᠠᠬᠤ ᠲᠠᠯᠠᠪᠠᠶ ᠶᠢᠨ ᠬᠥᠭᠵᠢᠯᠲᠡ ᠶᠢ | ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠳᠤ ᠲᠤᠯᠭᠠᠷᠠᠵᠤ ᠪᠠᠶᠢᠭ᠎ᠠ ᠭᠡᠨᠡᠳᠲᠡ ᠶᠢᠨ ᠴᠢᠬᠤᠯᠠ ᠶᠡᠭᠡ ᠠᠰᠠᠭᠤᠳᠠᠯ ᠢ | ᠰᠢᠢᠳᠪᠦᠷᠢᠯᠡᠵᠦ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠲᠤ ᠬᠠᠨᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ | ᠭᠦᠢᠯᠭᠡᠭᠡᠨ ᠤ ᠪᠡᠯᠡᠳᠬᠡᠯ ᠲᠥᠰᠦᠯ ᠢ ᠲᠠᠰ ᠱᠠᠲᠤ ᠬᠤᠪᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ | ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠲᠥᠷᠪᠡ︶ ᠠᠵᠤ ᠠᠬᠤᠶᠢᠯᠠᠯ ᠢ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ | 10. ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠭᠤᠤᠯᠯᠠᠭᠴᠢ ᠠᠵᠤ ᠠᠬᠤᠶᠢᠯᠠᠯ ᠢ ᠲᠡᠳᠬᠦᠨ | ᠳᠡᠮᠵᠢᠨ᠎ᠡ᠃ ᠬᠡᠯᠬᠢᠶ᠎ᠡ ᠬᠤᠳᠠᠯᠳᠤᠭ᠎ᠠ ᠬᠡᠲᠦ᠂ ᠬᠤᠲᠠ ᠬᠥᠳᠡᠭᠡ ᠶᠢᠨ ᠳᠣᠭᠢᠷᠠᠭᠤᠯᠤᠨ ᠬᠦᠷᠭᠡᠬᠦ᠂ ᠶᠡᠷᠦᠩᠬᠡᠶᠢᠯᠡᠭᠰᠡᠨ | ᠪᠠᠷᠠᠭᠠᠨ ᠤ ᠭᠦᠢᠯᠭᠡᠭᠡᠨ᠂ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ᠂ | ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡ᠂ ᠭᠦᠢᠳᠡᠨ ᠬᠡᠯᠬᠢᠶ᠎ᠡ ᠶᠢᠨ ᠪᠠᠷᠠᠭᠠᠨ ᠤ ᠭᠦᠢᠯᠭᠡᠭᠡᠨ ᠵᠡᠷᠭᠡ ᠬᠦᠷᠢᠶ᠎ᠡ | ᠴᠠᠷᠠᠭ᠎ᠠ ᠳᠤ ᠨᠢᠭᠡ ᠪᠦᠯᠦᠭ ᠭᠤᠤᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ᠂ ᠦᠢᠯᠡᠴᠢᠯᠡᠭᠡᠨ ᠤ ᠬᠢᠷᠢ | ᠬᠡᠮᠵᠢᠶ᠎ᠡ ᠪᠠᠷ ᠥᠨᠳᠥᠷ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠠᠷᠠᠯᠵᠢᠶ᠎ᠠ | ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠭᠤᠤᠯᠯᠠᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠪᠥᠷ | ᠮᠣᠩᠭᠤᠯ ᠤᠨ ᠮᠧᠩ ᠵᠢᠶᠠ ᠠᠮᠤ ᠪᠤᠳᠠᠭ᠎ᠠ ᠲᠣᠰᠣᠨ ᠤ ᠠᠵᠤ ᠦᠢᠯᠡᠳᠪᠦᠷᠢ ᠶᠢᠨ ᠪᠦᠯᠦᠭᠯᠡᠯ ᠺᠣᠮᠫᠠᠨᠢ᠂ ᠥᠪᠥᠷ | ᠮᠣᠩᠭᠤᠯ ᠤᠨ ᠳ᠋ᠠ ᠯᠦᠩ ᠲᠡᠭᠡᠭᠡᠪᠦᠷᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠲᠣᠰ ᠭᠠᠵᠠᠷ ᠣᠷᠣᠨ ᠤ | ᠬᠥᠲᠥᠴᠢ ᠨᠢᠷᠤᠭᠤᠪᠴᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ | ᠲᠡᠳᠬᠦᠨ ᠳᠡᠮᠵᠢᠵᠦ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠥᠲᠥᠴᠢ ᠪᠣᠯᠭᠠᠨ ᠪᠠᠶᠢᠭᠤᠯᠤᠨ᠎ᠠ᠃ | ᠨᠥᠬᠦᠴᠡᠯ ᠳᠤ ᠨᠡᠶᠢᠴᠡᠬᠦ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ᠂ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠤᠯᠪᠣᠭᠠᠯᠠᠨ ᠬᠠᠮᠲᠤᠷᠠᠯᠴᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠡᠬᠢ ᠪᠠᠶᠠᠯᠢᠭ ᠢᠶᠠᠨ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠳᠡᠮᠵᠢᠨ | ᠵᠣᠷᠢᠭᠵᠢᠭᠤᠯᠵᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠥᠷᠭᠡᠳᠬᠡᠨ᠂ ᠮᠡᠷᠭᠡᠵᠢᠯ ᠤᠨ ᠰᠢᠨ᠎ᠡ ᠶᠢ ᠡᠭᠦᠳᠬᠦ | ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠥᠷᠨᠢᠭᠦᠯᠦᠨ᠎ᠡ᠃ ᠣᠲᠣ ᠶᠢᠨ ᠪᠠᠶᠢᠭ᠎ᠠ ᠶᠡᠭᠡ | ᠬᠡᠮᠵᠢᠶᠡᠨ ᠤ ᠲᠠᠸᠠᠷ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠠᠬᠢᠭᠤᠯᠵᠤ᠂ ᠠᠷᠠᠯᠵᠢᠶᠠᠯᠠᠬᠤ᠂ ᠪᠠᠯᠠ ᠳᠣᠭᠢᠷᠠᠭᠤᠯᠬᠤ᠂ ᠮᠡᠳᠡᠭᠡ ᠵᠠᠩᠭᠢ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ | ᠭᠦᠢᠯᠭᠡᠭᠡᠨ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ ᠦᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ᠶᠡᠭᠡ | ᠬᠡᠮᠵᠢᠶᠡᠨ ᠤ ᠲᠠᠸᠠᠷ ᠤᠨ ᠠᠷᠠᠯᠵᠢᠶᠠᠨ ᠤ ᠲᠠᠪᠴᠠᠩ ᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | 11. ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠴᠤ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠦᠯᠡᠳᠡᠭᠡᠯ ᠭᠠᠵᠠᠷ ᠰᠢᠷᠣᠶ ᠶᠢᠨ ᠡᠬᠢ ᠪᠠᠶᠠᠯᠢᠭ ᠢ | ᠣᠯᠠᠨ ᠠᠷᠭ᠎ᠠ ᠵᠠᠮ ᠢᠶᠠᠷ ᠡᠮᠬᠢᠯᠡᠨ ᠨᠡᠶᠢᠯᠡᠭᠦᠯᠵᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠠᠶᠢᠮᠠᠭ ᠬᠤᠰᠢᠭᠤ ᠬᠤᠶᠠᠷ | ᠱᠠᠲᠤ ᠨᠢ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠪᠠᠯᠠ ᠮᠥᠩᠭᠦ ᠶᠢ | ᠬᠥᠲᠥᠯᠦᠨ ᠵᠢᠯᠣᠭᠤᠳᠴᠤ ᠪᠠᠶᠢᠭᠠᠳ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ | ᠬᠥᠭᠵᠢᠯᠲᠡ ᠶᠢᠨ ᠲᠥᠷᠥᠯ ᠵᠦᠢᠯ ᠤᠨ ᠪᠥᠲᠥᠭᠡᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ | ᠭᠤᠤᠯᠳᠠᠯᠭ᠎ᠠ ᠲᠠᠢ ᠬᠠᠷᠢᠯᠴᠠᠬᠤ ᠠᠵᠤ ᠠᠬᠤᠶᠢᠯᠠᠯ ᠤᠨ ᠨᠡᠷᠡᠰ ᠢ ᠪᠠᠶᠢᠭᠤᠯᠵᠤ᠂ ᠨᠡᠷᠡᠰ ᠤᠨ ᠳᠣᠲᠣᠷᠠᠬᠢ ᠠᠵᠤ | ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠪᠠ ᠬᠡᠷᠡᠭᠯᠡᠬᠦ᠂ ᠪᠠᠷᠠᠭᠠᠨ ᠤ ᠭᠦᠢᠯᠭᠡᠭᠡᠨ ᠤ | ᠪᠠᠷᠢᠮᠵᠢᠶᠠᠵᠢᠭᠤᠯᠤᠯᠲᠠ ᠵᠡᠷᠭᠡ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠠᠮᠢᠶ᠎ᠠ ᠪᠥᠬᠦᠶ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠩᠭᠠᠯᠭ᠎ᠠ ᠶᠢᠨ | ᠬᠡᠯᠬᠢᠶᠡᠰᠦ ᠶᠢᠨ ᠮᠥᠩᠭᠦᠨ ᠭᠦᠢᠯᠭᠡᠭᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠵᠢᠷᠤᠮᠵᠢᠭᠤᠯᠤᠨ | ᠬᠥᠭᠵᠢᠭᠦᠯᠵᠦ᠂ ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 12. ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠶ ᠪᠠᠷᠠᠭᠠᠨ ᠤ ᠭᠦᠢᠯᠭᠡᠭᠡᠨ ᠤ | ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠵᠤ᠂ ᠨᠢᠭᠡ ᠪᠦᠯᠦᠭ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠴᠢᠳᠠᠪᠤᠷᠢ ᠲᠠᠢ᠂ ᠬᠠᠩᠭᠠᠯᠭ᠎ᠠ ᠶᠢᠨ ᠬᠡᠯᠬᠢᠶᠡᠰᠦ ᠶᠢ ᠰᠢᠢᠳᠪᠦᠷᠢᠯᠡᠬᠦ ᠲᠥᠰᠦᠯ ᠢ ᠲᠡᠭᠦᠯᠳᠡᠷᠵᠢᠭᠦᠯᠦᠭᠰᠡᠨ | ᠳᠥᠷᠪᠡᠳᠦᠭᠡᠷ ᠲᠠᠯ᠎ᠠ᠂ ᠲᠠᠪᠤᠳᠤᠭᠠᠷ ᠲᠠᠯ᠎ᠠ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠬᠦᠴᠦᠯᠡᠨ | ᠣᠷᠣᠭᠤᠯᠵᠤ᠂ ᠳᠡᠯᠡᠬᠡᠶ ᠳᠡᠭᠡᠷ᠎ᠡ ᠥᠷᠢᠰᠦᠯᠳᠦᠬᠦ ᠬᠦᠴᠦᠨ ᠲᠠᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ | ᠪᠤᠶᠢᠵᠢᠭᠤᠯᠤᠨ᠎ᠠ᠃ ᠱᠠᠨᠳᠦ᠋ᠩ ᠤᠨ ᠱᠦᠶ ᠹᠠ ᠪᠦᠯᠦᠭᠯᠡᠯ᠂ ᠱᠦᠨ ᠹᠧᠩ ᠬᠦᠶ᠋ᠲᠡᠨ ᠬᠡᠯᠬᠢᠶᠡᠲᠦ ᠪᠠᠷᠠᠭᠠᠨ ᠤ | ᠭᠦᠢᠯᠭᠡᠭᠡ ᠵᠡᠷᠭᠡ ᠨᠠᠷᠠᠲᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠲᠠᠵᠤ᠂ ᠬᠢᠩᠭᠠᠨ ᠠᠶᠢᠮᠠᠭ ᠤᠨ | ᠤᠨᠴᠠᠯᠢᠭᠳᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠳᠣᠲᠣᠭᠠᠳᠤ | ᠭᠠᠳᠠᠭᠠᠳᠤ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠨ᠂ ᠬᠥᠭᠵᠢᠭᠰᠡᠨ ᠭᠠᠵᠠᠷ ᠣᠷᠣᠨ ᠤ ᠪᠡᠯᠡ | ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠡᠯᠧᠮᠧᠨ᠋ᠲ ᠢ ᠰᠠᠶᠢᠲᠤᠷ ᠬᠡᠷᠡᠭᠯᠡᠵᠦ᠂ ᠬᠦᠴᠦᠨ ᠢᠶᠠᠨ ᠠᠰᠢᠭᠯᠠᠨ | ᠬᠥᠭᠵᠢᠭᠦᠯᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︶ | ︵ᠲᠠᠪᠤ︶ ᠪᠣᠭᠤᠮᠲᠠ ᠪᠠᠷ ᠥᠩᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ | 13. ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠨᠳᠥᠷ | ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠷᠠᠰᠢᠶᠠᠨ | ᠪᠣᠭᠤᠮᠲᠠ ᠶᠢᠨ ᠤᠰᠤᠨ ᠭᠠᠷᠤᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠴᠢᠨᠠᠷ ᠰᠠᠶᠢᠲᠠᠶ ᠠᠵᠢᠯᠯᠠᠭᠤᠯᠵᠤ | ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠰ ᠳᠡᠪᠰᠢᠭᠰᠡᠨ ᠬᠡᠪ ᠢ ᠪᠠᠶᠢᠭᠤᠯᠬᠤ᠂ ᠪᠣᠭᠤᠮᠲᠠ ᠶᠢᠨ ᠣᠯᠠᠨ | ᠤᠯᠤᠰ ᠤᠨ ᠠᠷᠠᠯᠵᠢᠶ᠎ᠠ ᠶᠢᠨ ︽ᠭᠠᠭᠴᠠ ᠴᠣᠩᠬᠤᠪᠴᠢ︾ ᠤᠶᠤᠨᠲᠤ ᠺᠠᠷᠲ᠂ ᠤᠶᠤᠨᠲᠤ ᠲᠡᠷᠭᠡᠨ ᠵᠣᠭᠰᠣᠭᠠᠯ | ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠤᠶᠤᠨᠲᠤ ᠺᠠᠷᠲ | ᠲᠥᠬᠦᠭᠡᠷᠦᠮᠵᠢ ᠶᠢ ᠤᠭᠰᠠᠷᠠᠬᠤ ᠵᠢᠴᠢ ᠥᠪᠡᠷᠲᠡᠭᠡᠨ ᠵᠠᠰᠠᠬᠤ ᠣᠷᠣᠨ ᠤ ᠶᠦᠨ ᠺᠠ ᠺᠧᠦ ᠲᠠᠢ ᠰᠦᠯᠵᠢᠶᠡᠵᠢᠭᠦᠯᠦᠨ | ᠰᠢᠯᠭᠠᠨ ᠬᠡᠮᠵᠢᠬᠦ ᠶᠢ ᠪᠡᠶᠡᠯᠡᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠤᠨ ᠢᠷᠡᠯᠲᠡ ᠶᠢ ᠡᠷᠢᠬᠦ ᠬᠠᠮᠢᠶᠠᠷᠤᠯᠲᠠ᠂ | ᠨᠢᠭᠡ ᠯᠡ ᠥᠷᠲᠡᠭᠡᠨ ᠤ ᠮᠠᠶ᠋ᠢᠭ ᠤᠨ ᠪᠣᠭᠤᠮᠲᠠ ᠥᠩᠭᠡᠷᠡᠬᠦ᠂ ᠳᠣᠭᠢᠷᠠᠭᠤᠯᠤᠨ ᠵᠢᠯᠣᠭᠤᠳᠬᠤ᠂ ᠲᠣᠮᠣ ᠳ᠋ᠠᠶᠢᠲ᠋ᠠ ᠶᠢᠨ | ᠵᠠᠳᠠᠯᠤᠯᠲᠠ ᠶᠢᠨ ᠰᠢᠰᠲ᠋ᠧᠮ ᠪᠠ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ᠂ ᠡᠯᠧᠺᠲᠷᠣᠨ ᠬᠤᠳᠠᠯᠳᠤᠭᠠᠨ ᠤ | ᠶᠠᠪᠤᠳᠠᠯ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠢ ᠪᠠᠶᠢᠭᠤᠯᠵᠤ᠂ ᠳ᠋ᠠᠶᠢᠲ᠋ᠠ ᠶᠢᠨ ᠵᠠᠯᠭᠠᠭᠠᠰᠤ ᠶᠢᠨ | ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ | ᠪᠣᠭᠤᠮᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ | ᠲᠣᠪᠴᠢᠶ᠎ᠠ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 14᠂ ᠭᠠᠳᠠᠭᠠᠳᠤ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠥᠬᠡᠶ ᠵᠢᠱᠢᠶ᠎ᠡ | ᠦᠵᠡᠭᠦᠯᠬᠦ ᠰᠢᠶᠠᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ | ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠥᠭᠡᠷᠡᠴᠢᠯᠡᠨ ᠲᠠᠰ ᠳᠡᠪᠰᠢᠭᠦᠯᠬᠦ ᠶᠢ ᠬᠥᠲᠥᠯᠦᠨ ᠵᠢᠯᠣᠭᠤᠳᠬᠤ᠂ | ᠭᠠᠳᠠᠭᠠᠳᠤ ᠳᠤ ᠭᠠᠷᠭᠠᠬᠤ ᠦᠶ᠋ᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ ᠳᠤ ᠬᠥᠭᠵᠢᠯᠲᠡ ᠶᠢᠨ ᠳᠠᠯᠳᠠ | ᠬᠦᠴᠦᠨ ᠢᠶᠠᠷ ᠶᠡᠭᠡ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠴᠢᠩᠭ᠎ᠠ ᠰᠢᠶᠠᠨ ᠤ ᠬᠡᠪᠴᠢᠶᠡᠨ ᠤ ᠭᠠᠳᠠᠭᠰᠢ | ᠴᠢᠭᠯᠡᠭᠦᠯᠦᠭᠰᠡᠨ ᠬᠡᠯᠪᠡᠷᠢ ᠶᠢᠨ ᠠᠵᠤ ᠦᠢᠯᠡᠰ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠴᠢᠦᠸᠠᠨ | ᠰᠢᠶᠠᠨ ᠤ ᠪᠥᠬᠦ ᠣᠷᠣᠨ ᠤ ᠰᠢᠶᠠᠨ ᠤ ᠬᠡᠪᠴᠢᠶᠡᠨ ᠤ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠥᠬᠡᠶ | ᠵᠢᠱᠢᠶ᠎ᠡ ᠦᠵᠡᠭᠦᠯᠬᠦ ᠭᠠᠵᠠᠷ ᠣᠷᠣᠨ ᠢ ᠴᠢᠷᠮᠠᠶᠢᠨ ᠡᠭᠦᠳᠬᠦ ᠶᠢ ᠢᠳᠡᠪᠬᠢᠲᠡᠶ ᠪᠠᠷ ᠠᠬᠢᠭᠤᠯᠤᠨ᠎ᠠ᠃ ᠳᠤᠮᠳᠠᠳᠤ ᠤᠯᠤᠰ | ︵ᠬᠢᠩᠭᠠᠨ ᠠᠶᠢᠮᠠᠭ︶ ᠤᠨ ᠪᠣᠬᠢᠷᠲᠤᠯ ᠦᠭᠡᠶ ᠠᠵᠤ ᠦᠢᠯᠡᠰ ᠤᠨ ᠦᠵᠡᠭᠦᠯᠦᠯᠭᠡ ᠶᠢᠨ ᠴᠤᠭᠯᠠᠭᠠᠨ᠂ ᠮᠣᠩᠭᠤᠯ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠭᠦᠯᠦᠯᠭᠡ ᠶᠢᠨ ᠵᠥᠪᠳᠡᠯᠴᠡᠭᠡᠨ ᠤ | ᠬᠤᠷᠠᠯ ᠢ ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ | ᠷᠠᠰᠢᠶᠠᠨ ᠪᠣᠭᠤᠮᠲᠠ ᠶᠢ ᠲᠡᠵᠢᠭᠡᠯ ᠡᠪᠡᠰᠦ᠂ ᠮᠢᠬᠠᠨ ᠤ ᠵᠦᠢᠯ᠂ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠣᠭᠲᠠᠭᠰᠠᠨ ᠪᠣᠭᠤᠮᠲᠠ ᠪᠠᠷ ᠲᠣᠭᠲᠠᠭᠠᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ | ᠡᠨᠧᠷᠭᠢ ᠶᠢᠨ ᠡᠬᠢ ᠪᠠᠶᠠᠯᠢᠭ᠂ ᠢᠳᠡᠭᠡᠨ ᠪᠣᠯᠪᠠᠰᠤᠷᠠᠭᠤᠯᠬᠤ᠂ ᠠᠷᠠᠰᠤ ᠰᠢᠷᠢ ᠪᠣᠯᠪᠠᠰᠤᠷᠠᠭᠤᠯᠬᠤ᠂ ᠬᠤᠨᠢᠨ ᠨᠣᠤᠰᠣ | ᠤᠬᠢᠶᠠᠬᠤ᠂ ᠬᠤᠲᠠ ᠶᠢᠨ ᠨᠣᠭᠤᠭᠠᠷᠠᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠭᠲᠠᠪᠤᠷᠢᠵᠢᠭᠤᠯᠬᠤ | ᠪᠠ ᠪᠠᠶᠢᠩᠭᠤᠵᠢᠭᠤᠯᠬᠤ ᠶᠢ ᠪᠠᠲᠤᠯᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ | ᠥᠷᠲᠡᠭ ᠢ ᠵᠢᠯ ᠪᠦᠷᠢ 5% ᠠᠴᠠ ᠳᠡᠭᠡᠭᠰᠢ ᠨᠡᠮᠡᠭᠳᠡᠭᠦᠯᠵᠦ᠂ 2023 ᠣᠨ ᠳᠤ 2.4 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ 2025 ᠣᠨ ᠳᠤ 2.7 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | 15. ᠪᠣᠭᠤᠮᠲᠠ ᠬᠢᠭᠡᠳ ᠥᠷᠥᠴᠡ ᠭᠠᠵᠠᠷ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠷᠠᠰᠢᠶᠠᠨ | ᠪᠣᠭᠤᠮᠲᠠ ᠶᠢᠨ ᠵᠢᠯ ᠲᠤᠷᠰᠢ ᠨᠡᠭᠡᠭᠡᠯᠲᠡ ᠬᠢᠬᠦ ᠶᠢ ᠲᠦᠷᠭᠡᠳᠬᠡᠨ ᠠᠬᠢᠭᠤᠯᠤᠨ᠎ᠠ᠃ ᠷᠠᠰᠢᠶᠠᠨ ᠬᠤᠲᠠ ᠪᠣᠭᠤᠮᠲᠠ ᠶᠢᠨ | ᠳᠠᠪᠠᠭᠤᠯᠢᠭ ᠲᠤ ᠰᠠᠭᠤᠷᠢᠯᠠᠨ᠂ ᠪᠣᠭᠤᠮᠲᠠ ᠶᠢᠨ ᠰᠠᠭᠤᠷᠢ ᠪᠡᠯᠡᠳᠬᠡᠮᠵᠢ ᠪᠠ ᠢᠵᠢ ᠪᠥᠷᠢᠳᠦᠭᠦᠯᠬᠦ ᠦᠢᠯᠡᠴᠢᠯᠡᠭᠡᠨ ᠤ | ᠴᠢᠳᠠᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠪᠠ | ᠪᠣᠭᠤᠮᠲᠠ ᠶᠢᠨ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ︔ ᠤᠯᠠᠭᠠᠨᠬᠤᠲᠠ ᠨᠢ ᠣᠲᠣ ᠶᠢᠨ ᠪᠠᠶᠢᠭ᠎ᠠ ᠠᠵᠤ | ᠦᠢᠯᠡᠰ ᠤᠨ ᠰᠠᠭᠤᠷᠢ ᠪᠠ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠮᠣᠩᠭᠤᠯ ᠤᠯᠤᠰ ᠤᠨ ᠴᠢᠬᠤᠯᠠ | ᠡᠨᠧᠷᠭᠢ ᠶᠢᠨ ᠠᠭᠤᠷᠬᠠᠶ ᠶᠢᠨ ᠭᠠᠷᠤᠯᠲᠠ ᠪᠠ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ | ᠬᠥᠭᠵᠢᠯᠲᠡ ᠶᠢ ᠪᠣᠳᠠᠲᠠᠶᠢᠵᠢᠭᠤᠯᠤᠨ ᠡᠳ᠋ᠰᠢᠭᠦᠯᠦᠨ ᠬᠤᠪᠢᠷᠠᠭᠤᠯᠬᠤ ᠶᠢ ᠢᠳᠡᠪᠬᠢᠲᠡᠶ ᠪᠠᠷ ᠵᠠᠯᠭᠠᠨ ᠠᠪᠴᠤ᠂ ᠷᠦᠩ | ᠷᠦᠢ ᠠᠭᠤᠷᠬᠠᠶ ᠶᠢᠨ ᠭᠠᠷᠤᠯᠲᠠ᠂ ᠬᠤᠷᠴᠢᠨ ᠸᠠᠨ ᠵᠢᠶᠠ ᠵᠡᠷᠭᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠲᠡᠳᠬᠦᠨ | ᠳᠡᠮᠵᠢᠨ᠎ᠡ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠰᠢᠶᠠᠨ ᠤ | ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠥᠬᠡᠶ ᠵᠢᠱᠢᠶ᠎ᠡ ᠦᠵᠡᠭᠦᠯᠬᠦ | ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠯᠤᠰ ᠳᠣᠷᠣᠨᠠᠲᠤ ᠶᠢᠨ ᠪᠠᠷᠠᠭᠠᠨ ᠤ | ᠭᠦᠢᠯᠭᠡᠭᠡᠨ ᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ ᠠᠬᠢᠭᠤᠯᠵᠤ᠂ ᠬᠢᠲᠠᠳ | ᠡᠪᠡᠰᠦᠨ ᠡᠮ᠂ ᠦᠨᠳᠦᠰᠦᠲᠡᠨ ᠤ ᠬᠤᠪᠴᠠᠰᠤ ᠵᠠᠰᠠᠯ᠂ ᠪᠤᠷᠴᠠᠭ ᠵᠡᠷᠭᠡ ᠳᠠᠪᠠᠭᠤᠯᠢᠭ ᠪᠦᠲᠦᠭᠡᠭᠳᠡᠬᠦᠨ ᠤ ᠭᠠᠳᠠᠭᠠᠳᠤ | ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠨ᠎ᠡ︔ ᠲᠦᠴᠢᠦᠸᠠᠨ ᠰᠢᠶᠠᠨ ᠰᠢᠩ ᠮᠧᠢ ᠰᠢᠨᠵᠢᠯᠡᠬᠦ ᠤᠬᠠᠭᠠᠨ ᠮᠡᠷᠭᠡᠵᠢᠯ᠂ | ᠲᠦᠢᠯ ᠤᠨ ᠴᠢᠳᠬᠤᠯᠲᠠ ᠶᠢᠨ ᠠᠵᠤ ᠦᠢᠯᠡᠰ ᠵᠡᠷᠭᠡ ᠲᠤᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢᠶᠠᠷ | ᠲᠣᠯᠣᠭᠠᠶᠢᠯᠠᠭᠤᠯᠵᠤ᠂ ᠨᠠᠷᠢᠯᠢᠭ ᠴᠢᠳᠬᠤᠯᠲᠠ ᠶᠢᠨ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠲᠦᠷᠭᠡᠨ | ᠬᠥᠭᠵᠢᠭᠦᠯᠪᠡ︔ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠠᠶᠢᠮᠠᠭ ᠤᠨ | ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠰᠢᠨ ᠬᠥ᠋ ᠶᠤᠸᠠᠨ ᠢᠳᠡᠭᠡᠨ᠂ ᠡᠯ ᠯᠦᠩ | ᠳᠦᠨ ᠲᠠᠷᠢᠶᠠᠯᠠᠩ᠂ ᠠᠲᠠᠷ ᠬᠠᠭᠠᠯᠪᠤᠷᠢᠯᠠᠯᠲᠠ ᠶᠢᠨ ᠠᠮᠤ ᠲᠣᠰᠣ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠢ ᠲᠡᠳᠬᠦᠨ ᠳᠡᠮᠵᠢᠵᠦ᠂ ᠡᠯᠳᠡᠪ ᠠᠮᠤ ᠡᠯᠳᠡᠪ ᠪᠤᠷᠴᠠᠭ | ᠵᠡᠷᠭᠡ ᠳᠠᠪᠠᠭᠤᠯᠢᠭ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠳᠠᠭᠠᠳᠤ ᠳᠤ | ᠭᠠᠷᠭᠠᠬᠤ ᠬᠡᠪᠴᠢᠶ᠎ᠡ ᠶᠢ ᠥᠷᠭᠡᠳᠬᠡᠨ᠎ᠡ︔ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠨᠢ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠭᠠᠶᠢᠯᠢ ᠪᠠᠲᠤᠯᠠᠬᠤ ᠵᠡᠷᠭᠡ ᠰᠠᠭᠤᠷᠢ ᠢᠵᠢ | ᠪᠥᠷᠢᠳᠦᠭᠦᠯᠬᠦ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠡᠮᠦᠷ ᠤᠨ ᠬᠦᠳᠡᠷ᠂ ᠠᠮᠤ ᠪᠤᠳᠠᠭ᠎ᠠ᠂ | ᠨᠡᠭᠦᠷᠡᠰᠦ ᠵᠡᠷᠭᠡ ᠭᠠᠳᠠᠭᠠᠳᠤ ᠠᠴᠠ ᠣᠷᠣᠭᠤᠯᠤᠭᠰᠠᠨ ᠦᠢᠯᠡᠳᠬᠦᠨ ᠢ ᠪᠣᠳᠠᠲᠠᠶᠢᠵᠢᠭᠤᠯᠤᠨ ᠡᠳ᠋ᠰᠢᠭᠦᠯᠬᠦ ᠪᠤᠶᠤ | ᠳᠠᠮᠵᠢᠭᠤᠯᠤᠨ ᠭᠠᠳᠠᠭᠰᠢ ᠲᠡᠭᠡᠭᠡᠪᠦᠷᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 16. ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ᠃ ᠷᠠᠰᠢᠶᠠᠨ ᠤ | ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ | ᠠᠷᠠᠯᠵᠢᠶᠠᠨ ᠤ ᠶᠡᠭᠡ ᠲᠢᠩᠬᠢᠮ᠂ ᠪᠠᠷᠠᠭ᠎ᠠ ᠬᠤᠳᠠᠯᠳᠤᠨ ᠠᠪᠬᠤ ᠶᠡᠭᠡ ᠲᠢᠩᠬᠢᠮ᠂ ᠪᠣᠭᠤᠮᠲᠠ ᠶᠢᠨ ᠪᠠᠶᠢᠴᠠᠭᠠᠨ | ᠰᠢᠯᠭᠠᠬᠤ ᠲᠠᠪᠴᠠᠩ ᠪᠠ ᠬᠢᠨᠠᠨ ᠬᠠᠮᠢᠶᠠᠷᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠮᠣᠩᠭᠤᠯ ᠤᠯᠤᠰ᠂ ᠤᠷᠤᠰ᠂ ᠡᠨᠡᠳᠬᠡᠭ᠂ ᠪᠷᠠᠽᠢᠯ ᠵᠡᠷᠭᠡ ᠠᠵᠤ ᠠᠬᠤᠶᠢᠯᠠᠯ ᠤᠨ ᠬᠠᠷᠢᠯᠴᠠᠨ ᠮᠠᠶᠢᠮᠠᠶᠢᠯᠠᠬᠤ ᠵᠠᠬ᠎ᠠ | ᠳᠡᠯᠭᠡᠭᠦᠷ ᠤᠨ ᠠᠷᠠᠯᠵᠢᠶ᠎ᠠ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠺᠣᠷᠢᠶᠠ᠂ ᠺᠠᠽᠠᠭᠰᠲ᠋ᠠᠨ᠂ | ᠪᠧᠯᠤᠷᠦ᠋ᠰᠢᠶ᠎ᠠ ᠵᠡᠷᠭᠡ 15 ᠤᠯᠤᠰ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠲᠠᠢ ᠵᠣᠯᠭᠠᠭᠤᠯᠵᠤ᠂ ᠠᠷᠠᠰᠤ | ᠰᠢᠷᠢ᠂ ᠭᠠᠳᠠᠭᠠᠳᠤ ᠶᠢᠨ ᠠᠷᠢᠬᠢ᠂ ᠡᠳᠦᠷ ᠳᠤᠳᠤᠮ ᠤᠨ ᠬᠡᠷᠡᠭᠯᠡᠭᠡᠨ ᠤ ᠵᠦᠢᠯ᠂ ᠵᠠᠰᠠᠯ ᠴᠢᠮᠡᠭ ᠤᠨ ᠡᠳ᠋ ᠵᠡᠷᠭᠡ | ᠪᠦᠲᠦᠭᠡᠭᠳᠡᠬᠦᠨ ᠢ ᠣᠷᠣᠭᠤᠯᠤᠨ ᠠᠷᠠᠯᠵᠢᠶᠠᠨ ᠤ ᠲᠣᠭᠤᠷᠢᠭ ᠤᠨ ᠪᠠᠷᠠᠭ᠎ᠠ ᠬᠤᠳᠠᠯᠳᠤᠨ ᠠᠪᠬᠤ ᠲᠢᠩᠬᠢᠮ ᠳᠤ | ᠣᠷᠣᠭᠤᠯᠵᠤ᠂ ᠥᠷᠥᠴᠡ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠨᠠᠷᠮᠠᠶ ᠪᠣᠭᠤᠮᠲᠠ ᠶᠢᠨ ᠠᠵᠤ | ᠠᠬᠤᠢ ᠶᠢ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ | ᠪᠣᠭᠤᠮᠲᠠ ᠶᠢᠨ ᠲᠣᠪᠴᠢᠶ᠎ᠠ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ | ᠨᠢᠭᠡᠴᠢ ᠶᠢᠨ ᠬᠢᠨ ᠤᠨᠴᠠᠯᠢᠭᠳᠤ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠢᠯ ᠢ ᠪᠦᠬᠦ | ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ | ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ | ᠬᠠᠷᠢᠭᠤᠴᠠᠯᠭᠠᠲᠤ ᠤᠳᠤᠷᠢᠳᠤᠯᠭ᠎ᠠ ᠪᠠ ᠲᠤᠰᠬᠠᠶ ᠰᠠᠯᠠᠭ᠎ᠠ ᠲᠠᠰᠤᠭ ᠢ ᠲᠣᠳᠣᠷᠬᠠᠶᠢᠯᠠᠨ᠂ ᠬᠠᠮᠢᠶ᠎ᠠ ᠪᠥᠬᠦᠶ ᠰᠠᠯᠠᠭ᠎ᠠ | ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠲᠤᠰᠬᠠᠶ ᠮᠡᠷᠭᠡᠵᠢᠯᠲᠡᠨ ᠤ ᠡᠩᠨᠡᠭᠡ ᠯᠦᠭᠡ ᠶᠢᠨ | ᠬᠠᠮᠵᠢᠯᠴᠠᠭ᠎ᠠ ᠪᠠᠨ ᠴᠢᠩᠭᠠᠳᠬᠠᠵᠤ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠵᠤ᠂ | ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠢᠬᠤᠯᠠ ᠶᠡᠭᠡ ᠠᠰᠠᠭᠤᠳᠠᠯ ᠢ ᠰᠢᠶ᠋ᠳᠪᠦᠷᠢᠯᠡᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠪᠠᠯᠠ | ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠵᠢᠷᠤᠮᠵᠢᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠳᠡᠭᠡᠭᠰᠢ | ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ | ᠤᠳᠤᠷᠢᠳᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠳᠠᠭᠠᠳᠬᠠᠯ ᠪᠠ | ᠨᠡᠶᠢᠭᠡᠮ ᠤᠨ ᠬᠥᠷᠥᠩᠭᠡ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡᠨ ᠤ ᠠᠵᠤ ᠦᠢᠯᠡᠰ ᠲᠤ ᠣᠷᠣᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠶᠢᠨ ᠦᠢᠯᠡᠳᠦᠯ ᠢ | ᠥᠷᠭᠡᠳᠬᠡᠨ᠎ᠡ᠃ ᠨᠥᠬᠦᠴᠡᠯ ᠲᠠᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰᠬᠠᠶ | ᠵᠦᠢᠯ ᠤᠨ ᠪᠠᠯᠠ ᠮᠥᠩᠭᠦ ᠳᠣᠭᠢᠷᠠᠭᠤᠯᠤᠨ ᠲᠣᠰ ᠭᠠᠵᠠᠷ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ | ᠦᠢᠯᠡᠰ ᠤᠨ ᠬᠥᠭᠵᠢᠯᠲᠡ ᠶᠢ ᠭᠠᠵᠠᠷ ᠬᠡᠷᠡᠭᠯᠡᠬᠦ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ | ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠤᠨ ᠭᠠᠵᠠᠷ ᠰᠢᠷᠣᠶ ᠶᠢ ᠰᠢᠯᠵᠢᠭᠦᠯᠦᠨ | ᠬᠤᠳᠠᠯᠳᠤᠬᠤ ᠵᠡᠷᠭᠡ ᠳᠤ ᠬᠤᠯᠪᠣᠭᠳᠠᠪᠠᠯ ᠤᠷᠢᠳᠠᠪᠠᠷ ᠳᠣᠭᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ︵ᠣᠶᠢᠲᠤ ᠭᠠᠵᠠᠷ︶ ᠤᠨ ᠭᠦᠢᠴᠡᠳᠭᠡᠯ ᠲᠤᠭ᠎ᠠ ᠶᠢ ᠤᠷᠢᠳᠠᠪᠠᠷ ᠪᠠᠲᠤᠯᠠᠨ᠎ᠠ᠃ | ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠳᠠᠯᠠᠨ᠎ᠠ᠃ ᠤᠨᠴᠠᠯᠢᠬᠳᠤ ᠬᠤᠳᠠᠯᠳᠤᠭ᠎ᠠ | ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠴᠢᠬᠤᠯᠠ ᠶᠡᠭᠡ ᠲᠥᠷᠥᠯ ᠵᠦᠢᠯ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠮᠥᠷᠳᠡᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠬᠥᠳᠡᠯᠦᠩᠭᠦᠶ ᠪᠠᠷ ᠬᠢᠨᠠᠨ | ᠬᠡᠮᠵᠢᠬᠦ ᠶᠢ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ | ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ | ᠪᠥᠲᠥᠭᠡᠨ ᠪᠠᠶᠢᠭᠤᠯᠬᠤ ᠡᠭᠦᠷᠭᠡ ᠶᠢ ᠪᠤᠳᠠᠳᠠᠶᠢᠵᠢᠭᠤᠯᠤᠨ᠎ᠠ᠃ | ︵ᠳᠥᠷᠪᠡ︶ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ ᠪᠥᠬᠦ ᠠᠶᠢᠮᠠᠭ ᠤᠨ | ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯ ᠢ | ᠭᠦᠨᠵᠡᠭᠡᠶ ᠵᠣᠬᠢᠶᠠᠨ ᠪᠠᠶᠢᠭᠤᠯᠵᠤ᠂ ᠬᠡᠰᠡᠭ ᠭᠠᠵᠠᠷ ᠣᠷᠣᠨ ᠪᠠ ᠭᠤᠤᠯᠳᠠᠯᠭ᠎ᠠ ᠲᠠᠢ ᠠᠵᠤ ᠠᠬᠤᠶᠢᠯᠠᠯ ᠢ ᠰᠣᠩᠭᠤᠨ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠶᠢᠨ ᠬᠥᠲᠥᠯᠦᠨ ᠳᠠᠭᠠᠭᠤᠯᠵᠤ | ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠰᠢᠪᠲᠤᠯᠤᠯᠲᠠ ᠶᠢᠨ | ᠴᠢᠨᠠᠷᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ᠪᠥᠬᠦ ᠠᠶᠢᠮᠠᠭ ᠤᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ | ᠭᠦᠢᠯᠭᠡᠭᠡᠨ ᠤ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠴᠢᠬ ᠢᠶᠠᠷ ᠨᠡᠶᠢᠳᠡᠮ ᠢ ᠳᠥᠯᠭᠢᠨ ᠠᠬᠢᠭᠤᠯᠤᠨ᠎ᠠ᠃ | | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ | 2023 ᠣᠨ ᠤ 4 ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ | |