ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠮᠡᠳᠡᠭᠡ ︵2023 ᠤᠨ ᠤ ᠬᠤᠶᠠᠳᠤᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2023/9/15
                                 ᠭᠠᠷᠴᠠᠭ᠄ᠠᠶᠢᠮᠠᠭ ᠤᠨ ᠵᠠᠬᠢᠷᠭ᠎ᠠ ᠶᠢᠨ ᠪᠢᠴᠢᠭ ᠮᠠᠲ᠋ᠧᠷᠢᠶᠠᠯ     1.ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠭᠦᠢᠯᠭᠡᠭᠡᠨ  ᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ     2. ᠬᠢᠩᠭᠠᠨ ᠠᠶᠢᠮᠠᠭ ᠤᠨ ᠵᠠᠬᠢᠷᠭ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠪᠢᠴᠢᠭ ᠮᠠᠲ᠋ᠧᠷᠢᠶᠠᠯ    1.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ     2.ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                    ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠭᠦᠢᠯᠭᠡᠭᠡᠨ  ᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ                       ᠬᠢᠩᠭᠠᠨ ᠵᠠᠬᠢᠷᠭ᠎ᠠ  ᠲᠠᠷᠬᠠᠭᠠᠭᠰᠠᠨ ﹇2023﹈ 41  ᠳ᠋ᠦ᠋ᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄       ︽ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ  ᠤ  ᠦᠢᠯᠡᠰ   ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                                                                    2023 ᠣᠨ ᠤ 4 ᠰᠠᠷ᠎ᠠ ᠶᠢᠨ 4                                    ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶               ᠬᠢᠩᠭᠠᠨ ᠠᠶᠢᠮᠠᠭ ᠤᠨ ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ  ᠤ  ᠦᠢᠯᠡᠰ  ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ    ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠬᠢᠩᠭᠠᠨ ᠠᠶᠢᠮᠠᠭ ᠤᠨ ᠪᠣᠳᠠᠲᠠᠶ ᠳᠤ ᠨᠡᠶᠢᠴᠡᠭᠰᠡᠨ ᠤᠨᠴᠠᠯᠢᠬᠳᠤ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠᠬᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠦᠢᠯᠡᠰ ᠤᠨ ᠰᠠᠭᠤᠷᠢᠯᠠᠬᠤ ᠴᠢᠨᠠᠷᠲᠠᠶ᠂ ᠤᠳᠤᠷᠢᠳᠤᠮᠵᠢ ᠶᠢᠨ ᠴᠢᠨᠠᠷᠲᠠᠶ  ᠦᠢᠯᠡᠳᠦᠯ ᠢ ᠭᠦᠢᠴᠡᠳ ᠪᠠᠳᠠᠷᠠᠭᠤᠯᠤᠨ᠂ ᠠᠶᠢᠮᠠᠭ ᠵᠠᠬᠢᠷᠭ᠎ᠠ ᠶᠢᠨ ᠰᠤᠳᠤᠯᠤᠯᠲᠠ ᠪᠠᠷ ᠳᠡᠮᠵᠢᠨ᠂ ᠪᠥᠬᠦ ᠠᠶᠢᠮᠠᠭ ᠲᠤ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠳᠣᠭᠢᠷᠠᠭᠤᠯᠤᠨ ᠬᠦᠷᠭᠡᠬᠦ᠂ ᠰᠢᠶᠠᠨ ᠤ ᠬᠡᠪᠴᠢᠶᠡᠨ ᠤ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠪᠠᠲᠤᠯᠠᠭ᠎ᠠ᠂ ᠠᠵᠤ ᠠᠬᠤᠶᠢᠯᠠᠯ ᠤᠨ ᠪᠤᠶᠢᠵᠢᠭᠤᠯᠤᠯᠲᠠ᠂ ᠪᠣᠭᠤᠮᠲᠠ ᠪᠠᠷ ᠥᠩᠭᠡᠷᠡᠬᠦ ︽ᠲᠠᠪᠤᠨ ᠶᠡᠭᠡ ᠰᠢᠰᠲ᠋ᠧᠮᠵᠢ ᠶᠢᠨ ᠪᠠᠶᠢᠭᠤᠯᠤᠯᠲᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠠᠵᠤ ᠠᠬᠤᠶ ᠠᠷᠠᠯᠵᠢᠶ᠎ᠠ ᠥᠰᠥᠭ ︹ 2022 ︺ 135 ᠳ᠋ᠤᠭᠠᠷ ᠲᠣᠭᠠᠲᠤ︶᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠭᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 82 ᠳ᠋ᠤᠭᠠᠷ ᠲᠣᠭᠠᠲᠤ︶᠂ ︽ᠬᠢᠩᠭᠠᠨ ᠠᠶᠢᠮᠠᠭ ᠤᠨ ᠪᠠᠷᠠᠭᠠᠨ ᠤ ᠭᠦᠢᠯᠭᠡᠭᠡᠨ ᠤ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2021 — 2025︶︾ ᠵᠡᠷᠭᠡ ᠶᠢ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠲᠣᠮᠣ ᠠᠷᠠᠯᠵᠢᠶ᠎ᠠ ᠬᠤᠳᠠᠯᠳᠤᠭ᠎ᠠ᠂ ᠲᠣᠮᠣ ᠪᠠᠷᠠᠭᠠᠨ ᠤ ᠭᠦᠢᠯᠭᠡᠭᠡᠨ ᠤ ᠣᠶᠢᠯᠠᠭᠠᠭᠳᠠᠬᠤᠨ ᠢ ᠪᠤᠶ ᠪᠣᠯᠭᠠᠵᠤ᠂ ᠬᠢᠩᠭᠠᠨ ᠠᠶᠢᠮᠠᠭ ᠤᠨ ᠤᠨᠴᠠᠯᠢᠬᠳᠤ ᠳᠠᠪᠠᠭᠤᠯᠢᠭ ᠲᠤ ᠰᠠᠭᠤᠷᠢᠯᠠᠵᠤ᠂ ︽ᠨᠡᠪᠲᠡᠷᠡᠬᠦ ᠵᠠᠮ + ᠵᠠᠩᠭᠢᠯᠠᠭ᠎ᠠ + ᠪᠣᠭᠤᠮᠲᠠ︾ ᠶᠢᠨ ᠴᠤᠭᠯᠠᠷᠠᠯ ᠤᠨ ᠦᠢᠯᠡᠳᠦᠯ ᠢ ᠪᠠᠳᠠᠷᠠᠭᠤᠯᠵᠤ᠂ ᠪᠠᠷᠠᠭᠠᠨ ᠤ ᠭᠦᠢᠯᠭᠡᠭᠡᠨ ᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ ᠥᠪᠡᠷ ᠤᠨ ᠥᠷᠲᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠢᠯᠡᠴᠢᠯᠡᠭᠡᠨ ᠤ ᠴᠢᠳᠠᠪᠤᠷᠢ ᠶᠢᠨ ᠲᠤᠯᠭᠠᠭᠤᠷᠢᠯᠠᠯ ᠢ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠡᠯ᠎ᠡ ᠲᠠᠯ᠎ᠠ ᠶᠢᠨ ᠪᠠᠯᠠ ᠮᠥᠩᠭᠦ ᠶᠢ ᠤᠯᠬᠤ ᠪᠠᠷ ᠴᠢᠷᠮᠠᠶᠢᠬᠤ ᠪᠠ ᠡᠮᠬᠢᠯᠡᠨ ᠨᠡᠶᠢᠯᠡᠭᠦᠯᠵᠦ᠂ ᠤᠨᠴᠠᠯᠢᠬᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠢ ᠠᠮᠢᠳᠤᠯᠢᠭ ᠬᠢᠵᠦ᠂ ︽ᠪᠣᠭᠤᠮᠲᠠ ᠳᠤ ᠲᠦᠰᠢᠭᠯᠡᠨ᠂ ᠳᠣᠲᠣᠭᠠᠳᠤ ᠭᠠᠳᠠᠭᠠᠳᠤ ᠶᠢ ᠬᠤᠯᠪᠣᠭᠰᠠᠨ︾ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠤᠨᠴᠠᠯᠢᠬᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠪᠣᠶ ᠪᠣᠯᠭᠠᠵᠤ᠂ ᠪᠥᠬᠦ ᠠᠶᠢᠮᠠᠭ ᠴᠢᠨᠠᠭᠰᠢᠯᠠᠪᠠᠯ ᠪᠥᠬᠦ ᠣᠷᠣᠨ ᠤ ᠠᠵᠤ  ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠤᠨ ᠳᠠᠭᠠᠭᠤᠯᠤᠨ᠎ᠠ᠃    ᠬᠤᠶᠠᠷ᠂ ᠭᠤᠣᠯ ᠬᠠᠷᠠᠯᠲᠠ    ᠤᠯᠤᠰ ᠤᠨ ᠳᠣᠲᠣᠭᠠᠳᠤ ᠶᠢᠨ ᠬᠡᠷᠡᠭᠴᠡᠭᠡ ᠪᠠᠨ ᠥᠷᠭᠡᠳᠬᠡᠬᠦ ᠶᠢ ᠵᠠᠪᠳᠤᠨ ᠠᠳᠬᠤᠵᠤ᠂ ᠠᠷᠠᠯᠵᠢᠶᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠲᠦᠷᠭᠡᠳᠬᠡᠵᠦ᠂ ᠬᠡᠷᠡᠭᠯᠡᠭᠡ᠂ ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠡᠯᠧᠺᠲᠷᠣᠨ ᠬᠤᠳᠠᠯᠳᠤᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡ ᠶᠢ ᠤᠯᠤᠰ ᠤᠨ ᠳᠣᠲᠣᠭᠠᠳᠤ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠬᠤᠣᠰ ᠡᠷᠭᠢᠯᠲᠡ ᠶᠢᠨ ᠵᠠᠯᠭᠠᠭᠤᠷ ᠪᠣᠯᠭᠠᠵᠤ᠂ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠲᠣᠬᠢᠷᠠᠭᠤᠯᠤᠨ ᠬᠦᠷᠭᠡᠬᠦ᠂ ᠰᠢᠶᠠᠨ ᠤ ᠬᠡᠪᠴᠢᠶᠡᠨ ᠤ ᠬᠤᠳᠠᠯᠳᠤᠭ᠎ᠠ᠂ ᠪᠠᠷᠠᠭᠠᠨ ᠤ ᠭᠦᠢᠯᠭᠡᠭᠡᠨ ᠤ ᠪᠠᠲᠤᠯᠠᠭ᠎ᠠ᠂ ᠠᠵᠤ ᠠᠬᠤᠶᠢᠯᠠᠯ ᠤᠨ ᠪᠤᠶᠢᠵᠢᠭᠤᠯᠤᠯᠲᠠ᠂ ᠪᠣᠭᠤᠮᠲᠠ ᠶᠢᠨ ᠪᠣᠭᠤᠮᠲᠠ ᠥᠩᠭᠡᠷᠡᠬᠦ ︽ᠲᠠᠪᠤᠨ ᠶᠡᠭᠡ ᠰᠢᠰᠲ᠋ᠧᠮ ᠤᠨ ᠪᠠᠶᠢᠭᠤᠯᠤᠯᠲᠠ︾ ᠶᠢ ᠬᠦᠴᠦᠯᠡᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ᠂ ᠠᠷᠠᠯᠵᠢᠶ᠎ᠠ ᠬᠤᠳᠠᠯᠳᠤᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠠᠷᠠᠯᠵᠢᠶ᠎ᠠ ᠬᠤᠳᠠᠯᠳᠤᠭᠠᠨ ᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠣᠶ ᠪᠣᠯᠭᠠᠨ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢ ᠶᠢᠨ ᠲᠠᠰ ᠪᠠ ᠬᠥᠭᠵᠢᠯᠲᠡ ᠶᠢᠨ ᠣᠨᠴᠠᠯᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠦᠳᠡᠯᠭᠡᠬᠦ ᠬᠦᠴᠦᠨ ᠬᠠᠩᠭᠠᠨ᠎ᠠ᠃    ᠭᠤᠷᠪᠠ᠂ ᠭᠤᠣᠯ ᠵᠠᠷᠴᠢᠮ    ︵ᠨᠢᠭᠡ︶ ᠵᠠᠬ᠎ᠠ ᠳᠡᠯᠭᠡᠭᠦᠷ ᠢᠶᠠᠷ ᠭᠤᠤᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠤᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ  ᠰᠢᠢᠳᠪᠦᠷᠢᠯᠡᠭᠴᠢ ᠴᠢᠨᠠᠷᠲᠠᠶ  ᠦᠢᠯᠡᠳᠦᠯ ᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ  ᠭᠦᠢᠴᠡᠳ ᠬᠥᠭᠵᠢᠭᠡᠨ᠂ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠤᠨ ᠣᠷᠣᠨ ᠪᠦᠰᠡ ᠠᠯᠤᠰᠯᠠᠨ ᠴᠢᠯᠥᠭᠡᠲᠡᠶ ᠰᠢᠯᠵᠢᠬᠦ ᠶᠢ ᠠᠬᠢᠭᠤᠯᠤᠨ᠎ᠠ᠃ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠴᠢᠯᠥᠭᠡᠲᠡᠶ ᠪᠣᠯᠭᠠᠵᠤ᠂ ᠵᠠᠰᠠᠭ ᠤᠨ ᠣᠷᠳᠣᠨ ᠤ ᠪᠠᠷᠠᠭᠠᠨ ᠤ ᠭᠦᠢᠯᠭᠡᠭᠡᠨ ᠤ ᠲᠥᠯᠥᠪᠵᠢᠭᠦᠯᠭᠡ᠂ ᠪᠠᠷᠢᠮᠵᠢᠶ᠎ᠠ ᠲᠣᠭᠲᠠᠭᠠᠬᠤ᠂ ᠣᠯᠠᠨ ᠨᠡᠶᠢᠲᠡ ᠶᠢᠨ  ᠦᠢᠯᠡᠴᠢᠯᠡᠭᠡ ᠪᠠ ᠲᠦᠷᠢᠮ ᠤᠨ ᠣᠷᠴᠢᠨ ᠲᠣᠭᠤᠷᠢᠨ ᠢ ᠪᠣᠶ ᠪᠣᠯᠭᠠᠬᠤ ᠵᠡᠷᠭᠡ ᠲᠠᠯ᠎ᠠ ᠪᠠᠷ ᠬᠢ ᠬᠥᠲᠥᠯᠦᠨ ᠵᠢᠯᠣᠭᠤᠳᠬᠤ  ᠦᠢᠯᠡᠳᠦᠯ ᠢ ᠪᠠᠳᠠᠷᠠᠭᠤᠯᠤᠨ᠂ ᠣᠯᠠᠨ ᠡᠰᠢᠲᠦ᠂ ᠨᠡᠭᠡᠭᠡᠯᠲᠡᠲᠡᠶ᠂ ᠠᠮᠢᠵᠢᠷᠠᠯ ᠤᠨ ᠬᠦᠴᠦᠨ ᠲᠠᠢ ᠥᠪᠡᠷᠮᠢᠴᠡ ᠣᠨᠴᠠᠯᠢᠭ ᠲᠠᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃    ︵ᠬᠤᠶᠠᠷ︶ ᠪᠦᠲᠦᠴᠡ ᠶᠢ ᠰᠢᠯᠢᠳᠡᠭᠵᠢᠭᠦᠯᠵᠦ᠂ ᠰᠠᠭᠤᠷᠢ ᠶᠢ ᠪᠠᠬᠢᠵᠢᠭᠦᠯᠦᠨ᠎ᠡ᠃ ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ᠂ ᠪᠠᠷᠠᠭᠠᠨ ᠤ ᠭᠦᠢᠯᠭᠡᠭᠡᠨ ᠤ ᠬᠡᠯᠬᠢᠶ᠎ᠡ ᠶᠢ ᠰᠢᠯᠢᠳᠡᠭᠵᠢᠭᠦᠯᠦᠨ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ︽ᠪᠠᠭ᠎ᠠ᠂ ᠲᠠᠷᠠᠬᠠᠶ᠂ ᠪᠠᠭᠤᠷᠠᠶ︾ ᠬᠥᠭᠵᠢᠯᠲᠡ ᠶᠢᠨ ᠪᠠᠶᠢᠷᠢᠰᠢᠯ ᠢ ᠬᠤᠪᠢᠷᠠᠭᠤᠯᠵᠤ᠂ ᠭᠤᠷᠪᠠᠳᠠᠬᠢ ᠡᠲᠡᠭᠡᠳ ᠤᠨ ᠪᠠᠷᠠᠭᠠᠨ ᠤ  ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠣᠶ ᠪᠣᠯᠭᠠᠵᠤ᠂ ᠠᠵᠤ ᠦᠢᠯᠡᠰ ᠤᠨ ᠬᠡᠪᠴᠢᠶ᠎ᠡ ᠪᠠ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠠᠭᠤᠰᠤᠯᠴᠠᠭᠤᠯᠤᠨ ᠬᠥᠭᠵᠢᠭᠦᠯᠦᠨ᠎ᠡ᠃ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠᠷ ᠭᠤᠣᠯ ᠪᠣᠯᠭᠠᠵᠤ᠂ ᠤᠨᠴᠠᠯᠢᠭᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠥᠬᠡᠶ ᠪᠠᠶᠢᠬᠤ ᠵᠢᠱᠢᠶ᠎ᠡ ᠦᠵᠡᠭᠦᠯᠬᠦ ᠭᠠᠵᠠᠷ ᠣᠷᠣᠨ᠂ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠵᠢᠱᠢᠶ᠎ᠡ ᠦᠵᠡᠭᠦᠯᠬᠦ ᠠᠵᠤ ᠠᠬᠤᠶᠢᠯᠠᠯ ᠵᠡᠷᠭᠡ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ  ᠦᠢᠯᠡᠳᠦᠯ ᠢ ᠪᠠᠳᠠᠷᠠᠭᠤᠯᠤᠨ᠂ ᠪᠠᠷᠠᠭᠠᠨ ᠤ ᠭᠦᠢᠯᠭᠡᠭᠡᠨ ᠬᠢᠭᠡᠳ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂  ᠦᠢᠯᠡᠳᠬᠦ ᠦᠢᠯᠡᠰ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ ᠴᠠᠷᠠᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃    ︵ᠳᠥᠷᠪᠡ︶ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠡᠭᠡᠭᠡᠯᠲᠡ ᠬᠢᠵᠦ ᠬᠠᠮᠲᠤᠪᠠᠷ ᠭᠥᠷᠳᠡᠨ᠎ᠡ᠃ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ᠂ ᠬᠤᠳᠠ ᠬᠥᠳᠡᠭᠡ ᠲᠣᠰᠬᠤᠨ ᠢ ᠬᠠᠮᠲᠤ ᠳᠤᠨᠢ ᠬᠠᠷᠠᠭᠠᠯᠵᠠᠵᠤ᠂ ᠣᠷᠣᠨ ᠪᠦᠰᠡ ᠬᠠᠮᠵᠢᠯᠴᠠᠭᠰᠠᠨ᠂ ᠤᠯᠠᠨ ᠠᠵᠢᠯ ᠦᠢᠯᠡᠰ ᠬᠠᠮᠲᠤᠷᠠᠨ ᠬᠥᠳᠡᠯᠦᠯᠴᠡᠭᠰᠡᠨ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠭᠰᠡᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ  ᠭᠦᠢᠴᠡᠳ ᠡᠮᠬᠢᠯᠡᠨ ᠨᠡᠶᠢᠯᠡᠭᠦᠯᠵᠦ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢ ᠨᠡᠭᠡᠭᠡᠯᠲᠡ ᠲᠠᠢ ᠪᠥᠭᠡᠳ ᠬᠠᠮᠲᠤᠪᠠᠷ ᠭᠥᠷᠳᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠣᠯᠠᠨ ᠨᠡᠶᠢᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠲᠦᠪᠰᠢᠨ ᠢ ᠳᠡᠭᠡᠭᠰᠢᠯᠡᠭᠦᠯᠦᠨ᠎ᠡ᠃    ︵ᠲᠠᠪᠤ︶ ᠬᠠᠩᠭᠠᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠥᠬᠡᠶ ᠪᠠᠷ ᠬᠥᠭᠵᠢᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂  ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠣᠨᠣᠯᠵᠢᠬᠤᠨ ᠢ ᠰᠠᠨᠠᠭᠠᠴᠢᠯᠠᠨ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠬᠤᠷᠣᠭᠳᠠᠯ ᠢ ᠪᠠᠭᠠᠰᠬᠠᠬᠤ ᠶᠡᠷᠦᠩᠬᠡᠶ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ᠃    ᠳᠥᠷᠪᠡ᠂ ᠭᠤᠤᠯᠳᠠᠯᠭ᠎ᠠ ᠲᠠᠢ ᠡᠭᠦᠷᠭᠡ    ︵ᠨᠢᠭᠡ︶ ᠬᠤᠳᠠ ᠬᠥᠳᠡᠭᠡ ᠶᠢᠨ ᠥᠨᠳᠥᠷ ᠦᠷ᠎ᠡ ᠪᠦᠲᠦᠮᠵᠢᠲᠡᠶ ᠲᠣᠬᠢᠷᠠᠭᠤᠯᠤᠨ ᠬᠦᠷᠭᠡᠬᠦ  ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ    1. ᠬᠠᠩᠭᠠᠯᠭ᠎ᠠ ᠶᠢᠨ ᠬᠡᠯᠬᠢᠶ᠎ᠡ ᠶᠢᠨ ᠵᠠᠩᠭᠢᠯᠠᠭ᠎ᠠ ᠶᠢ ᠰᠢᠰᠲ᠋ᠧᠮ ᠲᠠᠢ ᠰᠦᠪᠡᠭᠴᠢᠯᠡᠨ᠎ᠡ᠃ ᠲᠣᠮᠣ ᠠᠷᠠᠯᠵᠢᠶ᠎ᠠ ᠬᠤᠳᠠᠯᠳᠤᠭ᠎ᠠ᠂ ᠲᠣᠮᠣ ᠪᠠᠷᠠᠭᠠᠨ ᠤ ᠭᠦᠢᠯᠭᠡᠭᠡᠨ ᠤ ᠣᠨᠣᠯᠵᠢᠬᠤᠨ ᠢ ᠪᠣᠶ ᠪᠣᠯᠭᠠᠵᠤ᠂ ᠡᠯ᠎ᠡ ᠲᠠᠯ᠎ᠠ ᠶᠢᠨ ᠪᠠᠯᠠ ᠮᠥᠩᠭᠦ ᠶᠢ ᠢᠳᠡᠪᠬᠢᠲᠡᠶ ᠲᠡᠮᠡᠴᠡᠨ ᠤᠯᠬᠤ ᠪᠠ ᠡᠮᠬᠢᠯᠡᠨ ᠨᠡᠶᠢᠯᠡᠭᠦᠯᠵᠦ᠂ ᠤᠯᠠᠭᠠᠨᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠠᠶᠢᠷᠢ ᠲᠣᠭᠲᠠᠭᠠᠯᠲᠠ ᠶᠢ ᠴᠢᠩᠭᠠᠷᠠᠭᠤᠯᠤᠨ᠂ ᠷᠠᠰᠢᠶᠠᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠣᠶ ᠪᠣᠯᠭᠠᠵᠤ᠂ ᠬᠥᠮᠥᠷᠭᠡᠯᠡᠨ ᠬᠠᠳᠠᠭᠠᠯᠠᠬᠤ ᠰᠢᠨ᠎ᠡ ᠰᠣᠷᠭᠤᠭ ᠪᠠᠶᠢᠯᠭᠠᠬᠤ  ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠨ ᠤ ᠪᠦᠰᠡ ᠵᠢᠴᠢ ᠣᠷᠣᠨ ᠪᠦᠰᠡ ᠠᠯᠤᠰᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠶᠡᠭᠡ ᠤᠯᠠᠭᠠᠨᠬᠤᠲᠠ ︵ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ︶᠂ ᠷᠠᠰᠢᠶᠠᠨ ᠬᠤᠲᠠ ᠳᠤ ᠲᠣᠰ ᠲᠣᠰ 1 ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠲᠥᠯᠥᠪᠯᠡᠨ ᠪᠠᠶᠢᠷᠢᠯᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 1 ᠲᠣᠮᠣ ᠬᠡᠯᠪᠡᠷᠢ ᠶᠢᠨ ᠨᠡᠭᠦᠷᠡᠰᠦ ᠨᠥᠭᠡᠴᠡᠯᠡᠬᠦ ᠲᠥᠷᠥᠯ  ᠵᠦᠢᠯ ᠢ ᠲᠥᠯᠥᠪᠯᠡᠨ ᠪᠠᠶᠢᠷᠢᠯᠠᠭᠤᠯᠵᠤ᠂ ᠵᠠᠯᠠᠶᠢᠳ ᠬᠤᠰᠢᠭᠤᠨ ᠳᠤ 1 ᠲᠣᠮᠣ ᠬᠡᠯᠪᠡᠷᠢ ᠶᠢᠨ ᠠᠮᠤ ᠪᠤᠳᠠᠭ᠎ᠠ ᠨᠥᠭᠡᠴᠡᠯᠡᠬᠦ ᠲᠥᠷᠥᠯ  ᠵᠦᠢᠯ ᠢ ᠲᠥᠯᠥᠪᠯᠡᠨ ᠪᠠᠶᠢᠷᠢᠯᠠᠭᠤᠯᠤᠨ᠎ᠠ᠃ ᠬᠥᠬᠡᠬᠤᠲᠠ᠂ ᠪᠡᠭᠡᠵᠢᠩ᠂ ᠱᠠᠩᠬᠠᠶ᠂ ᠴᠠᠩᠴᠦ᠋ᠨ᠂ ᠮᠦᠭᠳᠡᠨ᠂ ᠬᠠᠩᠵᠧᠦ᠂ ᠭᠤᠸᠠᠩᠵᠧᠦ ᠵᠡᠷᠭᠡ ᠭᠤᠣᠯ ᠪᠣᠯᠬᠤ ᠬᠠᠷᠠᠯᠲᠠᠲᠤ ᠵᠠᠬ᠎ᠠ ᠳᠡᠯᠭᠡᠭᠦᠷ ᠪᠣᠯᠤᠨ ᠴᠢᠬᠤᠯᠠ ᠵᠠᠩᠭᠢᠯᠠᠭ᠎ᠠ ᠶᠢᠨ ᠴᠡᠭ ᠪᠣᠯᠬᠤ ᠬᠤᠳᠠ ᠳᠤ ᠡᠮᠦᠨᠡᠬᠢ ᠬᠥᠮᠥᠷᠭᠡ ᠪᠠᠶᠢᠭᠤᠯᠬᠤ ︵ᠪᠤᠶᠤ ᠲᠦᠷᠢᠶᠡᠰᠦᠯᠡᠬᠦ︶ ᠪᠠ ᠬᠠᠮᠲᠤ ᠪᠠᠷ ᠬᠥᠮᠥᠷᠭᠡ ᠲᠣᠬᠢᠷᠠᠭᠤᠯᠬᠤ ᠶᠢ ᠰᠦᠪᠡᠭᠴᠢᠯᠡᠵᠦ᠂ ᠦᠢᠯᠡᠳᠬᠦᠨ ᠤ ᠶᠠᠰᠤ ᠴᠢᠨᠠᠷ ᠤᠨ ᠪᠠᠷᠢᠮᠵᠢᠶ᠎ᠠ ᠶᠢᠨ ᠬᠠᠮᠢᠶᠠᠷᠤᠯᠲᠠ ᠡᠵᠡᠮᠳᠡᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠂ ᠭᠤᠣᠯᠳᠠᠯᠭ᠎ᠠ ᠲᠠᠢ ᠡᠳ᠋ ᠪᠣᠳᠠᠰ᠂ ᠴᠢᠬᠤᠯᠠ ᠦᠢᠯᠡᠳᠬᠦᠨ ᠤ ᠭᠦᠢᠯᠭᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    2. ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠪᠠᠷᠠᠭ᠎ᠠ  ᠶᠢᠨ ᠭᠦᠢᠯᠭᠡᠭᠡᠨ  ᠤ ᠲᠣᠬᠢᠷᠠᠭᠤᠯᠤᠨ ᠬᠦᠷᠭᠡᠬᠦ  ᠰᠢᠰᠲ᠋ᠧᠮᠵᠢ  ᠶᠢ ᠪᠦᠷᠢᠨᠰᠢᠬᠦᠯᠦᠨ᠎ᠡ᠃ ᠰᠢᠶᠠᠨ ᠤ ᠬᠡᠪᠴᠢᠶᠡᠨ ᠤ ᠪᠠᠷᠠᠭᠠᠨ ᠤ ᠭᠦᠢᠯᠭᠡᠭᠡᠨ ᠤ  ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠳᠠᠮᠵᠢᠭᠤᠯᠬᠤ ᠵᠠᠩᠭᠢᠶᠠᠰᠤ᠂ ᠲᠣᠰᠬᠤᠨ ᠤ ᠲᠠᠰ ᠤᠨ ᠦᠵᠦᠭᠦᠷ ᠤᠨ ᠳᠣᠭᠢᠷᠠᠭᠤᠯᠤᠨ ᠬᠦᠷᠭᠡᠬᠦ ᠲᠣᠤᠷ  ᠴᠡᠭ  ᠢᠶᠠᠷ ᠲᠤᠯᠭᠠᠭᠤᠷᠢᠯᠠᠭᠰᠠᠨ ᠭᠤᠷᠪᠠᠨ ᠳᠡᠰ ᠤᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ  ᠃ ᠡᠯ᠎ᠡ ᠬᠤᠰᠢᠭᠤ ᠰᠢᠶᠠᠨ ᠬᠤᠲᠠ ᠶᠢᠨ ᠣᠲᠣ ᠶᠢᠨ ᠪᠠᠶᠢᠭ᠎ᠠ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠤᠪᠢᠶᠠᠷᠢᠯᠠᠨ ᠰᠠᠯᠭᠠᠬᠤ ᠲᠥᠪ ᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠵᠠᠯᠠᠶᠢᠳ ᠬᠤᠰᠢᠭᠤᠨ ᠤ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ  ᠦᠢᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ 2025 ᠣᠨ ᠪᠣᠯᠬᠤ ᠳᠤ ᠪᠥᠬᠦ ᠠᠶᠢᠮᠠᠭ ᠬᠤᠰᠢᠭᠤ ᠰᠢᠶᠠᠨ ᠬᠤᠲᠠ ᠶᠢᠨ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠳᠡᠭᠡᠭᠰᠢ ᠬᠤᠰᠢᠭᠤ ᠰᠢᠶᠠᠨ ᠲᠠᠢ ᠵᠠᠯᠭᠠᠭᠰᠠᠨ᠂ ᠳᠣᠷᠣᠭᠰᠢ ᠠᠶᠢᠯ ᠲᠣᠰᠬᠤᠨ ᠲᠠᠢ ᠬᠤᠯᠪᠣᠭᠰᠠᠨ ᠰᠢᠶᠠᠩ ᠪᠠᠯᠭᠠᠰᠤ ᠶᠢᠨ ᠪᠠᠷᠠᠭᠠᠨ ᠤ ᠭᠦᠢᠯᠭᠡᠭᠡᠨ ᠤ ᠳᠠᠮᠵᠢᠭᠤᠯᠤᠨ ᠬᠦᠷᠭᠡᠬᠦ ᠵᠠᠩᠭᠢᠯᠠᠭ᠎ᠠ ᠶᠢᠨ ᠴᠡᠭ ᠢ ᠢᠳᠡᠪᠬᠢᠲᠡᠶ ᠪᠠᠷ ᠪᠣᠶ ᠪᠣᠯᠭᠠᠵᠤ᠂ ᠰᠢᠶᠠᠩ ᠪᠠᠯᠭᠠᠰᠤ ᠶᠢᠨ ᠳᠠᠮᠵᠢᠭᠤᠯᠤᠨ ᠬᠦᠷᠭᠡᠬᠦ ᠵᠠᠩᠭᠢᠯᠠᠭ᠎ᠠ ᠶᠢᠨ ᠴᠡᠭ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠰᠠᠯᠠᠭ᠎ᠠ ᠮᠥᠴᠢᠷ ᠠᠯᠤᠰᠯᠠᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠠᠵᠢᠯ ᠲᠦᠷᠦᠯ ᠠᠯᠤᠰᠯᠠᠨ ᠬᠠᠮᠵᠢᠯᠴᠠᠨ ᠬᠤᠯᠪᠣᠭᠠᠯᠠᠨ ᠡᠵᠡᠩᠨᠡᠬᠦ ᠶᠢ ᠵᠣᠷᠢᠭᠵᠢᠭᠤᠯᠵᠤ᠂ ᠬᠥᠳᠡᠭᠡ ᠲᠣᠰᠬᠤᠨ ᠲᠡᠰᠢ ᠦᠢᠯᠡᠴᠢᠯᠡᠭᠡᠨ ᠤ ᠲᠣᠣᠷ ᠰᠦᠯᠵᠢᠶ᠎ᠡ ᠶᠢ ᠤᠷᠲᠤᠳᠬᠠᠵᠤ᠂ ᠬᠦᠷᠭᠡᠬᠦ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠰᠢᠦᠳᠠᠨ ᠤ ᠲᠣᠣᠷ ᠴᠡᠭ ᠤᠨ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠴᠦ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠵᠦ ᠣᠷᠣᠯᠠᠨ ᠲᠤᠰᠢᠶᠠᠬᠤ᠂ ᠲᠠᠷᠢᠶᠠᠯᠠᠩ ᠤᠨ ᠪᠦᠲᠦᠭᠡᠭᠳᠡᠬᠦᠨ ᠢ ᠣᠷᠣᠯᠠᠨ ᠬᠤᠳᠠᠯᠳᠤᠨ ᠠᠪᠴᠤ ᠣᠷᠣᠯᠠᠨ ᠪᠣᠷᠣᠯᠠᠭᠤᠯᠬᠤ ᠵᠡᠷᠭᠡ ᠠᠷᠠᠳ ᠲᠤ ᠳᠦᠭᠦᠮ ᠦᠵᠡᠭᠦᠯᠬᠦ ᠡᠯ᠎ᠡ ᠲᠦᠷᠦᠯ ᠤᠨ ᠦᠢᠯᠡᠴᠢᠯᠡᠭᠡ ᠶᠢ ᠬᠦᠯᠢᠶᠡᠨ ᠠᠪᠴᠤ᠂ ᠬᠥᠳᠡᠭᠡ ᠲᠣᠰᠬᠤᠨ ᠤ ᠲᠣᠣᠷ ᠴᠡᠭ ᠤᠨ ︽ᠨᠢᠭᠡ ᠴᠡᠭ ᠤᠯᠠᠨ ᠴᠢᠳᠠᠪᠤᠷᠢ︾ ᠶᠢ ᠪᠡᠶᠡᠯᠡᠭᠦᠯᠵᠦ᠂ ᠲᠣᠰᠬᠤᠨ ᠤ ᠱᠠᠲᠤᠨ ᠤ  ᠲᠦᠷᠭᠡᠨ ᠬᠦᠷᠭᠡᠯᠳᠡ ᠶᠢᠨ ᠦᠷᠳᠡᠭᠡ ᠶᠢ 65 ᠡᠷᠦᠬᠡ ᠳᠤ ᠬᠦᠷᠭᠡᠬᠦ ᠪᠠᠷ ᠴᠢᠷᠮᠠᠶᠢᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠶᠠᠨ ᠤ ᠬᠡᠪᠴᠢᠶᠡᠨ ᠤ ᠭᠦᠢᠯᠭᠡᠭᠡᠨ ᠤ  ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠠᠶᠢᠭᠤᠯᠵᠤ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠶᠢ ᠳᠡᠮᠵᠢᠨ᠎ᠡ᠃ ᠤᠯᠠᠭᠠᠨᠬᠤᠲᠠ ᠶᠢᠨ ᠪᠠᠶ ᠯᠢᠩ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠣᠩᠰᠢᠭᠤᠯ ᠤᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠵᠠᠯᠠᠶᠢᠳ ᠬᠤᠰᠢᠭᠤᠨ ᠤ ᠶᠢᠨ ᠢ ᠪᠠᠷᠠᠭᠠᠨ ᠤ ᠭᠦᠢᠯᠭᠡᠭᠡᠨ ᠤ  ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠡᠵᠡᠩᠨᠡᠯᠲᠡ ᠶᠢᠨ ᠵᠥᠪᠰᠢᠶᠡᠷᠡᠯ ᠢ ᠬᠠᠤᠯᠢ ᠶᠣᠰᠣᠭᠠᠷ ᠣᠯᠤᠭᠰᠠᠨ ᠤ ᠳᠠᠷᠠᠭ᠎ᠠ᠂ ᠲᠣᠰ ᠲᠣᠰ ᠲᠤᠬᠠᠶ ᠶᠢᠨ ᠭᠠᠵᠠᠷ ᠤᠨ 5 — 7 ᠲᠦᠷᠭᠡᠨ ᠬᠦᠷᠭᠡᠬᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠬᠠᠮᠲᠤ ᠪᠠᠷ ᠳᠣᠭᠢᠷᠠᠭᠤᠯᠤᠨ ᠬᠦᠷᠭᠡᠬᠦ ᠶᠢ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠬᠤᠲᠠ ᠠᠴᠠ ᠭᠠᠷᠴᠤ ᠲᠣᠰᠬᠤᠨ ᠳᠤ ᠣᠷᠣᠬᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    3. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢ ᠨᠡᠪᠲᠡᠷᠡᠬᠦ ᠵᠠᠮ ᠢ ᠥᠷᠭᠡᠳᠬᠡᠨ᠎ᠡ᠃ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ︽ᠨᠢᠭᠡ ᠭᠠᠵᠠᠷ ᠨᠢᠭᠡ ᠪᠦᠲᠦᠭᠡᠭᠳᠡᠬᠦᠨ︾ ᠤ ᠲᠠᠷᠢᠶᠠᠯᠠᠩ ᠤᠨ ᠪᠦᠲᠦᠭᠡᠭᠳᠡᠬᠦᠨ ᠤ ᠬᠤᠲᠠ ᠳᠤ ᠣᠷᠣᠬᠤ ᠳᠤ  ᠦᠢᠯᠡᠴᠢᠯᠡᠬᠦ ᠶᠢ ᠳᠡᠮᠵᠢᠵᠦ᠂ ︽ᠲᠦᠷᠭᠡᠨ ᠬᠦᠷᠭᠡᠬᠦ + ᠲᠠᠷᠢᠶᠠᠯᠠᠩ ᠮᠠᠯ ᠠᠵᠤ ᠠᠬᠤᠶ︾ ᠶᠢᠨ ᠬᠠᠮᠵᠢᠯᠴᠠᠨ ᠬᠥᠭᠵᠢᠬᠦ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠥᠭᠡᠳᠡᠯᠡᠬᠦ ᠦᠵᠦᠭᠦᠷ ᠤᠨ ᠡᠷᠭᠢᠯᠲᠡ ᠶᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂  ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠢ ᠠᠰᠢᠭᠯᠠᠨ᠂ ᠪᠡᠭᠡᠵᠢᠩ᠂ ᠬᠥᠬᠡᠬᠤᠲᠠ ᠭᠠᠵᠠᠷ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠤᠨ ᠲᠣᠮᠣ ᠬᠡᠯᠪᠡᠷᠢ ᠶᠢᠨ ᠬᠡᠯᠬᠢᠶ᠎ᠡ ᠬᠤᠳᠠᠯᠳᠤᠭᠠᠨ ᠤ ᠬᠡᠲᠦ ᠳᠡᠯᠭᠡᠭᠦᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠢᠩᠭᠠᠨ ᠠᠶᠢᠮᠠᠭ ᠤᠨ ᠴᠢᠨᠠᠷ ᠰᠠᠶᠢᠲᠠᠶ ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ ᠨᠡᠶᠢᠰᠯᠡᠯ᠂ ᠮᠤᠵᠢ ᠶᠢᠨ ᠲᠥᠪ ᠤᠨ ᠲᠣᠮᠣ ᠬᠤᠳᠠᠯᠳᠤᠭᠠᠨ ᠤ ᠬᠡᠲᠦ ᠲᠣᠮᠣ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠤᠨ᠎ᠠ᠃ ︽ᠮᠣᠩᠭᠤᠯ ᠦᠰᠦᠭᠲᠦ ᠲᠡᠮᠳᠡᠭ︾ ᠢ ᠪᠤᠶᠢᠵᠢᠭᠤᠯᠬᠤ ᠪᠠ ᠬᠢᠩᠭᠠᠨ ᠠᠶᠢᠮᠠᠭ ᠤᠨ ᠣᠷᠣᠨ ᠪᠦᠰᠡ ᠶᠢᠨ ᠲᠡᠮᠳᠡᠭ ᠢ ᠡᠵᠡᠩᠨᠡᠨ ᠪᠣᠷᠣᠯᠠᠭᠤᠯᠬᠤ ᠲᠠᠢ ᠤᠶᠠᠯᠳᠤᠭᠤᠯᠤᠨ᠂ ᠬᠢᠩᠭᠠᠨ ᠠᠶᠢᠮᠠᠭ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠪᠡᠶᠡᠴᠢᠯᠡᠨ ᠣᠶᠢᠯᠠᠭᠠᠬᠤ ᠳᠡᠯᠭᠡᠭᠦᠷ᠂ ᠲᠤᠰᠬᠠᠶ ᠡᠵᠡᠩᠨᠡᠯᠲᠡ ᠶᠢᠨ ᠳᠡᠯᠭᠡᠭᠦᠷ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠭᠤᠤᠯ ᠴᠣᠭᠴᠠ ᠪᠣᠯᠭᠠᠨ ᠪᠥᠲᠥᠭᠡᠨ ᠪᠠᠶᠢᠭᠤᠯᠵᠤ ᠡᠵᠡᠩᠨᠡᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠲᠣᠭᠤᠷᠢᠭ ᠤᠨ ᠵᠠᠬ᠎ᠠ ᠳᠡᠯᠭᠡᠭᠦᠷ ᠤᠨ ᠬᠤᠪᠢᠳᠠᠯ ᠢ ᠲᠠᠰᠤᠷᠠᠯᠲᠠ ᠥᠬᠡᠶ ᠥᠷᠭᠡᠳᠬᠡᠵᠦ᠂ ︽ᠬᠢᠩᠭᠠᠨ ᠠᠶᠢᠮᠠᠭ ᠤᠨ ᠲᠤᠲᠤᠷᠭ᠎ᠠ︾ ︽ᠬᠢᠩᠭᠠᠨ ᠠᠶᠢᠮᠠᠭ ᠤᠨ ᠨᠠᠷᠢᠮᠤ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ︽ᠬᠢᠩᠭᠠᠨ ᠠᠶᠢᠮᠠᠭ ᠤᠨ ᠬᠤᠨᠢᠨ ᠮᠢᠬ᠎ᠠ︾ ᠵᠡᠷᠭᠡ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠤᠨᠴᠠᠯᠢᠭᠳᠤ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶ᠋ᠯᠡᠳᠪᠦᠷᠢ ᠶᠢᠨ ᠪᠣᠷᠣᠯᠠᠭᠤᠯᠭ᠎ᠠ ᠶᠢᠨ ᠲᠣᠤᠷ  ᠴᠡᠭ ᠲᠤ ᠣᠷᠣᠭᠤᠯᠤᠨ ᠪᠥᠬᠦ ᠣᠷᠣᠨ᠂ ᠪᠥᠬᠦ ᠤᠯᠤᠰ ᠲᠤ ᠳᠡᠯᠭᠡᠷᠡᠭᠦᠯᠦᠨ ᠪᠣᠷᠣᠯᠠᠭᠤᠯᠬᠤ ᠶᠢ ᠠᠬᠢᠭᠤᠯᠤᠨ᠎ᠠ  ᠃ ᠦᠬᠡᠷ ᠬᠤᠨᠢᠨ ᠮᠢᠬ᠎ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠢᠯᠡᠰ ᠤᠨ ᠰᠢᠰᠲ᠋ᠧᠮ ᠢ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ᠂ ᠬᠤᠸᠠ ᠶᠠᠩ ᠤᠨ 10 ᠲᠦᠮᠡᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠷᠥᠯ ᠵᠦᠢᠯ᠂ ᠵᠠᠯᠠᠶᠢᠳ ᠬᠤᠰᠢᠭᠤᠨ ᠤ ᠲᠢᠶᠠᠨ ᠮᠥ ᠵᠧᠨ ᠤ 15 ᠲᠦᠮᠡᠨ ᠠᠯᠠᠰᠢᠨ ᠦᠬᠡᠷ᠂ ᠲᠦᠴᠢᠦᠸᠠᠨ ᠰᠢᠶᠠᠨ ᠤ ᠯᠢᠦᠶ ᠹᠧᠩ ᠴᠢᠦᠸᠠᠨ ᠤ 10 ᠲᠦᠮᠡᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠲᠥᠷᠥᠯ ᠵᠦᠢᠯ ᠢᠶᠠᠷ ᠵᠢᠯᠣᠭᠤᠳᠤᠮᠵᠢ ᠪᠣᠯᠭᠠᠵᠤ᠂ ᠳᠡᠭᠡᠳᠦ ᠳᠤᠮᠳᠠ ᠳᠣᠤᠷᠠᠳᠤ ᠤᠷᠤᠰᠬᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠨᠢᠲᠤᠯᠵᠤ ᠡᠳ᠋ᠰᠢᠭᠦᠯᠬᠦ᠂ ᠰᠠᠯᠭᠠᠵᠤ ᠪᠣᠷᠣᠯᠠᠭᠤᠯᠬᠤ ᠪᠥᠬᠦ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠶ ᠪᠠᠷ ᠪᠣᠶ ᠪᠣᠯᠭᠠᠵᠤ᠂ ᠬᠦᠢᠳᠡᠨ ᠬᠡᠯᠬᠢᠶ᠎ᠡ᠂ ᠪᠠᠷᠠᠭᠠᠨ ᠤ ᠭᠦᠢᠯᠭᠡᠭᠡᠨ ᠤ ᠵᠠᠮ ᠮᠥᠷ ᠢ ᠰᠠᠭᠠᠳ ᠥᠬᠡᠶ ᠨᠡᠪᠲᠡᠷᠡᠭᠦᠯᠵᠦ᠂ ᠠᠯᠠᠰᠢᠨ ᠦᠬᠡᠷ ᠤᠨ ᠲᠤᠭ᠎ᠠ ᠲᠣᠯᠣᠭᠠᠶ ᠶᠢ 170 ᠲᠦᠮᠡ ᠳᠤ ᠬᠦᠷᠦᠭᠦᠯᠵᠦ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 30% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠪᠥᠬᠦ ᠤᠯᠤᠰ ᠲᠤ ᠬᠠᠨᠳᠤᠭᠤᠯᠤᠨ ᠲᠣᠮᠣ B ᠦᠵᠦᠭᠦᠷ ᠤᠨ ᠠᠵᠤ ᠠᠬᠤᠶᠢᠯᠠᠯ ᠢ ᠬᠤᠯᠪᠣᠵᠤ᠂ ᠦᠬᠡᠷ ᠤᠨ ᠠᠵᠤ ᠦᠢᠯᠡᠰ ᠤᠨ ᠢᠨᠲ᠋ᠧᠷ ᠰᠦᠯᠵᠢᠶ᠎ᠡ ᠶᠢ ᠪᠣᠶ ᠪᠣᠯᠭᠠᠨ᠎ᠠ᠃ ᠬᠤᠨᠢᠨ ᠮᠢᠬ᠎ᠠ ᠶᠢ ᠦᠷᠡᠵᠢᠭᠦᠯᠦᠨ ᠪᠤᠶᠢᠵᠢᠭᠤᠯᠬᠤ᠂ ᠬᠡᠪᠴᠢᠶᠡᠵᠢᠭᠦᠯᠦᠨ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠨᠢᠲᠤᠯᠵᠤ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ᠂  ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠠᠵᠤ ᠦᠢᠯᠡᠰ ᠤᠨ ᠬᠡᠯᠬᠢᠶ᠎ᠡ ᠶᠢ ᠲᠠᠰ ᠳᠡᠪᠰᠢᠭᠦᠯᠦᠨ ᠲᠡᠭᠦᠯᠳᠡᠷᠵᠢᠭᠦᠯᠵᠦ᠂ 10 ᠲᠦᠮᠡᠨ ︽ᠬᠢᠩᠭᠠᠨ ᠠᠯᠠᠰᠢᠨ ᠬᠤᠨᠢ︾ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠯᠠᠰᠢᠨ ᠬᠤᠨᠢᠨ ᠤ ᠲᠤᠭ᠎ᠠ ᠶᠢ 1000 ᠲᠦᠮᠡ ᠳᠤ ᠬᠦᠷᠦᠭᠦᠯᠵᠦ᠂ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 35% ᠳᠤ ᠬᠦᠷᠦᠭᠦᠯᠦᠨ᠎ᠡ᠃ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠡᠯᠴᠢᠭᠡᠷ ᠤᠨ ᠬᠤᠨᠢ︾ ᠶᠢᠨ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠦᠨ ᠡᠵᠡᠩᠨᠡᠨ ᠪᠣᠷᠣᠯᠠᠭᠤᠯᠬᠤ ᠲᠥᠪ ᠢ ᠪᠠᠶᠢᠭᠤᠯᠵᠤ᠂ ᠣᠷᠭᠠᠨᠢᠭ ᠬᠤᠨᠢᠨ ᠤ ᠴᠢᠨᠠᠷ ᠰᠠᠶᠢᠲᠠᠶ ᠪᠥᠭᠡᠳ ᠰᠠᠶᠢᠨ ᠦᠨ᠎ᠡ ᠪᠠᠷ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠰᠢᠶᠠᠨ ᠤ ᠬᠡᠪᠴᠢᠶᠡᠨ ᠤ ᠬᠤᠳᠠᠯᠳᠤᠭᠠᠨ ᠤ  ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ    4. ᠠᠷᠠᠯᠵᠢᠶ᠎ᠠ ᠬᠤᠳᠠᠯᠳᠤᠭᠠᠨ ᠤ ᠠᠷᠭ᠎ᠠ ᠵᠠᠮ ᠢ ᠳᠣᠷᠣᠭᠰᠢ ᠪᠠᠭᠤᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠰᠢᠶᠠᠨ ᠰᠢᠶᠠᠩ ᠢᠶᠠᠷ ᠭᠤᠣᠯᠳᠠᠯᠭ᠎ᠠ ᠪᠣᠯᠭᠠᠵᠤ᠂ ᠲᠣᠭᠠᠴᠢᠯᠠᠬᠤ᠂ ᠬᠡᠯᠬᠢᠶᠡᠵᠢᠭᠦᠯᠬᠦ᠂ ᠪᠠᠷᠢᠮᠵᠢᠶᠠᠵᠢᠭᠤᠯᠬᠤ ᠪᠠᠷ ᠠᠷᠭ᠎ᠠ ᠪᠠᠷᠢᠯ ᠪᠣᠯᠭᠠᠵᠤ᠂ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠵᠦ᠂ ᠲᠦᠴᠢᠦᠸᠠᠨ ᠰᠢᠶᠠᠨ ᠤ ᠰᠢᠨ᠎ᠡ ᠳᠡᠯᠡᠬᠡᠶ ᠶᠢᠨ ᠬᠤᠲᠠ ᠶᠢᠨ ᠴᠡᠴᠡᠷᠯᠢᠭ ᠤᠨ ᠬᠤᠳᠠᠯᠳᠤᠭᠠᠨ ᠤ ᠲᠥᠪ᠂ ᠵᠠᠯᠠᠶᠢᠳ ᠬᠤᠰᠢᠭᠤᠨ ᠤ ᠢᠦᠶ ᠬᠤ‌‍ᠸᠠᠨ ᠬᠤᠳᠠᠯᠳᠤᠭᠠᠨ ᠤ ᠵᠡᠭᠡᠯᠢ ᠶᠢᠨ ᠲᠥᠷᠥᠯ  ᠵᠦᠢᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠡᠭᠦᠨ ᠬᠤᠶᠢᠲᠤ  ᠶᠢᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠷᠠᠰᠢᠶᠠᠨ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ ᠤ ᠦᠨᠳᠦᠰᠦᠲᠡᠨ ᠤ ᠵᠠᠩ  ᠦᠢᠯᠡ ᠶᠢᠨ ᠬᠤᠳᠠᠯᠳᠤᠭᠠᠨ ᠤ ᠵᠡᠭᠡᠯᠢ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2025 ᠣᠨ ᠪᠣᠯᠬᠤ ᠳᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠠᠷᠠᠯᠵᠢᠶ᠎ᠠ ᠬᠤᠳᠠᠯᠳᠤᠭᠠᠨ ᠤ ᠲᠥᠪ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠳᠡᠯᠭᠡᠭᠦᠷ ᠤᠨ ᠦᠢᠯᠡᠴᠢᠯᠡᠭᠡᠨ ᠤ ᠴᠢᠳᠠᠮᠵᠢ ᠶᠢ ᠪᠦᠬᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠣᠮᠣ ᠬᠡᠯᠪᠡᠷᠢ ᠶᠢᠨ ᠬᠡᠯᠬᠢᠶ᠎ᠡ ᠭᠦᠢᠯᠭᠡᠭᠡᠨ ᠤ ᠠᠵᠤ ᠠᠬᠤᠶᠢᠯᠠᠯ ᠤᠨ ᠳᠣᠷᠣᠭᠰᠢ ᠰᠠᠭᠤᠬᠤ ᠶᠢ ᠬᠥᠲᠥᠯᠦᠨ ᠵᠢᠯᠣᠭᠤᠳᠴᠤ᠂ ᠨᠢᠭᠡ ᠪᠦᠯᠦᠭ ᠰᠢᠶᠠᠩ ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠲᠥᠪ᠂ ᠲᠣᠰᠬᠤᠨ ᠤ ᠲᠠᠰ ᠤᠨ ᠲᠥᠬᠦᠮ ᠳᠡᠯᠭᠡᠭᠦᠷ ᠢ ᠥᠭᠡᠷᠡᠴᠢᠯᠡᠨ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠬᠡᠷ ᠪᠦᠯᠢ᠂ ᠵᠤᠭ᠎ᠠ ᠴᠡᠩᠭᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠵᠡᠷᠭᠡ ᠣᠯᠠᠨ  ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠬᠤᠲᠠ ᠶᠢᠨ ᠠᠷᠠᠳ ᠤᠨ ᠬᠥᠳᠡᠭᠡ ᠪᠠᠭᠤᠬᠤ ᠪᠠ ᠮᠠᠯᠴᠢᠨ ᠲᠠᠷᠢᠶᠠᠴᠢᠨ ᠤ ᠬᠤᠲᠠ ᠳᠤ ᠣᠷᠣᠵᠤ ᠬᠡᠷᠡᠭᠯᠡᠭᠡ ᠬᠢᠬᠦ ᠶᠢ ᠭᠥᠯᠢᠶᠡᠨ ᠠᠪᠤᠨ᠎ᠠ᠃ ᠲᠣᠰ ᠭᠠᠵᠠᠷ ᠣᠷᠣᠨ ᠤ ᠠᠷᠠᠯᠵᠢᠶ᠎ᠠ ᠬᠤᠳᠠᠯᠳᠤᠭᠠᠨ ᠤ ᠬᠥᠲᠥᠴᠢ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠳᠣᠷᠣᠭᠰᠢ ᠪᠠᠭᠤᠯᠭᠠᠬᠤ ᠶᠢ ᠵᠣᠷᠢᠭᠵᠢᠭᠤᠯᠵᠤ᠂ ᠲᠥᠪᠯᠡᠷᠡᠭᠦᠯᠦᠨ ᠮᠠᠯᠲᠠᠬᠤ᠂ ᠰᠢᠭᠤᠳ ᠮᠠᠯᠲᠠᠬᠤ᠂ ᠰᠢᠭᠤᠳ ᠬᠤᠳᠠᠯᠳᠤᠨ ᠠᠪᠬᠤ᠂ ᠰᠢᠭᠤᠳ ᠪᠣᠷᠣᠯᠠᠭᠤᠯᠬᠤ ᠲᠣᠤᠷ ᠰᠦᠯᠵᠢᠶ᠎ᠡ ᠶᠢ ᠪᠠᠶᠢᠭᠤᠯᠵᠤ ᠂ ᠲᠣᠰ ᠭᠠᠵᠠᠷ ᠣᠷᠣᠨ ᠤ  ᠦᠢᠯᠡᠳᠪᠦᠷᠢᠯᠡᠯ᠂ ᠭᠦᠢᠯᠭᠡᠭᠡᠨ ᠤ ᠠᠵᠤ ᠠᠬᠤᠶᠢᠯᠠᠯ ᠵᠢᠴᠢ ᠰᠢᠶᠠᠩ ᠪᠠᠯᠭᠠᠰᠤ ᠶᠢᠨ ᠠᠷᠠᠯᠵᠢᠶ᠎ᠠ ᠬᠤᠳᠠᠯᠳᠤᠭᠠᠨ ᠤ ᠲᠥᠪ᠂ ᠮᠠᠯᠵᠢᠬᠤ ᠲᠠᠷᠢᠶᠠᠯᠠᠬᠤ ᠣᠷᠣᠨ ᠤ ᠲᠥᠬᠦᠮ ᠳᠡᠯᠭᠡᠭᠦᠷ ᠵᠡᠷᠭᠡ ᠳᠤ ᠬᠡᠷᠡᠭᠯᠡᠭᠡᠨ ᠤ  ᠵᠦᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠪᠦᠲᠦᠭᠡᠭᠳᠡᠬᠦᠨ ᠢ ᠳᠣᠭᠢᠷᠠᠭᠤᠯᠤᠨ ᠬᠦᠷᠭᠡᠬᠦ  ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    5. ︽ᠨᠢᠭᠡ ᠮᠥᠴᠡ︾ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ ᠴᠠᠷᠠᠭ᠎ᠠ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠣᠣᠷ ᠴᠡᠭ ᠤᠨ ᠪᠠᠶᠢᠷᠢᠰᠢᠯ ᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠠᠷᠠᠳ ᠲᠤ ᠳᠦᠭᠦᠮ ᠦᠵᠡᠭᠦᠯᠬᠦ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠬᠦᠷᠢᠶᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠦᠢᠯᠡᠴᠢᠯᠡᠭᠡ ᠶᠢ ᠤᠯᠠᠨ ᠡᠰᠢᠵᠢᠭᠦᠯᠬᠦ ᠶᠢ ᠲᠦᠯᠬᠢᠨ ᠠᠬᠢᠭᠤᠯᠤᠨ᠎ᠠ᠃ ᠸᠠᠨ ᠳ᠋ᠠ ᠠᠭᠤᠳᠠᠮ ᠲᠠᠯᠠᠪᠠᠶ᠂  ᠧᠦ ᠶᠠ ᠬᠤᠳᠠᠯᠳᠤᠭᠠᠨ ᠤ ᠲᠥᠪ᠂ ᠱᠧᠩ ᠳ᠋ᠡ ᠰᠢᠨ ᠶᠤᠸᠠᠢ ᠬᠤᠶ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠸᠠᠩ ᠹᠦ᠋ ᠵᠢᠩ ᠤᠨ ᠬᠤᠰᠢᠭᠤᠨ ᠳᠣᠤᠷᠠᠬᠢ ᠬᠤᠳᠠᠯᠳᠤᠭᠠᠨ ᠤ ᠲᠥᠪ ᠤᠨ ᠮᠠᠨ ᠤ ᠠᠶᠢᠮᠠᠭ ᠲᠤ ᠣᠷᠣᠵᠤ ᠰᠠᠭᠤᠬᠤ ᠶᠢ ᠢᠳᠡᠪᠬᠢᠲᠡᠶ ᠪᠠᠷ ᠠᠬᠢᠭᠤᠯᠵᠤ᠂  ᠢ ᠡᠤ ᠶᠢᠨ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ ᠶᠢ ᠠᠮᠢᠯᠠᠭᠤᠯᠵᠤ᠂ ᠰᠢᠩ ᠪᠠ ᠺᠧ᠂ ᠴᠤᠤ ᠫᠠᠢ᠂ ᠰᠢᠶᠦ᠋ᠩ ᠮᠢᠶᠣᠣ ᠯᠠᠶ ᠵᠡᠷᠭᠡ ᠨᠠᠷᠠᠲᠤ ᠲᠥᠷᠥᠯ ᠲᠡᠮᠳᠡᠭᠲᠦ ᠶᠢ ᠣᠷᠣᠭᠤᠯᠤᠨ ᠠᠪᠴᠢᠷᠠᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ᠂ ᠨᠠᠰᠤᠲᠠᠶᠢᠴᠤᠳ ᠤᠨ ᠡᠷᠡᠭᠦᠯ ᠴᠢᠭᠢᠷᠠᠭ᠂ ᠬᠥᠮᠦᠵᠢᠯ ᠪᠣᠯᠪᠠᠰᠤᠷᠠᠭᠤᠯᠤᠯ᠂ ᠬᠡᠦᠬᠡᠳ ᠢ ᠨᠠᠶᠢᠳᠠᠨ ᠬᠠᠮᠢᠶᠠᠷᠤᠭᠤᠯᠬᠤ ᠵᠡᠷᠭᠡ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠎ᠡ᠃ ︽ᠢᠨᠲ᠋ᠧᠷ ᠰᠦᠯᠵᠢᠶ᠎ᠡ +︾ ᠶᠢ ᠭᠦᠢᠴᠡᠳ ᠠᠰᠢᠭᠯᠠᠨ ᠳᠠᠬᠢᠯᠲᠠ ᠡᠬᠢ ᠪᠠᠶᠠᠯᠢᠭ ᠢ ᠣᠶᠤᠨᠴᠢᠯᠠᠬᠤ ᠬᠡᠮᠵᠢᠶ᠎ᠡ ᠶᠢ ᠳᠡᠭᠡᠭᠰᠢᠯᠡᠭᠦᠯᠵᠦ᠂ 5 ᠲᠤᠷᠰᠢᠯᠲᠠ ᠶᠢᠨ ᠴᠡᠭ ᠤᠨ ᠨᠡᠶᠢᠭᠡᠮ ᠲᠣᠭᠤᠷᠢᠭ ᠲᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠥᠷᠲᠡᠭᠡ ᠪᠠᠶᠢᠭᠤᠯᠵᠤ᠂ ᠣᠶᠤᠨᠴᠢ ᠬᠤᠷᠢᠶᠠᠨ ᠠᠪᠴᠢᠷᠠᠬᠤ ᠠᠪᠳᠠᠷ᠎ᠠ ᠶᠢ ᠲᠠᠯᠪᠢᠵᠤ᠂ ᠨᠡᠶᠢᠭᠡᠮ ᠲᠣᠭᠤᠷᠢᠭ ᠤᠨ ᠳᠠᠬᠢᠯᠲᠠ ᠡᠬᠢ ᠪᠠᠶᠠᠯᠢᠭ ᠢ ᠬᠤᠷᠢᠶᠠᠨ ᠠᠪᠴᠢᠷᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠢᠩᠭᠠᠨ ᠤ ᠬᠡᠷ ᠠᠬᠤᠶ ᠳᠤ ᠲᠦᠰᠢᠭᠯᠡᠨ ᠲᠤᠷᠰᠢᠯᠲᠠ ᠶᠢᠨ  ᠴᠡᠭ ᠤᠨ ᠨᠡᠶᠢᠭᠡᠮ ᠲᠣᠭᠤᠷᠢᠭ ᠲᠤ ᠬᠡᠷ ᠪᠦᠯᠢ ᠶᠢᠨ ᠠᠮᠢᠳᠤᠷᠠᠯ ᠤᠨ  ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠪᠥᠬᠦ ᠲᠠᠯ᠎ᠠ ᠶᠢᠨ ᠬᠡᠷ ᠠᠬᠤᠶ ᠶᠢᠨ  ᠦᠢᠯᠡᠴᠢᠯᠡᠭᠡ ᠬᠠᠩᠭᠠᠨ᠎ᠠ᠃ ᠨᠡᠶᠢᠭᠡᠮ ᠲᠣᠭᠤᠷᠢᠭ ᠤᠨ ᠬᠤᠳᠠᠯᠳᠤᠭᠠᠨ ᠤ ᠲᠦᠷᠦᠯ ᠳᠡᠮᠳᠡᠭᠵᠢᠬᠦᠯᠬᠦ᠂ ᠬᠡᠯᠬᠢᠶᠡᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠳᠠᠯᠢ ᠪᠤᠰᠤ ᠬᠠᠮᠲᠤᠯᠢᠭ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    6. ᠡᠯᠧᠺᠲᠷᠣᠨ ᠬᠤᠳᠠᠯᠳᠤᠭ᠎ᠠ ᠶᠢᠨ ᠡᠨᠧᠷᠭᠢ ᠣᠯᠭᠤᠬᠤ ᠬᠥᠭᠵᠢᠯᠲᠡ ᠶᠢ ᠲᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠭᠵᠢᠭᠦᠯᠬᠦ ᠶᠢ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠷᠳᠤᠳᠬᠠᠭᠤᠷ ᠪᠣᠯᠭᠠᠵᠤ᠂ ᠪᠥᠬᠦ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠳᠤ ᠣᠷᠣᠭᠤᠯᠵᠤ ᠬᠥᠲᠥᠯᠦᠨ ᠳᠠᠭᠠᠭᠤᠯᠬᠤ  ᠦᠢᠯᠡᠳᠦᠯ ᠢ ᠭᠦᠢᠴᠡᠳ ᠪᠠᠳᠠᠷᠠᠭᠤᠯᠤᠨ᠂ 100 ᠡᠯᠧᠺᠲᠷᠣᠨ ᠬᠤᠳᠠᠯᠳᠤᠭᠠᠨ ᠤ  ᠦᠢᠡᠯᠴᠢᠯᠡᠭᠡᠨ ᠤ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠪᠠᠷ ᠲᠣᠬᠢᠶᠠᠯ ᠪᠣᠯᠭᠠᠵᠤ᠂ ᠰᠦᠯᠵᠢᠶ᠎ᠡ ᠪᠠᠷ ᠬᠤᠳᠠᠯᠳᠤᠨ ᠠᠪᠬᠤ ᠪᠠ ᠰᠦᠯᠵᠢᠶ᠎ᠡ ᠪᠠᠷ ᠪᠣᠷᠣᠯᠠᠭᠤᠯᠬᠤ ᠪᠠᠷ ᠬᠡᠷᠡᠭᠯᠡᠭᠡᠨ ᠤ ᠲᠠᠰ ᠳᠡᠪᠰᠢᠬᠦ ᠪᠠ ᠠᠵᠤ  ᠦᠢᠯᠡᠳᠪᠦᠷᠢ ᠶᠢᠨ  ᠦᠢᠯᠡᠳᠭᠦᠨ᠂ ᠲᠠᠷᠢᠶᠠᠯᠠᠩ ᠤᠨ ᠪᠦᠲᠦᠭᠡᠭᠳᠡᠬᠦᠨ ᠤ ᠬᠤᠤᠰ ᠴᠢᠭᠯᠡᠯ ᠢᠶᠠᠷ ᠰᠢᠯᠵᠢᠬᠦ ᠬᠤᠷᠳᠤᠴᠠ ᠶᠢ ᠳᠠᠶᠢᠴᠢᠯᠠᠬᠤ ᠶᠢ ᠲᠦᠷᠭᠡᠳᠬᠡᠨ᠎ᠡ ᠃ ᠲᠢᠶᠠᠨ ᠮᠤᠤ᠂ ᠲᠤᠤ ᠪᠦᠦ ᠵᠡᠷᠭᠡ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠪᠠ ᠳ᠋ᠧᠦ ᠶᠢᠨ᠂  ᠺᠤᠸᠠᠢ ᠱᠧᠦ ᠵᠡᠷᠭᠡ ᠰᠢᠨ᠎ᠡ ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠯᠤᠭ᠎ᠠ ᠨᠠᠩ ᠨᠢᠭᠲᠠ᠂ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠤᠯᠲᠠ ᠵᠢᠴᠢ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠦᠨ᠎ᠡ᠃ ᠭᠠᠵᠠᠷ ᠣᠷᠣᠨ ᠤ ᠪᠠᠷᠢᠮᠵᠢᠶᠠᠲᠤ  ᠦᠢᠯᠡᠳᠭᠦᠨ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ᠂ ᠬᠠᠭᠤᠴᠢᠨ ᠨᠠᠷᠠᠲᠤ ᠲᠡᠮᠳᠡᠭᠲᠦ ᠵᠡᠷᠭᠡ ᠪᠠᠷ ᠭᠤᠤᠯ ᠰᠡᠳᠦᠪ ᠪᠣᠯᠭᠠᠭᠰᠠᠨ ᠡᠯᠧᠺᠲᠷᠣᠨ ᠬᠤᠳᠠᠯᠳᠤᠭᠠᠨ ᠤ ᠰᠢᠷᠢᠰ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2023 ᠣᠨ ᠳᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 100 ᠠᠴᠠ ᠳᠡᠭᠡᠭᠰᠢ ᠥᠷᠨᠢᠭᠦᠯᠬᠦ ᠪᠠᠷ ᠴᠢᠷᠮᠠᠶᠢᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠬᠢᠭᠡᠳ ᠲᠣᠮᠣ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠭᠠᠳᠠᠭᠠᠳᠤ ᠳᠠᠬᠢ ᠬᠥᠮᠥᠷᠭᠡ ᠪᠠᠶᠢᠭᠤᠯᠬᠤ ᠶᠢ ᠳᠡᠮᠵᠢᠵᠦ᠂ 1 ᠠᠴᠠ 2 ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠴᠢᠷᠮᠠᠶᠢᠨ ᠪᠤᠶᠢᠵᠢᠭᠤᠯᠵᠤ᠂ 1 ᠠᠴᠠ 2 ᠵᠢᠯ ᠤᠨ ᠳᠣᠲᠣᠷ᠎ᠠ 1 ᠣᠯᠠᠨ ᠨᠡᠶᠢᠲᠡ ᠶᠢᠨ ᠭᠠᠳᠠᠭᠠᠳᠤ ᠳᠠᠬᠢ ᠬᠥᠮᠥᠷᠭᠡ ᠶᠢ ᠪᠤᠶᠢᠵᠢᠭᠤᠯᠤᠨ ᠳᠠᠭᠤᠰᠬᠠᠬᠤ ᠪᠠᠷ ᠴᠢᠷᠮᠠᠶᠢᠨ᠎ᠠ᠃ ᠤᠯᠠᠭᠠᠨᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠬᠠᠩᠭᠠᠯᠭ᠎ᠠ ᠶᠢᠨ ᠬᠡᠯᠬᠢᠶ᠎ᠡ ᠶᠢᠨ ᠰᠠᠭᠤᠷᠢᠨ ᠭᠠᠵᠠᠷ ᠲᠤ ᠲᠦᠰᠢᠭᠯᠡᠨ᠂ ᠲᠣᠰ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠢ ᠲᠣᠤᠷᠵᠢᠭᠤᠯᠤᠨ ᠪᠠᠷᠠᠭᠠᠵᠢᠭᠤᠯᠬᠤ ᠥᠭᠡᠷᠡᠴᠢᠯᠡᠯᠲᠡ ᠶᠢ ᠴᠢᠩᠭᠠᠳᠬᠠᠨ᠎ᠠ᠃ ᠵᠧᠩ ᠶᠤᠸᠠᠨ ᠹᠧᠩ ᠲᠠᠢ᠂ ᠶᠦᠨ ᠰᠢᠶᠠ ᠠᠮᠢᠳᠤᠷᠠᠯ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢᠶᠠᠷ ᠵᠢᠯᠣᠭᠤᠳᠤᠮᠵᠢ ᠪᠣᠯᠭᠠᠵᠤ᠂ ᠲᠣᠰ ᠭᠠᠵᠠᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠳᠤ ᠦᠨᠳᠦᠰᠦᠯᠡᠵᠦ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠠᠵᠢᠯᠯᠠᠭ᠎ᠠ ᠶᠢ ᠥᠷᠨᠢᠭᠦᠯᠦᠨ᠎ᠡ᠃ ᠠᠯᠢᠪᠠᠪᠠ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠭᠤᠯᠤᠭᠰᠠᠨ ᠲᠤᠤ ᠪᠦᠦ ᠰᠢᠭᠤᠳ ᠨᠡᠪᠲᠡᠷᠡᠭᠦᠯᠭᠡ ᠶᠢᠨ ᠲᠣᠰᠬᠤᠨ ᠤ ᠨᠡᠪᠲᠡᠷᠡᠭᠦᠯᠭᠡ ᠶᠢᠨ ᠳᠡᠭᠡᠳᠦ ᠰᠤᠷᠭᠠᠭᠤᠯᠢ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ᠲᠤ ᠲᠦᠰᠢᠭᠯᠡᠨ᠂ 2025 ᠣᠨ ᠪᠣᠯᠬᠤ ᠳᠤ ᠡᠯᠧᠺᠲᠷᠣᠨ ᠬᠤᠳᠠᠯᠳᠤᠭᠠᠨ ᠤ ᠦᠢᠯᠡᠰ ᠴᠣᠭᠴᠠᠯᠠᠬᠤ ᠳᠠᠭᠠᠭᠤᠯᠤᠭᠴᠢ ᠶᠢ ᠬᠥᠮᠦᠵᠢᠭᠦᠯᠵᠦ᠂ ᠪᠠᠷᠠᠭᠠᠨ ᠤ ᠰᠦᠯᠵᠢᠶᠡᠨ ᠤ ᠤᠯᠠᠭᠠᠨ᠂ ᠰᠢᠨ᠎ᠡ ᠲᠠᠷᠢᠶᠠᠴᠢᠨ ᠵᠡᠷᠭᠡ ᠲᠣᠰ ᠭᠠᠵᠠᠷ ᠤᠨ ᠡᠯᠧᠺᠲᠷᠣᠨ ᠬᠤᠳᠠᠯᠳᠤᠭᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ 100 ᠠᠴᠠ ᠳᠡᠭᠡᠭᠰᠢ ᠰᠢᠭᠤᠳ ᠨᠡᠪᠲᠡᠷᠡᠭᠦᠯᠦᠨ᠎ᠡ᠃ ᠠᠯᠢᠪᠠᠪᠠ ᠲᠠᠢ ᠬᠠᠮᠲᠤᠷᠠᠨ ᠬᠢᠩᠭᠠᠨ ᠠᠶᠢᠮᠠᠭ ᠤᠨ ᠠᠵᠤ ᠦᠢᠯᠡᠰ ᠤᠨ ᠲᠣᠭᠠᠴᠢᠯᠠᠭᠰᠠᠨ ᠡᠵᠡᠩᠨᠡᠯᠲᠡ ᠶᠢᠨ ᠲᠥᠪ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠰ ᠤᠨ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠲᠥᠷᠥᠯ  ᠵᠦᠢᠯ ᠢ ᠠᠬᠢᠭᠤᠯᠵᠤ᠂ ᠰᠦᠯᠵᠢᠶᠡᠨ ᠤ ᠪᠠᠷᠠᠭᠠᠨ ᠤ ᠰᠢᠨ᠎ᠡ ᠪᠦᠲᠦᠭᠡᠭᠳᠡᠬᠦᠨ ᠢ ᠨᠡᠪᠴᠢᠭᠦᠯᠦᠨ᠎ᠡ᠃ ᠵᠢᠩ ᠳ᠋ᠦᠩ ᠪᠦᠯᠦᠭᠯᠡᠯ ᠤᠨ ᠬᠠᠮᠢᠶ᠎ᠠ ᠪᠥᠬᠦᠶ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ︽ᠵᠠᠭᠤᠨ ᠲᠦᠮᠡᠨ ᠬᠤᠳᠠᠯᠳᠤᠭᠠᠴᠢᠨ ᠢ ᠵᠢᠩ ᠳ᠋ᠦᠩ ᠺᠣᠮᠫᠠᠨᠢ ᠳᠤ ᠰᠦᠯᠵᠢᠶᠡᠨ ᠳᠤ ᠣᠷᠣᠭᠤᠯᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠵᠢᠩ ᠳ᠋ᠦᠩ ᠺᠣᠮᠫᠠᠨᠢ ᠳᠤ ᠰᠠᠭᠠᠳ ᠥᠬᠡᠶ ᠨᠡᠪᠲᠡᠷᠡᠬᠦ ᠵᠠᠮ ᠢ ᠬᠠᠩᠭᠠᠵᠤ᠂ ᠨᠠᠩ ᠣᠯᠠᠨ ᠬᠢᠩᠭᠠᠨ ᠠᠶᠢᠮᠠᠭ ᠤᠨ ᠲᠠᠷᠢᠶᠠᠯᠠᠩ  ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠠᠵᠤ ᠠᠬᠤᠶᠢᠯᠠᠯ ᠤᠨ ᠵᠢᠩ ᠳ᠋ᠦᠩ ᠺᠣᠮᠫᠠᠨᠢ ᠶᠢᠨ ᠲᠠᠪᠴᠠᠩ ᠳᠤ ᠣᠷᠣᠵᠤ ᠰᠠᠭᠤᠬᠤ ᠶᠢ ᠵᠣᠷᠢᠭᠵᠢᠭᠤᠯᠵᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠶᠢ ᠥᠷᠨᠢᠭᠦᠯᠦᠨ᠎ᠡ᠃ ᠵᠢᠩ ᠳ᠋ᠦᠩ ᠬᠢᠩᠭᠠᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠤᠯᠪᠣᠭ᠎ᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠵᠢᠩ ᠳ᠋ᠦᠩ ᠪᠠᠷᠠᠭᠠᠨ ᠤ ᠭᠦᠢᠯᠭᠡᠭᠡᠨ ᠤ ᠲᠠᠪᠴᠠᠩ ᠪᠠ ᠳᠠᠮᠵᠢᠭᠤᠯᠬᠤ ᠥᠷᠲᠡᠭᠡ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠬᠦᠴᠦᠨ ᠢᠶᠠᠨ ᠠᠰᠢᠭᠯᠠᠨ ᠬᠥᠭᠵᠢᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠭᠤᠷᠪᠠ︶ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢᠨ  ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ    7. ᠪᠠᠷᠠᠭᠠᠨ ᠤ ᠭᠦᠢᠯᠭᠡᠭᠡᠨ  ᠤ ᠨᠡᠪᠳᠡᠷᠡᠯ ᠵᠠᠮ ᠤᠨ ᠪᠥᠳᠥᠭᠡᠨ ᠪᠠᠶᠢᠭᠤᠯᠤᠯᠲᠠ ᠶᠢ ᠲᠥᠯᠬᠢᠨ ᠠᠬᠢᠭᠤᠯᠤᠨ᠎ᠠ᠃ G5511  ᠰᠤᠭᠤᠳᠤ — ᠤᠯᠠᠭᠠᠨᠬᠤᠲᠠ᠂ G1015 ᠰᠢᠨ᠎ᠡ ᠪᠠᠷ ᠲᠠᠷᠬᠠᠭᠠᠭᠰᠠᠨ — ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠲᠦᠷᠭᠡᠨ ᠬᠤᠷᠳᠤ ᠶᠢᠨ ᠵᠠᠰᠠᠮᠠᠯ ᠵᠠᠮ ᠤᠨ ᠲᠥᠷᠥᠯ  ᠵᠦᠢᠯ ᠢ ᠲᠦᠷᠭᠡᠳᠬᠡᠨ ᠬᠡᠷᠡᠭᠵᠢᠭᠦᠯᠵᠦ᠂ ᠠᠶᠢᠮᠠᠭ ᠤᠨ ᠬᠡᠪᠴᠢᠶᠡᠨ ᠳᠠᠬᠢ ᠳᠡᠭᠡᠳᠦ  ᠬᠤᠷᠳᠤᠴᠠᠳᠤ ᠵᠠᠰᠠᠮᠠᠯ ᠵᠠᠮ ᠤᠨ ᠲᠣᠤᠷ ᠢ ᠪᠠᠶᠢᠭᠤᠯᠤᠨ᠎ᠠ᠃ G331 ᠷᠠᠰᠢᠶᠠᠨ — ᠳ᠋ᠦᠷᠠᠷ᠂ ᠲᠦᠴᠢᠦᠸᠠᠨ — ᠳ᠋ᠢ ᠬᠥᠩ ᠬᠤᠸᠠ᠂ ᠲᠦᠴᠢᠦᠸᠠᠨ — ᠲᠤᠤ ᠨᠠᠨ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ  ᠵᠦᠢᠯ ᠢ ᠲᠠᠰ ᠳᠡᠪᠰᠢᠭᠦᠯᠦᠨ ᠥᠭᠡᠷᠡᠴᠢᠯᠡᠵᠦ᠂ ᠤᠯᠤᠰ ᠮᠤᠵᠢ ᠶᠢᠨ ᠵᠠᠰᠠᠮᠠᠯ ᠵᠠᠮ ᠢᠶᠠᠷ ᠨᠢᠷᠤᠭᠤᠪᠴᠢ ᠪᠣᠯᠭᠠᠭᠰᠠᠨ ᠭᠤᠤᠯ ᠱᠤᠭᠤᠮ ᠤᠨ ᠵᠠᠰᠠᠮᠠᠯ ᠵᠠᠮ ᠤᠨ ᠲᠣᠤᠷ ᠢ ᠪᠣᠶ ᠪᠣᠯᠭᠠᠵᠤ᠂ ᠡᠯ᠎ᠡ ᠬᠤᠰᠢᠭᠤ ᠰᠢᠶᠠᠨ ᠬᠤᠲᠠ ᠶᠢᠨ ᠳᠡᠭᠡᠳᠦ ᠲᠠᠰ ᠤᠨ ᠵᠠᠰᠠᠮᠠᠯ ᠵᠠᠮ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠭᠤᠤᠯᠳᠠᠯᠭ᠎ᠠ ᠲᠠᠢ ᠰᠤᠮᠤ ᠰᠢᠶᠠᠩ ᠪᠠᠯᠭᠠᠰᠤ ᠶᠢᠨ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠢ ᠨᠡᠪᠲᠡᠷᠡᠭᠦᠯᠦᠨ᠎ᠡ᠃ ᠭᠤᠤᠯ ᠱᠤᠭᠤᠮ ᠤᠨ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠪᠠ ᠲᠦᠷᠭᠡᠨ ᠬᠤᠷᠳᠤᠴᠠᠳᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶ ᠠ — ᠠᠷᠤ ᠱᠤᠭᠤᠮ ᠤᠨ ᠤᠯᠠᠭᠠᠨᠬᠤᠲᠠ ᠠᠴᠠ ᠷᠠᠰᠢᠶᠠᠨ ᠬᠥᠷᠬᠦ ᠠᠵᠢᠯᠯᠠᠭᠠᠨ ᠤ ᠲᠡᠷᠭᠡ ᠶᠢᠨ ᠥᠭᠡᠷᠡᠴᠢᠯᠡᠯᠲᠡ ᠶᠢᠨ ᠲᠥᠷᠥᠯ  ᠵᠦᠢᠯ ᠢ ᠲᠦᠷᠭᠡᠳᠬᠡᠨ ᠠᠬᠢᠭᠤᠯᠵᠤ᠂ ᠲᠦᠩᠯᠢᠶᠣᠤ ᠠᠴᠠ ᠤᠯᠠᠭᠠᠨᠬᠤᠲᠠ ᠠᠴᠠ ᠴᠢᠴᠢᠬᠠᠷ ᠬᠥᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠲᠥᠷᠥᠯ  ᠵᠦᠢᠯ᠂ ᠢᠷᠪᠢᠰ ᠠᠴᠠ ᠢᠮᠢᠨ ᠬᠥᠷᠬᠦ ᠬᠠᠶᠢᠯᠠᠷ ᠬᠥᠷᠬᠦ ᠲᠡᠮᠦᠷ ᠵᠠᠮ ᠤᠨ ᠥᠭᠡᠷᠡᠴᠢᠯᠡᠯᠲᠡ ᠶᠢᠨ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠶ ᠪᠠᠷ ᠠᠬᠢᠭᠤᠯᠵᠤ᠂ ᠣᠷᠣᠨ ᠠᠴᠠ ᠭᠠᠷᠬᠤ᠂ ᠠᠶᠢᠮᠠᠭ ᠠᠴᠠ ᠭᠠᠷᠬᠤ ᠥᠨᠳᠥᠷ ᠦᠷ᠎ᠡ ᠪᠦᠲᠦᠮᠵᠢᠲᠡᠶ ᠨᠡᠪᠲᠡᠷᠡᠬᠦ ᠲᠡᠮᠦᠷ ᠵᠠᠮ ᠤᠨ ᠲᠣᠤᠷ ᠰᠦᠯᠵᠢᠶ᠎ᠡ ᠶᠢ ᠪᠣᠶ ᠪᠣᠯᠭᠠᠨ᠎ᠠ᠃ ᠤᠯᠠᠭᠠᠨᠬᠤᠲᠠ ᠶᠢᠨ ᠨᠢᠰᠬᠡᠯ ᠤᠨ ᠪᠠᠭᠤᠳᠠᠯ ᠪᠣᠯᠤᠨ ᠷᠠᠰᠢᠶᠠᠨ ᠤ ᠨᠢᠰᠬᠡᠯ ᠤᠨ ᠪᠠᠭᠤᠳᠠᠯ ᠤᠨ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠭᠠᠷ ᠤᠨ ᠠᠶᠠᠯᠠᠯ ᠤᠨ ᠱᠤᠭᠤᠮ ᠢ ᠢᠳᠡᠪᠬᠢᠲᠡᠶ ᠪᠠᠷ ᠤᠷᠲᠤᠳᠬᠠᠨ ᠥᠷᠭᠡᠳᠬᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ ᠪᠠᠷᠠᠭᠠᠨ ᠤ ᠭᠦᠢᠯᠭᠡᠭᠡᠨ ᠤ ᠲᠤᠰᠬᠠᠶ ᠱᠤᠭᠤᠮ ᠢ ᠤᠷᠢᠳᠴᠢᠯᠠᠨ ᠦᠯᠡᠳᠡᠭᠡᠵᠦ᠂ ᠬᠥᠮᠦᠨ ᠪᠠ ᠪᠠᠷᠠᠭ᠎ᠠ ᠶᠢ ᠰᠠᠯᠭᠠᠵᠤ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ ᠠᠭᠠᠷ ᠤᠨ ᠠᠶᠠᠯᠠᠯ ᠤᠨ ᠲᠣᠤᠷ ᠰᠦᠯᠵᠢᠶ᠎ᠡ ᠶᠢ ᠪᠦᠷᠢᠯᠳᠦᠭᠦᠯᠦᠨ᠎ᠡ᠃ 2023 ᠣᠨ ᠪᠣᠯᠬᠤ ᠳᠤ ᠵᠠᠰᠠᠮᠠᠯ ᠵᠠᠮ ᠲᠡᠮᠦᠷ ᠵᠠᠮ ᠠᠭᠠᠷ ᠤᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 3000 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ  ᠢᠭᠡᠴᠢ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶        8. ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠣᠲᠣ ᠶᠢᠨ ᠪᠠᠶᠢᠭ᠎ᠠ ᠠᠵᠤ ᠦᠢᠯᠡᠰ ᠤᠨ ᠴᠤᠭᠯᠠᠷᠠᠯ ᠬᠢᠭᠡᠳ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠳᠤ ᠲᠦᠰᠢᠭᠯᠡᠨ᠂ ᠪᠠᠷᠠᠭᠠᠨ ᠤ ᠭᠦᠢᠯᠭᠡᠭᠡᠨ ᠤ ᠵᠥᠭᠡᠯᠡᠨ ᠬᠠᠲᠠᠭᠤ ᠲᠣᠨᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠡᠬᠢ ᠪᠠᠶᠠᠯᠢᠭ ᠢ ᠲᠦᠷᠭᠡᠳᠬᠡᠨ ᠡᠮᠬᠢᠯᠡᠨ ᠨᠡᠶᠢᠯᠡᠭᠦᠯᠵᠦ᠂ ᠡᠯ᠎ᠡ ᠲᠥᠷᠥᠯ ᠤᠨ ᠪᠠᠷᠠᠭᠠᠨ ᠤ ᠭᠦᠢᠯᠭᠡᠭᠡᠨ ᠤ ᠲᠥᠪ᠂ ᠳᠣᠭᠢᠷᠠᠭᠤᠯᠤᠨ ᠬᠦᠷᠭᠡᠬᠦ ᠪᠡᠯᠡᠳᠬᠡᠮᠵᠢ ᠶᠢ ᠴᠢᠬᠤᠯᠠ ᠶᠡᠭᠡ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠴᠢᠳᠠᠮᠵᠢ ᠯᠤᠭ᠎ᠠ ᠠᠶᠢᠮᠠᠭ ᠤᠨ ᠲᠠᠰ ᠤᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 5 ᠢᠵᠢ ᠴᠠᠭᠠᠷᠢᠭᠯᠠᠨ ᠰᠣᠯᠪᠢᠴᠠᠬᠤ ᠪᠦᠰᠡ ᠮᠠᠶ᠋ᠢᠭ ᠤᠨ ᠠᠦ᠋ᠲ᠋ᠣ᠋ ᠢᠯᠭᠠᠯᠲᠠ ᠶᠢᠨ ᠲᠥᠬᠦᠭᠡᠷᠦᠮᠵᠢ ᠶᠢᠨ ᠴᠢᠳᠠᠮᠵᠢ ᠶᠢ ᠣᠷᠣᠭᠤᠯᠤᠨ ᠠᠪᠴᠢᠷᠠᠵᠤ ᠳᠡᠭᠡᠭᠰᠢᠯᠡᠭᠦᠯᠦᠨ᠎ᠡ᠃ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠡᠮᠦᠷ ᠵᠠᠮ ᠤᠨ ᠬᠤᠲᠠ ᠲᠡᠮᠦᠷ ᠵᠠᠮ ᠤᠨ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠤᠯᠠᠭᠠᠨᠬᠤᠲᠠ ᠶᠢᠨ ᠳ᠋ᠠ ᠾᠧ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠬᠥᠯᠳᠡᠭᠡᠵᠦ ᠬᠠᠳᠠᠭᠠᠯᠠᠬᠤ᠂ ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠨᠥᠭᠡᠴᠡᠯᠡᠵᠦ ᠰᠣᠷᠭᠤᠭ ᠪᠠᠶᠢᠯᠭᠠᠬᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯᠳᠡᠭᠡᠵᠦ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠵᠡᠷᠭᠡ ᠨᠢᠭᠡ ᠪᠦᠯᠦᠭ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠪᠥᠬᠦ ᠬᠡᠯᠬᠢᠶᠡᠵᠢᠭᠰᠡᠨ᠂ ᠰᠦᠯᠵᠢᠶᠡᠵᠢᠭᠰᠡᠨ᠂ ᠴᠢᠩᠭ᠎ᠠ ᠪᠠᠷᠢᠮᠵᠢᠶ᠎ᠠ ᠲᠠᠢ᠂ ᠮᠥᠷᠳᠡᠵᠦ ᠪᠣᠯᠬᠤ᠂ ᠰᠢᠨ᠎ᠡ ᠵᠠᠭᠪᠤᠷ ᠲᠠᠢ᠂ ᠥᠨᠳᠥᠷ ᠦᠷ᠎ᠡ ᠪᠦᠲᠦᠮᠵᠢ ᠲᠠᠢ︾ ᠣᠲᠣ ᠦᠶ᠎ᠡ ᠶᠢᠨ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠵᠤ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠨᠢᠷᠤᠭᠤᠪᠴᠢ ᠵᠠᠩᠭᠢᠯᠠᠭ᠎ᠠ ᠶᠢᠨ ᠰᠠᠭᠤᠷᠢᠨ ᠭᠠᠵᠠᠷ ᠪᠣᠯᠭᠠᠨ ᠬᠥᠭᠵᠢᠭᠦᠯᠦᠨ᠎ᠡ᠃ ᠬᠢᠩᠭᠠᠨ ᠠᠶᠢᠮᠠᠭ ᠤᠨ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠲᠥᠷᠥᠯ  ᠵᠦᠢᠯ ᠤᠨ ᠲᠣᠭᠤᠷᠢᠨ ᠳᠤ᠂ ᠠᠮᠤ ᠪᠤᠳᠠᠭ᠎ᠠ ᠲᠣᠰᠣᠨ ᠤ ᠡᠳ᠋ ᠪᠠᠷᠠᠭ᠎ᠠ ᠨᠥᠭᠡᠴᠡᠯᠡᠬᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠪᠠᠷᠠᠭ᠎ᠠ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡᠨ ᠵᠡᠷᠭᠡ ᠪᠠᠴᠢᠮ ᠪᠠᠶᠢᠳᠠᠯ ᠢ ᠠᠷᠭᠠᠴᠠᠬᠤ ᠣᠯᠠᠨ  ᠵᠦᠢᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠭᠤᠤᠯ ᠨᠥᠭᠡᠴᠡᠯᠡᠬᠦ ᠪᠡᠯᠡᠳᠬᠡᠮᠵᠢ ᠶᠢᠨ ᠡᠬᠢ ᠪᠠᠶᠠᠯᠢᠭ ᠢ ᠪᠣᠶ ᠪᠣᠯᠭᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    9. ᠪᠠᠷᠠᠭᠠᠨ ᠤ ᠭᠦᠢᠯᠭᠡᠭᠡᠨ ᠤ ᠲᠤᠰᠬᠠᠶ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠴᠤᠭᠯᠠᠷᠠᠭᠤᠯᠤᠨ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠪᠠ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠡᠯ᠎ᠡ  ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠥᠨᠳᠥᠷ ᠦᠷ᠎ᠡ ᠪᠠᠷᠠᠭᠠᠨ ᠤ ᠭᠦᠢᠯᠭᠡᠭᠡᠨ ᠤ ᠦᠢᠯᠡᠰ ᠪᠣᠯᠤᠨ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠢᠨᠲ᠋ᠧᠷ ᠰᠦᠯᠵᠢᠶ᠎ᠡ +︾ ᠥᠨᠳᠥᠷ ᠦᠷ᠎ᠡ ᠪᠦᠲᠦᠮᠵᠢᠲᠡᠶ ᠪᠠᠷᠠᠭᠠᠨ ᠤ ᠭᠦᠢᠯᠭᠡᠭᠡᠨ ᠪᠠ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠤᠰᠬᠠᠶ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ  ᠦᠢᠯᠡᠳᠬᠦ ᠦᠢᠯᠡᠰ ᠲᠤ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠶᠢᠨ ᠬᠥᠮᠥᠷᠭᠡ ᠶᠢᠨ ᠬᠠᠳᠠᠭᠠᠯᠠᠯᠲᠠ᠂ ︽ᠱᠤᠭᠤᠮ ᠤᠨ ᠬᠠᠵᠠᠭᠤ ᠶᠢᠨ ᠪᠠᠷᠠᠭᠠᠨ ᠤ ᠭᠦᠢᠯᠭᠡᠭᠡᠨ︾᠂ ᠬᠠᠩᠭᠠᠯᠭ᠎ᠠ ᠶᠢᠨ ᠬᠡᠯᠬᠢᠶᠡᠰᠦ ᠶᠢᠨ ᠪᠠᠷᠠᠭᠠᠨ ᠤ ᠭᠦᠢᠯᠭᠡᠭᠡᠨ ᠢ ᠨᠢᠭᠡ ᠴᠤᠭᠴᠠᠵᠢᠭᠤᠯᠬᠤ  ᠦᠢᠯᠡᠴᠢᠯᠡᠭᠡᠨ ᠵᠡᠷᠭᠡ ᠪᠠᠷᠠᠭᠠᠨ ᠤ ᠭᠦᠢᠯᠭᠡᠭᠡᠨ ᠤ  ᠰᠢᠢᠳᠪᠦᠷᠢᠯᠡᠬᠦ ᠲᠥᠰᠦᠯ ᠢ ᠪᠡᠶ᠎ᠡ ᠪᠠᠷ ᠢᠶᠠᠨ ᠲᠣᠭᠲᠠᠭᠠᠨ ᠬᠢᠯᠭᠡᠬᠦ ᠶᠢ ᠵᠣᠷᠢᠭᠵᠢᠭᠤᠯᠵᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠦᠢᠯᠡᠳᠬᠦ ᠦᠢᠯᠡᠰ ᠤᠨ ᠲᠥᠪᠯᠡᠷᠡᠭᠰᠡᠨ ᠲᠣᠭᠤᠷᠢᠭ ᠲᠤ ᠲᠥᠯᠥᠪᠵᠢᠭᠦᠯᠭᠡ ᠬᠢᠵᠦ᠂ ᠣᠶᠤᠨᠴᠢ ᠥᠨᠳᠥᠷ ᠦᠷ᠎ᠡ ᠪᠦᠲᠦᠮᠵᠢᠲᠡᠶ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢ ᠪᠠᠷᠠᠭᠠᠨ ᠤ ᠭᠦᠢᠯᠭᠡᠭᠡᠨ ᠤ ᠦᠢᠯᠡᠰ ᠬᠢᠭᠡᠳ  ᠦᠢᠯᠡᠳᠬᠦ ᠦᠢᠯᠡᠰ ᠤᠨ  ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠤᠯᠲᠠ ᠠᠴᠠ ᠬᠠᠩᠭᠠᠯᠭ᠎ᠠ ᠶᠢᠨ ᠬᠡᠯᠬᠢᠶ᠎ᠡ ᠶᠢᠨ ᠬᠤᠷᠠᠮᠠᠯ ᠳᠠᠰᠢ ᠬᠤᠪᠢᠷᠠᠭᠤᠯᠬᠤ ᠶᠢ ᠳᠡᠮᠵᠢᠵᠦ᠂ ᠳᠣᠲᠣᠭᠠᠳᠤ ᠳᠠᠭᠠᠨ ᠥᠪᠡᠷ ᠤᠨ ᠥᠷᠲᠡᠭ ᠢᠶᠠᠨ ᠪᠠᠭᠤᠷᠠᠭᠤᠯᠬᠤ ᠪᠠᠷ ᠳᠠᠮᠵᠢᠭᠤᠯᠤᠨ᠂ ᠭᠠᠳᠠᠨ᠎ᠠ ᠠᠴᠠ  ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠲᠡᠭᠡᠭᠡᠪᠦᠷᠢᠯᠡᠬᠦ  ᠦᠢᠯᠡᠴᠢᠯᠡᠭᠡ ᠶᠢ ᠴᠢᠩᠭᠠᠳᠬᠠᠵᠤ᠂ ᠪᠥᠬᠦ ᠠᠶᠢᠮᠠᠭ ᠤᠨ 181 ᠵᠤᠷᠪᠤᠰ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠂ 845 ᠪᠠᠶᠢᠭᠤᠯᠤᠯᠳᠤ ᠲᠣᠰᠬᠤᠨ ᠤ ᠠᠶᠠᠨᠴᠢᠳ ᠤᠨ ᠮᠠᠰᠢᠨ ᠲᠡᠷᠭᠡ ᠨᠡᠪᠲᠡᠷᠡᠬᠦ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠲᠠᠯᠠᠪᠤᠷ ᠥᠷᠲᠡᠭᠡ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠬᠠᠮᠲᠤᠪᠠᠷ ᠬᠡᠷᠡᠭᠯᠡᠬᠦ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠷᠢᠯᠴᠠᠨ ᠨᠡᠪᠲᠡᠷᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠲᠡᠭᠡ ᠲᠠᠯᠠᠪᠤᠷ᠂ ᠵᠠᠮ ᠱᠤᠭᠤᠮ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠬᠤ᠂ ᠬᠠᠮᠲᠤᠪᠠᠷ ᠭᠥᠷᠳᠡᠬᠦ᠂ ᠬᠠᠮᠲᠤᠪᠠᠷ ᠬᠡᠷᠡᠭᠯᠡᠬᠦ ᠶᠢ ᠪᠡᠶᠡᠯᠡᠭᠦᠯᠵᠦ᠂ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ  ᠦᠢᠯᠡᠴᠢᠯᠡᠭᠡᠨ ᠤ ᠲᠡᠩᠴᠡᠭᠦᠷᠢᠰᠢᠬᠦ ᠬᠥᠭᠵᠢᠯᠲᠡ ᠶᠢ ᠠᠬᠢᠭᠤᠯᠤᠨ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ ᠪᠠᠷᠠᠭᠠᠨ ᠤ ᠭᠦᠢᠯᠭᠡᠭᠡᠨ ᠤ ᠬᠦᠢᠰᠦ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠡᠮᠦᠷ ᠵᠠᠮ ᠪᠠ ᠨᠢᠰᠬᠡᠯ ᠤᠨ ᠪᠠᠭᠤᠳᠠᠯ ᠤᠨ ᠪᠠᠷᠠᠭᠠᠨ ᠤ ᠲᠡᠭᠡᠭᠡᠪᠦᠷᠢ ᠶᠢᠨ ᠥᠷᠲᠡᠭᠡ ᠶᠢᠨ AI᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠮᠠᠰᠢᠨ ᠬᠥᠮᠦᠨ᠂ AR/VR᠂ 5G ᠵᠡᠷᠭᠡ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠵᠣᠷᠢᠭᠵᠢᠭᠤᠯᠵᠤ᠂ ᠠᠦ᠋ᠲ᠋ᠣᠴᠢᠯᠠᠭᠰᠠᠨ ᠪᠡᠶᠡᠲᠦ ᠬᠥᠮᠥᠷᠭᠡ ᠶᠢ ᠳᠡᠯᠭᠡᠷᠡᠭᠦᠯᠦᠨ᠂ ᠲᠡᠭᠡᠭᠡᠪᠦᠷᠢ ᠶᠢᠨ ᠲᠡᠷᠭᠡ᠂ ᠣᠶᠤᠨᠴᠢ ᠬᠦᠷᠭᠡᠯᠲᠡ ᠶᠢᠨ ᠢᠯᠭᠠᠬᠤ ᠪᠠ ᠠᠴᠢᠶᠠᠯᠠᠵᠤ ᠪᠠᠭᠤᠯᠭᠠᠬᠤ ᠲᠥᠬᠦᠭᠡᠷᠦᠮᠵᠢ ᠶᠢᠨ ᠬᠡᠪᠴᠢᠶᠡᠵᠢᠭᠦᠯᠦᠨ ᠬᠡᠷᠡᠭᠯᠡᠬᠦ ᠶᠢ ᠬᠥᠲᠥᠯᠦᠨ ᠵᠢᠯᠣᠭᠤᠳᠴᠤ᠂ ᠤᠶᠤᠨᠴᠢᠯᠠᠭᠰᠠᠨ ᠣᠪᠣᠭᠠᠯᠠᠬᠤ ᠲᠠᠯᠠᠪᠠᠶ ᠶᠢᠨ ᠬᠥᠭᠵᠢᠯᠲᠡ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠳᠤ ᠲᠤᠯᠭᠠᠷᠠᠵᠤ ᠪᠠᠶᠢᠭ᠎ᠠ ᠭᠡᠨᠡᠳᠲᠡ ᠶᠢᠨ ᠴᠢᠬᠤᠯᠠ ᠶᠡᠭᠡ ᠠᠰᠠᠭᠤᠳᠠᠯ ᠢ  ᠰᠢᠢᠳᠪᠦᠷᠢᠯᠡᠵᠦ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠠᠳᠠᠯᠢ ᠪᠤᠰᠤ ᠲᠥᠷᠥᠯ ᠬᠡᠯᠪᠡᠷᠢ ᠶᠢᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠲᠤ ᠬᠠᠨᠳᠤᠭᠤᠯᠤᠨ᠂ ᠪᠠᠴᠢᠮ ᠪᠠᠶᠢᠳᠠᠯ ᠢ ᠠᠷᠭᠠᠴᠠᠬᠤ ᠪᠠᠷᠠᠭᠠᠨ ᠤ ᠭᠦᠢᠯᠭᠡᠭᠡᠨ ᠤ ᠪᠡᠯᠡᠳᠬᠡᠯ ᠲᠥᠰᠦᠯ ᠢ ᠲᠠᠰ ᠱᠠᠲᠤ ᠬᠤᠪᠢᠶᠠᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠲᠥᠷᠪᠡ︶ ᠠᠵᠤ ᠠᠬᠤᠶᠢᠯᠠᠯ  ᠢ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ    10. ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠭᠤᠤᠯᠯᠠᠭᠴᠢ ᠠᠵᠤ ᠠᠬᠤᠶᠢᠯᠠᠯ ᠢ ᠲᠡᠳᠬᠦᠨ ᠳᠡᠮᠵᠢᠨ᠎ᠡ᠃ ᠬᠡᠯᠬᠢᠶ᠎ᠡ ᠬᠤᠳᠠᠯᠳᠤᠭ᠎ᠠ ᠬᠡᠲᠦ᠂ ᠬᠤᠲᠠ ᠬᠥᠳᠡᠭᠡ ᠶᠢᠨ ᠳᠣᠭᠢᠷᠠᠭᠤᠯᠤᠨ ᠬᠦᠷᠭᠡᠬᠦ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ᠂ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠭᠡᠬᠦ᠂ ᠬᠠᠩᠭᠠᠯᠭ᠎ᠠ ᠶᠢᠨ ᠬᠡᠯᠬᠢᠶ᠎ᠡ ᠶᠢᠨ  ᠦᠢᠯᠡᠴᠢᠯᠡᠭᠡ᠂  ᠭᠦᠢᠳᠡᠨ ᠬᠡᠯᠬᠢᠶ᠎ᠡ ᠶᠢᠨ ᠪᠠᠷᠠᠭᠠᠨ ᠤ ᠭᠦᠢᠯᠭᠡᠭᠡᠨ ᠵᠡᠷᠭᠡ ᠬᠦᠷᠢᠶ᠎ᠡ ᠴᠠᠷᠠᠭ᠎ᠠ ᠳᠤ ᠨᠢᠭᠡ ᠪᠦᠯᠦᠭ ᠭᠤᠤᠯᠯᠠᠬᠤ ᠥᠷᠢᠰᠦᠯᠳᠦᠬᠦ ᠬᠦᠴᠦᠨ ᠢᠶᠠᠷ ᠴᠢᠩᠭ᠎ᠠ᠂   ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠥᠨᠳᠥᠷ᠂ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠭᠤᠤᠯᠯᠠᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠥᠪᠥᠷ ᠮᠣᠩᠭᠤᠯ ᠤᠨ  ᠮᠧᠩ ᠵᠢᠶᠠ ᠠᠮᠤ ᠪᠤᠳᠠᠭ᠎ᠠ ᠲᠣᠰᠣᠨ ᠤ ᠠᠵᠤ  ᠦᠢᠯᠡᠳᠪᠦᠷᠢ ᠶᠢᠨ ᠪᠦᠯᠦᠭᠯᠡᠯ ᠺᠣᠮᠫᠠᠨᠢ᠂ ᠥᠪᠥᠷ ᠮᠣᠩᠭᠤᠯ ᠤᠨ ᠳ᠋ᠠ ᠯᠦᠩ ᠲᠡᠭᠡᠭᠡᠪᠦᠷᠢ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠲᠣᠰ ᠭᠠᠵᠠᠷ ᠣᠷᠣᠨ ᠤ ᠬᠥᠲᠥᠴᠢ ᠨᠢᠷᠤᠭᠤᠪᠴᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠳᠬᠦᠨ ᠳᠡᠮᠵᠢᠵᠦ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠬᠥᠲᠥᠴᠢ ᠪᠣᠯᠭᠠᠨ ᠪᠠᠶᠢᠭᠤᠯᠤᠨ᠎ᠠ᠃ ᠨᠥᠬᠦᠴᠡᠯ ᠳᠤ ᠨᠡᠶᠢᠴᠡᠬᠦ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠬᠤᠯᠪᠣᠭᠠᠯᠠᠨ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠬᠢ ᠪᠠᠶᠠᠯᠢᠭ ᠢᠶᠠᠨ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠳᠡᠮᠵᠢᠨ ᠵᠣᠷᠢᠭᠵᠢᠭᠤᠯᠵᠤ᠂ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠥᠷᠭᠡᠳᠬᠡᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ᠶᠢ ᠥᠷᠨᠢᠭᠦᠯᠦᠨ᠎ᠡ᠃ ᠣᠲᠣ ᠶᠢᠨ ᠪᠠᠶᠢᠭ᠎ᠠ ᠶᠡᠭᠡ ᠬᠡᠮᠵᠢᠶᠡᠨ ᠤ ᠲᠠᠸᠠᠷ ᠤᠨ ᠠᠷᠠᠯᠵᠢᠶᠠᠨ ᠤ ᠲᠠᠯᠠᠪᠤᠷ ᠭᠠᠵᠠᠷ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠠᠷᠠᠯᠵᠢᠶᠠᠯᠠᠬᠤ᠂ ᠪᠠᠯᠠ ᠳᠣᠭᠢᠷᠠᠭᠤᠯᠬᠤ᠂ ᠮᠡᠳᠡᠭᠡ ᠵᠠᠩᠭᠢ᠂ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ᠂ ᠶᠠᠰᠤ ᠴᠢᠨᠠᠷ ᠤᠨ ᠪᠠᠶᠢᠴᠠᠭᠠᠯᠲᠠ ᠵᠡᠷᠭᠡ  ᠦᠢᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ᠶᠡᠭᠡ ᠬᠡᠮᠵᠢᠶᠡᠨ ᠤ ᠲᠠᠸᠠᠷ ᠤᠨ ᠠᠷᠠᠯᠵᠢᠶᠠᠨ ᠤ ᠲᠠᠪᠴᠠᠩ ᠢ ᠪᠣᠶ ᠪᠣᠯᠭᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    11. ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠴᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠦᠯᠡᠳᠡᠭᠡᠯ ᠭᠠᠵᠠᠷ ᠰᠢᠷᠣᠶ ᠶᠢᠨ ᠡᠬᠢ ᠪᠠᠶᠠᠯᠢᠭ ᠢ ᠣᠯᠠᠨ ᠠᠷᠭ᠎ᠠ ᠵᠠᠮ ᠢᠶᠠᠷ ᠡᠮᠬᠢᠯᠡᠨ ᠨᠡᠶᠢᠯᠡᠭᠦᠯᠵᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ᠠᠶᠢᠮᠠᠭ ᠬᠤᠰᠢᠭᠤ ᠬᠤᠶᠠᠷ ᠱᠠᠲᠤ ᠨᠢ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠪᠠᠯᠠ ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢᠨ ᠲᠥᠷᠥᠯ  ᠵᠦᠢᠯ ᠤᠨ ᠪᠥᠲᠥᠭᠡᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠭᠤᠤᠯᠳᠠᠯᠭ᠎ᠠ ᠲᠠᠢ ᠬᠠᠷᠢᠯᠴᠠᠬᠤ ᠠᠵᠤ ᠠᠬᠤᠶᠢᠯᠠᠯ ᠤᠨ ᠨᠡᠷᠡᠰ ᠢ ᠪᠠᠶᠢᠭᠤᠯᠵᠤ᠂ ᠨᠡᠷᠡᠰ ᠤᠨ ᠳᠣᠲᠣᠷᠠᠬᠢ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠰᠦ ᠶᠢᠨ ᠰᠢᠨ᠎ᠡ ᠶᠢ ᠡᠭᠦᠳᠬᠦ ᠪᠠ ᠬᠡᠷᠡᠭᠯᠡᠬᠦ᠂ ᠪᠠᠷᠠᠭᠠᠨ ᠤ ᠭᠦᠢᠯᠭᠡᠭᠡᠨ ᠤ ᠪᠠᠷᠢᠮᠵᠢᠶᠠᠵᠢᠭᠤᠯᠤᠯᠲᠠ ᠵᠡᠷᠭᠡ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠠᠮᠢᠶ᠎ᠠ ᠪᠥᠬᠦᠶ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠬᠠᠩᠭᠠᠯᠭ᠎ᠠ ᠶᠢᠨ ᠬᠡᠯᠬᠢᠶᠡᠰᠦ ᠶᠢᠨ ᠮᠥᠩᠭᠦᠨ ᠭᠦᠢᠯᠭᠡᠭᠡᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠢ ᠵᠢᠷᠤᠮᠵᠢᠭᠤᠯᠤᠨ ᠬᠥᠭᠵᠢᠭᠦᠯᠵᠦ᠂ ᠳᠤᠮᠳᠠ ᠵᠢᠵᠢᠭ ᠪᠢᠴᠢᠯ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    12. ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠠᠶ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠭᠠᠴᠢᠨ ᠤᠷᠢᠬᠤ ᠶᠢ ᠴᠢᠩᠭᠠᠷᠠᠭᠤᠯᠵᠤ᠂ ᠨᠢᠭᠡ ᠪᠦᠯᠦᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠴᠢᠳᠠᠪᠤᠷᠢ ᠲᠠᠢ᠂ ᠬᠠᠩᠭᠠᠯᠭ᠎ᠠ ᠶᠢᠨ ᠬᠡᠯᠬᠢᠶᠡᠰᠦ ᠶᠢ  ᠰᠢᠢᠳᠪᠦᠷᠢᠯᠡᠬᠦ ᠲᠥᠰᠦᠯ ᠢ ᠲᠡᠭᠦᠯᠳᠡᠷᠵᠢᠭᠦᠯᠦᠭᠰᠡᠨ ᠳᠥᠷᠪᠡᠳᠦᠭᠡᠷ ᠲᠠᠯ᠎ᠠ᠂ ᠲᠠᠪᠤᠳᠤᠭᠠᠷ ᠲᠠᠯ᠎ᠠ ᠶᠢᠨ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠬᠦᠴᠦᠯᠡᠨ ᠣᠷᠣᠭᠤᠯᠵᠤ᠂ ᠳᠡᠯᠡᠬᠡᠶ ᠳᠡᠭᠡᠷ᠎ᠡ ᠥᠷᠢᠰᠦᠯᠳᠦᠬᠦ ᠬᠦᠴᠦᠨ ᠲᠠᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠪᠤᠶᠢᠵᠢᠭᠤᠯᠤᠨ᠎ᠠ᠃ ᠱᠠᠨᠳᠦ᠋ᠩ ᠤᠨ ᠱᠦᠶ ᠹᠠ ᠪᠦᠯᠦᠭᠯᠡᠯ᠂ ᠱᠦᠨ  ᠹᠧᠩ ᠬᠦᠶ᠋ᠲᠡᠨ ᠬᠡᠯᠬᠢᠶᠡᠲᠦ ᠪᠠᠷᠠᠭᠠᠨ ᠤ  ᠭᠦᠢᠯᠭᠡᠭᠡ ᠵᠡᠷᠭᠡ ᠨᠠᠷᠠᠲᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠠᠲᠠᠵᠤ᠂ ᠬᠢᠩᠭᠠᠨ ᠠᠶᠢᠮᠠᠭ ᠤᠨ ᠤᠨᠴᠠᠯᠢᠭᠳᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠴᠦ᠂ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠨ᠂  ᠬᠥᠭᠵᠢᠭᠰᠡᠨ ᠭᠠᠵᠠᠷ ᠣᠷᠣᠨ ᠤ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠡᠯᠧᠮᠧᠨ᠋ᠲ ᠢ ᠰᠠᠶᠢᠲᠤᠷ ᠬᠡᠷᠡᠭᠯᠡᠵᠦ᠂ ᠬᠦᠴᠦᠨ ᠢᠶᠠᠨ ᠠᠰᠢᠭᠯᠠᠨ ᠬᠥᠭᠵᠢᠭᠦᠯᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠲᠠᠪᠤ︶ ᠪᠣᠭᠤᠮᠲᠠ ᠪᠠᠷ ᠥᠩᠭᠡᠷᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠡᠷᠡᠭᠵᠢᠭᠦᠯᠦᠨ᠎ᠡ    13. ᠤᠶᠤᠨᠲᠤ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠷᠠᠰᠢᠶᠠᠨ ᠪᠣᠭᠤᠮᠲᠠ ᠶᠢᠨ ᠤᠰᠤᠨ ᠭᠠᠷᠤᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠴᠢᠨᠠᠷ ᠰᠠᠶᠢᠲᠠᠶ ᠠᠵᠢᠯᠯᠠᠭᠤᠯᠵᠤ ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢᠨ ᠲᠠᠰ ᠳᠡᠪᠰᠢᠭᠰᠡᠨ ᠬᠡᠪ ᠢ ᠪᠠᠶᠢᠭᠤᠯᠬᠤ᠂ ᠪᠣᠭᠤᠮᠲᠠ ᠶᠢᠨ ᠣᠯᠠᠨ ᠤᠯᠤᠰ ᠤᠨ ᠠᠷᠠᠯᠵᠢᠶ᠎ᠠ ᠶᠢᠨ ︽ᠭᠠᠭᠴᠠ ᠴᠣᠩᠬᠤᠪᠴᠢ︾ ᠤᠶᠤᠨᠲᠤ ᠺᠠᠷᠲ᠂ ᠤᠶᠤᠨᠲᠤ ᠲᠡᠷᠭᠡᠨ ᠵᠣᠭᠰᠣᠭᠠᠯ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠤᠶᠤᠨᠲᠤ ᠺᠠᠷᠲ ᠲᠥᠬᠦᠭᠡᠷᠦᠮᠵᠢ ᠶᠢ ᠤᠭᠰᠠᠷᠠᠬᠤ ᠵᠢᠴᠢ ᠥᠪᠡᠷᠲᠡᠭᠡᠨ ᠵᠠᠰᠠᠬᠤ ᠣᠷᠣᠨ ᠤ ᠶᠦᠨ ᠺᠠ ᠺᠧᠦ ᠲᠠᠢ ᠰᠦᠯᠵᠢᠶᠡᠵᠢᠭᠦᠯᠦᠨ ᠰᠢᠯᠭᠠᠨ ᠬᠡᠮᠵᠢᠬᠦ ᠶᠢ ᠪᠡᠶᠡᠯᠡᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠤᠨ ᠢᠷᠡᠯᠲᠡ ᠶᠢ ᠡᠷᠢᠬᠦ ᠬᠠᠮᠢᠶᠠᠷᠤᠯᠲᠠ᠂ ᠨᠢᠭᠡ ᠯᠡ ᠥᠷᠲᠡᠭᠡᠨ ᠤ ᠮᠠᠶ᠋ᠢᠭ ᠤᠨ ᠪᠣᠭᠤᠮᠲᠠ ᠥᠩᠭᠡᠷᠡᠬᠦ᠂ ᠳᠣᠭᠢᠷᠠᠭᠤᠯᠤᠨ ᠵᠢᠯᠣᠭᠤᠳᠬᠤ᠂ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠰᠢᠰᠲ᠋ᠧᠮ ᠪᠠ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠠᠪᠴᠠᠩ ᠢ ᠪᠠᠶᠢᠭᠤᠯᠵᠤ᠂ ᠳ᠋ᠠᠶᠢᠲ᠋ᠠ ᠶᠢᠨ ᠵᠠᠯᠭᠠᠭᠠᠰᠤ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ ᠪᠣᠭᠤᠮᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠪᠣᠭᠤᠮᠲᠠ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    14᠂ ᠭᠠᠳᠠᠭᠠᠳᠤ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠥᠬᠡᠶ ᠵᠢᠱᠢᠶ᠎ᠡ ᠦᠵᠡᠭᠦᠯᠬᠦ ᠰᠢᠶᠠᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠥᠭᠡᠷᠡᠴᠢᠯᠡᠨ ᠲᠠᠰ ᠳᠡᠪᠰᠢᠭᠦᠯᠬᠦ ᠶᠢ ᠬᠥᠲᠥᠯᠦᠨ ᠵᠢᠯᠣᠭᠤᠳᠬᠤ᠂ ᠭᠠᠳᠠᠭᠠᠳᠤ ᠳᠤ ᠭᠠᠷᠭᠠᠬᠤ ᠦᠶ᠋ᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠬᠦ ᠳᠤ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠴᠢᠩᠭ᠎ᠠ ᠰᠢᠶᠠᠨ ᠤ ᠬᠡᠪᠴᠢᠶᠡᠨ ᠤ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠦᠢᠯᠡᠰ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠴᠢᠦᠸᠠᠨ ᠰᠢᠶᠠᠨ ᠤ ᠪᠥᠬᠦ ᠣᠷᠣᠨ ᠤ ᠰᠢᠶᠠᠨ ᠤ ᠬᠡᠪᠴᠢᠶᠡᠨ ᠤ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠥᠬᠡᠶ ᠵᠢᠱᠢᠶ᠎ᠡ ᠦᠵᠡᠭᠦᠯᠬᠦ ᠭᠠᠵᠠᠷ ᠣᠷᠣᠨ ᠢ ᠴᠢᠷᠮᠠᠶᠢᠨ ᠡᠭᠦᠳᠬᠦ ᠶᠢ ᠢᠳᠡᠪᠬᠢᠲᠡᠶ ᠪᠠᠷ ᠠᠬᠢᠭᠤᠯᠤᠨ᠎ᠠ᠃ ᠳᠤᠮᠳᠠᠳᠤ ᠤᠯᠤᠰ ︵ᠬᠢᠩᠭᠠᠨ ᠠᠶᠢᠮᠠᠭ︶ ᠤᠨ ᠪᠣᠬᠢᠷᠲᠤᠯ ᠦᠭᠡᠶ ᠠᠵᠤ ᠦᠢᠯᠡᠰ ᠤᠨ ᠦᠵᠡᠭᠦᠯᠦᠯᠭᠡ ᠶᠢᠨ ᠴᠤᠭᠯᠠᠭᠠᠨ᠂ ᠮᠣᠩᠭᠤᠯ ᠤᠯᠤᠰ ᠤᠨ ᠲᠠᠷᠢᠶᠠᠯᠠᠩ  ᠤᠨ ᠪᠦᠲᠦᠭᠡᠭᠳᠡᠬᠦᠨ  ᠮᠠᠯ ᠤᠨ ᠠᠰᠢᠭ ᠰᠢᠮ᠎ᠡ ᠶᠢᠨ ᠦᠵᠡᠭᠦᠯᠦᠯᠭᠡ ᠶᠢᠨ ᠵᠥᠪᠳᠡᠯᠴᠡᠭᠡᠨ ᠤ ᠬᠤᠷᠠᠯ ᠢ ᠦᠷᠭᠦᠯᠵᠢᠯᠡᠨ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠷᠠᠰᠢᠶᠠᠨ ᠪᠣᠭᠤᠮᠲᠠ ᠶᠢ ᠲᠡᠵᠢᠭᠡᠯ ᠡᠪᠡᠰᠦ᠂ ᠮᠢᠬᠠᠨ ᠤ  ᠵᠦᠢᠯ᠂ ᠠᠮᠤ ᠪᠤᠳᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠣᠭᠲᠠᠭᠰᠠᠨ ᠪᠣᠭᠤᠮᠲᠠ ᠪᠠᠷ ᠲᠣᠭᠲᠠᠭᠠᠵᠤ᠂ ᠳᠤᠮᠳᠠᠳᠤ ᠮᠣᠩᠭᠤᠯ ᠬᠤᠶᠠᠷ ᠲᠠᠯ᠎ᠠ ᠶᠢᠨ ᠡᠨᠧᠷᠭᠢ ᠶᠢᠨ ᠡᠬᠢ ᠪᠠᠶᠠᠯᠢᠭ᠂ ᠢᠳᠡᠭᠡᠨ ᠪᠣᠯᠪᠠᠰᠤᠷᠠᠭᠤᠯᠬᠤ᠂ ᠠᠷᠠᠰᠤ ᠰᠢᠷᠢ ᠪᠣᠯᠪᠠᠰᠤᠷᠠᠭᠤᠯᠬᠤ᠂ ᠬᠤᠨᠢᠨ ᠨᠣᠤᠰᠣ ᠤᠬᠢᠶᠠᠬᠤ᠂ ᠬᠤᠲᠠ ᠶᠢᠨ ᠨᠣᠭᠤᠭᠠᠷᠠᠭᠤᠯᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠲᠣᠭᠲᠠᠪᠤᠷᠢᠵᠢᠭᠤᠯᠬᠤ ᠪᠠ ᠪᠠᠶᠢᠩᠭᠤᠵᠢᠭᠤᠯᠬᠤ ᠶᠢ ᠪᠠᠲᠤᠯᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠢ ᠵᠢᠯ ᠪᠦᠷᠢ 5% ᠠᠴᠠ ᠳᠡᠭᠡᠭᠰᠢ ᠨᠡᠮᠡᠭᠳᠡᠭᠦᠯᠵᠦ᠂ 2023 ᠣᠨ ᠳᠤ 2.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 2025 ᠣᠨ ᠳᠤ 2.7 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    15. ᠪᠣᠭᠤᠮᠲᠠ ᠬᠢᠭᠡᠳ ᠥᠷᠥᠴᠡ ᠭᠠᠵᠠᠷ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠷᠠᠰᠢᠶᠠᠨ ᠪᠣᠭᠤᠮᠲᠠ ᠶᠢᠨ ᠵᠢᠯ ᠲᠤᠷᠰᠢ ᠨᠡᠭᠡᠭᠡᠯᠲᠡ ᠬᠢᠬᠦ ᠶᠢ ᠲᠦᠷᠭᠡᠳᠬᠡᠨ ᠠᠬᠢᠭᠤᠯᠤᠨ᠎ᠠ᠃ ᠷᠠᠰᠢᠶᠠᠨ ᠬᠤᠲᠠ ᠪᠣᠭᠤᠮᠲᠠ ᠶᠢᠨ ᠳᠠᠪᠠᠭᠤᠯᠢᠭ ᠲᠤ ᠰᠠᠭᠤᠷᠢᠯᠠᠨ᠂ ᠪᠣᠭᠤᠮᠲᠠ ᠶᠢᠨ ᠰᠠᠭᠤᠷᠢ ᠪᠡᠯᠡᠳᠬᠡᠮᠵᠢ ᠪᠠ ᠢᠵᠢ ᠪᠥᠷᠢᠳᠦᠭᠦᠯᠬᠦ ᠦᠢᠯᠡᠴᠢᠯᠡᠭᠡᠨ ᠤ ᠴᠢᠳᠠᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠪᠠ ᠪᠣᠭᠤᠮᠲᠠ ᠶᠢᠨ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ︔ ᠤᠯᠠᠭᠠᠨᠬᠤᠲᠠ ᠨᠢ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠬᠥᠲᠥᠴᠢ ᠠᠵᠤ ᠠᠬᠤᠶᠢᠯᠠᠯ ᠳᠤ ᠲᠦᠰᠢᠭᠯᠡᠨ᠂ ᠮᠣᠩᠭᠤᠯ ᠤᠯᠤᠰ ᠤᠨ ᠴᠢᠬᠤᠯᠠ ᠡᠨᠧᠷᠭᠢ ᠶᠢᠨ ᠠᠭᠤᠷᠬᠠᠶ ᠶᠢᠨ ᠭᠠᠷᠤᠯᠲᠠ ᠪᠠ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠤᠨ ᠬᠥᠭᠵᠢᠯᠲᠡ ᠶᠢ ᠪᠣᠳᠠᠲᠠᠶᠢᠵᠢᠭᠤᠯᠤᠨ ᠡᠳ᠋ᠰᠢᠭᠦᠯᠦᠨ ᠬᠤᠪᠢᠷᠠᠭᠤᠯᠬᠤ ᠶᠢ ᠢᠳᠡᠪᠬᠢᠲᠡᠶ ᠪᠠᠷ ᠵᠠᠯᠭᠠᠨ ᠠᠪᠴᠤ᠂ ᠷᠦᠩ ᠷᠦᠢ ᠠᠭᠤᠷᠬᠠᠶ ᠶᠢᠨ ᠭᠠᠷᠤᠯᠲᠠ᠂ ᠬᠤᠷᠴᠢᠨ ᠸᠠᠨ ᠵᠢᠶᠠ ᠵᠡᠷᠭᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠶᠢ ᠲᠡᠳᠬᠦᠨ ᠳᠡᠮᠵᠢᠨ᠎ᠡ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠶ ᠠᠷᠠᠯᠵᠢᠶ᠎ᠠ ᠶᠢᠨ ᠨᠡᠮᠡᠭᠳᠡᠯ ᠤᠨ ᠬᠡᠮᠵᠢᠶ᠎ᠡ ᠥᠬᠡᠶ ᠵᠢᠱᠢᠶ᠎ᠡ ᠦᠵᠡᠭᠦᠯᠬᠦ ᠭᠠᠵᠠᠷ ᠣᠷᠣᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠯᠤᠰ ᠳᠣᠷᠣᠨᠠᠲᠤ ᠶᠢᠨ ᠪᠠᠷᠠᠭᠠᠨ ᠤ ᠭᠦᠢᠯᠭᠡᠭᠡᠨ ᠤ ᠬᠢᠲᠠᠳ ᠡᠪᠡᠰᠦᠨ ᠡᠮ ᠤᠨ ᠠᠵᠤ ᠦᠢᠯᠡᠰ ᠤᠨ ᠲᠥᠪᠯᠡᠷᠡᠯ ᠢ ᠲᠦᠷᠭᠡᠳᠬᠡᠨ ᠠᠬᠢᠭᠤᠯᠵᠤ᠂ ᠬᠢᠲᠠᠳ ᠡᠪᠡᠰᠦᠨ ᠡᠮ᠂ ᠦᠨᠳᠦᠰᠦᠲᠡᠨ ᠤ ᠬᠤᠪᠴᠠᠰᠤ ᠵᠠᠰᠠᠯ᠂ ᠪᠤᠷᠴᠠᠭ ᠵᠡᠷᠭᠡ ᠳᠠᠪᠠᠭᠤᠯᠢᠭ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠨ᠎ᠡ︔ ᠲᠦᠴᠢᠦᠸᠠᠨ ᠰᠢᠶᠠᠨ ᠰᠢᠩ ᠮᠧᠢ ᠰᠢᠨᠵᠢᠯᠡᠬᠦ ᠤᠬᠠᠭᠠᠨ ᠮᠡᠷᠭᠡᠵᠢᠯ᠂ ᠲᠦᠢᠯ ᠤᠨ ᠴᠢᠳᠬᠤᠯᠲᠠ ᠶᠢᠨ ᠠᠵᠤ ᠦᠢᠯᠡᠰ ᠵᠡᠷᠭᠡ ᠲᠤᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢᠶᠠᠷ ᠲᠣᠯᠣᠭᠠᠶᠢᠯᠠᠭᠤᠯᠵᠤ᠂ ᠨᠠᠷᠢᠯᠢᠭ ᠴᠢᠳᠬᠤᠯᠲᠠ ᠶᠢᠨ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠲᠦᠷᠭᠡᠨ ᠬᠥᠭᠵᠢᠭᠦᠯᠪᠡ︔ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠨᠢ ᠰᠢᠨ ᠬᠥ᠋ ᠶᠤᠸᠠᠨ ᠢᠳᠡᠭᠡᠨ᠂ ᠡᠯ ᠯᠦᠩ ᠳᠦᠨ ᠲᠠᠷᠢᠶᠠᠯᠠᠩ᠂ ᠠᠲᠠᠷ ᠬᠠᠭᠠᠯᠪᠤᠷᠢᠯᠠᠯᠲᠠ ᠶᠢᠨ ᠠᠮᠤ ᠲᠣᠰᠣ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠢ ᠲᠡᠳᠬᠦᠨ ᠳᠡᠮᠵᠢᠵᠦ᠂ ᠡᠯᠳᠡᠪ ᠠᠮᠤ ᠡᠯᠳᠡᠪ ᠪᠤᠷᠴᠠᠭ ᠵᠡᠷᠭᠡ ᠳᠠᠪᠠᠭᠤᠯᠢᠭ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ  ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠥᠷᠭᠡᠳᠬᠡᠨ᠎ᠡ︔ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠪᠠᠷᠠᠭᠠᠨ ᠤ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠭᠠᠶᠢᠯᠢ ᠪᠠᠲᠤᠯᠠᠬᠤ ᠵᠡᠷᠭᠡ ᠰᠠᠭᠤᠷᠢ ᠢᠵᠢ ᠪᠥᠷᠢᠳᠦᠭᠦᠯᠬᠦ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠲᠡᠮᠦᠷ ᠤᠨ ᠬᠦᠳᠡᠷ᠂ ᠠᠮᠤ ᠪᠤᠳᠠᠭ᠎ᠠ᠂ ᠨᠡᠭᠦᠷᠡᠰᠦ ᠵᠡᠷᠭᠡ ᠭᠠᠳᠠᠭᠠᠳᠤ ᠠᠴᠠ ᠣᠷᠣᠭᠤᠯᠤᠭᠰᠠᠨ  ᠦᠢᠯᠡᠳᠬᠦᠨ ᠢ ᠪᠣᠳᠠᠲᠠᠶᠢᠵᠢᠭᠤᠯᠤᠨ ᠡᠳ᠋ᠰᠢᠭᠦᠯᠬᠦ ᠪᠤᠶᠤ ᠳᠠᠮᠵᠢᠭᠤᠯᠤᠨ ᠭᠠᠳᠠᠭᠰᠢ ᠲᠡᠭᠡᠭᠡᠪᠦᠷᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ  ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    16. ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠶᠡᠬᠡᠪᠡᠷ ᠬᠥᠭᠵᠢᠭᠦᠯᠦᠨ᠎ᠡ᠃ ᠷᠠᠰᠢᠶᠠᠨ ᠤ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠠᠷᠠᠯᠵᠢᠶᠠᠨ ᠤ ᠶᠡᠭᠡ ᠲᠢᠩᠬᠢᠮ᠂ ᠪᠠᠷᠠᠭ᠎ᠠ ᠬᠤᠳᠠᠯᠳᠤᠨ ᠠᠪᠬᠤ ᠶᠡᠭᠡ ᠲᠢᠩᠬᠢᠮ᠂ ᠪᠣᠭᠤᠮᠲᠠ ᠶᠢᠨ ᠪᠠᠶᠢᠴᠠᠭᠠᠨ ᠰᠢᠯᠭᠠᠬᠤ ᠲᠠᠪᠴᠠᠩ ᠪᠠ ᠬᠢᠨᠠᠨ ᠬᠠᠮᠢᠶᠠᠷᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠮᠣᠩᠭᠤᠯ ᠤᠯᠤᠰ᠂ ᠤᠷᠤᠰ᠂ ᠡᠨᠡᠳᠬᠡᠭ᠂ ᠪᠷᠠᠽᠢᠯ ᠵᠡᠷᠭᠡ ᠠᠵᠤ ᠠᠬᠤᠶᠢᠯᠠᠯ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠥᠷᠨᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠺᠣᠷᠢᠶᠠ᠂ ᠺᠠᠽᠠᠭᠰᠲ᠋ᠠᠨ᠂ ᠪᠧᠯᠤᠷᠦ᠋ᠰᠢᠶ᠎ᠠ ᠵᠡᠷᠭᠡ 15 ᠤᠯᠤᠰ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠲᠠᠢ ᠵᠣᠯᠭᠠᠭᠤᠯᠵᠤ᠂ ᠠᠷᠠᠰᠤ ᠰᠢᠷᠢ᠂ ᠭᠠᠳᠠᠭᠠᠳᠤ ᠶᠢᠨ ᠠᠷᠢᠬᠢ᠂ ᠡᠳᠦᠷ ᠳᠤᠳᠤᠮ ᠤᠨ ᠬᠡᠷᠡᠭᠯᠡᠭᠡᠨ ᠤ ᠵᠦᠢᠯ᠂ ᠵᠠᠰᠠᠯ ᠴᠢᠮᠡᠭ ᠤᠨ ᠡᠳ᠋ ᠵᠡᠷᠭᠡ ᠪᠦᠲᠦᠭᠡᠭᠳᠡᠬᠦᠨ ᠢ ᠣᠷᠣᠭᠤᠯᠤᠨ ᠠᠷᠠᠯᠵᠢᠶᠠᠨ ᠤ ᠲᠣᠭᠤᠷᠢᠭ ᠤᠨ ᠪᠠᠷᠠᠭ᠎ᠠ ᠬᠤᠳᠠᠯᠳᠤᠨ ᠠᠪᠬᠤ ᠲᠢᠩᠬᠢᠮ ᠳᠤ ᠣᠷᠣᠭᠤᠯᠵᠤ᠂ ᠥᠷᠥᠴᠡ ᠭᠠᠵᠠᠷ ᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠨᠠᠷᠮᠠᠶ ᠪᠣᠭᠤᠮᠲᠠ ᠶᠢᠨ ᠠᠵᠤ ᠠᠬᠤᠢ ᠶᠢ ᠬᠥᠭᠵᠢᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ  ᠨᠢᠭᠡᠴᠢ ᠶᠢᠨ ᠬᠢᠨ ᠤᠨᠴᠠᠯᠢᠭᠳᠤ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠠᠵᠢᠯ ᠢ ᠪᠦᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠭᠠᠵᠤ᠂ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠬᠠᠷᠢᠭᠤᠴᠠᠯᠭᠠᠲᠤ ᠤᠳᠤᠷᠢᠳᠤᠯᠭ᠎ᠠ ᠪᠠ ᠲᠤᠰᠬᠠᠶ ᠰᠠᠯᠠᠭ᠎ᠠ ᠲᠠᠰᠤᠭ ᠢ ᠲᠣᠳᠣᠷᠬᠠᠶᠢᠯᠠᠨ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠪᠠ ᠲᠤᠰᠬᠠᠶ ᠮᠡᠷᠭᠡᠵᠢᠯᠲᠡᠨ ᠤ ᠡᠩᠨᠡᠭᠡ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠤᠳᠤᠯᠵᠤ᠂ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠴᠢᠬᠤᠯᠠ ᠶᠡᠭᠡ ᠠᠰᠠᠭᠤᠳᠠᠯ ᠢ ᠰᠢᠶ᠋ᠳᠪᠦᠷᠢᠯᠡᠨ᠎ᠡ᠃    ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠵᠢᠷᠤᠮᠵᠢᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠳᠡᠭᠡᠭᠰᠢ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠤᠳᠤᠷᠢᠳᠤᠮᠵᠢ ᠶᠢᠨ  ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠭᠦᠢᠯᠭᠡᠭᠡᠨ ᠳᠠᠭᠠᠳᠬᠠᠯ ᠪᠠ ᠨᠡᠶᠢᠭᠡᠮ ᠤᠨ ᠬᠥᠷᠥᠩᠭᠡ ᠵᠡᠷᠭᠡ ᠶᠢ ᠬᠥᠲᠥᠯᠦᠨ ᠵᠢᠯᠣᠭᠤᠳᠴᠤ ᠪᠠᠶᠢᠭᠠᠳ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠲᠤ ᠣᠷᠣᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠶᠢᠨ  ᠦᠢᠯᠡᠳᠦᠯ ᠢ ᠥᠷᠭᠡᠳᠬᠡᠨ᠎ᠡ᠃ ᠨᠥᠬᠦᠴᠡᠯ ᠲᠠᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰᠬᠠᠶ  ᠵᠦᠢᠯ ᠤᠨ ᠪᠠᠯᠠ ᠮᠥᠩᠭᠦ ᠳᠣᠭᠢᠷᠠᠭᠤᠯᠤᠨ ᠲᠣᠰ ᠭᠠᠵᠠᠷ ᠤᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠭᠠᠵᠠᠷ ᠬᠡᠷᠡᠭᠯᠡᠬᠦ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠲᠥᠷᠥᠯ  ᠵᠦᠢᠯ ᠤᠨ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠵᠡᠷᠭᠡ ᠳᠤ ᠬᠤᠯᠪᠣᠭᠳᠠᠪᠠᠯ ᠤᠷᠢᠳᠠᠪᠠᠷ ᠳᠣᠭᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ︵ᠣᠶᠢᠲᠤ ᠭᠠᠵᠠᠷ︶ ᠤᠨ ᠭᠦᠢᠴᠡᠳᠭᠡᠯ ᠲᠤᠭ᠎ᠠ ᠶᠢ ᠤᠷᠢᠳᠠᠪᠠᠷ ᠪᠠᠲᠤᠯᠠᠨ᠎ᠠ᠃    ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠳᠠᠯᠠᠨ᠎ᠠ᠃ ᠤᠨᠴᠠᠯᠢᠬᠳᠤ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠢᠯᠭᠡᠭᠡᠨ ᠤ ᠴᠢᠬᠤᠯᠠ ᠶᠡᠭᠡ ᠲᠥᠷᠥᠯ  ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠮᠥᠷᠳᠡᠨ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠬᠥᠳᠡᠯᠦᠩᠭᠦᠶ ᠪᠠᠷ ᠬᠢᠨᠠᠨ ᠬᠡᠮᠵᠢᠬᠦ ᠶᠢ ᠬᠡᠷᠡᠭᠵᠢᠭᠦᠯᠵᠦ᠂ ᠴᠢᠬᠤᠯᠠ ᠶᠡᠭᠡ ᠲᠥᠷᠥᠯ  ᠵᠦᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠨᠠᠮ ᠤᠨ ᠬᠤᠷᠢᠶ᠎ᠠ ᠵᠠᠰᠠᠭ ᠤᠨ ᠣᠷᠳᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠪᠥᠲᠥᠭᠡᠨ ᠪᠠᠶᠢᠭᠤᠯᠬᠤ ᠡᠭᠦᠷᠭᠡ ᠶᠢ  ᠪᠤᠳᠠᠳᠠᠶᠢᠵᠢᠭᠤᠯᠤᠨ᠎ᠠ᠃︵ᠳᠥᠷᠪᠡ︶ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ ᠪᠥᠬᠦ ᠠᠶᠢᠮᠠᠭ ᠤᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠵᠣᠬᠢᠶᠠᠨ ᠪᠠᠶᠢᠭᠤᠯᠵᠤ᠂ ᠬᠡᠰᠡᠭ ᠭᠠᠵᠠᠷ ᠣᠷᠣᠨ ᠪᠠ ᠭᠤᠤᠯᠳᠠᠯᠭ᠎ᠠ ᠲᠠᠢ ᠠᠵᠤ ᠠᠬᠤᠶᠢᠯᠠᠯ ᠢ ᠰᠣᠩᠭᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠶᠢᠨ ᠬᠥᠲᠥᠯᠦᠨ ᠳᠠᠭᠠᠭᠤᠯᠵᠤ ᠳᠠᠶᠢᠴᠢᠯᠠᠬᠤ  ᠦᠢᠯᠡᠳᠦᠯ ᠢ ᠪᠠᠳᠠᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠵᠤ᠂ ᠪᠥᠬᠦ ᠠᠶᠢᠮᠠᠭ ᠤᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠴᠢᠬ ᠢᠶᠠᠷ ᠨᠡᠶᠢᠳᠡᠮ ᠢ ᠳᠥᠯᠭᠢᠨ ᠠᠬᠢᠭᠤᠯᠤᠨ᠎ᠠ᠃                                                                ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ 2023 ᠣᠨ ᠤ 4 ᠰᠠᠷ᠎ᠠ ᠶᠢᠨ 4 ᠤ ᠡᠳᠦᠷ ᠳᠠᠷᠤᠮᠠᠯᠯᠠᠨ ᠲᠠᠷᠬᠠᠭᠠᠪᠠ     ᠬᠢᠩᠭᠠᠨ ᠠᠶᠢᠮᠠᠭ ᠤᠨ ᠵᠠᠬᠢᠷᠭ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ ᠬᠢᠩᠭᠠᠨ ᠵᠠᠬᠢᠷᠭ᠎ᠠ ᠲᠠᠷᠬᠠᠭᠠᠭᠰᠠᠨ ﹇2023﹈ 55 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ  ᠦᠢᠯᠡᠰ ᠤᠨ ᠨᠢᠭᠡᠴᠢ᠂ ᠳᠤᠮᠳᠠ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄    ︽ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶ᠎ᠠ 2023 ᠣᠨ ᠳᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠪᠠᠷ ᠲᠣᠭᠲᠠᠪᠠ᠃ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ 〔 2022 〕22 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃    ᠨᠢᠭᠡ᠂ ᠶᠡᠷᠦᠩᠬᠡᠶ ᠱᠠᠭᠠᠷᠳᠠᠯᠭ᠎ᠠ    ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ  ᠰᠢ ᠶᠢᠨ ᠫᠢᠩ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ  ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠨ᠎ᠠ᠃    ︵ᠬᠤᠶᠠᠷ︶ ᠨᠡᠶᠢᠳᠡᠮ ᠪᠠᠶᠢᠴᠠᠭᠠᠯᠲᠠ ᠶᠢᠨ ᠵᠣᠷᠢᠯᠭ᠎ᠠ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ ᠨᠢᠭᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠠᠩᠬ᠎ᠠ ᠤᠳᠠᠭ᠎ᠠ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠵᠦ᠂ ᠬᠢᠩᠭᠠᠨ ᠠᠶᠢᠮᠠᠭ ᠤᠨ ᠬᠤᠶᠠᠳᠤᠭᠠᠷ ᠠᠵᠤ ᠦᠢᠯᠡᠰ ᠪᠣᠯᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠬᠡᠪᠴᠢᠶ᠎ᠡ᠂ ᠪᠠᠶᠢᠷᠢᠰᠢᠯ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠪᠠᠶᠢᠴᠠᠭᠠᠵᠤ᠂ ᠡᠯ᠎ᠡ ᠲᠥᠷᠥᠯ ᠤᠨ  ᠨᠢᠭᠡᠴᠢ ᠶᠢᠨ ᠦᠨᠳᠦᠰᠦᠨ ᠪᠠᠶᠢᠳᠠᠯ ᠢ ᠣᠶᠢᠯᠠᠭᠠᠵᠤ᠂ ᠤᠯᠤᠰ ᠠᠷᠠᠳ ᠤᠨ ᠠᠵᠤ ᠠᠬᠤᠢ ᠶᠢᠨ ᠠᠵᠢᠯ ᠲᠦᠷᠦᠯ ᠤᠨ ᠬᠤᠭᠤᠷᠣᠨᠳᠣᠬᠢ ᠠᠵᠤ ᠠᠬᠤᠢ ᠶᠢᠨ ᠬᠠᠷᠢᠯᠴᠠᠭ᠎ᠠ ᠶᠢ ᠡᠵᠡᠮᠰᠢᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠶᠢᠨ  ᠰᠢᠰᠲ᠋ᠧᠮ ᠢ ᠪᠠᠶᠢᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠰᠢᠨ᠎ᠡ ᠠᠬᠢᠴᠠ ᠶᠢ ᠪᠤᠰᠤᠳᠴᠢ ᠪᠠᠷ ᠲᠤᠰᠬᠠᠨ᠎ᠠ᠃ ᠨᠡᠶᠢᠳᠡᠮ ᠪᠠᠶᠢᠴᠠᠭᠠᠬᠤ ᠪᠠᠷ ᠳᠠᠮᠵᠢᠭᠤᠯᠤᠨ᠂ ᠲᠤᠭ᠎ᠠ ᠪᠦᠷᠢᠳᠬᠡᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠲᠤᠭ᠎ᠠ ᠪᠦᠷᠢᠳᠬᠡᠯ ᠤᠨ ᠣᠳᠣᠬᠢᠴᠢᠯᠠᠬᠤ ᠥᠭᠡᠷᠡᠴᠢᠯᠡᠯᠲᠡ ᠶᠢ ᠲᠥᠯᠬᠢᠨ ᠠᠬᠢᠭᠤᠯᠵᠤ᠂ ᠬᠤᠷᠸ᠎ᠠ ᠠᠵᠤ ᠠᠬᠤᠶ ᠶᠢᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ᠂ ᠤᠷᠲᠤᠪᠲᠤᠷ ᠪᠠ ᠤᠷᠳᠤ ᠬᠤᠭᠤᠴᠠᠭᠠᠨ  ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠡᠶᠢᠭᠡᠮ ᠵᠢᠷᠤᠮ  ᠤᠨ ᠣᠳᠣᠬᠢᠴᠢᠯᠠᠭᠰᠠᠨ ᠤᠯᠤᠰ  ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠨ᠎ᠠ᠃    ᠬᠤᠶᠠᠷ᠂ ᠨᠡᠶᠢᠳᠡᠮ ᠪᠠᠶᠢᠴᠠᠭᠠᠬᠤ ᠡᠲᠡᠭᠡᠳ ᠪᠣᠯᠤᠨ ᠬᠡᠪᠴᠢᠶ᠎ᠡ    ᠨᠡᠶᠢᠳᠡᠮ ᠪᠠᠶᠢᠴᠠᠭᠠᠯᠲᠠ ᠶᠢᠨ ᠡᠲᠡᠭᠡᠳ ᠪᠣᠯ ᠬᠢᠩᠭᠠᠨ ᠠᠶᠢᠮᠠᠭ ᠤᠨ ᠬᠢᠯᠢ ᠳᠣᠲᠣᠷ᠎ᠠ ᠬᠤᠶᠠᠳᠤᠭᠠᠷ ᠠᠵᠤ ᠦᠢᠯᠡᠰ  ᠪᠣᠯᠤᠨ ᠭᠤᠷᠪᠠᠳᠤᠭᠠᠷ ᠠᠵᠤ ᠦᠶ᠋ᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠢ᠂ ᠠᠵᠤ  ᠦᠢᠯᠡᠰ ᠤᠨ ᠠᠵᠢᠯᠯᠠᠭ᠎ᠠ ᠶᠢᠨ ᠨᠢᠭᠡᠴᠢ ᠪᠣᠯᠤᠨ ᠬᠤᠪᠢ ᠶᠢᠨ ᠡᠵᠡᠩᠨᠡᠯᠲᠡ ᠶᠢᠨ ᠡᠷᠦᠬᠡ ᠪᠣᠯᠤᠨ᠎ᠠ᠃ ᠪᠣᠳᠠᠲᠠᠶ ᠬᠦᠷᠢᠶ᠎ᠡ ᠬᠡᠪᠴᠢᠶ᠎ᠡ ᠳᠤ ᠪᠠᠭᠲᠠᠬᠤ ᠨᠢ᠄ ᠠᠭᠤᠷᠬᠠᠶ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠪᠠᠷᠢᠯᠭ᠎ᠠ ᠶᠢᠨ ᠦᠢᠯᠡᠰ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ ᠤ ᠦᠢᠯᠡᠰ᠂ ᠬᠤᠨᠣᠭᠯᠠᠬᠤ ᠪᠠ ᠢᠳᠡᠭᠡᠨ ᠤᠮᠳᠠᠭᠠᠨ ᠤ ᠦᠢᠯᠡᠰ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠳᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠮᠥᠩᠭᠦᠨ ᠭᠦᠢᠯᠭᠡᠭᠡᠨ ᠤ ᠦᠢᠯᠡᠰ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ᠂ ᠣᠷᠴᠢᠨ ᠠᠬᠤᠶ ᠪᠠ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢ ᠪᠠᠭᠲᠠᠭᠠᠨ᠎ᠠ᠃    ᠭᠤᠷᠪᠠ᠂ ᠨᠡᠶᠢᠳᠡᠮ ᠪᠠᠶᠢᠴᠠᠭᠠᠯᠲᠠ  ᠶᠢᠨ ᠠᠭᠤᠯᠭ᠎ᠠ ᠪᠠ ᠴᠠᠭ ᠬᠤᠭᠤᠴᠠᠭ᠎ᠠ    ᠨᠡᠶᠢᠳᠡᠮ ᠪᠠᠶᠢᠴᠠᠭᠠᠯᠲᠠ ᠶᠢᠨ ᠭᠤᠣᠯ ᠠᠭᠤᠯᠭ᠎ᠠ ᠳᠤ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠦᠨᠳᠦᠰᠦᠨ ᠪᠠᠶᠢᠳᠠᠯ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠠᠵᠢᠯᠳᠠᠨ ᠤ ᠴᠠᠯᠢᠩ᠂ ᠦᠢᠯᠡᠳᠪᠦᠷᠢᠯᠡᠯ ᠤᠨ ᠴᠢᠳᠠᠪᠤᠷᠢ᠂ ᠡᠳ᠋ ᠤᠨ ᠶᠠᠪᠤᠳᠠᠯ ᠤᠨ ᠪᠠᠶᠢᠳᠠᠯ᠂ ᠦᠢᠯᠡᠳᠪᠦᠷᠢᠯᠡᠯ ᠡᠵᠡᠩᠨᠡᠯᠲᠡ᠂ ᠡᠨᠧᠷᠭᠢ ᠶᠢᠨ ᠦᠢᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠪᠠᠶᠢᠳᠠᠯ ᠵᠢᠴᠢ ᠣᠷᠣᠭᠤᠯᠤᠯᠲᠠ ᠶᠢᠨ ᠪᠦᠲᠦᠴᠡ᠂ ᠦᠢᠯᠡᠳᠬᠦᠨ ᠤ ᠬᠡᠷᠡᠭᠯᠡᠯᠲᠡ ᠶᠢᠨ ᠬᠠᠨᠳᠤᠰᠢ ᠪᠠ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠪᠦᠷᠢᠯᠳᠦᠯ ᠤᠨ ᠪᠠᠶᠢᠳᠠᠯ ᠵᠡᠷᠭᠡ ᠪᠠᠭᠲᠠᠨ᠎ᠠ᠃    ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠠᠶᠢᠵᠤ᠂ ᠨᠡᠶᠢᠳᠡᠮ ᠪᠠᠶᠢᠴᠠᠭᠠᠯᠲᠠ ᠶᠢᠨ ᠬᠤᠭᠤᠴᠠᠭᠠᠨ ᠤ ᠮᠠᠲ᠋ᠧᠷᠢᠶᠠᠯ ᠨᠢ 2023 ᠣᠨ ᠤ ᠣᠨ ᠤ ᠮᠠᠲ᠋ᠧᠷᠢᠶᠠᠯ ᠪᠣᠯᠤᠨ᠎ᠠ᠃    ᠳᠥᠷᠪᠡ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ    ᠲᠠᠪᠤᠳᠤᠭᠠᠷ ᠤᠳᠠᠭᠠᠨ  ᠤ ᠪᠥᠬᠦ ᠤᠯᠤᠰ  ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠯᠲᠠ ᠶᠢᠨ ᠠᠭᠤᠯᠭ᠎ᠠ ᠨᠡᠮᠡᠭᠳᠡᠵᠦ᠂ ᠮᠡᠷᠭᠡᠵᠢᠯ  ᠤᠨ ᠱᠠᠭᠠᠷᠳᠠᠯᠭ᠎ᠠ ᠳᠡᠭᠡᠭᠰᠢᠯᠡᠵᠦ᠂ ᠠᠵᠢᠯ  ᠤᠨ ᠬᠦᠴᠢᠷᠳᠡᠯ ᠶᠡᠬᠡᠰᠴᠦ ᠪᠠᠶᠢᠭ᠎ᠠ ᠪᠣᠯᠬᠤᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠭᠤᠣᠯᠳᠠᠯᠭ᠎ᠠ ᠪᠠᠨ ᠲᠤᠪᠤᠶᠢᠯᠭᠠᠨ᠂ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ  ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ  ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ  ᠰᠢᠢᠳᠪᠦᠷᠢᠳᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠬᠤ ᠪᠠᠷ ᠲᠣᠭᠲᠠᠪᠠ᠃ ᠪᠥᠬᠦ ᠠᠶᠢᠮᠠᠭ ᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠢᠭᠡᠴᠡ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠨᠢᠭᠲᠠ ᠬᠠᠮᠵᠢᠯᠴᠠᠨ᠂ ᠨᠡᠶᠢᠳᠡᠮ ᠤᠨ ᠪᠠᠶᠢᠴᠠᠭᠠᠯᠲᠠ ᠶᠢᠨ ᠡᠯ᠎ᠡ  ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠥᠬᠦ ᠠᠶᠢᠮᠠᠭ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠲᠠᠯ᠎ᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠲᠤᠭ᠎ᠠ ᠪᠠᠷᠢᠮᠲᠠ ᠶᠢ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠲᠥᠪ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠲᠠᠯ᠎ᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠠᠵᠤ ᠠᠬᠤᠶᠢᠯᠠᠯ ᠪᠠ ᠬᠤᠪᠢ ᠶᠢᠨ ᠠᠵᠤ  ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠪᠠᠶᠢᠭᠤᠯᠤᠯᠭ᠎ᠠ ᠪᠠ ᠠᠵᠢᠯ  ᠦᠢᠯᠡᠰ ᠤᠨ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠢᠴᠢ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠨᠡᠷᠡᠰ ᠤᠨ ᠵᠢᠭᠰᠠᠭᠠᠯᠲᠠ ᠳᠤ ᠬᠤᠯᠪᠣᠭᠳᠠᠬᠤ  ᠵᠦᠢᠯᠡᠰ ᠢ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠯ᠎ᠠ ᠳᠤ ᠬᠤᠯᠪᠣᠭᠳᠠᠬᠤ ᠵᠦᠢᠯᠡᠰ ᠢ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠬᠤ ᠪᠠ ᠵᠣᠬᠢᠴᠠᠭᠤᠯᠤᠨ᠎ᠠ︔ ᠬᠤᠲᠠ ᠬᠥᠳᠡᠭᠡ ᠨᠡᠶᠢᠭᠡᠮ ᠲᠣᠭᠤᠷᠢᠭ ᠤᠨ ᠲᠣᠤᠷᠵᠢᠭᠤᠯᠤᠭᠰᠠᠨ  ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠬᠤ ᠵᠦᠶ᠋ᠯᠡᠰ ᠢ ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠵᠣᠬᠢᠴᠠᠭᠤᠯᠤᠨ᠎ᠠ᠃    ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠣᠬᠢᠴᠠᠭᠤᠯᠬᠤ ᠶᠢ ᠬᠠᠷᠢᠭᠤᠴᠠᠭᠤᠯᠵᠤ᠂ ᠡᠯ᠎ᠡ ᠪᠦᠷᠢᠯᠳᠦᠬᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠴᠢᠳᠠᠪᠤᠷᠢ ᠶᠢᠨ ᠢᠶᠠᠨ ᠶᠣᠰᠣᠭᠠᠷ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠷᠠᠭᠤᠯᠬᠤ ᠬᠡᠷᠡᠭᠲᠡᠶ᠃ ᠪᠠᠩᠬᠢ᠂ ᠲᠡᠮᠳᠡᠭᠲᠦ᠂ ᠳᠠᠭᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ  ᠨᠢᠭᠡᠴᠢ ᠬᠢᠭᠡᠳ ᠬᠤᠯᠪᠣᠭᠳᠠᠯ ᠪᠦᠬᠦᠢ ᠲᠠᠯ᠎ᠠ ᠶᠢᠨ ᠬᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠲᠤᠰ  ᠰᠢᠰᠲ᠋ᠧᠮ ᠤᠨ ᠢᠶᠠᠨ ᠨᠡᠶᠢᠳᠡᠮ ᠪᠠᠶᠢᠴᠠᠭᠠᠯᠲᠠ  ᠶᠢᠨ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠬᠦ  ᠶᠢ ᠬᠠᠷᠢᠭᠤᠴᠠᠨ᠎ᠠ᠃ ᠷᠠᠰᠢᠶᠠᠨ ᠤ ᠪᠣᠭᠤᠮᠲᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ᠬᠡᠷᠡᠭᠯᠡᠯᠲᠡ ᠶᠢᠨ ᠴᠢᠭᠯᠡᠯ ᠢ ᠪᠠᠶᠢᠴᠠᠭᠠᠬᠤ ᠡᠭᠦᠷᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ  ᠨᠢᠭᠡᠴᠢ ᠨᠦᠭᠦᠳ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠰᠠᠭᠤᠷᠢ ᠮᠠᠲ᠋ᠧᠷᠢᠶᠠᠯ ᠢ ᠡᠵᠡᠮᠰᠢᠭᠰᠡᠨ ᠡᠯ᠎ᠡ ᠱᠠᠲᠤᠨ ᠤ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠤ ᠲᠡᠮᠳᠡᠭᠯᠡᠯ ᠪᠣᠯᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠬᠠᠩᠭᠠᠬᠤ ᠬᠡᠷᠡᠭᠲᠡᠶ᠃    ᠡᠯ᠎ᠡ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ  ᠤᠨ ᠣᠷᠳᠣᠨ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠴᠤ ᠭᠡᠳ ᠵᠣᠬᠢᠴᠠᠩᠭᠤᠶ ᠪᠥᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠲᠤᠰ ᠭᠠᠵᠠᠷ ᠣᠷᠣᠨ  ᠤ ᠪᠠᠨ ᠨᠡᠶᠢᠳᠡᠮ ᠪᠠᠶᠢᠴᠠᠭᠠᠯᠲᠠ ᠶᠢ ᠬᠡᠷᠡᠭᠵᠢᠭᠦᠯᠬᠦ ᠠᠵᠢᠯ  ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ  ᠢ ᠴᠠᠭ ᠲᠤᠬᠠᠶ   ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ᠃ ᠰᠤᠮᠤ ᠰᠢᠶᠠᠩ ᠪᠠᠯᠭᠠᠰᠤ ᠶᠢᠨ ᠠᠷᠠᠳ  ᠤᠨ ᠵᠠᠰᠠᠭ  ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠣᠰᠬᠤᠨ ︵ᠰᠠᠭᠤᠭᠠᠯᠢ︶  ᠤ ᠠᠷᠠᠳ ᠤᠨ ᠵᠥᠪᠯᠡᠯ ᠤᠨ ᠦᠢᠯᠡᠳᠦᠯ   ᠢ ᠭᠦᠢᠴᠡᠳ ᠪᠠᠳᠠᠷᠠᠭᠤᠯᠤᠨ᠂ ᠠᠰᠠᠷ ᠲᠠᠭᠳᠤ ᠠᠳᠠᠯ ᠠᠬᠤᠶ ᠪᠣᠯᠤᠨ ᠬᠦᠷᠢᠶᠡᠯᠡᠩ ᠲᠣᠭᠤᠷᠢᠭ  ᠤᠨ ᠬᠠᠮᠢᠶᠠᠷᠤᠯᠲᠠ ᠶᠢᠨ ᠵᠠᠭᠪᠤᠷ  ᠢ ᠭᠦᠢᠴᠡᠳ ᠠᠰᠢᠭᠯᠠᠨ ᠂ ᠨᠡᠶᠢᠭᠡᠮ ᠤᠨ ᠬᠦᠴᠦᠨ  ᠢ ᠥᠷᠭᠡᠨ ᠢᠶᠠᠷ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠶ ᠣᠷᠣᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠢ ᠬᠢᠨᠠᠮᠠᠭᠠᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠣᠷᠣᠨ ᠨᠤᠲᠤᠭ ᠤᠨ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ ᠨᠡᠶᠢᠴᠡᠬᠦ ᠨᠡᠶᠢᠳᠡᠮ ᠤᠨ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠤᠨ ᠪᠠᠶᠢᠴᠠᠭᠠᠭᠴᠢ ᠶᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ  ᠨᠢᠭᠡᠴᠢ ᠠᠴᠠ ᠵᠥᠪᠳᠡᠯᠴᠡᠨ ᠰᠢᠯᠵᠢᠭᠦᠯᠵᠦ ᠪᠣᠯᠤᠨ᠎ᠠ᠂ ᠤᠷᠢᠨ ᠬᠡᠷᠡᠭᠯᠡᠬᠦ ᠬᠥᠮᠦᠰ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ   ᠳᠤᠨᠢ ᠥᠭᠴᠦ ᠂ ᠵᠥᠪᠳᠡᠯᠴᠡᠨ ᠰᠢᠯᠵᠢᠭᠦᠯᠬᠦ ᠬᠥᠮᠦᠰ  ᠤᠨ ᠤᠤᠯ  ᠤᠨ  ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠬᠤᠪᠢᠷᠠᠭᠤᠯᠬᠤ ᠥᠭᠡᠢ ᠪᠠᠶᠢᠬᠤ ᠶᠢ ᠪᠠᠲᠤᠯᠠᠵᠤ᠂ ᠲᠤᠬᠠᠶᠢᠯᠠᠭᠰᠠᠨ ᠠᠵᠢᠯ  ᠤᠨ ᠪᠣᠯᠪᠠᠰᠤᠷᠠᠭᠤᠯᠤᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠡᠩᠨᠡᠭᠡ ᠶᠢ ᠲᠣᠭᠲᠠᠪᠤᠷᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠲᠠᠪᠤ᠂ ᠨᠡᠶᠢᠳᠡᠮ ᠪᠠᠶᠢᠴᠠᠭᠠᠯᠲᠠ  ᠶᠢᠨ ᠵᠠᠷᠤᠳᠠᠯ  ᠤᠨ ᠪᠠᠲᠤᠯᠠᠭ᠎ᠠ    ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠲᠣ ᠶᠢᠨ ᠬᠡᠷᠡᠭᠵᠢᠭᠦᠯᠵᠦ ᠪᠠᠶᠢᠭ᠎ᠠ ᠵᠠᠷᠤᠳᠠᠯ ᠤᠨ ᠠᠷᠭ᠎ᠠ ᠵᠠᠮ ᠢᠶᠠᠷ ᠲᠥᠪ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ᠡᠭᠦᠷᠭᠡᠯᠡᠵᠦ᠂ ᠵᠣᠬᠢᠬᠤ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠯ᠎ᠡ ᠬᠤᠰᠢᠭᠤ ᠰᠢᠶᠠᠨ ᠬᠤᠳᠠ ᠶᠢᠨ ᠠᠷᠠᠳ  ᠤᠨ ᠵᠠᠰᠠᠭ  ᠤᠨ ᠣᠷᠳᠣᠨ ᠨᠤᠭᠤᠳ ᠨᠡᠶᠢᠳᠡᠮ ᠪᠠᠶᠢᠴᠠᠭᠠᠯᠲᠠ ᠶᠢᠨ ᠵᠠᠷᠤᠳᠠᠯ  ᠢ ᠴᠠᠭ ᠲᠤᠬᠠᠶ ᠳᠤᠨᠢ ᠰᠠᠯᠭᠠᠨ ᠥᠭᠬᠦ ᠶᠢ ᠬᠦᠴᠦᠯᠡᠨ ᠠᠬᠢᠭᠤᠯᠵᠤ᠂ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠬᠠᠮᠢᠶᠠᠷᠤᠯᠲᠠ ᠪᠠᠨ ᠴᠢᠩᠭᠠᠳᠬᠠᠨ᠂ ᠰᠠᠶᠢᠲᠤᠷ ᠠᠷᠪᠢᠯᠠᠵᠤ᠂ ᠲᠤᠰᠬᠠᠶ ᠵᠣᠭᠤᠰ  ᠢ ᠲᠤᠰᠬᠠᠶ ᠵᠦᠢᠯ ᠳᠤᠨᠢ ᠬᠡᠷᠡᠭᠯᠡᠵᠦ᠂ ᠨᠡᠶᠢᠳᠡᠮ ᠪᠠᠶᠢᠴᠠᠭᠠᠯᠲᠠ  ᠶᠢᠨ  ᠵᠠᠷᠤᠳᠠᠯ  ᠤᠨ ᠬᠡᠷᠡᠭᠯᠡᠬᠦ ᠦᠷ᠎ᠡ ᠪᠦᠲᠦᠮᠵᠢ  ᠶᠢ ᠳᠡᠭᠡᠭᠰᠢᠯᠡᠭᠦᠯᠬᠦ ᠬᠡᠷᠡᠭᠲᠡᠶ᠃    ᠵᠢᠷᠭᠤᠭ᠎ᠠ᠂ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠱᠠᠭᠠᠷᠳᠠᠯᠭ᠎ᠠ    ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠎ᠠ᠃ ᠨᠡᠶᠢᠳᠡᠮ ᠪᠠᠶᠢᠴᠠᠭᠠᠯᠲᠠ  ᠶᠢᠨ ᠠᠵᠢᠯᠳᠠᠨ ᠪᠣᠯᠤᠨ ᠨᠡᠶᠢᠳᠡᠮ ᠪᠠᠶᠢᠴᠠᠭᠠᠯᠲᠠ  ᠶᠢᠨ ᠡᠲᠡᠭᠡᠳ ᠪᠦᠬᠦᠨ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ  ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ  ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ  ᠢ ᠴᠢᠩᠭ᠎ᠠ ᠵᠢᠷᠤᠮᠯᠠᠨ᠂ ᠨᠡᠶᠢᠳᠡᠮ ᠪᠠᠶᠢᠴᠠᠭᠠᠯᠲᠠ  ᠶᠢᠨ ᠬᠦᠰᠦᠨᠦᠭᠲᠦ ᠶᠢ ᠴᠠᠭ ᠲᠤᠬᠠᠶ   ᠳᠤᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ ᠨᠢᠭᠡᠴᠢ ᠪᠣᠯᠤᠨ ᠬᠤᠪᠢ ᠬᠥᠮᠦᠨ ᠭᠡᠳ ᠬᠤᠳᠠᠯ  ᠢᠶᠠᠷ ᠮᠡᠳᠡᠭᠦᠯᠵᠦ᠂ ᠮᠡᠳᠡᠭᠦᠯᠬᠦ ᠥᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠥᠭᠡᠢ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ  ᠶᠢ ᠬᠠᠭᠤᠷᠮᠠᠭᠯᠠᠨ ᠵᠣᠬᠢᠶᠠᠵᠤ᠂ ᠥᠭᠡᠷᠡᠲᠦᠭᠦᠯᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ  ᠶᠢᠨ ᠣᠯᠤᠭᠰᠠᠨ  ᠨᠢᠭᠡᠴᠢ ᠪᠣᠯᠤᠨ ᠬᠤᠪᠢ ᠬᠥᠮᠦᠨ  ᠤ  ᠮᠠᠲ᠋ᠧᠷᠢᠶᠠᠯ  ᠢ ᠨᠡᠶᠢᠳᠡᠮ ᠪᠠᠶᠢᠴᠠᠭᠠᠯᠲᠠ  ᠳᠤ ᠬᠡᠷᠡᠭᠯᠡᠬᠦ ᠵᠣᠷᠢᠯᠭ᠎ᠠ ᠪᠠᠷ ᠴᠢᠩᠭ᠎ᠠ ᠬᠢᠵᠠᠭᠠᠷᠯᠠᠨ ᠲᠣᠭᠲᠠᠭᠠᠵᠤ᠂ ᠶᠠᠮᠠᠷᠪᠠ ᠨᠢᠭᠡᠴᠢ ᠠᠴᠠ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠱᠠᠩᠨᠠᠵᠤ ᠲᠣᠷᠭᠠᠬᠤ  ᠶᠢᠨ ᠦᠨᠳᠦᠰᠦᠯᠡᠯ ᠪᠣᠯᠭᠠᠬᠤ ᠥᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠳ᠂ ᠨᠡᠶᠢᠳᠡᠮ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠤᠯᠤᠰ ᠤᠨ ᠨᠢᠭᠤᠴᠠ ᠪᠠ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠡᠭᠦᠷᠭᠡ ᠶᠢ ᠡᠷᠬᠡᠪᠰᠢ ᠴᠢᠩᠭ᠎ᠠ ᠭᠦᠢᠴᠡᠳᠭᠡᠬᠦ ᠬᠡᠷᠡᠭᠲᠡᠶ︔ ᠵᠥᠪᠰᠢᠶᠡᠷᠡᠭᠦᠯᠦᠭᠰᠡᠨ ᠥᠭᠡᠢ ᠪᠣᠯ ᠶᠠᠮᠠᠷᠪᠠ  ᠨᠢᠭᠡᠴᠢ ᠪᠣᠯᠤᠨ ᠬᠤᠪᠢ ᠬᠥᠮᠦᠨ ᠭᠡᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠭᠠᠳᠠᠭᠰᠢ ᠨᠡᠶᠢᠲᠡᠯᠡᠵᠦ ᠪᠣᠯᠬᠤ ᠥᠭᠡᠢ᠃ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠵᠡᠷᠭᠡ  ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ  ᠰᠢᠢᠳᠪᠦᠷᠢᠯᠡᠬᠦ ᠶᠢᠨ ᠬᠠᠮᠲᠤ ᠨᠡᠶᠢᠲᠡᠯᠡᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃    ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠨ᠎ᠠ᠃ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠡᠷᠢᠭᠦᠨ ᠳᠤ ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠦᠯ ᠢ ᠴᠢᠩᠭ᠎ᠠ ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠬᠡᠷᠡᠭ ᠤᠨ ᠡᠮᠦᠨ᠎ᠡ ᠪᠠ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠦᠨᠡᠨᠬᠦ ᠰᠡᠷᠭᠡᠶᠢᠯᠡᠬᠦ ᠪᠠ ᠵᠠᠯᠬᠠᠭᠠᠨ ᠰᠢᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ  ᠶᠢᠨ ᠶᠠᠰᠤ ᠴᠢᠨᠠᠷ ᠢ ᠡᠵᠡᠮᠳᠡᠬᠦ ᠰᠢᠰᠲ᠋ᠧᠮᠵᠢ ᠪᠣᠯᠤᠨ ᠠᠵᠢᠯ  ᠤᠨ ᠪᠠᠶᠢᠷᠢ  ᠶᠢᠨ ᠬᠠᠷᠢᠭᠤᠴᠠᠯᠭ᠎ᠠ  ᠶᠢᠨ ᠲᠥᠷᠢᠮ  ᠢ ᠪᠠᠶᠢᠭᠤᠯᠤᠨ ᠪᠥᠷᠢᠨᠰᠢᠬᠦᠯᠵᠤ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠶᠠᠰᠤ ᠴᠢᠨᠠᠷ  ᠢ ᠨᠡᠬᠡᠮᠵᠢᠯᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠨᠡᠶᠢᠳᠡᠮ ᠪᠠᠶᠢᠴᠠᠭᠠᠯᠲᠠ  ᠶᠢᠨ ᠰᠠᠬᠢᠯᠭ᠎ᠠ ᠪᠠᠲᠤ  ᠶᠢ ᠴᠢᠩᠳᠠᠯᠠᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ  ᠳᠤ ᠵᠣᠷᠢᠭᠤᠳᠠ ᠭᠠᠷ ᠲᠦᠷᠦᠭᠦ ᠡᠯ᠎ᠡ ᠵᠦᠢᠯ  ᠤᠨ ᠥᠢᠯᠡ ᠠᠵᠢᠯᠯᠠᠭ᠎ᠠ  ᠶᠢ ᠡᠷᠡᠰ ᠬᠤᠷᠢᠭᠯᠠᠬᠤ ᠬᠡᠷᠡᠭᠲᠡᠶ᠃ ᠪᠦᠲᠦᠮᠵᠢᠲᠡᠶ ᠮᠡᠷᠭᠡᠵᠢᠯ ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠴᠤᠭᠯᠠᠭᠤᠯᠬᠤ᠂ ᠳᠠᠮᠵᠢᠭᠤᠯᠬᠤ᠂ ᠬᠠᠳᠠᠭᠠᠯᠠᠬᠤ ᠪᠠ ᠬᠡᠷᠡᠭᠯᠡᠬᠦ ᠶᠢᠨ ᠠᠶᠤᠯ ᠥᠭᠡᠢ ᠶᠢ ᠦᠨᠡᠨᠬᠦ ᠪᠠᠲᠤᠯᠠᠬᠤ ᠬᠡᠷᠡᠭᠲᠡᠶ᠃ ᠨᠡᠶᠢᠳᠡᠮ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠰᠢᠢᠳᠪᠦᠷᠢᠯᠡᠬᠦ  ᠵᠦᠢᠯᠡᠰ ᠲᠤ ᠴᠠᠭ ᠲᠤᠨᠢ ᠳᠣᠭᠢᠷᠠᠭᠤᠯᠤᠨ ᠣᠷᠣᠭᠤᠯᠬᠤ ᠬᠡᠷᠡᠭᠲᠡᠶ᠃    ︵ᠭᠤᠷᠪᠠ︶ ᠠᠷᠭ᠎ᠠ ᠪᠠᠷᠢᠯ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠶᠢᠨ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠬᠡᠷᠡᠭᠯᠡᠯᠲᠡ ᠶᠢ ᠠᠬᠢᠭᠤᠯᠵᠤ᠂ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ ᠪᠠ ᠡᠯᠧᠺᠲᠷᠣᠨ ᠦᠵᠦᠭᠦᠷ ᠤᠨ ᠲᠤᠬᠠᠶ ᠶᠢᠨ ᠲᠠᠯᠠᠪᠤᠷ ᠲᠤ ᠲᠤᠭ᠎ᠠ ᠪᠠᠷᠢᠮᠲᠠ ᠴᠤᠭᠯᠠᠭᠤᠯᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠪᠠᠶᠢᠭᠠᠳ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ  ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠤᠨ ᠰᠦᠯᠵᠢᠶ᠎ᠡ ᠪᠠᠷ ᠳᠡᠮᠵᠢᠨ ᠪᠡᠶ᠎ᠡ ᠪᠠᠨ ᠳᠠᠭᠠᠭᠠᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠮᠡᠳᠡᠭᠦᠯᠦᠨ ᠬᠦᠷᠭᠡᠬᠦ ᠶᠢ ᠳᠡᠮᠵᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠤᠨ᠎ᠠ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠤᠬᠠᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠲᠥᠰᠦᠪᠯᠡᠬᠦ ᠪᠠ ᠵᠣᠬᠢᠶᠠᠨ ᠪᠠᠶᠢᠭᠤᠯᠬᠤ ᠠᠵᠢᠯ  ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠦᠢᠯᠡᠴᠢᠯᠡᠭᠡᠨ ᠤ ᠲᠠᠪᠴᠠᠩ ᠵᠡᠷᠭᠡ ᠤᠬᠠᠭᠤᠯᠭ᠎ᠠ ᠶᠢᠨ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ  ᠶᠢᠨ ᠴᠢᠬᠤᠯᠠ ᠠᠴᠢ ᠬᠤᠯᠪᠣᠭᠳᠠᠯ ᠪᠣᠯᠤᠨ ᠱᠠᠭᠠᠷᠳᠠᠯᠭ᠎ᠠ  ᠶᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠨᠡᠶᠢᠳᠡᠮ ᠪᠠᠶᠢᠴᠠᠭᠠᠯᠲᠠ  ᠶᠢᠨ ᠠᠵᠢᠯ  ᠤᠨ ᠳᠤᠮᠳᠠ ᠴᠣᠯᠭᠤᠷᠠᠨ ᠭᠠᠷᠤᠭᠰᠠᠨ ᠨᠡᠶᠢᠲᠡᠯᠢᠭ ᠦᠢᠯᠡ ᠶᠠᠪᠤᠳᠠᠯ  ᠢ ᠤᠬᠠᠭᠤᠯᠤᠨ᠂ ᠬᠠᠤᠯᠢ ᠴᠠᠭᠠᠵᠠ ᠰᠠᠬᠢᠯᠭ᠎ᠠ ᠪᠠᠲᠤ  ᠶᠢ ᠵᠥᠷᠢᠴᠡᠭᠰᠡᠨ ᠬᠡᠷᠡᠭ  ᠢ ᠪᠠᠶᠢᠴᠠᠭᠠᠨ  ᠰᠢᠢᠳᠪᠦᠷᠢᠯᠡᠭᠰᠡᠨ  ᠪᠠᠶᠢᠳᠠᠯ  ᠢ ᠨᠡᠪᠲᠡᠷᠡᠭᠦᠯᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ  ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ  ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠨᠡᠶᠢᠳᠡᠮ ᠪᠠᠶᠢᠴᠠᠭᠠᠯᠲᠠ  ᠳᠤ  ᠪᠦᠬᠦ ᠨᠡᠶᠢᠭᠡᠮ  ᠢᠶᠠᠷ ᠢᠶᠠᠨ ᠢᠳᠡᠪᠬᠢᠲᠡᠶ ᠣᠷᠣᠯᠴᠠᠭᠤᠯᠵᠤ᠂ ᠲᠠᠪᠤᠳᠤᠭᠠᠷ ᠤᠳᠠᠭᠠᠨ  ᠤ ᠪᠦᠬᠦ ᠤᠯᠤᠰ  ᠤᠨ ᠠᠵᠤ ᠠᠬᠤᠶ  ᠶᠢᠨ ᠨᠡᠶᠢᠳᠡᠮ ᠪᠠᠶᠢᠴᠠᠭᠠᠯᠲᠠ  ᠶᠢᠨ ᠤᠷᠤᠭᠰᠢᠲᠠᠶ ᠶᠠᠪᠤᠭᠳᠠᠬᠤ  ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠶ ᠶᠢ ᠪᠤᠢ ᠪᠣᠯᠭᠠᠬᠤ ᠬᠡᠷᠡᠭᠲᠡᠶ ᠃    ︵ᠲᠠᠪᠤ︶ ᠦᠷ᠎ᠡ ᠪᠦᠲᠦᠭᠡᠯ ᠤᠨ ᠬᠡᠷᠡᠭᠯᠡᠯᠲᠡ ᠶᠢ ᠰᠠᠶᠢᠲᠤᠷ ᠠᠳᠬᠤᠨ᠎ᠠ᠃ ᠡᠯ᠎ᠡ ᠱᠠᠲᠤᠨ ᠤ  ᠨᠡᠶᠢᠳᠡᠮ ᠪᠠᠶᠢᠴᠠᠭᠠᠯᠲᠠ  ᠶᠢᠨ ᠪᠠᠶᠢᠭᠤᠯᠤᠮᠵᠢ ᠨᠤᠭᠤᠳ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ  ᠢ ᠴᠠᠭ ᠲᠤᠬᠠᠶ  ᠳᠤᠨᠢ ᠨᠡᠶᠢᠲᠡᠯᠡᠵᠦ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠶᠢᠨ ᠦᠨ᠎ᠡ ᠦᠷᠳᠡᠭ  ᠢ ᠭᠦᠨᠵᠡᠭᠡᠶ ᠠᠭᠤᠳᠠᠯᠯᠠᠨ᠂ ᠪᠦᠬᠦ ᠠᠶᠢᠮᠠᠭ ᠤᠨ ᠠᠵᠤ ᠠᠬᠤᠶ  ᠶᠢᠨ ᠠᠵᠢᠯᠯᠠᠭᠠᠨ  ᠤ ᠪᠠᠶᠢᠳᠠᠯ ᠪᠣᠯᠤᠨ ᠠᠵᠤ ᠠᠬᠤᠶ ᠨᠡᠶᠢᠭᠡᠮ  ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ  ᠢ ᠵᠠᠳᠠᠯᠤᠨ ᠰᠤᠳᠤᠯᠵᠤ ᠮᠠᠭᠠᠳᠯᠠᠨ᠂ ᠬᠤᠷᠸ᠎ᠠ  ᠰᠢᠢᠳᠪᠦᠷᠢᠳᠦ ᠪᠤᠳᠤᠯᠭ᠎ᠠ ᠲᠣᠭᠲᠠᠭᠠᠬᠤ  ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠲᠤᠭ᠎ᠠ ᠪᠦᠷᠢᠳᠬᠡᠯ ᠤᠨ ᠵᠠᠰᠠᠭ  ᠤᠨ ᠶᠠᠪᠤᠳᠠᠯ  ᠢ ᠵᠥᠪᠯᠡᠬᠦ ᠦᠢᠯᠡᠳᠦᠯ  ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ᠃    ᠳᠠᠭᠠᠯᠳᠤᠭᠤᠯᠤᠯ᠄ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ                                                                2023 ᠣᠨ ᠤ 5 ᠰᠠᠷ᠎ᠠ ᠶᠢᠨ 5                                                           ︵ᠲᠣᠰ ᠮᠠᠲ᠋ᠧᠷᠢᠶᠠᠯ ᠢ ᠢᠯᠡ  ᠨᠡᠶᠢᠲᠡᠯᠡᠨ᠎ᠡ︶    ᠳᠠᠭᠠᠯᠳᠤᠭᠤᠯᠤᠯ    ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ    ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ  ᠮᠡᠳᠡᠭᠳᠡᠯ︾ ︵ᠲᠥᠷᠥ ᠲᠠᠷᠬᠠᠭᠠᠭᠰᠠᠨ ︹ 2022 ︺ 22 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ  ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2023 ︺ 5 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠠᠶᠢᠮᠠᠭ ᠤᠨ ᠵᠠᠬᠢᠷᠭ᠎ᠠ ᠠᠴᠠ ᠬᠢᠩᠭᠠᠨ ᠠᠶᠢᠮᠠᠭ ᠤᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠬᠤ ᠪᠠᠷ ᠲᠣᠭᠲᠠᠪᠠ᠃    ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ    ᠳᠤᠭᠤᠶᠢᠯᠠᠩ ᠤᠨ ᠳᠠᠷᠤᠭ᠎ᠠ᠄ ᠵᠢᠶᠠᠩ ᠲᠢᠶᠠᠨ  ᠬᠤ᠋   ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋  ᠳᠠᠷᠤᠭ᠎ᠠ    ᠳᠤᠭᠤᠶᠢᠯᠠᠩ ᠤᠨ ᠳᠡᠳ᠋ ᠳᠠᠷᠤᠭ᠎ᠠ᠄ ᠹᠸᠢ ᠯᠢ ᠰᠢᠨ   ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ ︵ᠰᠣᠨᠢᠨ ᠮᠡᠳᠡᠭᠡᠨ ᠤ ᠠᠯᠪᠠᠨ ᠬᠡᠷ︶ ᠤᠨ ᠡᠷᠬᠢᠯᠡᠭᠴᠢ    ᠯᠢᠨ ᡁᠢ ᠺᠦᠨ   ᠠᠶᠢᠮᠠᠭ ᠤᠨ ᠵᠠᠬᠢᠷᠭ᠎ᠠ ᠶᠢᠨ  ᠨᠠᠷᠢᠨ ᠪᠢᠴᠢᠭ ᠤᠨ ᠳᠡᠳ᠋‌‍ᠲ᠋ᠠᠷᠤᠭ᠎ᠠ    ᠨᠢᠤ ᠰᠢᠤ  ᠾᠧ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶᠠᠨ ᠳᠠᠷᠤᠭ᠎ᠠ    ᠭᠧ ᠱᠤᠸᠠᠩ ᠫᠧᠩ  ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ    ᠪᠦᠷᠢᠯᠳᠦᠬᠦᠨ᠄ ᠮᠠ ᠴᠢᠶᠠᠩ   ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ ᠲᠡᠳ᠋ ᠱᠦᠵᠢ    ᠸᠠᠩ ᠬᠦᠶ ᠬᠤᠸᠠ    ᠠᠶᠢᠮᠠᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠭᠤᠤ ᠬᠤᠩ    ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ  ᠳᠡᠳ᠋ ᠳᠠᠷᠤᠭ᠎ᠠ    ᠵᠢᠶᠤᠤ  ᠳ᠋ᠧ ᠹᠧᠩ  ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ    ᠵᠠᠩ ᠯᠢ ᡁᠢ   ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ    ᠯᠢᠦ ᠰᠢᠨ ᠭᠠᠩ    ᠠᠶᠢᠮᠠᠭ ᠤᠨ ᠭᠠᠶᠢᠯᠢ ᠶᠢᠨ ᠲᠣᠪᠴᠢᠶ᠎ᠠ ᠶᠢᠨ ᠶᠡᠷᠦᠩᠬᠡᠶ ᠨᠢᠭᠲᠠᠯᠠᠨ ᠪᠤᠳᠤᠭᠴᠢ    ᠶᠤᠸᠠᠢ ᠳ᠋ᠠ  ᠫᠧᠩ   ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ    ᠬᠤᠶᠠᠷ᠂ ᠪᠤᠰᠤᠳ ᠵᠦᠢᠯ    ︵ᠨᠢᠭᠡ︶ ᠤᠳᠤᠷᠢᠳᠬᠤ ᠳᠤᠭᠤᠶᠢᠯᠠᠩ  ᠤᠨ ᠭᠤᠣᠯ ᠡᠭᠦᠷᠭᠡ ᠬᠠᠷᠢᠭᠤᠴᠠᠯᠭ᠎ᠠ᠄ ᠪᠥᠬᠦ ᠠᠶᠢᠮᠠᠭ  ᠤᠨ ᠲᠠᠪᠤᠳᠤᠭᠠᠷ ᠤᠳᠠᠭᠠᠨ  ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ  ᠢ ᠵᠣᠬᠢᠴᠠᠭᠤᠯᠤᠨ  ᠰᠢᠢᠳᠪᠦᠷᠢᠯᠡᠨ᠎ᠡ᠃    ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠣᠭᠢᠷᠠᠭᠤᠯᠤᠨ᠂ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ  ᠰᠢᠢᠳᠪᠦᠷᠢᠳᠦ ᠪᠣᠳᠣᠯᠭ᠎ᠠ ᠲᠣᠭᠲᠠᠭᠠᠬᠤ ᠴᠢᠬᠤᠯᠠᠲᠠᠶ ᠰᠠᠨᠠᠭᠤᠯᠭ᠎ᠠ ᠶᠢᠨ ᠲᠥᠰᠦᠯ ᠢ ᠰᠤᠳᠤᠯᠤᠨ ᠳᠤᠷᠠᠳᠴᠤ᠂ ᠤᠳᠤᠷᠢᠳᠬᠤ ᠳᠤᠭᠤᠶᠢᠯᠠᠩ ᠤᠨ ᠵᠥᠪᠯᠡᠨ ᠲᠣᠭᠲᠠᠭᠠᠭᠰᠠᠨ ᠵᠦᠢᠯᠡᠰ ᠢ ᠰᠢᠮᠳᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ  ᠵᠦᠢᠯᠡᠰ ᠢ ᠳᠠᠭᠠᠭᠠᠨ  ᠭᠦᠢᠴᠡᠳᠭᠡᠨ᠎ᠡ᠃ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠶᠤᠸᠠᠢ ᠳ᠋ᠠ ᠫ᠊ ᠫᠧᠩ ᠬᠠᠪᠰᠤᠷᠭᠠᠨ ᠬᠠᠷᠢᠭᠤᠴᠠᠨ᠎ᠠ᠃    ︵ᠭᠤᠷᠪᠠ︶ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠤ ᠠᠵᠢᠯ ᠤᠨ ᠬᠤᠪᠢᠷᠠᠯᠲᠠ ᠠᠴᠠ ᠪᠣᠯᠵᠣ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠪᠠᠶᠢᠭ᠎ᠠ ᠨᠢᠭᠡᠴᠢ ᠠᠴᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠳᠤᠷᠠᠳᠤᠨ ᠭᠠᠷᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠤᠳᠤᠷᠢᠳᠬᠤ ᠳᠤᠭᠤᠶᠢᠯᠠᠩ ᠨᠢ ᠠᠶᠢᠮᠠᠭ ᠵᠠᠬᠢᠷᠭ᠎ᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠬᠤ ᠥᠬᠡᠶ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠥᠬᠡᠶ ᠪᠣᠯᠭᠠᠨ᠎ᠠ᠃                       ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ 2023 ᠣᠨ ᠤ 5 ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ    ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ     ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 14 ᠳ᠋ᠦᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠶᠢᠮᠠᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠄    ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                            2023 ᠣᠨ ᠤ 4 ᠰᠠᠷ᠎ᠠ ᠶᠢᠨ 1                                                        ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ               ᠬᠢᠩᠭᠠᠨ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ  ︵ᠲᠤᠷᠰᠢᠨ ᠬᠡᠷᠡᠭᠵᠢᠭᠦᠯᠬᠦ︶      ᠨᠢᠭᠡᠳᠦᠭᠡᠷ ᠪᠦᠯᠦᠭ  ᠶᠡᠷᠦᠩᠬᠡᠢ ᠲᠦᠷᠢᠮ    ᠨᠢᠭᠡᠳᠦᠭᠡᠷ ᠵᠦᠢᠯ  ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠠᠵᠤ ᠠᠬᠤᠶᠢᠯᠠᠯ  ᠤᠨ ᠡᠵᠡᠩᠨᠡᠯᠲᠡ ᠶᠢᠨ ᠥᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠯᠤᠰ  ᠤᠨ ᠥᠮᠴᠢᠯᠡᠯᠳᠤ ᠠᠵᠤ ᠠᠬᠤᠶᠢᠯᠠᠯ  ᠤᠨ ᠦᠷᠭᠦᠯᠵᠢᠯᠡᠨ ᠬᠥᠭᠵᠢᠬᠦ ᠶᠢ ᠲᠥᠯᠬᠢᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠵᠤ ᠠᠬᠤᠶᠢᠯᠠᠯ  ᠤᠨ ᠤᠯᠤᠰ  ᠤᠨ ᠥᠮᠴᠢᠯᠡᠯᠳᠤ  ᠡᠳ᠋ ᠬᠥᠷᠥᠩᠭᠡ ᠶᠢᠨ ᠬᠠᠤᠯᠢ︾᠂ ︽ᠠᠵᠤ ᠠᠬᠤᠶᠢᠯᠠᠯ  ᠤᠨ ᠤᠯᠤᠰ  ᠤᠨ ᠥᠮᠴᠢᠯᠡᠯᠳᠤ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷ ᠬᠡᠷᠡᠭᠵᠢᠭᠦᠯᠬᠦ ᠲᠥᠷᠢᠮ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠠᠵᠤ ᠠᠬᠤᠶᠢᠯᠠᠯ  ᠤᠨ ᠤᠯᠤᠰ  ᠤᠨ ᠥᠮᠴᠢᠯᠡᠯᠳᠤ  ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ᠂ ᠮᠠᠨ  ᠤ ᠠᠶᠢᠮᠠᠭ  ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠷᠭ᠎ᠠ ᠶᠢ ᠲᠤᠭᠳᠠᠭᠠᠪᠠ᠃    ᠬᠤᠶᠠᠳᠤᠭᠠᠷ ᠵᠦᠢᠯ   ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠭᠡᠳᠡᠭ ᠨᠢ ᠠᠶᠢᠮᠠᠭ ᠤᠨ ᠵᠠᠬᠢᠷᠭ᠎ᠠ ᠠᠴᠠ ᠪᠠᠯᠠ ᠭᠠᠷᠭᠠᠵᠤ ᠪᠠᠶᠢᠭᠤᠯᠤᠭᠰᠠᠨ ᠤᠯᠤᠰ ᠤᠨ ᠥᠮᠴᠢᠯᠡᠯᠲᠦ ᠲᠤᠰᠬᠠᠢ ᠪᠡᠯᠡᠳᠤ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠡᠵᠡᠮᠳᠡᠬᠦ ᠺᠣᠮᠫᠠᠨᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠤᠪᠢ ᠣᠷᠣᠭᠤᠯᠤᠭᠰᠠᠨ ᠺᠣᠮᠫᠠᠨᠢ ᠶᠢᠨ ᠬᠠᠮᠲᠤ ᠬᠢᠩᠭᠠᠨ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠳᠣᠷᠣᠭᠰᠢ  ᠠᠶᠢᠮᠠᠭ ᠤᠨ ᠤᠯᠤᠰ ᠤᠨ ᠡᠳ᠋ ᠬᠥᠷᠥᠩᠭᠡ ᠶᠢᠨ ᠵᠥᠪᠯᠡᠯ ᠭᠡᠵᠦ ᠲᠣᠪᠴᠢᠯᠠᠨ᠎ᠠ︶ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠠᠵᠤ ᠠᠬᠤᠶᠢᠯᠠᠯ ᠢ ᠵᠢᠭᠠᠵᠤ ᠪᠣᠶ᠃    ᠭᠤᠷᠪᠠᠳᠤᠭᠠᠷ ᠵᠦᠢᠯ    ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠠᠶᠢᠮᠠᠭ ᠤᠨ ᠵᠠᠬᠢᠷᠭ᠎ᠠ ᠶᠢᠨ ᠡᠷᠬᠡ ᠣᠯᠭᠤᠯᠲᠠ ᠶᠢ ᠦᠨᠳᠦᠰᠦᠯᠡᠵᠦ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠭᠦᠢᠴᠡᠳᠭᠡᠵᠦ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠠᠷᠬᠠᠯᠲᠠ᠂ ᠬᠤᠪᠢᠷᠠᠯᠲᠠ᠂ ᠡᠳ᠋ ᠤᠨ ᠶᠠᠪᠤᠳᠠᠯ ᠤᠨ ᠪᠠᠶᠢᠳᠠᠯ ᠪᠠ ᠡᠵᠡᠩᠨᠡᠯᠲᠡ ᠶᠢᠨ ᠪᠠᠶᠢᠳᠠᠯ ᠵᠡᠷᠭᠡ ᠳᠤ ᠬᠥᠳᠡᠯᠦᠩᠭᠦᠶ ᠬᠢᠨᠠᠨ ᠬᠡᠮᠵᠢᠯᠲᠡ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠰᠢᠭᠤᠯᠤᠯᠲᠠ ᠶᠢ ᠭᠤᠤᠯᠳᠠᠯᠭ᠎ᠠ ᠲᠠᠢ ᠰᠠᠶᠢᠲᠤᠷ ᠬᠠᠮᠢᠶᠠᠷᠴᠤ᠂ ᠬᠥᠷᠥᠩᠭᠡ ᠶᠢᠨ ᠠᠵᠢᠯᠯᠠᠭᠠᠨ ᠢ ᠵᠢᠷᠤᠮᠵᠢᠭᠤᠯᠤᠨ ᠂ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢᠯᠡᠭᠦᠯᠵᠦ᠂ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠬᠥᠷᠥᠩᠭᠡ ᠶᠢ ᠬᠠᠮᠢᠶᠠᠷᠬᠤ ᠪᠠᠷ ᠭᠤᠤᠯ ᠪᠣᠯᠭᠠᠬᠤ ᠶᠢ ᠪᠡᠶᠡᠯᠡᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃    ᠳᠥᠷᠪᠡᠳᠦᠭᠡᠷ ᠵᠦᠢᠯ   ᠵᠠᠰᠠᠭ ᠠᠵᠤ ᠠᠬᠤᠶᠢᠯᠠᠯ ᠢ ᠰᠠᠯᠭᠠᠬᠤ᠂ ᠵᠠᠰᠠᠭ ᠡᠳ᠋ ᠭᠦᠷᠤᠩᠭᠡ ᠶᠢᠨ ᠥᠮᠴᠢᠯᠡᠯ ᠤᠨ ᠡᠷᠬᠡ ᠶᠢ ᠰᠠᠯᠭᠠᠬᠤ᠂ ᠥᠮᠴᠢᠯᠡᠬᠦ ᠡᠷᠬᠡ ᠪᠣᠯᠤᠨ ᠡᠵᠡᠩᠨᠡᠬᠦ ᠡᠷᠬᠡ ᠶᠢ ᠰᠠᠯᠭᠠᠬᠤ ᠶᠢ ᠪᠠᠷᠢᠮᠲᠠᠯᠠᠵᠤ᠂ ᠡᠷᠬᠡ᠂ ᠡᠭᠦᠷᠭᠡ ᠂ ᠬᠠᠷᠢᠭᠤᠴᠠᠯᠭ᠎ᠠ ᠶᠢ ᠨᠢᠭᠡᠳᠬᠡᠬᠦ᠂ ᠭᠦᠷᠤᠩᠭᠡ ᠶᠢ ᠬᠠᠮᠢᠶᠠᠷᠬᠤ ᠪᠠ ᠬᠥᠮᠦᠨ ᠢ ᠬᠠᠮᠢᠶᠠᠷᠬᠤ᠂ ᠤᠴᠢᠷ ᠶᠠᠪᠤᠳᠠᠯ ᠢ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠦᠨᠡᠨ ᠬᠦ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠡᠵᠡᠩᠨᠡᠬᠦ᠂ ᠣᠯᠵᠤ ᠠᠯᠳᠠᠬᠤ ᠪᠠᠨ ᠥᠪᠡᠰᠦᠪᠡᠨ ᠬᠠᠷᠢᠭᠤᠴᠠᠬᠤ᠂ ᠠᠶᠤᠯ ᠲᠦᠭᠰᠢᠭᠦᠷᠢ ᠶᠢ ᠥᠪᠡᠰᠦᠪᠡᠨ ᠡᠭᠦᠷᠭᠡᠯᠡᠬᠦ᠂ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠥᠭᠵᠢᠭᠦᠯᠬᠦ ᠪᠡᠶ᠎ᠡ ᠪᠠᠨ ᠳᠠᠭᠠᠭᠠᠭᠰᠠᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠣᠯᠭᠠᠨ᠎ᠠ᠃    ᠲᠠᠪᠤᠳᠤᠭᠠᠷ ᠵᠦᠢᠯ   ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠬᠦ ᠶᠢ ᠨᠢᠭᠡᠳᠬᠡᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠺᠣᠮᠫᠠᠨᠢ ᠶᠢᠨ ᠲᠦᠷᠢᠮ ᠳᠤ ᠣᠷᠣᠭᠤᠯᠵᠤ᠂ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠳᠠᠬᠢ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠪᠠᠷ ᠲᠣᠭᠲᠠᠭᠠᠭᠰᠠᠨ ᠪᠠᠶᠢᠷᠢ ᠰᠠᠭᠤᠷᠢ ᠶᠢ ᠲᠣᠳᠣᠷᠬᠠᠶᠢᠯᠠᠨ᠂ ᠠᠵᠤ ᠠᠬᠤᠶᠢᠯᠠᠯ ᠤᠨ ᠴᠢᠬᠤᠯᠠ ᠶᠡᠭᠡ ᠠᠰᠠᠭᠤᠳᠠᠯ ᠤᠨ  ᠰᠢᠢᠳᠪᠦᠷᠢᠳᠦ ᠪᠣᠳᠣᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠤᠳᠤᠯᠤᠯ ᠢ ᠪᠠᠷᠢᠮᠲᠠᠯᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    ᠵᠢᠷᠭᠤᠳᠤᠭᠠᠷ ᠵᠦᠢᠯ  ᠲᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠺᠣᠮᠫᠠᠨᠢ ᠶᠢᠨ ᠵᠠᠰᠠᠯᠲᠠ ᠶᠢ ᠪᠠᠶᠢᠭᠤᠯᠵᠤ᠂ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠶᠢ ᠠᠳᠠᠯᠢ ᠲᠡᠭᠰᠢ ᠪᠠᠶᠢᠯᠭᠠᠬᠤ ᠶᠢ ᠴᠢᠩᠭᠠᠳᠬᠠᠵᠤ᠂ ᠥᠮᠴᠢᠯᠡᠬᠦ ᠡᠷᠬᠡ ᠨᠢ ᠲᠣᠳᠣᠷᠬᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠵᠠᠰᠠᠭ ᠠᠵᠤ ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠨᠢ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ᠬᠤᠶᠠᠳᠤᠭᠠᠷ ᠪᠦᠯᠦᠭ  ᠠᠵᠢᠯᠳᠠᠨ ᠤ ᠶᠠᠪᠤᠳᠠᠯ ᠤᠨ ᠬᠠᠮᠢᠶᠠᠷᠤᠯᠲᠠ    ᠳᠣᠯᠣᠳᠤᠭᠠᠷ ᠵᠦᠢᠯ   ᠠᠵᠤ ᠠᠬᠤᠶᠢᠯᠠᠯ ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠤᠨ ᠬᠠᠮᠢᠶᠠᠷᠤᠯᠲᠠ ᠶᠢᠨ ᠵᠠᠷᠴᠢᠮ᠃ ︽ᠨᠠᠮ ᠳᠠᠭᠠᠨ ᠦᠨᠡᠨᠴᠢ ᠰᠢᠳᠤᠷᠭᠤ᠂ ᠵᠣᠷᠢᠭᠲᠠᠶ ᠪᠠᠷ ᠰᠢᠨ᠎ᠡ ᠶᠢ ᠡᠭᠦᠳᠬᠦ᠂ ᠠᠵᠤ ᠠᠬᠤᠶᠢᠯᠠᠯ ᠢ ᠵᠠᠰᠠᠬᠤ ᠳᠤ ᠠᠷᠭ᠎ᠠ ᠲᠠᠢ᠂ ᠠᠵᠤ ᠠᠬᠤᠶᠢᠯᠠᠯ ᠢ ᠬᠥᠭᠵᠢᠭᠦᠯᠬᠦ ᠳᠤ ᠴᠢᠷᠮᠠᠶᠢᠯᠭ᠎ᠠ ᠲᠠᠢ᠂ ᠠᠷᠢᠭᠤᠨ ᠴᠢᠬᠡᠴᠢ ᠪᠠᠶᠢᠬᠤ︾ ᠪᠠᠷᠢᠮᠵᠢᠶ᠎ᠠ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠬᠥᠮᠦᠰ ᠵᠢᠴᠢ ᠵᠠᠩᠭᠢᠯᠠᠭ᠎ᠠ ᠶᠢᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠪᠦᠬᠦ ᠶᠠᠪᠤᠴᠠ ᠳᠤ ᠲᠤᠭᠤᠰᠢᠯᠠᠭᠤᠯᠵᠦ᠂ ᠳᠣᠣᠷ᠎ᠠ ᠵᠢᠭᠰᠠᠭᠠᠭᠰᠠᠨ ᠵᠠᠷᠴᠢᠮ ᠤᠳ ᠢ ᠪᠣᠳᠠᠲᠠᠶ ᠪᠠᠷ ᠵᠢᠷᠤᠮᠯᠠᠬᠤ ᠬᠡᠷᠡᠭᠲᠡᠶ᠄    ︵ᠨᠢᠭᠡ︶ ᠨᠠᠮ ᠠᠴᠠ ᠺᠠᠳ᠋ᠷ ᠢ ᠬᠠᠮᠢᠶᠠᠷᠬᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠬᠦ ᠵᠠᠷᠴᠢᠮ︔    ︵ᠬᠤᠶᠠᠷ︶ ᠤᠬᠠᠮᠰᠠᠷ ᠴᠢᠳᠠᠪᠤᠷᠢ ᠶᠢ ᠬᠤᠣᠰᠯᠠᠭᠤᠯᠬᠤ᠂ ᠤᠬᠠᠮᠰᠠᠷ ᠢ ᠲᠡᠷᠢᠭᠦᠨ ᠳᠤ ᠲᠠᠯᠪᠢᠬᠤ᠂ ᠪᠣᠳᠠᠲᠤ ᠪᠦᠲᠦᠮᠵᠢ ᠶᠢ ᠴᠢᠬᠤᠯᠠᠴᠢᠯᠠᠬᠤ ᠵᠠᠷᠴᠢᠮ︔    ︵ᠭᠤᠷᠪᠠ︶ ᠭᠠᠵᠠᠷ ᠣᠷᠣᠨ ᠢ ᠬᠠᠮᠢᠶᠠᠷᠤᠯ ᠦᠭᠡᠢ ᠡᠷᠳᠡᠮᠲᠡᠨ ᠮᠡᠷᠭᠡᠳ ᠢ ᠯᠡ ᠬᠡᠷᠡᠭᠯᠡᠬᠦ ᠵᠠᠷᠴᠢᠮ︔    ︵ᠲᠦᠷᠪᠡ︶ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ︔    ︵ᠲᠠᠪᠤ︶ ᠠᠷᠠᠳᠴᠢᠯᠠᠯ ᠢ ᠬᠡᠷᠡᠭᠵᠢᠭᠦᠯᠬᠦ᠂ ᠢᠯᠡ ᠪᠠᠶᠢᠯᠭᠠᠬᠤ᠂ ᠥᠷᠢᠰᠥᠯᠳᠦᠭᠦᠯᠬᠦ᠂ ᠰᠢᠯᠢᠳᠡᠭ ᠢ ᠨᠢ ᠰᠣᠩᠭᠤᠬᠤ ᠵᠠᠷᠴᠢᠮ︔    ︵ᠵᠢᠷᠭᠤᠭ᠎ᠠ︶ ᠪᠡᠯᠡ ᠭᠠᠷᠭᠠᠭᠴᠢ ᠮᠡᠳᠡᠷᠡᠨ ᠵᠥᠪᠰᠢᠶᠡᠷᠡᠬᠦ᠂ ᠠᠵᠢᠯᠳᠠᠨ ᠠᠵᠢᠯᠴᠢᠨ ᠤᠯᠠᠨ ᠲᠦᠮᠡᠨ ᠮᠡᠳᠡᠷᠡᠨ ᠵᠥᠪᠰᠢᠶᠡᠷᠡᠬᠦ᠂ ᠵᠠᠬ᠎ᠠ ᠳᠡᠯᠭᠡᠭᠦᠷ ᠮᠡᠳᠡᠷᠡᠨ ᠵᠥᠪᠰᠢᠶᠡᠷᠡᠬᠦ ᠵᠠᠷᠴᠢᠮ︔    ︵ᠲᠤᠯᠤᠭ᠎ᠠ︶ ᠠᠵᠢᠯ ᠦᠢᠯᠡᠰ ᠢ ᠳᠡᠭᠡᠳᠦᠯᠡᠬᠦ᠂ ᠭᠤᠣᠯᠴᠢ ᠰᠢᠳᠤᠷᠭᠤ ᠪᠠᠶᠢᠬᠤ ᠵᠠᠷᠴᠢᠮ᠃    ᠨᠠᠢᠮᠠᠳᠤᠭᠠᠷ ᠵᠦᠢᠯ    ᠠᠵᠤ ᠠᠬᠤᠶᠢᠯᠠᠯ ᠤᠨ ᠤᠳᠤᠷᠢᠳᠤᠯᠭ᠎ᠠ ᠵᠢᠴᠢ ᠵᠠᠩᠭᠢᠯᠠᠭ᠎ᠠ ᠶᠢᠨ ᠺᠠᠳ᠋ᠷ ᠢ ᠲᠣᠮᠢᠯᠠᠬᠤ ᠪᠠᠭᠤᠯᠭᠠᠬᠤ ᠬᠢᠨᠠᠨ ᠰᠢᠯᠭᠠᠬᠤ ᠬᠠᠮᠢᠶᠠᠷᠤᠯᠲᠠ    ︵ᠨᠢᠭᠡ︶ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠦᠨᠳᠦᠰᠦᠯᠡᠨ᠂ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠵᠢᠩᠬᠢᠨᠢ ᠪᠠ ᠳᠡᠳ᠋ ᠲᠤᠰᠢᠶᠠᠯᠲᠠᠨ ᠢ ᠠᠶᠢᠮᠠᠭ ᠠᠴᠠ ᠲᠣᠮᠢᠯᠠᠵᠤ ᠤᠭᠴᠠᠷᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠨ᠎ᠠ᠃    ︵ᠬᠤᠶᠠᠷ︶ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠬᠦ ᠠᠴᠠ ᠭᠠᠳᠠᠨᠠᠬᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠺᠠᠳ᠋ᠷ ︵ᠰᠠᠯᠠᠭ᠎ᠠ ᠮᠥᠴᠢᠷ ᠵᠢᠴᠢ ᠬᠤᠪᠢᠶᠠᠷᠢ ᠠᠵᠤ ᠠᠬᠤᠶᠢᠯᠠᠯ ᠤᠨ ᠬᠠᠷᠢᠭᠤᠴᠠᠯᠭᠠᠲᠠᠨ︶ ᠢ ᠠᠶᠢᠮᠠᠭ ᠤᠨ ᠪᠠᠯᠠ ᠮᠥᠩᠭᠦ ᠠᠴᠠ ᠲᠣᠮᠢᠯᠠᠵᠤ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠡᠳᠦᠷ ᠲᠤᠲᠤᠮ ᠤᠨ ᠬᠠᠮᠢᠶᠠᠷᠤᠯᠲᠠ ᠶᠢᠨ ᠬᠢᠨᠠᠨ ᠰᠢᠯᠭᠠᠯᠲᠠ ᠬᠢᠨ᠎ᠠ᠃    ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠩᠭᠢᠯᠠᠭ᠎ᠠ ᠶᠢᠨ ᠺᠠᠳ᠋ᠷ ᠢ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠠᠵᠢᠯ ᠤᠨ ᠪᠠᠶᠢᠷᠢ ᠶᠢᠨ ᠰᠠᠨᠠᠭᠠᠴᠢᠯᠠᠭ᠎ᠠ ᠪᠠ ᠺᠠᠳ᠋ᠷ ᠢ ᠲᠣᠮᠢᠯᠠᠵᠤ ᠪᠠᠭᠤᠯᠭᠠᠬᠤ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠵᠠᠩᠭᠢᠯᠠᠭ᠎ᠠ ᠶᠢᠨ ᠺᠠᠳ᠋ᠷ ᠤᠨ ᠵᠢᠱᠢᠭᠳᠡᠭᠰᠡᠳ ᠲᠤ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠬᠢᠵᠦ᠂ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠤᠨ ᠲᠣᠭᠲᠠᠭᠠᠯᠭᠠᠵᠤ ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠣᠳᠠᠲᠠᠶ ᠲᠠᠰ ᠳᠠᠷᠠᠭᠠᠯᠠᠯ ᠢ ᠨᠠᠮ ᠵᠠᠰᠠᠭ ᠤᠨ ᠪᠠᠶᠢᠭᠤᠯᠤᠯᠭ᠎ᠠ ᠶᠢᠨ ᠤᠳᠤᠷᠢᠳᠬᠤ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠲᠠᠰ ᠳᠠᠷᠠᠭᠠᠯᠠᠯ ᠢᠶᠠᠷ ᠯᠠᠪᠯᠠᠯᠲᠠ ᠪᠣᠯᠭᠠᠨ ᠶᠠᠪᠤᠭᠳᠠᠭᠤᠯᠤᠨ᠎ᠠ᠃    ᠶᠢᠰᠦᠳᠦᠭᠡᠷ  ᠵᠦᠢᠯ    ᠠᠵᠤ ᠠᠬᠤᠶᠢᠯᠠᠯ ᠤᠨ ᠪᠠᠶᠢᠭᠤᠯᠤᠮᠵᠢ᠂ ᠠᠵᠢᠯᠲᠠᠨ ᠤ ᠬᠢᠵᠠᠭᠠᠷᠯᠠᠬᠤ ᠲᠤᠭ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠭᠤᠯᠤᠮᠵᠢ᠂ ᠳᠣᠲᠣᠭᠠᠳᠤ ᠳᠠᠭᠠᠨ ᠪᠠᠶᠢᠭᠤᠯᠤᠭᠰᠠᠨ ᠪᠠᠶᠢᠭᠤᠯᠤᠮᠵᠢ ᠶᠢᠨ ᠵᠢᠩᠬᠢᠨᠢ ᠪᠠ ᠳᠡᠳ᠋ ᠲᠤᠰᠢᠶᠠᠯ ᠤᠨ ᠡᠵᠡᠮᠳᠡᠬᠦ ᠲᠤᠭ᠎ᠠ᠂ ᠠᠵᠢᠯᠲᠠᠨ ᠤ ᠡᠵᠡᠮᠳᠡᠬᠦ ᠲᠤᠭ᠎ᠠ ᠬᠡᠮᠵᠢᠶ᠎ᠡ ᠶᠢ ︽ᠵᠢᠷᠭᠤᠭ᠎ᠠ ᠶᠢ ᠲᠣᠭᠲᠠᠭᠠᠬᠤ︾ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ ᠦᠨᠡᠬᠡᠷ ᠠᠵᠢᠯ ᠤᠨ ᠬᠡᠷᠡᠭᠴᠡᠭᠡ ᠠᠴᠠ ᠪᠤᠯᠵᠤ ᠬᠤᠪᠢᠷᠠᠭᠤᠯᠬᠤ ᠴᠢᠬᠤᠯᠠ ᠲᠠᠢ ᠪᠣᠯ ᠠᠵᠤ ᠠᠬᠤᠶᠢᠯᠠᠯ ᠠᠴᠠ ᠬᠤᠪᠢᠷᠠᠭᠤᠯᠬᠤ ᠵᠢᠭᠠᠪᠤᠷᠢ ᠠᠪᠴᠤ᠂ ᠠᠶᠢᠮᠠᠭ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠲᠤᠬᠢᠷᠠᠭᠤᠯᠤᠯᠳᠡ ᠬᠢᠨ᠎ᠠ᠃ ᠠᠷᠪᠠᠳᠤᠭᠠᠷ ᠵᠦᠢᠯ   ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠴᠢᠳᠠᠪᠤᠷᠢᠲᠠᠨ ᠢᠶᠠᠷ ᠠᠵᠤ ᠠᠬᠤᠶᠢᠯᠠᠯ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ ᠲᠣᠭᠲᠠᠴᠠ ᠶᠢ ᠪᠦᠷᠢᠨᠰᠢᠬᠦᠯᠦᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠵᠢᠴᠢ ᠣᠨᠴᠣᠭᠤᠶ ᠬᠦᠷᠢᠶ᠎ᠡ ᠴᠠᠷᠠᠭ᠎ᠠ ᠳᠤ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠬᠥᠭᠵᠢᠭᠡᠬᠦ ᠪᠠ ᠬᠠᠮᠠᠭᠠᠯᠠᠵᠤ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃    ᠠᠷᠪᠠᠨ ᠨᠢᠭᠡᠳᠦᠭᠡᠷ ᠵᠦᠢᠯ    ᠵᠠᠬ᠎ᠠ ᠳᠡᠯᠭᠡᠭᠦᠷᠴᠢᠯᠡᠭᠰᠡᠨ ᠠᠵᠢᠯᠴᠢᠨ ᠬᠡᠷᠡᠭᠯᠡᠬᠦ ᠲᠦᠷᠢᠮ ᠢ ᠬᠡᠷᠡᠭᠵᠢᠭᠦᠯᠦᠨ᠎ᠡ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤᠷᠢᠬᠤ᠂ ᠴᠢᠳᠠᠪᠤᠷᠢᠲᠠᠨ ᠣᠷᠣᠭᠤᠯᠤᠨ ᠠᠪᠴᠢᠷᠠᠬᠤ ᠳᠤ ᠵᠠᠬ᠎ᠠ ᠳᠡᠯᠭᠡᠭᠦᠷᠴᠢᠯᠡᠨ ᠠᠵᠢᠯᠴᠢᠨ ᠬᠡᠷᠡᠭᠯᠡᠬᠦ ᠵᠠᠷᠴᠢᠮ ᠢᠶᠠᠷ ᠶᠠᠪᠤᠭᠳᠠᠭᠤᠯᠤᠨ᠎ᠠ᠃ ᠲᠤᠰ ᠱᠠᠲᠤᠨ ᠤ ᠠᠵᠢᠯᠳᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠨᠠᠶᠢᠳᠠᠵᠤ ᠵᠣᠬᠢᠶᠠᠨ ᠪᠠᠶᠢᠭᠤᠯᠤᠨ ᠬᠢᠯᠭᠡᠵᠦ ᠪᠣᠯᠤᠨ᠎ᠠ᠂ ᠠᠵᠤ ᠠᠬᠤᠶᠢᠯᠠᠯ ᠥᠪᠡᠷ ᠢᠶᠠᠨ ᠵᠣᠬᠢᠶᠠᠨ ᠪᠠᠶᠢᠭᠤᠯᠵᠤ ᠬᠢᠭᠰᠡᠨ ᠴᠦ ᠪᠣᠯᠤᠨ᠎ᠠ᠃ ᠲᠣᠰ ᠱᠠᠲᠤᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠨᠠᠶᠢᠳᠠᠵᠤ ᠢᠯᠡ ᠪᠠᠷ ᠤᠷᠢᠨ ᠬᠡᠷᠡᠭᠯᠡᠬᠦ ᠪᠤᠶᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠠᠴᠠ ᠪᠣᠯᠵᠣ ᠣᠨᠴᠣᠭᠤᠶ ᠴᠢᠳᠠᠪᠤᠷᠢᠲᠠᠨ ᠢ ᠤᠷᠢᠨ ᠣᠷᠣᠭᠤᠯᠬᠤ ᠳᠤ ᠭᠦᠷᠪᠡᠯ᠂ ᠵᠣᠬᠢᠶᠠᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠶᠠᠪᠤᠭᠳᠠᠭᠤᠯᠤᠨ᠎ᠠ᠃ ᠠᠵᠤ ᠠᠬᠤᠶᠢᠯᠠᠯ ᠣᠨᠴᠣᠭᠤᠶ ᠲᠤᠬᠠᠶᠢᠯᠠᠭᠰᠠᠨ ᠠᠵᠢᠯ ᠤᠨ ᠬᠡᠷᠡᠭᠴᠡᠭᠡ ᠠᠴᠠ ᠪᠣᠯᠵᠣ ᠥᠪᠡᠰᠦᠪᠡᠨ ᠢᠯᠡ ᠪᠠᠷ ᠤᠷᠢᠨ ᠬᠡᠷᠡᠭᠯᠡᠬᠦ ᠳᠤ ᠭᠦᠷᠪᠡᠯ᠂ ᠤᠷᠢᠳᠠᠪᠠᠷ ᠬᠥᠮᠦᠨ ᠬᠡᠷᠡᠭᠯᠡᠬᠦ ᠪᠣᠳᠠᠲᠠᠶ ᠲᠥᠰᠦᠯ ᠪᠠ ᠤᠷᠢᠨ ᠬᠡᠷᠡᠭᠯᠡᠬᠦ ᠲᠠᠰ ᠳᠠᠷᠠᠭᠠᠯᠠᠯ ᠢ ᠳᠤᠷᠠᠳᠤᠨ ᠭᠠᠷᠭᠠᠵᠤ᠂ ᠤᠷᠢᠨ ᠬᠡᠷᠡᠭᠯᠡᠬᠦ ᠲᠠᠰ ᠳᠠᠷᠠᠭᠠᠯᠠᠯ ᠢᠶᠠᠨ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠠᠵᠢᠯᠲᠠᠨ᠂ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠥᠬᠦᠶ ᠠᠵᠢᠯᠲᠠᠨ ᠣᠷᠣᠯᠴᠠᠵᠤ᠂ ᠢᠯᠡ ᠪᠠᠷ ᠡᠯᠰᠡᠨ ᠬᠡᠷᠡᠭᠯᠡᠬᠦ ᠬᠡᠷᠡᠭᠲᠡᠶ᠃    ᠭᠤᠷᠪᠠᠳᠤᠭᠠᠷ ᠪᠦᠯᠦᠭ    ᠪᠡᠯᠡ ᠣᠷᠣᠭᠤᠯᠤᠯᠲᠠ᠂ ᠳᠠᠭᠠᠭᠠᠯᠲᠠ᠂ ᠪᠡᠯᠡ ᠲᠤᠬᠢᠷᠠᠭᠤᠯᠭ᠎ᠠ ᠶᠢᠨ ᠬᠠᠮᠢᠶᠠᠷᠤᠯᠲᠠ    ᠠᠷᠪᠠᠨ ᠬᠤᠶᠠᠳᠤᠭᠠᠷ ᠵᠦᠢᠯ    ᠪᠡᠯᠡ ᠣᠷᠣᠭᠤᠯᠤᠯᠲᠠ ᠶᠢ ᠬᠢᠨᠠᠨ ᠬᠠᠮᠢᠶᠠᠷᠬᠤ    ︵ᠨᠢᠭᠡ︶ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠪᠠᠯᠠ ᠣᠷᠣᠭᠤᠯᠤᠯᠲᠠ ᠶᠢᠨ ᠲᠥᠯᠥᠪᠵᠢᠭᠦᠯᠭᠡ ︵ᠬᠤᠪᠢᠶᠠᠷᠢ ᠺᠣᠮᠫᠠᠨᠢ ᠪᠠᠶᠢᠭᠤᠯᠬᠤ ᠶᠢ ᠪᠠᠭᠲᠠᠭᠠᠨ᠎ᠠ︶᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠳᠤ᠂ ᠤᠯᠤᠰ ᠤᠨ ᠬᠥᠭᠵᠢᠯᠲᠡ ᠶᠢᠨ ᠲᠥᠯᠥᠪᠵᠢᠭᠦᠯᠭᠡ ᠪᠠ ᠠᠵᠤ  ᠦᠢᠯᠡᠰ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ  ᠭᠦᠢᠴᠡᠳᠭᠡᠵᠦ᠂ ᠠᠵᠤ ᠠᠬᠤᠶᠢᠯᠠᠯ ᠤᠨ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠲᠥᠷᠥᠯ  ᠵᠦᠢᠯ ᠳᠤ ᠲᠥᠷᠥᠯ ᠬᠤᠪᠢᠶᠠᠨ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ᠃    ︵ᠬᠤᠶᠠᠷ︶ ᠠᠵᠤ ᠠᠬᠤᠶᠢᠯᠠᠯ ᠤᠨ ᠡᠯ᠎ᠡ ᠱᠠᠲᠤᠨ ᠤ ᠭᠤᠤᠯ ᠠᠵᠢᠯ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠢ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠤᠭᠰᠠᠨ ᠪᠠᠶᠢᠪᠠᠯ᠂ ᠣᠨᠴᠣᠭᠤᠶ ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠠᠴᠠ ᠪᠤᠰᠤᠳ ᠠᠶᠢᠮᠠᠭ ᠤᠨ ᠪᠠᠯᠠ ᠬᠥᠷᠥᠩᠭᠡ ᠶᠢᠨ ᠵᠥᠪᠯᠡᠯ ᠳᠤ ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠨᠢ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠵᠢᠴᠢ ᠥᠰᠥᠭ ᠪᠢᠴᠢᠭ ᠤᠨ ᠲᠣᠳᠣᠷᠬᠠᠶᠢᠯᠠᠯᠲᠠ ᠪᠠᠨ ᠠᠶᠢᠮᠠᠭ ᠤᠨ ᠪᠠᠯᠠ ᠣᠷᠣᠭᠤᠯᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠵᠤ᠂ ᠠᠵᠤ ᠠᠬᠤᠶᠢᠯᠠᠯ ᠨᠢ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨ ᠤ ᠪᠠᠯᠠ ᠣᠷᠣᠭᠤᠯᠤᠯᠲᠠ ᠶᠢᠨ ᠲᠥᠯᠥᠪᠯᠡᠭᠡ ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ ᠪᠣᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠲᠥᠷᠥᠯ ᠵᠦᠢᠯ᠂ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠠᠵᠤ ᠠᠬᠤᠶᠢᠯᠠᠯ ᠤᠨ ᠲᠥᠷᠥᠯ ᠵᠦᠢᠯ᠂ ᠪᠠᠴᠢᠮ ᠵᠦᠢᠯᠡᠰ ᠪᠠ ᠣᠨᠴᠣᠭᠤᠶ ᠪᠠᠶᠢᠳᠠᠯ ᠳᠤ ᠪᠣᠳᠠᠲᠠᠶ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ᠂ ᠬᠡᠷᠡᠭ ᠮᠡᠳᠡᠭᠴᠢᠳ ᠤᠨ ᠬᠤᠷᠠᠯ ᠢᠶᠠᠷ  ᠰᠢᠢᠳᠪᠦᠷᠢᠳᠦ ᠪᠣᠳᠣᠯᠭ᠎ᠠ ᠲᠣᠭᠲᠠᠭᠠᠯᠭᠠᠭᠰᠠᠨ ᠤ ᠳᠠᠷᠠᠭ᠎ᠠ᠂ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠨ᠎ᠠ᠃    ︵ᠭᠤᠷᠪᠠ︶ ᠨᠢᠭᠡᠳᠦᠭᠡᠷ ᠳᠡᠰ ᠤᠨ ᠠᠵᠤ ᠠᠬᠤᠶᠢᠯᠠᠯ ᠪᠣᠯᠤᠨ ᠴᠢᠬᠤᠯᠠ ᠬᠤᠪᠢᠶᠠᠷᠢ ᠠᠵᠤ ᠠᠬᠤᠶᠢᠯᠠᠯ ᠤᠨ ᠭᠤᠤᠯ ᠠᠵᠢᠯ ᠲᠥᠷᠥᠯ ᠤᠨ ᠪᠤᠰᠤ ᠪᠠᠯᠠ ᠣᠷᠣᠭᠤᠯᠤᠯᠲᠠ ᠶᠢᠨ ᠲᠥᠷᠥᠯ  ᠵᠦᠢᠯ ᠳᠤ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠠᠴᠠ ᠬᠢᠨᠠᠨ ᠵᠥᠪᠰᠢᠶᠡᠷᠡᠵᠦ ᠬᠠᠮᠢᠶᠠᠷᠬᠤ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠨᠢ ᠬᠤᠯᠪᠣᠭᠠᠲᠤ ᠤᠯᠤᠰ ᠤᠨ ᠡᠳ᠋ ᠬᠥᠷᠥᠩᠭᠡ ᠶᠢᠨ ᠵᠥᠪᠯᠡᠯ ᠳᠤ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠵᠢᠭᠠᠪᠤᠷᠢ ᠠᠪᠬᠤ ᠶᠢᠨ ᠬᠠᠮᠲᠤ ᠲᠥᠷᠥᠯ  ᠵᠦᠢᠯ ᠤᠨ ᠪᠣᠯᠤᠮᠵᠢᠲᠤ ᠰᠤᠳᠤᠯᠭᠠᠨ ᠤ ᠮᠡᠳᠡᠭᠦᠯᠦᠯᠲᠡ ᠪᠠ ᠬᠠᠤᠯᠢ ᠴᠠᠭᠠᠵᠠ ᠶᠢᠨ ᠰᠠᠨᠠᠯ ᠤᠨ ᠪᠢᠴᠢᠭ᠂ ᠬᠤᠪᠢ ᠣᠷᠣᠭᠤᠯᠤᠭᠴᠢᠳ ᠤᠨ ᠵᠥᠪᠯᠡᠯ ᠪᠤᠶᠤ ᠬᠡᠷᠡᠭ ᠮᠡᠳᠡᠭᠴᠢᠳ ᠤᠨ ᠵᠥᠪᠯᠡᠯ ᠤᠨ  ᠰᠢᠢᠳᠪᠦᠷᠢ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠷᠠᠯ ᠤᠨ ᠲᠣᠪᠴᠢ ᠲᠡᠮᠳᠡᠭᠯᠡᠯ᠂ ᠰᠲ᠋ᠣᠺ ᠤᠨ ᠡᠷᠬᠡ ᠶᠢᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠳᠤ ᠬᠤᠯᠪᠣᠭᠳᠠᠭᠰᠠᠨ ᠲᠤᠰᠢᠶᠠᠯ ᠬᠠᠷᠢᠭᠤᠴᠠᠯᠭ᠎ᠠ ᠪᠠᠨ  ᠭᠦᠢᠴᠡᠳᠭᠡᠭᠰᠡᠨ ᠪᠠᠶᠢᠴᠠᠭᠠᠯᠲᠠ ᠶᠢᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠬᠢᠨᠠᠨ ᠪᠤᠳᠤᠯᠲᠠ᠂ ᠡᠳ᠋ ᠬᠥᠷᠥᠩᠭᠡ ᠶᠢᠨ ᠬᠢᠨᠠᠨ ᠬᠠᠷᠭᠤᠭᠤᠯᠤᠯᠲᠠ᠂ ᠡᠳ᠋ ᠬᠥᠷᠥᠩᠭᠡ ᠶᠢᠨ ᠦᠨᠡᠯᠡᠨ ᠵᠢᠱᠢᠯᠲᠡ ᠵᠡᠷᠭᠡ ᠲᠤᠰᠬᠠᠶ ᠮᠡᠷᠭᠡᠵᠢᠯ ᠤᠨ ᠮᠡᠳᠡᠭᠦᠯᠦᠯᠲᠡ ᠶᠢ ᠬᠠᠩᠭᠠᠨ᠎ᠠ᠃  ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ 20 ᠠᠵᠢᠯᠯᠠᠬᠤ ᠡᠳᠦᠷ ᠲᠤ ᠬᠢᠨᠠᠨ ᠵᠥᠪᠰᠢᠶᠡᠷᠡᠬᠦ ᠤᠴᠢᠷ ᠶᠠᠪᠤᠳᠠᠯ ᠢ ᠪᠡᠶᠡᠯᠡᠭᠦᠯᠬᠦ ᠬᠡᠷᠡᠭᠲᠡᠶ᠃ ᠪᠤᠰᠤᠳ ᠬᠤᠶᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠠᠵᠤ ᠠᠬᠤᠶᠢᠯᠠᠯ ᠤᠨ ᠭᠤᠤᠯ ᠠᠵᠢᠯ ᠲᠥᠷᠥᠯ ᠤᠨ ᠪᠤᠰᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠠᠵᠤ ᠠᠬᠤᠶᠢᠯᠠᠯ ᠤᠨ ᠳᠣᠲᠣᠭᠠᠳᠤ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ  ᠭᠦᠢᠴᠡᠳᠭᠡᠨ᠎ᠡ᠃    ︵ᠳᠥᠷᠪᠡ︶ ᠣᠨᠴᠣᠭᠤᠶ ᠬᠢᠨᠠᠨ ᠬᠠᠮᠢᠶᠠᠷᠬᠤ ᠲᠥᠷᠥᠯ ᠤᠨ ᠲᠥᠷᠥᠯ  ᠵᠦᠢᠯ ᠳᠤ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠬᠢᠨᠠᠨ ᠵᠥᠪᠰᠢᠶᠡᠷᠡᠵᠦ ᠬᠠᠮᠢᠶᠠᠷᠬᠤ ᠶᠢ ᠬᠡᠷᠡᠭᠵᠢᠭᠦᠯᠦᠨ᠎ᠡ᠃ ᠡᠭᠦᠨ ᠳᠤ ᠭᠤᠣᠯᠳᠠᠭᠤ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠪᠡᠯᠡ ᠣᠷᠣᠭᠤᠯᠬᠤ ᠵᠦᠢᠯᠡᠰ ᠪᠠ ᠬᠢᠯᠢ ᠶᠢᠨ ᠳᠣᠲᠣᠷ᠎ᠠ ᠪᠡᠯᠡ ᠣᠷᠣᠭᠤᠯᠤᠭᠰᠠᠨ ᠲᠤᠭ᠎ᠠ ᠪᠠᠷ ᠨᠡᠯᠢᠶᠡᠳ ᠶᠡᠭᠡ ᠪᠡᠯᠡ ᠣᠷᠣᠭᠤᠯᠬᠤ ᠵᠦᠢᠯᠡᠰ ᠪᠠᠭᠲᠠᠨ᠎ᠠ᠃ ᠬᠢᠯᠢ ᠶᠢᠨ ᠳᠣᠲᠣᠷᠠᠬᠢ ᠪᠡᠯᠡ ᠣᠷᠣᠭᠤᠯᠤᠯᠲᠠ ᠶᠢᠨ ᠲᠤᠭ᠎ᠠ ᠪᠠᠷ ᠨᠡᠯᠢᠶᠡᠳ ᠶᠡᠭᠡ ᠪᠡᠯᠡ ᠣᠷᠣᠭᠤᠯᠤᠯᠲᠠ ᠶᠢᠨ ᠵᠦᠢᠯᠡᠰ ᠭᠡᠳᠡᠭ ᠨᠢ ᠨᠢᠭᠡᠳᠦᠭᠡᠷ ᠳᠡᠰ ᠤᠨ ᠠᠵᠤ ᠠᠬᠤᠶᠢᠯᠠᠯ ᠪᠣᠯᠤᠨ ᠴᠢᠬᠤᠯᠠ ᠬᠤᠪᠢᠶᠠᠷᠢ ᠠᠵᠤ ᠠᠬᠤᠶᠢᠯᠠᠯ ᠤᠨ ᠭᠠᠭᠴᠠ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠢ ᠲᠦᠷᠦᠭᠦᠦ ᠵᠢᠯ ᠤᠨ ᠡᠴᠦᠰ ᠤᠨ ᠨᠡᠶᠢᠯᠡᠭᠦᠯᠦᠭᠰᠡᠨ ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢᠨ ᠴᠡᠪᠡᠷ ᠡᠳ᠋ ᠬᠦᠷᠦᠩᠭᠡ ᠶᠢᠨ 30% ᠵᠢᠴᠢ ᠲᠡᠭᠦᠨ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠵᠦᠢᠯᠡᠰ ᠢ ᠵᠢᠭᠠᠵᠤ ᠪᠠᠶᠢᠨ᠎ᠠ᠃    ︵ᠲᠠᠪᠤ︶ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠪᠤᠶᠤ ᠠᠶᠢᠮᠠᠭ ᠤᠨ ᠵᠠᠬᠢᠷᠭ᠎ᠠ ᠶᠢᠨ ᠵᠥᠪᠰᠢᠶᠡᠷᠡᠭᠰᠡᠨ ᠪᠠᠯᠠ ᠣᠷᠣᠭᠤᠯᠤᠯᠲᠠ ᠶᠢᠨ ᠲᠥᠷᠥᠯ  ᠵᠦᠢᠯ ᠳᠤ᠂ ᠠᠵᠤ ᠠᠬᠤᠶᠢᠯᠠᠯ ᠨᠢ ᠤᠯᠠᠷᠢᠯ ᠢᠶᠠᠷ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠳᠤ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ᠂ ᠳᠠᠷᠠᠭᠠᠬᠢ ᠦᠨᠡᠯᠡᠯᠲᠡ ᠶᠢᠨ ᠲᠦᠷᠢᠮ ᠢ ᠴᠠᠭ ᠲᠤᠬᠠᠶ ᠳᠤᠨᠢ ᠪᠠᠶᠢᠭᠤᠯᠤᠨ᠂ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠤᠯᠠᠷᠢᠯ ᠤᠨ ᠲᠣᠬᠢᠷᠠᠭᠤᠯᠤᠯᠲᠠ ᠪᠠ ᠥᠷᠨᠢᠭᠦᠯᠦᠭᠰᠡᠨ ᠤ ᠳᠠᠷᠠᠭᠠᠬᠢ ᠦᠨᠡᠯᠡᠯᠲᠡ ᠶᠢᠨ ᠠᠵᠢᠯ ᠢ ᠬᠠᠷᠢᠭᠤᠴᠠᠬᠤ ᠵᠢᠴᠢ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠢᠨᠠᠨ ᠪᠤᠳᠤᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃    ᠠᠷᠪᠠᠨ ᠭᠤᠷᠪᠠᠳᠤᠭᠠᠷ ᠵᠦᠢᠯ     ᠳᠠᠭᠠᠭᠠᠯᠲᠠ ᠶᠢᠨ ᠬᠠᠮᠢᠶᠠᠷᠤᠯᠲᠠ    ︵ᠨᠢᠭᠡ︶ ᠳᠠᠭᠠᠭᠠᠯᠲᠠ ᠬᠢᠬᠦ ᠬᠡᠪᠴᠢᠶ᠎ᠡ ᠪᠣᠯ ᠠᠶᠢᠮᠠᠭ  ᠤᠨ ᠰᠢᠭᠤᠳ ᠬᠠᠷᠢᠶ᠎ᠠ ᠤᠯᠤᠰ  ᠤᠨ ᠥᠮᠴᠢᠯᠡᠯᠳᠤ ᠠᠵᠤ ᠠᠬᠤᠶᠢᠯᠠᠯ  ᠤᠨ ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠰᠠᠨ ᠬᠤᠪᠢᠶᠠᠷᠢ ᠠᠵᠤ ᠠᠬᠤᠶᠢᠯᠠᠯ ᠪᠣᠯᠤᠨ ᠨᠡᠶᠢᠯᠡᠭᠦᠯᠬᠦ ᠬᠡᠪᠴᠢᠶᠡᠨ  ᠳᠤ ᠣᠷᠣᠭᠤᠯᠤᠭᠠᠳᠤᠶ ᠬᠤᠪᠢ ᠣᠷᠣᠭᠤᠯᠤᠭᠰᠠᠨ ᠠᠵᠤ ᠠᠬᠤᠶᠢᠯᠠᠯ  ᠳᠤ ᠬᠢᠭᠰᠡᠨ ᠳᠠᠭᠠᠭᠠᠯᠲᠠ ᠪᠣᠯᠤᠨ᠎ᠠ᠃ ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠬᠤᠪᠢ ᠳᠠᠪᠠᠭᠰᠠᠨ ᠬᠠᠷᠢᠴᠠᠯ ᠤᠨ ᠳᠠᠭᠠᠭᠠᠯᠲᠠ ᠬᠢᠬᠦ ᠶᠢ ᠴᠢᠩᠭ᠎ᠠ ᠴᠠᠭᠠᠵᠠᠯᠠᠵᠤ᠂ ᠰᠲ᠋ᠣᠺ ᠤᠨ ᠡᠷᠬᠡ ᠶᠢᠨ ᠬᠠᠷᠢᠴᠠᠭ᠎ᠠ ᠦᠭᠡᠢ ᠠᠵᠤ ᠠᠬᠤᠶᠢᠯᠠᠯ ᠳᠤ ᠶᠠᠮᠠᠷᠪᠠ ᠳᠠᠭᠠᠭᠠᠯᠲᠠ ᠬᠠᠩᠭᠠᠬᠤ ᠶᠢ ᠴᠢᠩᠭ᠎ᠠ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ ᠵᠥᠪᠬᠡᠨ ᠦᠷᠭᠦᠯᠵᠢᠯᠡᠨ ᠡᠵᠡᠩᠨᠡᠬᠦ ᠴᠢᠳᠠᠪᠤᠷᠢ ᠪᠠ ᠥᠷᠢ ᠥᠭᠴᠡᠭᠡ ᠪᠠᠨ ᠳᠥᠯᠥᠬᠦ ᠴᠢᠳᠠᠪᠤᠷᠢ ᠲᠠᠢ ᠬᠤᠪᠢᠶᠠᠷᠢ ᠠᠵᠤ ᠠᠬᠤᠶᠢᠯᠠᠯ ᠪᠤᠶᠤ ᠬᠤᠪᠢ ᠣᠷᠣᠭᠤᠯᠤᠭᠰᠠᠨ ᠠᠵᠤ ᠠᠬᠤᠶᠢᠯᠠᠯ ᠳᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠬᠠᠩᠭᠠᠨ᠎ᠠ᠃ ᠠᠵᠤ ᠠᠬᠤᠶᠢᠯᠠᠯ ᠤᠨ ᠳᠠᠭᠠᠭᠠᠯᠲᠠ ᠶᠢᠨ ᠡᠷᠬᠡ ᠮᠡᠳᠡᠯ ᠤᠨ ᠬᠡᠪᠴᠢᠶ᠎ᠡ᠂ ᠳᠠᠭᠠᠭᠠᠯᠲᠠ ᠶᠢᠨ ᠲᠠᠰ ᠳᠠᠷᠠᠭᠠᠯᠠᠯ ᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠵᠦ᠂ ᠨᠡᠶᠢᠲᠡ ᠳᠠᠭᠠᠭᠠᠯᠲᠠ ᠶᠢᠨ ᠲᠤᠭ᠎ᠠ ᠶᠢ ᠵᠠᠷᠴᠢᠮ ᠳᠡᠭᠡᠷ᠎ᠡ ᠪᠠᠨ ᠪᠦᠯᠦᠭᠯᠡᠯ ᠤᠨ ᠨᠡᠶᠢᠯᠡᠭᠦᠯᠦᠭᠰᠡᠨ ᠴᠡᠪᠡᠷ ᠡᠳ᠋ ᠬᠥᠷᠥᠩᠭᠡ ᠶᠢᠨ 40% ᠠᠴᠠ ᠬᠡᠲᠦᠷᠡᠭᠦᠯᠵᠦ ᠪᠣᠯᠬᠤ ᠥᠬᠡᠶ᠂ ᠭᠠᠭᠴᠠ ᠡᠷᠦᠬᠡ ᠶᠢᠨ ᠠᠵᠤ ᠠᠬᠤᠶᠢᠯᠠᠯ ︵ᠪᠦᠯᠦᠭᠯᠡᠯ ᠤᠨ ᠲᠣᠰ ᠬᠡᠯᠲᠡᠰ ᠪᠠᠭᠲᠠᠨ᠎ᠠ︶ ᠤᠨ ᠨᠡᠶᠢᠲᠡ ᠳᠠᠭᠠᠭᠠᠯᠲᠠ ᠶᠢᠨ ᠲᠤᠭ᠎ᠠ ᠶᠢ ᠲᠣᠰ ᠠᠵᠤ ᠠᠬᠤᠶᠢᠯᠠᠯ ᠤᠨ ᠴᠡᠪᠡᠷ ᠡᠳ᠋ ᠬᠥᠷᠥᠩᠭᠡ ᠶᠢᠨ 50% ᠠᠴᠠ ᠬᠡᠲᠦᠷᠡᠭᠦᠯᠵᠦ ᠪᠣᠯᠬᠤ ᠥᠬᠡᠶ᠃    ︵ᠬᠤᠶᠠᠷ︶ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠵᠢᠴᠢ ᠴᠢᠬᠤᠯᠠ ᠰᠠᠯᠪᠤᠷᠢ ᠠᠵᠤ ᠠᠬᠤᠶᠢᠯᠠᠯ ᠤᠨ ᠳᠣᠲᠣᠷᠠᠬᠢ ︽ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠣᠯᠤᠭᠰᠠᠨ ᠪᠠᠯᠠ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠶᠢᠨ ᠠᠵᠤ ᠠᠬᠤᠶᠢᠯᠠᠯ᠂ ᠲᠡᠭᠦᠨ ᠤ ᠡᠵᠡᠩᠨᠡᠯᠲᠡ ᠶᠢᠨ ᠬᠡᠪᠴᠢᠶᠡᠨ ᠳᠠᠬᠢ ᠪᠠᠯᠠ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ᠂ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠦᠷᠢᠮ ᠤᠨ ᠲᠣᠭᠲᠠᠭᠠᠯ ᠢ ᠴᠢᠩᠭ᠎ᠠ ᠵᠢᠷᠤᠮᠯᠠᠵᠤ᠂ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠲᠡᠭᠦᠨ ᠤ ᠪᠠᠯᠠ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠶᠢᠨ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠥᠷᠨᠢᠭᠦᠯᠬᠦ ᠶᠠᠪᠤᠴᠠ ᠳᠤ ᠶᠠᠮᠠᠷᠪᠠ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠨᠡᠮᠡᠬᠦ ᠥᠬᠡᠶ᠂ ᠭᠡᠪᠡᠴᠦ ᠲᠡᠭᠦᠨ ᠤ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠢᠴᠢ ᠲᠦᠭᠰᠢᠭᠦᠷᠢ ᠶᠢᠨ ᠬᠠᠮᠢᠶᠠᠷᠤᠯᠲᠠ ᠳᠤ ᠬᠢᠨᠠᠯᠲᠠ ᠪᠠᠶᠢᠴᠠᠭᠠᠯᠲᠠ ᠬᠢᠬᠦ ᠡᠷᠬᠡ ᠲᠠᠢ᠃    ᠠᠷᠪᠠᠨ ᠳᠥᠷᠪᠡᠳᠦᠭᠡᠷ ᠵᠦᠢᠯ    ᠪᠡᠯᠡ ᠲᠤᠬᠢᠷᠠᠭᠤᠯᠭ᠎ᠠ ᠶᠢᠨ ᠬᠢᠨᠠᠯᠲᠠ ᠬᠠᠮᠢᠶᠠᠷᠤᠯᠲᠠ    ︵ᠨᠢᠭᠡ︶ ᠠᠵᠤ ᠠᠬᠤᠶᠢᠯᠠᠯ ᠤᠳ ᠪᠠᠯᠠ ᠲᠣᠬᠢᠷᠠᠭᠤᠯᠭ᠎ᠠ ᠶᠢᠨ ᠬᠡᠪᠴᠢᠶ᠎ᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ᠂ ᠣᠶᠤᠨᠴᠢ ᠪᠠᠷ᠂ ᠵᠣᠬᠢᠰᠲᠠᠶ ᠪᠠᠯᠠ ᠳᠣᠭᠢᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠪᠠ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠬᠡᠷᠡᠭᠲᠡᠶ︔ ᠪᠠᠯᠠ ᠲᠣᠬᠢᠷᠠᠭᠤᠯᠭ᠎ᠠ ᠶᠢᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠵᠤ᠂ ᠪᠠᠯᠠ ᠲᠣᠬᠢᠷᠠᠭᠤᠯᠭ᠎ᠠ ᠶᠢᠨ ᠲᠦᠭᠰᠢᠭᠦᠷᠢ ᠶᠢ ᠬᠠᠮᠤᠭ ᠤᠨ ᠶᠡᠭᠡ ᠪᠠᠯᠠ ᠲᠣᠬᠢᠷᠠᠭᠤᠯᠭ᠎ᠠ ᠶᠢᠨ ᠦᠯᠡᠳᠡᠪᠦᠷᠢ ᠲᠤᠭ᠎ᠠ ᠵᠢᠴᠢ ᠡᠬᠡ ᠬᠦᠤ ᠶᠢ ᠪᠤᠴᠠᠭᠠᠬᠤ ᠨᠠᠷᠢᠨ ᠵᠦᠢᠯᠡᠰ ᠢ ᠤᠯᠠᠷᠢᠯ ᠢᠶᠠᠷ ᠠᠶᠢᠮᠠᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠳᠤ ᠴᠠᠭ ᠲᠤᠬᠠᠶ ᠳᠤᠨᠢ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    ︵ᠬᠤᠶᠠᠷ︶ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠶᠠᠮᠠᠷᠪᠠ ᠬᠡᠯᠪᠡᠷᠢ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠲᠤ ᠵᠢᠭᠡᠯᠡᠯᠭᠡ ᠠᠪᠬᠤ ᠶᠢ ᠴᠢᠩᠭ᠎ᠠ ᠴᠠᠭᠠᠵᠠᠯᠠᠵᠤ᠂ ᠶᠠᠮᠠᠷᠪᠠ ᠬᠡᠯᠪᠡᠷᠢ ᠪᠠᠷ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠣᠷᠣᠯᠭ᠎ᠠ ᠪᠠᠷ ᠵᠣᠭᠤᠰ ᠪᠤᠴᠠᠭᠠᠬᠤ ᠢᠷᠡᠯᠲᠡ ᠪᠣᠯᠭᠠᠵᠤ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠨᠡᠮᠡᠭᠳᠡᠭᠦᠯᠬᠦ  ᠦᠢᠯᠡ ᠠᠵᠢᠯᠯᠠᠭ᠎ᠠ ᠡᠭᠦᠰᠬᠦ ᠶᠢ ᠴᠢᠩᠭ᠎ᠠ ᠴᠠᠭᠠᠵᠠᠯᠠᠨ᠎ᠠ᠃    ᠳᠥᠷᠪᠡᠳᠦᠭᠡᠷ ᠪᠦᠯᠦᠭ   ᠡᠳ᠋ ᠬᠦᠷᠦᠩᠭᠡ ᠶᠢᠨ ᠬᠠᠮᠢᠶᠠᠷᠤᠯᠲᠠ    ᠠᠷᠪᠠᠨ ᠲᠠᠪᠤᠳᠤᠭᠠᠷ ᠵᠦᠢᠯ   ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠳᠠᠩᠰᠠᠯᠠᠬᠤ᠂ ᠡᠳ᠋ ᠬᠥᠷᠥᠩᠭᠡ ᠬᠤᠳᠠᠯᠳᠤᠨ ᠠᠪᠬᠤ᠂ ᠡᠳ᠋ ᠬᠥᠷᠥᠩᠭᠡ ᠬᠡᠷᠡᠭᠯᠡᠬᠦ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠡᠳ᠋ ᠬᠥᠷᠥᠩᠭᠡ ᠶᠢ ᠦᠨᠡᠯᠡᠨ ᠵᠢᠱᠢᠬᠦ᠂ ᠡᠳ᠋ ᠬᠥᠷᠥᠩᠭᠡ ᠶᠢ ᠰᠢᠢᠳᠪᠦᠷᠢᠯᠡᠬᠦ᠂ ᠥᠮᠴᠢᠯᠡᠬᠦ ᠡᠷᠬᠡ ᠶᠢ ᠠᠷᠠᠯᠵᠢᠶᠠᠯᠠᠬᠤ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠠᠵᠢᠯ ᠢ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠬᠤ ᠬᠡᠷᠡᠭᠲᠡᠶ᠃    ᠠᠷᠪᠠᠨ ᠵᠢᠷᠭᠤᠳᠤᠭᠠᠷ ᠵᠦᠢᠯ   ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠲᠣᠭᠲᠠᠭᠠᠯ ᠶᠣᠰᠣᠭᠠᠷ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠳᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠪᠣᠯᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠮᠡᠳᠡᠭᠦᠯᠬᠦ ᠬᠦᠰᠦᠨᠦᠭᠲᠦ ᠵᠡᠷᠭᠡ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠪᠠᠶᠢᠳᠠᠯ ᠪᠣᠯᠤᠨ  ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠶᠢᠮᠠᠭ ᠤᠨ ᠵᠠᠬᠢᠷᠭ᠎ᠠ ᠳᠤ ᠪᠦᠷᠢᠳᠬᠡᠨ ᠵᠠᠳᠠᠯᠤᠭᠰᠠᠨ ᠦᠷ᠎ᠡ ᠳ᠋ᠦᠩ ᠢᠶᠠᠨ ᠮᠡᠳᠡᠭᠦᠯᠬᠦ ᠬᠡᠷᠡᠭᠲᠡᠶ᠃    ᠠᠷᠪᠠᠨ ᠳᠣᠯᠣᠳᠤᠭᠠᠷ ᠵᠦᠢᠯ    ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡ ᠭᠠᠷᠭᠠᠭᠰᠠᠨ ᠠᠵᠤ ᠠᠬᠤᠶᠢᠯᠠᠯ ᠤᠨ ᠡᠳ᠋ ᠤᠨ ᠶᠠᠪᠤᠳᠠᠯ ᠳᠤ ᠬᠢᠨᠠᠯᠲᠠ ᠲᠠᠯᠪᠢᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃    ᠠᠷᠪᠠᠨ ᠨᠠᠶᠢᠮᠠᠳᠤᠭᠠᠷ ᠵᠦᠢᠯ  ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠳᠣᠲᠣᠭᠠᠳᠤ ᠶᠢᠨ ᠬᠢᠨᠠᠯᠲᠠ ᠲᠠᠯᠪᠢᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠡᠳ᠋ ᠤᠨ ᠶᠠᠪᠤᠳᠠᠯ᠂ ᠬᠢᠨᠠᠨ ᠪᠤᠳᠤᠬᠤ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ ᠪᠠ ᠠᠵᠢᠯᠲᠠᠨ ᠠᠵᠢᠯᠴᠢᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃    ᠠᠷᠪᠠ ᠶᠢᠰᠦᠳᠦᠭᠡᠷ  ᠵᠦᠢᠯ  ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠭᠤᠷᠣᠨᠳᠣ ᠥᠮᠴᠢᠯᠡᠬᠦ ᠡᠷᠬᠡ ᠶᠢᠨ ᠵᠢᠭᠤᠷᠠᠯᠳᠤᠭᠠᠨ ᠭᠠᠷᠪᠠᠯ᠂ ᠬᠠᠷᠢᠯᠴᠠᠨ ᠠᠭᠤᠴᠢᠯᠠᠵᠤ ᠬᠠᠷᠢᠯᠴᠠᠨ ᠨᠠᠶᠢᠷ ᠲᠠᠯᠪᠢᠬᠤ ᠵᠠᠷᠴᠢᠮ ᠢᠶᠠᠷ ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠭᠡᠳ ᠪᠦᠲᠦᠭᠰᠡᠨ ᠥᠬᠡᠶ ᠦᠶ᠎ᠡ ᠳᠤ ᠬᠠᠷᠢᠶᠠᠯᠠᠯ ᠤᠨ ᠡᠷᠬᠡ ᠲᠠᠢ ᠠᠷᠠᠳ ᠤᠨ ᠰᠢᠭᠦᠬᠦ ᠬᠤᠷᠢᠶ᠎ᠠ ᠳᠤ ᠵᠠᠭᠠᠯᠳᠤᠵᠤ ᠰᠢᠢᠳᠪᠦᠷᠢᠯᠡᠨ᠎ᠡ᠃    ᠲᠠᠪᠤᠳᠤᠭᠠᠷ ᠪᠦᠯᠦᠭ     ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ᠎ᠠ    ᠬᠤᠷᠢᠳᠤᠭᠠᠷ ᠵᠦᠢᠯ   ᠭᠦᠩᠰᠧ ᠶᠢᠨ ᠲᠦᠷᠢᠮ ᠢᠶᠠᠷ ᠰᠠᠭᠤᠷᠢ ᠪᠣᠯᠭᠠᠭᠰᠠᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠳᠤ ᠤᠯᠤᠰ ᠤᠨ ᠥᠮᠴᠢᠯᠡᠯᠲᠦ ᠲᠤᠰᠠᠭᠠᠷ ᠪᠡᠯᠡᠲᠦ ᠺᠣᠮᠫᠠᠨᠢ ᠶᠢᠨ ᠲᠦᠷᠢᠮ ᠵᠢᠴᠢ ᠵᠠᠰᠠᠪᠤᠷᠢ ᠣᠷᠣᠭᠤᠯᠬᠤ ᠲᠥᠰᠦᠯ ᠢ ᠬᠢᠨᠠᠨ ᠬᠠᠷᠭᠤᠭᠤᠯᠵᠤ ᠵᠥᠪᠰᠢᠶᠡᠷᠡᠬᠦ ᠶᠢ ᠬᠠᠷᠢᠭᠤᠴᠠᠵᠤ᠂ ᠠᠵᠤ ᠠᠬᠤᠶᠢᠯᠠᠯ ᠢ ᠬᠢᠨᠠᠨ ᠬᠠᠮᠢᠶᠠᠷᠴᠤ ᠪᠠᠶᠢᠭᠠᠳ ᠲᠣᠭᠲᠠᠭᠰᠠᠨ ᠲᠠᠰ ᠳᠠᠷᠠᠭᠠᠯᠠᠯ ᠪᠠ ᠴᠠᠭ ᠤᠨ ᠬᠢᠵᠠᠭᠠᠷ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ ᠢᠶᠠᠨ ᠲᠤᠰᠢᠶᠠᠵᠤ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠪᠡᠶᠡᠯᠡᠭᠦᠯᠬᠦ ᠶᠢᠨ ᠬᠠᠮᠲᠤ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠳᠠᠩᠰᠠᠯᠠᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠠᠬᠢ ᠣᠯᠠᠨ ᠡᠰᠢᠲᠦ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢᠨ ᠺᠣᠮᠫᠠᠨᠢ ᠶᠢᠨ ᠲᠦᠷᠢᠮ ᠳᠤ ᠵᠠᠰᠠᠪᠤᠷᠢ ᠣᠷᠣᠭᠤᠯᠬᠤ ᠵᠥᠪᠯᠡᠯᠭᠡ ᠳᠤ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ  ᠠᠴᠠ ᠰᠠᠨᠠᠯ ᠲᠤᠷᠠᠳᠤᠨ᠎ᠠ᠃    ᠬᠤᠷᠢᠨ ᠨᠢᠭᠡᠳᠦᠭᠡᠷ ᠵᠦᠢᠯ   ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠤᠳᠤᠯᠭᠠᠨ ᠤ ᠲᠠᠰ ᠳᠠᠷᠠᠭᠠᠯᠠᠯ ᠪᠠ ︽ᠭᠤᠷᠪᠠᠨ ᠴᠢᠬᠤᠯᠠ ᠨᠢᠭᠡ ᠶᠡᠭᠡ︾ ᠶᠢᠨ  ᠰᠢᠢᠳᠪᠦᠷᠢᠳᠦ ᠪᠣᠳᠣᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠠᠵᠤ ᠠᠬᠤᠶᠢᠯᠠᠯ ᠤᠨ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ ᠲᠤ ᠬᠤᠯᠪᠣᠭᠳᠠᠨ᠎ᠠ᠂ ᠠᠵᠤ ᠠᠬᠤᠶᠢᠯᠠᠯ ᠨᠢ ᠡᠮᠦᠨᠡᠬᠢ ᠬᠤᠭᠤᠴᠠᠭᠠᠨ ᠤ ᠵᠥᠪᠳᠡᠯᠴᠡᠬᠦ ᠪᠠᠷ ᠳᠡᠮᠵᠢᠨ  ᠰᠢᠢᠳᠪᠦᠷᠢᠳᠦ ᠪᠣᠳᠣᠯᠭ᠎ᠠ ᠲᠣᠭᠲᠠᠭᠠᠭᠰᠠᠨ ᠤ ᠳᠠᠷᠠᠭ᠎ᠠ᠂ ᠡᠷᠬᠡᠪᠰᠢ ᠬᠤᠪᠢ ᠣᠷᠣᠭᠤᠯᠤᠭᠴᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠳᠠᠬᠢᠨ ᠬᠠᠮᠲᠤ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠪᠠ ᠰᠢᠢᠳᠪᠦᠷᠢᠳᠦ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠲᠣᠰ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠵᠢᠯ ᠤᠨ ᠡᠴᠦᠰ ᠤᠨ ᠬᠡᠷᠡᠭ ᠮᠡᠳᠡᠭᠴᠢᠳ ᠤᠨ ᠵᠥᠪᠯᠡᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠨ᠎ᠠ᠃    ᠬᠤᠷᠢᠨ ᠬᠤᠶᠠᠳᠤᠭᠠᠷ ᠵᠦᠢᠯ   ᠬᠡᠷᠡᠭ ᠮᠡᠳᠡᠭᠴᠢᠳ ᠤᠨ ᠵᠥᠪᠯᠡᠯ ᠤᠨ ᠪᠠᠶᠢᠯᠳᠤᠬᠤ ᠪᠤᠳᠤᠯᠭ᠎ᠠ ᠲᠣᠭᠲᠠᠭᠠᠬᠤ᠂  ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠷᠡᠭ ᠮᠡᠳᠡᠭᠴᠢᠳ ᠤᠨ ᠵᠥᠪᠯᠡᠯ ᠤᠨ ᠪᠠᠶᠢᠭᠤᠯᠬᠤ ᠶᠣᠰᠣᠲᠠᠶ ᠶᠢ ᠨᠢ ᠴᠥᠮ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠳᠠᠨᠠᠬᠢ ᠬᠡᠷᠡᠭ ᠮᠡᠳᠡᠭᠴᠢᠳ ᠵᠠᠷᠴᠢᠮ ᠳᠡᠭᠡᠷ᠎ᠡ ᠪᠠᠨ ᠬᠡᠷᠡᠭ ᠮᠡᠳᠡᠭᠴᠢᠳ ᠤᠨ ᠵᠥᠪᠯᠡᠯ ᠤᠨ ᠪᠦᠷᠢᠯᠳᠦᠬᠦᠨ ᠤ ᠣᠯᠠᠩᠬᠢ ᠲᠤᠭ᠎ᠠ ᠶᠢ ᠡᠵᠡᠯᠡᠵᠦ᠂ ᠬᠡᠷᠡᠭ ᠮᠡᠳᠡᠭᠴᠢᠳ ᠤᠨ ᠵᠥᠪᠯᠡᠯ ᠤᠨ ᠵᠢᠷᠤᠮᠵᠢᠭᠰᠠᠨ ᠠᠵᠢᠯᠯᠠᠭᠠᠨ ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠡᠷᠡᠭ ᠮᠡᠳᠡᠭᠴᠢᠳ ᠤᠨ ᠵᠥᠪᠯᠡᠯ ᠤᠨ ᠴᠢᠬᠤᠯᠠ ᠶᠡᠭᠡ  ᠰᠢᠢᠳᠪᠦᠷᠢᠳᠦ ᠪᠤᠳᠤᠯᠭ᠎ᠠ ᠲᠣᠭᠲᠠᠭᠠᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ᠂ ᠴᠠᠯᠢᠩ ᠬᠥᠯᠥᠰᠥ ᠬᠤᠪᠢᠶᠠᠷᠢᠯᠠᠬᠤ ᠵᠡᠷᠭᠡ ᠡᠷᠬᠡ ᠶᠢ ᠪᠦᠬᠦ ᠲᠠᠯ᠎ᠠ ᠪᠠᠷ ᠬᠠᠤᠯᠢ ᠶᠣᠰᠣᠭᠠᠷ ᠨᠠᠶᠢᠳᠠᠪᠤᠷᠢᠵᠢᠭᠤᠯᠤᠨ᠎ᠠ᠃    ᠬᠤᠷᠢᠨ ᠭᠤᠷᠪᠠᠳᠤᠭᠠᠷ ᠵᠦᠢᠯ  ᠳᠠᠭᠠᠭᠠᠮᠠᠯ ᠤᠨ ᠱᠠᠳᠤ ᠱᠠᠳᠤ ᠪᠠᠷ ᠡᠵᠡᠩᠨᠡᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠴᠢᠩᠭᠠᠳᠬᠠᠬᠤ ᠶᠢ ᠪᠠᠲᠤᠯᠠᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠬᠡᠷᠡᠭ ᠮᠡᠳᠡᠭᠴᠢᠳ ᠤᠨ ᠵᠥᠪᠯᠡᠯ ᠠᠴᠠ ᠳᠠᠭᠠᠭᠠᠮᠠᠯ ᠤᠨ ᠳᠠᠪᠬᠤᠷᠭ᠎ᠠ ᠳᠤ ᠡᠷᠬᠡ ᠣᠯᠭᠤᠬᠤ ᠠᠵᠢᠯ ᠤᠨ ᠲᠥᠰᠦᠯ᠂ ᠲᠦᠷᠢᠮ᠂ ᠨᠠᠷᠢᠨ ᠬᠠᠭᠤᠳᠠᠰᠤ ᠶᠢ ᠪᠠᠶᠢᠭᠤᠯᠵᠤ᠂ ᠳᠠᠭᠠᠭᠠᠮᠠᠯ ᠤᠨ ᠳᠠᠪᠬᠤᠷᠭ᠎ᠠ ᠨᠢ ᠣᠨ ᠢᠶᠠᠷ ᠬᠡᠷᠡᠭ ᠮᠡᠳᠡᠭᠴᠢᠳ ᠤᠨ ᠵᠥᠪᠯᠡᠯ ᠳᠤ ᠠᠵᠢᠯ ᠢᠶᠠᠨ ᠮᠡᠳᠡᠭᠦᠯᠬᠦ ᠬᠡᠷᠡᠭᠲᠡᠶ᠃    ᠬᠤᠷᠢᠨ ᠳᠥᠷᠪᠡᠳᠦᠭᠡᠷ ᠵᠦᠢᠯ   ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ ︽ᠬᠢᠩᠭᠠᠨ ᠠᠶᠢᠮᠠᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠯᠠ ᠭᠠᠷᠭᠠᠭᠰᠠᠨ ᠠᠵᠤ ᠠᠬᠤᠶᠢᠯᠠᠯ ᠤᠨ ᠴᠢᠬᠤᠯᠠ ᠶᠡᠭᠡ ᠵᠦᠢᠯᠡᠰ ᠢ ᠮᠡᠳᠡᠭᠦᠯᠬᠦ ᠲᠦᠷᠢᠮ︾ ︵ᠠᠵᠤ ᠠᠬᠤᠶᠢᠯᠠᠯ ᠢ ᠬᠥᠭᠵᠢᠭᠦᠯᠦᠨ ᠮᠠᠨᠳᠤᠭᠤᠯᠬᠤ ᠥᠭᠡᠷᠡᠴᠢᠯᠡᠨ ᠪᠠᠶᠢᠭᠤᠯᠬᠤ ᠠᠯᠪᠠᠨ ᠲᠠᠷᠬᠠᠭᠠᠭᠰᠠᠨ ︹ 2021 ︺ 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠵᠦᠶ᠋ᠯᠡᠰ ᠪᠠ ᠳᠠᠩᠰᠠᠯᠠᠭᠤᠯᠬᠤ  ᠵᠦᠢᠯᠡᠰ ᠤᠨ ᠬᠠᠮᠢᠶᠠᠷᠤᠯᠲᠠ ᠶᠢ ᠶᠠᠪᠤᠭᠳᠠᠭᠤᠯᠤᠨ᠎ᠠ᠃    ᠵᠢᠷᠭᠤᠳᠤᠭᠠᠷ ᠪᠦᠯᠦᠭ    ᠬᠢᠨᠠᠯᠲᠠ ᠲᠠᠯᠪᠢᠬᠤ ᠪᠠ ᠬᠢᠨᠠᠨ ᠰᠢᠯᠭᠠᠬᠤ    ᠬᠤᠷᠢᠨ ᠲᠠᠪᠤᠳᠤᠭᠠᠷ ᠵᠦᠢᠯ    ᠡᠵᠤ ᠠᠬᠤᠶᠢᠯᠠᠯ ᠤᠨ ᠤᠳᠤᠷᠢᠳᠬᠤ ᠪᠠᠭ ᠲᠤ ᠲᠠᠯᠪᠢᠬᠤ ᠬᠢᠨᠠᠯᠲᠠ ᠶᠢ ᠴᠢᠩᠭᠠᠳᠬᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ᠂ ᠤᠳᠤᠷᠢᠳᠬᠤ ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠵᠡᠷᠭᠡ ᠲᠦᠷᠢᠮ ᠢ ᠪᠠᠷᠢᠮᠲᠠᠯᠠᠨ᠎ᠠ᠃    ᠬᠤᠷᠢᠨ ᠵᠢᠷᠭᠤᠳᠤᠭᠠᠷ ᠵᠦᠢᠯ   ᠤᠯᠤᠰ ᠤᠨ ᠥᠮᠴᠢᠯᠡᠯ ᠤᠨ ᠡᠳ᠋ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠪᠦᠬᠦᠯᠢ ᠴᠣᠭᠴᠠ ᠶᠢᠨ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠵᠡᠷᠭᠡ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠲᠤᠬᠠᠶ ᠨᠡᠶᠢᠭᠡᠮ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠦᠲᠦᠮᠵᠢᠲᠡᠶ ᠪᠠᠲᠤᠯᠠᠨ᠎ᠠ᠃    ᠬᠤᠷᠢᠨ ᠳᠣᠯᠣᠳᠤᠭᠠᠷ ᠵᠦᠢᠯ   ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠳᠣᠲᠣᠭᠠᠳᠤ ᠳᠠᠭᠠᠨ ᠬᠢᠨᠠᠨ ᠪᠤᠳᠤᠬᠤ ᠪᠠ ᠭᠠᠳᠠᠨ᠎ᠠ ᠠᠴᠠ ᠬᠢᠨᠠᠨ ᠪᠤᠳᠤᠬᠤ ᠶᠢ ᠬᠠᠷᠢᠯᠴᠠᠨ ᠤᠶᠠᠯᠳᠤᠭᠤᠯᠤᠭᠰᠠᠨ᠂ ᠵᠠᠰᠠᠭ ᠤᠨ ᠣᠷᠳᠣᠨ ᠤ ᠬᠢᠨᠠᠨ ᠪᠤᠳᠤᠬᠤ ᠪᠠ ᠨᠡᠶᠢᠭᠡᠮ ᠤᠨ ᠬᠢᠨᠠᠨ ᠪᠤᠳᠤᠬᠤ ᠳᠤ ᠬᠠᠮᠲᠤᠪᠠᠷ ᠣᠷᠣᠯᠴᠠᠭᠰᠠᠨ ᠬᠢᠨᠠᠨ ᠪᠤᠳᠤᠵᠤ ᠬᠢᠨᠠᠯᠲᠠ ᠲᠠᠯᠪᠢᠬᠤ ᠰᠢᠰᠲ᠋ᠧᠮᠵᠢ ᠶᠢ ᠪᠠᠶᠢᠭᠤᠯᠵᠤ᠂ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠠᠵᠤ ᠠᠬᠤᠶ ᠶᠢᠨ ᠬᠠᠷᠢᠭᠤᠴᠠᠯᠭ᠎ᠠ ᠪᠠᠨ  ᠭᠦᠢᠴᠡᠳᠭᠡᠭᠰᠡᠨ ᠪᠠᠶᠢᠳᠠᠯ᠂ ᠠᠵᠤ ᠠᠬᠤᠶᠢᠯᠠᠯ ᠤᠨ ᠡᠳ᠋ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠶᠢᠨ ᠪᠠᠶᠢᠳᠠᠯ ᠤᠨ ᠬᠢᠨᠠᠨ ᠪᠤᠳᠤᠯᠲᠠ ᠶᠢ ᠴᠢᠩᠭᠠᠳᠬᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠡᠷᠦᠩᠬᠡᠶ ᠬᠢᠨᠠᠨ ᠪᠤᠳᠤᠭᠴᠢ ᠶᠢᠨ ᠲᠦᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠳᠣᠲᠣᠭᠠᠳᠤ ᠶᠢᠨ ᠬᠢᠨᠠᠨ ᠪᠤᠳᠤᠬᠤ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠤᠳᠤᠷᠢᠳᠬᠤ ᠬᠥᠮᠦᠰ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠠᠵᠤ ᠠᠬᠤᠶᠢᠯᠠᠯ ᠤᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ᠂ ᠠᠵᠤ ᠠᠬᠤᠶᠢᠯᠠᠯ ᠤᠨ ᠳᠣᠲᠣᠭᠠᠳᠤ ᠶᠢᠨ ᠡᠵᠡᠮᠳᠡᠯ ᠵᠢᠴᠢ ᠲᠦᠭᠰᠢᠭᠦᠷᠢ ᠶᠢᠨ ᠬᠠᠮᠢᠶᠠᠷᠤᠯᠲᠠ ᠶᠢᠨ ᠪᠠᠶᠢᠳᠠᠯ ᠤᠨ ᠬᠢᠨᠠᠨ ᠪᠤᠳᠤᠯᠳᠠ ᠶᠢ ᠥᠷᠨᠢᠭᠦᠯᠦᠨ᠎ᠡ᠃    ᠬᠤᠷᠢᠨ‌ᠨᠠᠢᠮᠠᠳᠤᠭᠠᠷ  ᠵᠦᠢᠯ  ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠡᠵᠡᠩᠨᠡᠯᠲᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢ ᠬᠡᠷᠡᠭᠵᠢᠭᠦᠯᠵᠦ᠂ ᠠᠷᠭ᠎ᠠ ᠶᠢᠨ ᠤᠯᠠᠷᠢᠯ ᠤᠨ ᠣᠨ ᠢᠶᠠᠷ ᠦᠶᠡᠯᠡᠯ ᠤᠨ ᠬᠤᠭᠤᠴᠠᠭ᠎ᠠ ᠪᠣᠯᠭᠠᠨ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠵᠠᠷᠴᠢᠮ ᠤᠨ ᠶᠣᠰᠣᠭᠠᠷ᠂ ᠠᠵᠤ ᠠᠬᠤᠶᠢᠯᠠᠯ ᠨᠢ ︽ᠨᠢᠭᠡ ᠳᠤ ᠠᠰᠢᠭᠲᠠᠶ ᠲᠠᠪᠤᠨ ᠨᠣᠷᠮ᠎ᠠ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠳᠤᠷᠠᠳᠤᠨ ᠭᠠᠷᠭᠠᠵᠤ᠂ ᠠᠶᠢᠮᠠᠭ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠶᠠᠷ ᠠᠩᠬ᠎ᠠ ᠬᠢᠨᠠᠭᠤᠯᠵᠤ᠂ ᠠᠶᠢᠮᠠᠭ ᠵᠠᠬᠢᠷᠭ᠎ᠠ ᠳᠤ ᠮᠡᠳᠡᠭᠦᠯᠦᠨ ᠲᠣᠭᠲᠠᠭᠠᠯᠭᠠᠵᠤ᠂  ᠭᠦᠢᠴᠡᠳᠭᠡᠯ ᠲᠤᠭ᠎ᠠ ᠶᠢ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ ᠶᠢ ᠪᠠᠲᠤᠯᠠᠨ᠎ᠠ᠃ ᠠᠶᠢᠮᠠᠭ ᠤᠨ ᠡᠳ᠋ ᠬᠥᠷᠥᠩᠭᠡ ᠶᠢᠨ ᠵᠥᠪᠯᠡᠯ ᠨᠢ ᠡᠵᠡᠩᠨᠡᠯᠲᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠠᠷᠠᠯᠲᠠ ᠶᠢ ᠬᠡᠷᠡᠭᠵᠢᠭᠦᠯᠦᠭᠰᠡᠨ ᠪᠠᠶᠢᠳᠠᠯ ᠳᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠢᠶᠠᠷ ᠳᠡᠮᠵᠢᠨ ᠬᠥᠳᠡᠯᠦᠩᠭᠦᠶ ᠮᠥᠷᠳᠡᠯᠲᠡ ᠬᠢᠬᠦ ᠪᠠ ᠵᠣᠬᠢᠬᠤ ᠬᠤᠪᠢ ᠣᠯᠭᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠨ ᠤ ᠠᠮᠵᠢᠯᠲᠠ ᠪᠦᠲᠦᠮᠵᠢ ᠶᠢᠨ ᠴᠠᠯᠢᠩ ᠢ ᠪᠡᠶᠡᠯᠡᠭᠦᠯᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃    ᠬᠤᠷᠢ ᠶᠢᠰᠦᠳᠦᠭᠡᠷ ᠵᠦᠢᠯ   ᠬᠤᠯᠪᠣᠭᠠᠨ ᠤ ᠤᠯᠤᠰ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠦᠷ ᠬᠡᠷᠡᠭᠵᠢᠭᠦᠯᠬᠦ ᠠᠷᠭ᠎ᠠ︾ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠬᠢᠩᠭᠠᠨ ᠠᠶᠢᠮᠠᠭ ᠤᠨ ᠰᠢᠭᠤᠳ ᠬᠠᠷᠢᠶ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠴᠠᠯᠢᠩ ᠬᠥᠯᠥᠰᠥ ᠶᠢᠨ ᠬᠠᠮᠢᠶᠠᠷᠤᠯᠲᠠ᠂ ᠡᠭᠦᠷᠭᠡ ᠲᠤᠰᠢᠶᠠᠯ ᠢᠶᠠᠨ  ᠭᠦᠢᠴᠡᠳᠭᠡᠭᠰᠡᠨ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢ ᠬᠢᠨᠠᠨ ᠬᠠᠮᠢᠶᠠᠷᠬᠤ ᠬᠡᠷᠡᠭᠲᠡᠶ᠃    ᠳᠣᠯᠣᠳᠤᠭᠠᠷ ᠪᠦᠯᠦᠭ    ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ    ᠭᠤᠴᠢᠳᠤᠭᠠᠷ ᠵᠦᠢᠯ  ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷ ᠤᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠳᠠᠯᠠᠬᠤ ᠪᠠ ᠵᠢᠷᠤᠮᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ ᠬᠠᠷᠢᠴᠠᠭ᠎ᠠ ᠶᠢ ᠳᠣᠭᠢᠷᠠᠭᠤᠯᠬᠤ ᠪᠠ ᠵᠢᠷᠤᠮᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠡᠯ᠎ᠡ  ᠵᠦᠢᠯ ᠤᠨ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠵᠦᠢᠯ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠨᠠᠷᠢᠨ ᠬᠢᠨᠠᠮᠠᠭᠠᠢ ᠥᠷᠨᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠦᠨᠳᠦᠰᠦᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠵᠠᠷᠤᠳᠠᠯ ᠢ ᠪᠠᠲᠤᠯᠠᠬᠤ᠂ ᠨᠠᠮ ᠤᠨ ᠰᠦᠢᠳᠬᠡᠯ ᠢ ᠬᠤᠷᠢᠶᠠᠬᠤ᠂ ᠨᠠᠮ ᠤᠨ ᠠᠵᠢᠯ ᠤᠨ ᠪᠠᠶᠢᠭᠤᠯᠤᠮᠵᠢ ᠶᠢ ᠪᠠᠶᠢᠭᠤᠯᠬᠤ ᠪᠠ ᠨᠠᠮ ᠤᠨ ᠠᠵᠢᠯ ᠤᠨ ᠲᠤᠰᠬᠠᠶ ᠲᠤᠰᠢᠶᠠᠯᠲᠤ ᠠᠵᠢᠯᠳᠠᠨ ᠢ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠨ᠎ᠠ᠃    ᠭᠤᠴᠢᠨ ᠨᠢᠭᠡᠳᠦᠭᠡᠷ ᠵᠦᠢᠯ   ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ︽ᠨᠢᠭᠡᠳᠦᠭᠡᠷ ᠵᠥᠪᠯᠡᠬᠦ ᠰᠡᠳᠦᠪ︾ ᠢᠶᠠᠨ ︽ᠨᠢᠭᠡᠳᠦᠭᠡᠷ ᠵᠥᠪᠯᠡᠬᠦ ᠰᠡᠳᠦᠪ︾ ᠤᠨ ᠰᠤᠷᠤᠯᠴᠠᠯᠭ᠎ᠠ ᠶᠢᠨ ᠲᠦᠷᠢᠮ ᠢ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠤ ᠠᠬᠤᠶᠢᠯᠠᠯ ᠤᠨ ᠤᠯᠤᠰ ᠲᠥᠷᠥ ᠶᠢᠨ ᠤᠳᠤᠷᠢᠳᠤᠮᠵᠢ ᠶᠢ ᠴᠢᠩᠭᠠᠳᠬᠠᠬᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭ᠎ᠠ ᠶᠢ ᠳᠠᠪᠲᠠᠨ ᠪᠣᠯᠪᠠᠰᠤᠷᠠᠭᠤᠯᠬᠤ ᠴᠢᠬᠤᠯᠠ ᠭᠠᠷᠳᠠᠴᠠ ᠪᠣᠯᠭᠠᠵᠤ᠂ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠦᠵᠡᠯ ᠰᠠᠨᠠᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠨ᠎ᠠ᠃    ᠭᠤᠴᠢᠨ ᠬᠤᠶᠠᠳᠤᠭᠠᠷ ᠵᠦᠢᠯ   ︽ᠬᠤᠶᠠᠷ ᠲᠠᠯ᠎ᠠ ᠪᠠᠷ ᠢᠶᠠᠨ ᠣᠷᠣᠬᠤ᠂ ᠰᠣᠯᠪᠢᠴᠠᠨ ᠲᠤᠰᠢᠶᠠᠯ ᠬᠠᠷᠢᠭᠤᠴᠠᠬᠤ ︾ ᠤᠳᠤᠷᠢᠳᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠨᠥᠬᠦᠴᠡᠯ ᠳᠤ ᠨᠡᠶᠢᠴᠡᠭᠰᠡᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠭ ᠤᠨ ᠪᠦᠷᠢᠯᠳᠦᠬᠦᠨ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠬᠡᠷᠡᠭ ᠮᠡᠳᠡᠭᠴᠢᠳ ᠤᠨ ᠵᠥᠪᠯᠡᠯ ᠳᠤ ᠣᠷᠣᠵᠤ ᠪᠣᠯᠤᠨ᠎ᠠ᠂  ᠳᠠᠭᠠᠭᠠᠮᠠᠯ ᠤᠨ ᠳᠠᠪᠬᠤᠷᠭ᠎ᠠ᠂ ᠬᠡᠷᠡᠭ ᠮᠡᠳᠡᠭᠴᠢᠳ ᠤᠨ ᠵᠥᠪᠯᠡᠯ᠂ ᠳᠠᠭᠠᠭᠠᠮᠠᠯ ᠤᠨ ᠳᠠᠪᠬᠤᠷᠭ᠎ᠠ ᠶᠢᠨ ᠪᠦᠷᠢᠯᠳᠦᠬᠦᠨ ᠤ ᠳᠣᠲᠣᠷᠠᠬᠢ ᠨᠥᠬᠦᠴᠡᠯ ᠳᠤ ᠨᠡᠶᠢᠴᠡᠭᠰᠡᠨ ᠨᠠᠮ ᠤᠨ ᠭᠡᠰᠢᠭᠦᠨ ᠬᠤᠯᠪᠣᠭᠳᠠᠯ ᠪᠦᠬᠦᠢ ᠲᠣᠭᠲᠠᠭᠠᠯ ᠪᠠ ᠵᠢᠷᠤᠮ ᠤᠨ ᠶᠣᠰᠣᠭᠠᠷ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠵᠤ ᠪᠣᠯᠤᠨ᠎ᠠ᠃ᠭᠤᠴᠢᠨ ᠭᠤᠷᠪᠠᠳᠤᠭᠠᠷ ᠵᠦᠢᠯ   ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠠᠴᠢ ᠰᠤᠳᠤᠯᠭᠠᠨ ᠤ ᠵᠢᠷᠤᠮ ᠢ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠬᠤᠯᠠ ᠶᠡᠭᠡ ᠡᠵᠡᠩᠨᠡᠯᠲᠡ ᠬᠠᠮᠢᠶᠠᠷᠤᠯᠲᠠ ᠶᠢᠨ  ᠵᠦᠢᠯᠡᠰ ᠢ ᠡᠷᠬᠡᠪᠰᠢ ᠨᠠᠮ ᠤᠨ ᠵᠣᠬᠢᠶᠠᠨ ᠪᠠᠶᠢᠭᠤᠯᠤᠯᠲᠠ ᠠᠴᠠ ᠰᠤᠳᠤᠯᠤᠨ ᠶᠠᠷᠢᠯᠴᠠᠭᠰᠠᠨ ᠤ ᠳᠠᠷᠠᠭ᠎ᠠ᠂ ᠬᠡᠷᠡᠭ ᠮᠡᠳᠡᠭᠴᠢᠳ ᠤᠨ ᠵᠥᠪᠯᠡᠯ ᠪᠤᠶᠤ ᠳᠠᠭᠠᠭᠠᠮᠠᠯ ᠤᠨ ᠳᠠᠪᠬᠤᠷᠭ᠎ᠠ ᠠᠴᠠ ᠲᠣᠭᠲᠠᠭᠠᠯ ᠭᠠᠷᠭᠠᠨ᠎ᠠ᠃ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠠᠵᠤ ᠠᠬᠤᠶᠢᠯᠠᠯ ᠤᠨ ᠪᠤᠰᠤᠳ ᠺᠣᠮᠫᠠᠨᠢ ᠶᠢᠨ ᠵᠠᠰᠠᠯᠲᠠ ᠶᠢᠨ ᠪᠡᠶᠡᠴᠢ ᠴᠣᠭᠴᠠ ᠶᠢᠨ ᠬᠤᠭᠤᠷᠣᠨᠳᠣᠬᠢ ᠬᠠᠷᠢᠴᠠᠭ᠎ᠠ ᠶᠢ ᠵᠥᠪ ᠢᠶᠠᠷ  ᠰᠢᠢᠳᠪᠦᠷᠢᠯᠡᠵᠦ᠂ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠣᠷᠣᠯᠴᠠᠬᠤ ᠠᠭᠤᠯᠭ᠎ᠠ᠂ ᠵᠢᠷᠤᠮ ᠪᠠ ᠠᠷᠭ᠎ᠠ ᠵᠠᠮ ᠢ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠪᠤᠰᠤᠳ ᠺᠣᠮᠫᠠᠨᠢ ᠶᠢᠨ ᠵᠠᠰᠠᠯᠲᠠ ᠶᠢᠨ ᠪᠡᠶᠡᠴᠢ ᠴᠣᠭᠴᠠ ᠶᠢᠨ ᠬᠤᠭᠤᠷᠣᠨᠳᠣᠬᠢ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠵᠤ᠂ ᠨᠠᠮ ᠤᠨ ᠤᠳᠤᠷᠢᠳᠤᠯᠭ᠎ᠠ ᠬᠢᠭᠡᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠵᠠᠰᠠᠯᠲᠠ ᠶᠢᠨ ᠪᠦᠲᠦᠴᠡ ᠶᠢᠨ ᠣᠷᠭᠠᠨᠢᠭ ᠢᠶᠠᠷ ᠤᠶᠠᠯᠳᠤᠬᠤ ᠶᠢ ᠲᠦᠯᠬᠢᠨ ᠠᠬᠢᠭᠤᠯᠤᠨ᠎ᠠ᠃    ᠭᠤᠴᠢᠨ ᠳᠥᠷᠪᠡᠳᠦᠭᠡᠷ ᠵᠦᠢᠯ   ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠮ ᠤᠨ ᠪᠠᠶᠢᠭᠤᠯᠤᠯᠲᠠ ᠶᠢᠨ ᠠᠵᠢᠯ ᠳᠤ ᠺᠣᠮᠫᠠᠨᠢ ᠶᠢᠨ ᠲᠦᠷᠢᠮ ᠳᠤ ᠪᠢᠴᠢᠨ ᠣᠷᠣᠭᠤᠯᠵᠤ᠂ ᠺᠣᠮᠫᠠᠨᠢ ᠶᠢ ᠵᠠᠰᠠᠬᠤ ᠪᠦᠲᠦᠴᠡ ᠳᠠᠬᠢ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠷᠢ ᠰᠠᠭᠤᠷᠢ ᠶᠢ ᠲᠣᠳᠣᠷᠬᠠᠶᠢᠯᠠᠬᠤ ᠶᠢ ᠱᠠᠭᠠᠷᠳᠠᠪᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠢ ᠠᠳᠬᠤᠬᠤ ᠲᠤᠰᠢᠶᠠᠯ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠬᠢᠨᠠᠨ ᠰᠢᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠬᠢᠨᠠᠨ ᠰᠢᠯᠭᠠᠬᠤ ᠲᠦᠷᠢᠮ ᠢ ᠨᠠᠶᠢᠳᠠᠪᠤᠷᠢᠵᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠲᠠᠢ ᠬᠠᠮᠲᠤ ᠪᠠᠷ ᠲᠥᠯᠥᠪᠵᠢᠭᠦᠯᠬᠦ᠂ ᠬᠠᠮᠲᠤ ᠪᠠᠷ ᠪᠠᠶᠢᠷᠢᠯᠠᠭᠤᠯᠬᠤ᠂ ᠬᠠᠮᠲᠤ ᠪᠠᠷ ᠠᠬᠢᠭᠤᠯᠬᠤ᠂ ᠬᠠᠮᠲᠤ ᠪᠠᠷ ᠬᠢᠨᠠᠨ ᠰᠢᠯᠭᠠᠬᠤ ᠶᠢ ᠲᠦᠯᠬᠢᠨ ᠠᠬᠢᠭᠤᠯᠤᠨ᠎ᠠ᠃    ᠭᠤᠴᠢᠨ ᠲᠠᠪᠤᠳᠤᠭᠠᠷ ᠵᠦᠢᠯ    ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠡᠭᠦᠷᠭᠡᠯᠡᠵᠦ᠂ ᠰᠠᠶᠢᠲᠤᠷ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠴᠠᠭᠠᠷᠠᠭᠰᠠᠨ ᠡᠩᠨᠡᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠥᠮᠦᠰ ᠢᠯᠠᠩᠭᠤᠶ᠎ᠠ ︽ᠨᠢᠭᠡᠳᠦᠭᠡᠷ ᠭᠠᠷ︾ ᠲᠤ ᠬᠢᠨᠠᠯᠲᠠ ᠲᠠᠯᠪᠢᠬᠤ ᠶᠢ ᠲᠤᠪᠤᠶᠢᠯᠭᠠᠪᠠ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠵᠠᠷᠴᠢᠮ︾ ᠤᠨ ᠲᠣᠭᠲᠠᠴᠠ ᠶᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠤᠨ᠎ᠠ᠃ ᠬᠡᠷᠡᠭ ᠢᠶᠠᠷ ᠵᠠᠰᠠᠬᠤ ᠶᠢ ᠠᠬᠢᠭᠤᠯᠬᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠭᠦᠨᠵᠡᠭᠡᠶᠢᠷᠡᠭᠦᠯᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠲᠦᠯᠬᠢᠨ ᠠᠬᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃    ᠨᠠᠢᠮᠠᠳᠤᠭᠠᠷ ᠪᠦᠯᠦᠭ        ᠳᠠᠭᠠᠯᠳᠤᠭᠤᠯᠤᠭᠰᠠᠨ ᠲᠦᠷᠢᠮ    ᠭᠤᠴᠢᠨ ᠵᠢᠷᠭᠤᠳᠤᠭᠠᠷ ᠵᠦᠢᠯ   ᠪᠤᠰᠤᠳ  ᠰᠢᠢᠳᠪᠦᠷᠢᠯᠡᠵᠦ ᠳᠠᠭᠤᠰᠤᠭᠠᠳᠤᠶ ᠵᠦᠢᠯᠡᠰ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃    ᠭᠤᠴᠢᠨ ᠳᠣᠯᠣᠳᠤᠭᠠᠷ ᠵᠦᠢᠯ   ᠮᠦᠩᠭᠦᠨ ᠭᠦᠢᠯᠭᠡᠭᠡᠨ ᠤ ᠠᠵᠤ ᠠᠬᠤᠶᠢᠯᠠᠯ ᠵᠡᠷᠭᠡ ᠣᠨᠴᠠᠭᠠᠶ ᠠᠵᠢᠯ ᠲᠦᠷᠦᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠪᠠ ᠬᠢᠨᠠᠯᠲᠠ ᠶᠢᠨ ᠲᠤᠬᠠᠶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠭᠤᠴᠢᠨ  ᠨᠠᠢᠮᠠᠳᠤᠭᠠᠷ ᠵᠦᠢᠯ  ᠠᠶᠢᠮᠠᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠠᠭᠤᠷᠢ ᠮᠥᠩᠭᠦ ᠶᠢᠨ ᠪᠠᠯᠠ ᠣᠷᠣᠭᠤᠯᠤᠯᠲᠠ ᠳᠤ ᠠᠰᠲᠠᠭᠠᠨ ᠲᠣᠭᠲᠠᠭᠠᠯ ᠲᠠᠢ ᠪᠣᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠭᠤᠴᠢ ᠶᠢᠰᠦᠳᠦᠭᠡᠷ ᠵᠦᠢᠯ  ᠡᠯ᠎ᠡ ᠬᠤᠰᠢᠭᠤ ᠰᠢᠶᠠᠨ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃    ᠳᠥᠴᠢᠳᠦᠭᠡᠷ ᠵᠦᠢᠯ   ᠲᠣᠰ ᠠᠷᠭ᠎ᠠ ᠶᠢᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2 ᠵᠢᠯ᠂ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃                                                                 ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ      ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 18 ᠳ᠋ᠤᠭᠠᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ᠂  ᠲᠦᠪ  ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄      ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ ︵ᠲᠤᠷᠰᠢᠨ ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                      2023 ᠣᠨ ᠤ 3 ᠰᠠᠷ᠎ᠠ ᠶᠢᠨ 15                                                            ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶    ᠬᠢᠩᠭᠠᠨ ᠠᠶᠢᠮᠠᠭ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠥᠰᠦᠯ  ︵ᠲᠤᠷᠰᠢᠨ ᠬᠡᠷᠡᠭᠵᠢᠭᠦᠯᠬᠦ︶      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ 12345 ᠬᠠᠯᠠᠭᠤᠨ ᠤᠲᠠᠰᠤ ︵ᠳᠣᠷᠣᠭᠰᠢ 12345 ᠭᠡᠵᠦ ᠲᠣᠪᠴᠢᠯᠠᠨ᠎ᠠ︶ ᠪᠣᠯᠤᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠦᠷ᠎ᠡ ᠪᠦᠲᠦᠮᠵᠢᠲᠡᠶ ᠪᠠᠷ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 89 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠲᠦᠷᠭᠡᠨ ᠬᠤᠪᠢᠷᠠᠭᠤᠯᠵᠤ᠂ 12345 ᠪᠣᠯᠤᠨ 110 ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ᠪᠠᠷ ᠲᠠᠲᠠᠬᠤ ᠬᠦᠴᠦᠨ ᠪᠣᠯᠭᠠᠵᠤ᠂ ᠲᠠᠪᠴᠠᠩ ᠤᠨ ᠲᠤᠭ᠎ᠠ ᠪᠠᠷᠢᠮᠲᠠ ᠶᠢ ᠣᠶᠤᠨᠴᠢ ᠪᠠᠷ ᠬᠡᠷᠡᠭᠯᠡᠬᠦ ᠪᠠᠷ ᠲᠤᠯᠭᠠᠭᠤᠷᠢᠯᠠᠯ ᠪᠣᠯᠭᠠᠵᠤ᠂ ᠰᠠᠯᠭᠠᠨ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠤᠴᠢᠷ ᠶᠠᠪᠤᠳᠠᠯ ᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠪᠠᠷ ᠭᠤᠤᠯᠳᠠᠯᠭ᠎ᠠ ᠪᠣᠯᠭᠠᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠳᠠᠪᠠᠭᠤᠯᠢᠭ ᠢᠶᠠᠷ ᠢᠶᠠᠨ ᠬᠠᠷᠢᠯᠴᠠᠨ ᠨᠥᠬᠦᠪᠥᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠣᠯᠠᠨ ᠲᠦᠮᠡᠨ ᠳᠤ ᠦᠶ᠋ᠯᠡᠴᠢᠯᠡᠬᠦ︾ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠠᠷᠠᠳ ᠣᠯᠠᠨ ᠳᠤ ᠨᠠᠩ ᠲᠤᠰᠬᠠᠶ ᠮᠡᠷᠭᠡᠵᠢᠯ ᠤᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢ ᠲᠠᠢ ᠬᠠᠯᠠᠮᠰᠢᠯ ᠦᠶ᠋ᠯᠡᠴᠢᠯᠡᠭᠡ ᠶᠢ ᠬᠠᠩᠭᠠᠵᠤ᠂ ᠵᠠᠰᠠᠭ ᠤᠨ ᠣᠷᠳᠣᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    ᠬᠤᠶᠠᠷ᠂ ᠠᠵᠢᠯ  ᠤᠨ ᠬᠠᠷᠠᠯᠲᠠ    2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ᠂ 12345 ᠪᠣᠯᠤᠨ 110 ᠥᠨᠳᠥᠷ ᠪᠦᠲᠦᠮᠵᠢᠲᠡᠶ ᠵᠣᠯᠭᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠪᠦᠬᠦᠯᠢ 24 ᠴᠠᠭ ᠤᠨ ᠳᠣᠲᠣᠷ᠎ᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ  ᠰᠢᠢᠳᠪᠦᠷᠢᠯᠡᠵᠦ᠂ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠥᠪᠡᠷ ᠥᠪᠡᠷ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠵᠤ᠂ ᠪᠠᠴᠢᠮ ᠪᠤᠰᠤ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ ᠲᠥᠷᠥᠯ ᠤᠨ ᠵᠦᠢᠯᠡᠰ ᠢ ᠰᠠᠯᠭᠠᠨ ᠵᠠᠰᠠᠭ ᠤᠨ ᠣᠷᠳᠣᠨ ᠤ ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠨ  ᠰᠢᠢᠳᠪᠦᠷᠢᠯᠡᠵᠦ᠂ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠪᠠᠷ ᠬᠠᠮᠵᠢᠯᠴᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ 110 ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠪᠠᠴᠢᠮ ᠪᠠᠶᠢᠳᠠᠯ ᠠᠶᠤᠯ ᠲᠦᠭᠰᠢᠭᠦᠷᠢ ᠴᠠᠭᠳᠠᠭᠠᠨ ᠤ ᠪᠠᠶᠢᠳᠠᠯ ᠢ ᠴᠠᠭ ᠲᠤᠬᠠᠶ ᠳᠤᠨᠢ  ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠨᠡᠩ ᠰᠠᠶᠢᠲᠤᠷ ᠬᠠᠮᠠᠭᠠᠯᠠᠬᠤ ᠠᠵᠢᠯ ᠤᠨ ᠪᠠᠶᠢᠷᠢᠰᠢᠯ ᠢ ᠪᠤᠢ ᠪᠣᠯᠭᠠᠵᠤ᠂ ᠤᠯᠠᠨ ᠲᠦᠮᠡᠨ ᠤ ᠨᠡᠩ ᠲᠤᠰᠬᠠᠶ ᠮᠡᠷᠭᠡᠵᠢᠯ ᠤᠨ ᠲᠦᠷᠭᠡᠨ ᠦᠢᠯᠡᠴᠢᠯᠡᠭᠡ ᠬᠦᠷᠳᠡᠬᠦ ᠶᠢ ᠦᠨᠡᠨ ᠬᠦ ᠪᠠᠲᠤᠯᠠᠨ᠎ᠠ᠃ 2023 ᠣᠨ ᠤ 8 ᠰᠠᠷ᠎ᠠ ᠶᠢᠨ ᠰᠡᠭᠦᠯᠴᠢ ᠠᠴᠠ ᠡᠮᠦᠨ᠎ᠡ᠂ 12345 ᠪᠣᠯᠤᠨ 110 ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠬᠠᠮᠢᠶ᠎ᠠ ᠪᠥᠬᠦᠶ ᠳ᠋ᠠᠶᠢᠲ᠋ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠵᠢᠷᠤᠮᠵᠢᠯᠲᠠ᠂ ᠪᠠᠷᠢᠮᠵᠢᠶᠠᠵᠢᠯᠲᠠ᠂ ᠲᠤᠰᠬᠠᠶᠢᠵᠢᠯᠲᠠ᠂ ᠤᠶᠤᠨᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠭᠤᠷᠪᠠ᠂ ᠬᠠᠷᠢᠯᠴᠠᠬᠤ ᠪᠦᠷᠢᠯᠳᠦᠬᠦᠨ    ︵ᠨᠢᠭᠡ︶ 12345 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠵᠤ᠂ ᠠᠶᠢᠮᠠᠭ ᠤᠨ 12345 ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 12345 ᠬᠠᠯᠠᠮᠰᠢᠯ ᠤᠲᠠᠰᠤ ᠶᠢᠨ ᠠᠵᠢᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠶᠢ ᠬᠠᠷᠢᠭᠤᠴᠠᠨ᠎ᠠ᠃    ︵ᠬᠤᠶᠠᠷ︶ 110 ᠬᠤᠯᠪᠣᠭᠠᠯᠠᠨ ᠬᠥᠳᠡᠯᠦᠯᠴᠡᠬᠦ ᠪᠦᠷᠢᠯᠳᠦᠬᠦᠨ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠠᠵᠢᠯ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ 110 ᠪᠠᠶᠢᠳᠠᠯ ᠤᠨ ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ᠂ 110 ᠴᠠᠭᠳᠠᠭ᠎ᠠ ᠶᠢ ᠭᠥᠯᠢᠶᠡᠨ ᠠᠪᠬᠤ ᠥᠷᠲᠡᠭᠡ ᠶᠢᠨ ᠡᠯ᠎ᠡ ᠳᠤᠭᠤᠶᠢᠯᠠᠩ ᠤᠨ ᠬᠠᠷᠢᠭᠤᠴᠠᠯᠭᠠᠲᠠᠨ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠳᠠᠯ ᠤᠨ ᠵᠢᠭᠠᠯᠲᠠ ᠲᠤᠭ᠎ᠠ ᠶᠢᠨ ᠲᠥᠪ ᠤᠨ ᠬᠠᠷᠢᠭᠤᠴᠠᠯᠭᠠᠲᠠᠨ ᠪᠣᠯᠤᠨ᠎ᠠ᠃    ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ    12345 ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠠᠵᠤ ᠠᠬᠤᠶᠢᠯᠠᠯ ᠪᠠ ᠣᠯᠠᠨ ᠲᠦᠮᠡᠨ ᠤ ᠠᠵᠤ ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ ᠨᠡᠶᠢᠲᠡ ᠶᠢᠨ  ᠦᠢᠯᠡᠴᠢᠯᠡᠭᠡ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠬᠦᠷᠢᠶᠡᠨ ᠳᠠᠬᠢ ᠵᠥᠪᠯᠡᠯᠭᠡ᠂ ᠪᠠᠴᠢᠮ ᠪᠤᠰᠤ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ᠃ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ  ᠰᠢᠢᠳᠪᠦᠷᠢᠯᠡᠬᠦ  ᠵᠦᠢᠯᠡᠰ᠂ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠳᠤ ᠤᠷᠤᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠬᠡᠪ ᠵᠠᠩᠰᠢᠯ ᠠᠴᠠ ᠵᠥᠷᠢᠴᠡᠭᠰᠡᠨ ᠵᠦᠢᠯᠡᠰ ᠵᠡᠷᠭᠡ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠦᠭᠡᠢ᠃    110 ᠬᠦ᠋ᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠡᠷᠡᠭᠦᠦ ᠶᠢᠨ ᠬᠡᠷᠡᠭ ᠤᠨ ᠲᠦᠷᠦᠯ ᠤᠨ ᠴᠠᠭᠳᠠᠭ᠎ᠠ ᠶᠢᠨ ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠬᠥᠮᠦᠨ ᠤ ᠪᠡᠶ᠎ᠡ ᠮᠠᠬᠠᠪᠣᠳ ᠪᠠ ᠡᠳ᠋ ᠬᠦ᠋ᠷᠦᠩᠭᠡ ᠶᠢᠨ ᠠᠮᠤᠷ ᠲᠦᠪᠰᠢᠨ ᠪᠤᠶᠤ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ ᠴᠢᠨᠠᠷᠲᠠᠶ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠰᠢᠢᠳᠪᠦᠷᠢᠯᠡᠭᠦᠯᠬᠦ ᠴᠢᠬᠤᠯᠠᠲᠠᠶ ᠪᠤᠰᠤᠳ ᠴᠠᠭᠳᠠᠭ᠎ᠠ ᠶᠢᠨ ᠮᠡᠳᠡᠭᠡ︔ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠭᠠᠶ ᠭᠠᠮᠰᠢᠭ ᠤᠨ ᠡ᠊ᠨᠳᠡᠯ ᠵᠢᠴᠢ ᠬᠥᠮᠦᠨ ᠤ ᠪᠡᠶ᠎ᠡ ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠬᠤ ᠵᠡᠷᠭᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ ᠴᠢᠬᠤᠯᠠᠲᠠᠶ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠶᠠᠭ ᠡᠭᠦᠰᠴᠦ ᠪᠠᠶᠢᠭ᠎ᠠ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠶᠢᠨ ᠲᠤᠬᠠᠶ ᠵᠠᠭᠠᠯᠳᠤᠯᠭ᠎ᠠ᠃    ᠲᠠᠪᠤ᠂ ᠠᠵᠢᠯ  ᠤᠨ ᠲᠣᠭᠲᠠᠴᠠ    1. ᠬᠤᠪᠢᠶᠠᠷᠢ ᠡᠷᠭᠢᠯᠲᠡ ᠶᠢᠨ ᠠᠯᠪᠠᠨ ᠬᠡᠷ ᠤᠨ ᠲᠣᠭᠲᠠᠴᠠ᠃ 12345 ᠪᠤᠶᠤ 110 ᠤᠲᠠᠰᠤ ᠪᠠᠷ ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠬᠠᠷᠢᠶᠠᠯᠠᠭᠳᠠᠬᠤ ᠵᠦᠢᠯᠡᠰ ᠢ ᠬᠦᠯᠢᠶᠡᠨ ᠠᠪᠤᠭᠰᠠᠨ ᠪᠠᠶᠢᠪᠠᠯ᠂ ᠨᠢᠭᠡ ᠲᠣᠪᠴᠢ ᠪᠠᠷ ᠳᠠᠮᠵᠢᠭᠤᠯᠤᠨ ᠵᠠᠯᠭᠠᠬᠤ ᠬᠡᠯᠪᠡᠷᠢ ᠪᠠᠷ ᠨᠦᠬᠦᠭᠡ ᠡᠲᠡᠭᠡᠳ ᠲᠡᠭᠡᠨ ᠴᠠᠭ ᠲᠤᠬᠠᠶ ᠳᠤᠨᠢ ᠰᠢᠯᠵᠢᠭᠦᠯᠦᠨ ᠥᠭᠴᠦ ᠬᠦᠯᠢᠶᠡᠨ ᠠᠪᠴᠤ  ᠰᠢᠢᠳᠪᠦᠷᠢᠯᠡᠭᠦᠯᠦᠨ᠎ᠡ᠃ ᠬᠠᠷᠢᠭᠤᠴᠠᠯᠭ᠎ᠠ ᠲᠠᠢ  ᠨᠢᠭᠡᠴᠢ ᠨᠢ ᠲᠣᠳᠣᠷᠬᠠᠶ ᠦᠭᠡᠶ ᠪᠤᠶᠤ ᠲᠤᠰᠢᠶᠠᠯ ᠬᠠᠷᠢᠭᠤᠴᠠᠯᠭ᠎ᠠ ᠨᠢ ᠰᠣᠯᠪᠢᠴᠠᠵᠤ ᠪᠠᠶᠢᠪᠠᠯ᠂ ᠭᠤᠷᠪᠠᠨ ᠲᠠᠯ᠎ᠠ ᠶᠢᠨ ᠤᠲᠠᠰᠤ ᠪᠠᠷ ᠶᠠᠷᠢᠯᠴᠠᠬᠤ ︵ᠭᠤᠮᠣᠳᠠᠯ ᠲᠣᠭᠠᠴᠢᠭᠰᠠᠨ ᠲᠠᠯ᠎ᠠ᠂ 110᠂ 12345︶ ᠠᠷᠭ᠎ᠠ ᠮᠠᠶ᠋ᠢᠭ ᠢᠶᠠᠷ ᠪᠣᠳᠠᠲᠠᠶ ᠭᠤᠮᠣᠳᠠᠯ ᠲᠣᠭᠠᠴᠢᠯᠲᠠ ᠶᠢ ᠣᠶᠢᠯᠠᠭᠠᠭᠰᠠᠨ ᠤ ᠲᠠᠷᠠᠭ᠎ᠠ᠂ 12345 ᠪᠣᠯᠤᠨ 110 ᠪᠠᠷ ᠬᠦᠯᠢᠶᠠᠨ ᠠᠪᠴᠤ ᠰᠢᠢᠳᠪᠦᠷᠢᠯᠡᠬᠦ ᠲᠠᠪᠴᠠᠩ ᠢ ᠵᠥᠪᠳᠡᠯᠴᠡᠨ ᠲᠣᠭᠲᠠᠭᠠᠵᠤ ᠪᠣᠯᠤᠨ᠎ᠠ᠂ ᠵᠥᠪᠳᠡᠯᠴᠡᠭᠰᠡᠨ ᠤ ᠲᠠᠷᠠᠭ᠎ᠠ ᠮᠥᠨ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠤᠷᠢᠳᠠᠪᠠᠷ ᠠᠵᠤ ᠠᠬᠤᠶᠢᠯᠠᠯ ᠪᠠ ᠤᠯᠠᠨ ᠲᠦᠮᠡᠨ ᠤ ᠭᠤᠮᠣᠳᠠᠯ ᠲᠣᠭᠠᠴᠢᠯᠲᠠ ᠶᠢ ᠣᠯᠤᠭᠰᠠᠨ ᠲᠠᠪᠴᠠᠩ ᠠᠴᠠ ᠤᠷᠢᠳ ᠢᠶᠠᠷ ᠬᠦᠯᠢᠶᠠᠨ ᠠᠪᠴᠤ ᠰᠢᠢᠳᠪᠦᠷᠢᠯᠡᠨ᠎ᠡ᠂ ᠬᠡᠷᠪᠡ ᠬᠥᠮᠦᠨ ᠤ ᠪᠡᠶ᠎ᠡ ᠮᠠᠬᠠᠪᠣᠳ ᠪᠠ ᠡᠳ᠋ ᠬᠦᠷᠦᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠪᠠᠴᠢᠮ ᠪᠠᠶᠢᠳᠠᠯ ᠣᠷᠣᠰᠢᠵᠤ ᠪᠠᠶᠢᠪᠠᠯ᠂ 110 ᠪᠠᠷ ᠴᠠᠭ ᠲᠤᠬᠠᠶ ᠳᠤᠨᠢ ᠴᠠᠭᠳᠠᠭ᠎ᠠ ᠲᠣᠮᠢᠯᠠᠵᠤ ᠤᠷᠢᠳ ᠢᠶᠠᠷ ᠰᠢᠢᠳᠪᠦᠷᠢᠯᠡᠭᠦᠯᠦᠨ᠎ᠡ᠃ 12345 ᠪᠤᠶᠤ 110 ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠨᠦᠬᠦᠭᠡ ᠡᠲᠡᠭᠡᠳ ᠤᠨ ᠢᠶᠠᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠶᠢ ᠲᠣᠳᠣᠷᠬᠠᠶ ᠲᠣᠭᠲᠠᠭᠠᠭᠰᠠᠨ ᠵᠦᠢᠯᠡᠰ ᠢ ᠬᠦᠯᠢᠶᠡᠨ ᠠᠪᠤᠭᠰᠠᠨ ᠪᠠᠶᠢᠪᠠᠯ᠂ ᠨᠦᠬᠦᠭᠡ ᠡᠲᠡᠭᠡᠳ ᠲᠡᠭᠡᠨ ᠰᠦᠯᠵᠢᠶᠡᠨ ᠳᠡᠭᠡᠷ᠎ᠡ ᠰᠢᠯᠵᠢᠭᠦᠯᠦᠨ ᠥᠭᠴᠦ ᠬᠦᠯᠢᠶᠡᠨ ᠠᠪᠴᠤ  ᠰᠢᠢᠳᠪᠦᠷᠢᠯᠡᠭᠦᠯᠵᠦ ᠪᠣᠯᠤᠨ᠎ᠠ᠃ 12345 ᠪᠠ 110 ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠥᠬᠡᠶ  ᠵᠦᠢᠯᠡᠰ ᠢ ᠲᠣᠳᠣᠷᠬᠠᠶ ᠲᠣᠭᠲᠠᠭᠠᠬᠤ ᠳᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠵᠦᠶ ᠵᠣᠬᠢᠰᠲᠠᠶ ᠬᠥᠲᠥᠯᠦᠨ ᠵᠢᠯᠣᠭᠤᠳᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠥᠯᠢᠶᠡᠨ ᠠᠪᠴᠤ ᠰᠢᠢᠳᠪᠦᠷᠢᠯᠡᠬᠦ ᠶᠠᠪᠤᠴᠠ ᠳᠤ ᠣᠯᠵᠤ ᠮᠡᠳᠡᠭᠰᠡᠨ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠪᠣᠳᠠᠲᠤ ᠪᠠᠶᠢᠳᠠᠯ ᠲᠠᠢ ᠪᠠᠨ ᠨᠡᠶᠢᠴᠡᠬᠦ ᠥᠬᠡᠶ ᠪᠠᠶᠢᠪᠠᠯ᠂ ᠤᠷᠢᠳᠠᠪᠠᠷ ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠠᠴᠠ ᠬᠠᠮᠢᠶ᠎ᠠ ᠪᠥᠬᠦᠶ ᠪᠠᠶᠢᠳᠠᠯ ᠢ ᠴᠤᠭᠯᠠᠭᠤᠯᠤᠨ ᠡᠵᠡᠮᠰᠢᠬᠦ ᠶᠢ ᠬᠠᠷᠢᠭᠤᠴᠠᠬᠤ ᠶᠢᠨ ᠬᠠᠮᠲᠤ᠂ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠦᠷᠢᠶ᠎ᠡ ᠬᠡᠪᠴᠢᠶ᠎ᠡ ᠶᠢᠨ ᠬᠤᠪᠢᠶᠠᠷᠢᠯᠠᠯ︾ ᠤᠨ ᠠᠭᠤᠯᠭ᠎ᠠ ᠶᠣᠰᠣᠭᠠᠷ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠰᠢᠢᠳᠪᠦᠷᠢᠯᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠭᠤᠳ ᠬᠦᠷᠴᠦ ᠲᠦᠭᠰᠢᠭᠦᠷᠢ ᠮᠡᠳᠡᠭᠦᠯᠦᠭᠰᠡᠨ ᠴᠠᠭᠳᠠᠭᠠᠨ ᠤ ᠶᠠᠪᠤᠳᠠᠯ ᠤᠨ ᠪᠤᠰᠤ ᠴᠠᠭᠳᠠᠭᠠᠨ ᠤ ᠪᠠᠶᠢᠳᠠᠯ ᠢ ᠭᠥᠯᠢᠶᠡᠨ ᠠᠪᠤᠪᠠᠯ᠂ ᠭᠤᠮᠣᠳᠠᠯ ᠲᠣᠭᠠᠴᠢᠭᠰᠠᠨ ᠲᠠᠯ᠎ᠠ ᠶᠢ ᠬᠥᠲᠥᠯᠦᠨ ᠵᠢᠯᠣᠭᠤᠳᠴᠤ 12345 ᠤᠲᠠᠰᠤ ᠪᠠᠷ ᠤᠲᠠᠰᠤᠳᠠᠭᠤᠯᠤᠨ᠎ᠠ︔ ᠬᠤᠰᠢᠭᠤ ᠰᠢᠶᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠵᠣᠬᠢᠴᠠᠭᠤᠯᠤᠨ ᠰᠢᠢᠳᠪᠦᠷᠢᠯᠡᠬᠦ ᠶᠢᠨ ᠠᠷᠭ᠎ᠠ ᠥᠬᠡᠶ ᠶᠢ ᠨᠢ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠣᠭᠤᠳᠬᠤ ᠲᠥᠪ ᠠᠴᠠ ᠵᠣᠬᠢᠴᠠᠭᠤᠯᠤᠨ  ᠰᠢᠢᠳᠪᠦᠷᠢᠯᠡᠵᠦ ᠪᠣᠯᠤᠨ᠎ᠠ᠃    2. ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠲᠣᠭᠲᠠᠴᠠ᠃ 110 ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠢᠯᠠᠩᠭᠤᠶ᠎ᠠ ᠬᠦᠴᠦᠷᠬᠡᠭᠯᠡᠯ᠂ ᠬᠡᠲᠦᠷᠡᠮᠡᠬᠡᠶ ᠬᠡᠷᠡᠭ ᠢ ᠡᠭᠦᠰᠭᠡᠵᠦ ᠮᠡᠳᠡᠬᠦ ᠵᠥᠷᠢᠴᠡᠯ ᠵᠢᠭᠤᠷᠠᠯᠳᠤᠭᠠᠨ ᠢ ᠣᠯᠤᠭᠰᠠᠨ ᠦᠶ᠎ᠡ ᠳᠤ᠂ ᠲᠡᠷᠡ ᠳᠠᠷᠤᠶ ᠳᠤᠨᠢ ᠴᠠᠭᠳᠠᠭ᠎ᠠ ᠲᠣᠮᠢᠯᠠᠨ ᠰᠢᠢᠳᠪᠦᠷᠢᠯᠡᠭᠦᠯᠵᠦ᠂ 12345 ᠳᠤ ᠬᠠᠷᠢᠶᠠᠯᠠᠭᠳᠠᠬᠤ ᠭᠤᠮᠣᠳᠠᠯ ᠱᠠᠭᠠᠷᠳᠠᠯᠭ᠎ᠠ ᠶᠢ 110 ᠠᠴᠠ 12345 ᠳᠤ ᠰᠢᠯᠵᠢᠭᠦᠯᠦᠨ ᠲᠤᠰᠢᠶᠠᠵᠤ᠂ 12345 ᠠᠴᠠ ᠭᠤᠮᠣᠳᠠᠯ ᠱᠠᠭᠠᠷᠳᠠᠯᠭ᠎ᠠ ᠶᠢᠨ ᠤᠴᠢᠷ ᠶᠠᠪᠤᠳᠠᠯ ᠢ ᠬᠠᠷᠢᠶ᠎ᠠ ᠭᠠᠵᠠᠷ ᠤᠨ ᠬᠠᠯᠠᠭᠤᠨ ᠤᠲᠠᠰᠤᠨ ᠤ ᠬᠤᠪᠢᠶᠠᠷᠢ ᠲᠥᠪ ᠪᠠ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠰᠢᠯᠵᠢᠭᠦᠯᠦᠨ ᠰᠢᠢᠳᠪᠦᠷᠢᠯᠡᠭᠦᠯᠵᠦ᠂ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠵᠦ ᠂ ᠵᠥᠷᠢᠴᠡᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠠᠷᠢᠯᠭᠠᠬᠤ ᠶᠢ ᠲᠦᠯᠬᠢᠨ ᠠᠬᠢᠭᠤᠯᠤᠨ᠎ᠠ᠃ 12345 ᠪᠦᠷᠢᠯᠳᠦᠬᠦᠨ ᠨᠢᠭᠡᠴᠢ  ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠶᠤᠴᠢᠯᠠᠯ ᠢ ᠣᠯᠤᠭᠰᠠᠨ ᠤ ᠲᠠᠷᠠᠭ᠎ᠠ᠂ ᠲᠡᠷᠡ ᠳᠠᠷᠤᠶ ᠳᠤᠨᠢ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠂ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠴᠢᠬᠤᠯᠠᠲᠠᠶ ᠪᠠᠶᠢᠪᠠᠯ᠂ ᠴᠠᠭ ᠲᠤᠬᠠᠶ ᠳᠤᠨᠢ ᠬᠥᠮᠦᠨ ᠲᠣᠮᠢᠯᠠᠨ ᠲᠤᠬᠠᠶ ᠶᠢᠨ ᠲᠠᠯᠠᠪᠤᠷ ᠲᠤ ᠣᠴᠢᠭᠤᠯᠵᠤ ᠰᠢᠢᠳᠪᠦᠷᠢᠯᠡᠬᠦ ᠠᠵᠢᠯ ᠢ ᠥᠷᠨᠢᠭᠦᠯᠬᠦ ᠬᠡᠷᠡᠭᠲᠡᠶ᠃ 12345 ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠰᠦᠪᠡᠭᠴᠢ ᠪᠤᠶᠤ ᠠᠵᠢᠯᠲᠠᠨ ᠤ ᠮᠡᠳᠡᠭᠡ ᠵᠠᠩᠭᠢ ᠶᠢ ᠣᠯᠤᠭᠰᠠᠨ ᠪᠠᠶᠢᠪᠠᠯ᠂ ᠲᠡᠷᠡ ᠳᠠᠷᠤᠶ ᠳᠤᠨᠢ 110 ᠳᠤ ᠬᠦᠷᠭᠡᠵᠦ ᠰᠢᠢᠳᠪᠦᠷᠢᠯᠡᠭᠦᠯᠬᠦ  ᠬᠡᠷᠡᠭᠲᠡᠶ᠂ ᠵᠠᠰᠠᠭ ᠤᠨ ᠣᠷᠳᠣᠨ ᠤ ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠮᠵᠢᠯᠴᠠᠨ ᠰᠢᠢᠳᠪᠦᠷᠢᠯᠡᠬᠦ ᠴᠢᠬᠤᠯᠠᠲᠠᠶ ᠪᠠᠶᠢᠪᠠᠯ 12345 ᠨᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠶᠢ ᠬᠠᠷᠢᠭᠤᠴᠠᠨ᠎ᠠ᠃ 12345 ᠪᠤᠶᠤ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ ᠵᠥᠷᠢᠴᠡᠯ ᠵᠢᠭᠤᠷᠠᠯᠳᠤᠭᠠᠨ ᠰᠢᠷᠦᠭᠦᠰᠦᠭᠰᠡᠨ᠂ ᠬᠡᠷᠡᠭ ᠤᠨ ᠪᠠᠶᠢᠳᠠᠯ ᠢ ᠡᠵᠡᠮᠳᠡᠬᠦ ᠳᠤ ᠪᠡᠷᠬᠡᠲᠡᠶ ᠪᠤᠶᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢ ᠣᠯᠵᠤ ᠮᠡᠳᠡᠪᠡᠯ᠂ ᠲᠡᠷᠡ ᠳᠠᠷᠤᠶ ᠳᠤᠨᠢ 110 ᠴᠠᠭᠳᠠᠭ᠎ᠠ ᠲᠠᠢ ᠬᠤᠯᠪᠣᠭᠠᠯᠠᠨ ᠴᠠᠭᠳᠠᠭ᠎ᠠ ᠪᠠᠷ ᠰᠢᠢᠳᠪᠦᠷᠢᠯᠡᠭᠦᠯᠬᠦ  ᠬᠡᠷᠡᠭᠲᠡᠶ᠃ ᠡᠯ᠎ᠡ  ᠨᠢᠭᠡᠴᠢ ᠨᠦᠭᠦᠳ ᠠᠩᠬ᠎ᠠ ᠵᠣᠯᠭᠠᠭᠤᠯᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠪᠤᠰᠤᠳ  ᠨᠢᠭᠡᠴᠢ ᠪᠤᠶᠤ ᠰᠠᠯᠠᠭ᠎ᠠ ᠮᠥᠴᠢᠷ ᠤᠨ ᠬᠠᠷᠢᠶᠠᠯᠠᠬᠤ ᠶᠣᠰᠣᠲᠠᠶ ᠶᠢ ᠣᠯᠵᠤ ᠮᠡᠳᠡᠪᠡᠯ᠂ ᠤᠷᠢᠳᠠᠪᠠᠷ  ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠲᠣᠭᠲᠠᠭᠠᠯ ᠶᠣᠰᠣᠭᠠᠷ ᠰᠢᠯᠵᠢᠭᠦᠯᠦᠨ ᠲᠤᠰᠢᠶᠠᠬᠤ ᠬᠡᠷᠡᠭᠲᠡᠶ᠃    3. ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠃ 12345᠂ 110 ᠪᠣᠯᠤᠨ 119᠂ 120᠂ 122 ᠵᠡᠷᠭᠡ ᠪᠠᠴᠢᠮ ᠬᠠᠯᠠᠭᠤᠨ ᠤᠲᠠᠰᠤ ᠪᠣᠯᠤᠨ ᠤᠰᠤ ᠴᠠᠬᠢᠯᠭᠠᠨ ᠬᠡᠢ ᠢᠯᠴᠢ ᠵᠡᠷᠭᠡ ᠣᠯᠠᠨ ᠨᠡᠶᠢᠲᠡ ᠶᠢᠨ ᠠᠵᠢᠯ ᠦᠢᠯᠡᠰ ᠤᠨ ᠦᠢᠯᠡᠴᠢᠯᠡᠭᠡᠨ ᠤ ᠬᠠᠯᠠᠭᠤᠨ ᠤᠲᠠᠰᠤ ᠶᠢᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠭᠰᠠᠨ ᠲᠣᠭᠲᠠᠴᠠ ᠶᠢ ᠪᠠᠶᠢᠭᠤᠯᠵᠤ᠂ 12345 ᠬᠠᠯᠠᠭᠤᠨ ᠤᠲᠠᠰᠤᠨ ᠤ ᠲᠠᠪᠴᠠᠩ ᠠᠴᠠ ᠸᠢᠴᠠᠲ᠂ ᠳ᠋ᠢᠶᠠᠩᠬᠤᠸᠠ ᠵᠡᠷᠭᠡ ᠠᠷᠭ᠎ᠠ ᠮᠠᠶ᠋ᠢᠭ ᠢᠶᠠᠷ ᠪᠥᠬᠦ ᠠᠶᠢᠮᠠᠭ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠪᠠᠴᠢᠮ ᠬᠤᠯᠪᠣᠭ᠎ᠠ ᠠᠪᠴᠤ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠪᠠᠶᠢᠭᠠᠯᠢ ᠶᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠡᠭᠦᠰᠪᠡᠯ᠂ ᠲᠦᠷᠭᠡᠨ ᠳᠠᠭᠠᠵᠤ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠠᠭ ᠲᠤᠬᠠᠶ ᠳᠤᠨᠢ᠂ ᠲᠤᠰᠬᠠᠶ ᠮᠡᠷᠭᠡᠵᠢᠯ ᠤᠨ᠂ ᠥᠨᠳᠥᠷ ᠪᠦᠲᠦᠮᠵᠢᠲᠡᠶ ᠪᠠᠷ ᠪᠠᠴᠢᠮ ᠠᠪᠤᠷᠠᠨ ᠲᠤᠰᠠᠯᠠᠬᠤ ᠦᠶ᠋ᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ 12345 ᠪᠣᠯᠤᠨ 110 ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠥᠰᠦᠯ ᠢ ᠪᠠᠶᠢᠭᠤᠯᠤᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ᠂ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠬᠦᠨᠳᠦ ᠶᠡᠭᠡ ᠣᠯᠠᠨ ᠨᠡᠶᠢᠲᠡ ᠶᠢᠨ ᠠᠮᠤᠷ ᠲᠦᠪᠰᠢᠨ ᠤ ᠠᠳᠡᠯ ᠤᠨ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠬᠤ ᠳᠤ ᠬᠦᠷᠪᠡᠯ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠴᠠᠭᠳᠠᠭᠠᠨ ᠤ ᠬᠦᠴᠦᠨ ᠪᠠ ᠬᠠᠮᠲᠤᠷᠠᠨ ᠬᠥᠳᠡᠯᠦᠯᠴᠡᠬᠦ ᠨᠢᠭᠡᠴᠡ ᠶᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠤᠷᠢᠳᠠᠪᠠᠷ  ᠰᠢᠢᠳᠪᠦᠷᠢᠯᠡᠵᠦ᠂ 12345 ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠲᠤᠰᠬᠠᠶ ᠮᠡᠷᠭᠡᠵᠢᠯ ᠢᠶᠠᠷ ᠰᠢᠢᠳᠪᠦᠷᠢᠯᠡᠬᠦ ᠬᠡᠷᠡᠭᠲᠡᠶ᠂ ᠬᠡᠷᠪᠡ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠬᠦᠨᠳᠦ ᠨᠣᠴᠢᠲᠠᠶ ᠬᠦᠷᠦᠯᠴᠡᠬᠦ ᠥᠬᠡᠶ ᠪᠠᠶᠢᠳᠠᠯ ᠭᠠᠷᠪᠠᠯ᠂ 12345 ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠤᠰᠤᠳ ᠠᠯᠤᠰ ᠡᠵᠡᠮᠰᠢᠯ ᠤᠨ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠳᠡᠮᠵᠢᠯᠭᠡ ᠦᠵᠡᠭᠦᠯᠦᠨ᠎ᠡ᠃   4. ᠵᠥᠪᠳᠡᠯᠴᠡᠨ ᠰᠣᠯᠢᠯᠴᠠᠬᠤ ᠲᠣᠭᠲᠠᠴᠠ᠃ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠷᠢᠶᠠᠯᠠᠯ ᠤᠨ ᠮᠠᠷᠭᠤᠯᠳᠤᠭᠠᠨ ᠣᠷᠣᠰᠢᠵᠤ ᠪᠠᠶᠢᠬᠤ᠂ ᠲᠤᠰᠢᠶᠠᠯ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠤ ᠰᠡᠵᠢᠭᠯᠡᠯ ᠲᠠᠢ ᠪᠠᠶᠢᠬᠤ ᠣᠯᠠᠨᠲᠠ ᠭᠤᠶᠤᠴᠢᠯᠠᠬᠤ ᠵᠦᠢᠯᠡᠰ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠡᠪᠴᠢᠶ᠎ᠡ ᠶᠢ ᠨᠢᠭᠡᠳ ᠨᠢᠭᠡ ᠪᠠᠷ ᠲᠣᠳᠣᠷᠬᠠᠶᠢᠯᠠᠵᠤ᠂ ᠬᠠᠷᠢᠶᠠᠯᠠᠯ ᠤᠨ ᠪᠡᠶᠡᠴᠢ ᠴᠣᠭᠴᠠ ᠶᠢ ᠲᠣᠳᠣᠷᠬᠠᠶ ᠪᠣᠯᠭᠠᠵᠤ᠂ ᠰᠢᠢᠳᠪᠦᠷᠢᠯᠡᠬᠦ ᠵᠢᠷᠤᠮᠵᠢᠯ ᠢ ᠲᠣᠭᠲᠠᠭᠠᠵᠤ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠬᠠᠮᠢᠶᠠᠷᠬᠤ ᠬᠥᠮᠦᠨ ᠲᠠᠢ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ 12345 ᠪᠣᠯᠤᠨ 110 ᠶᠢᠨ ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠭᠤᠨ ᠤᠲᠠᠰᠤ ᠪᠣᠯᠤᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ ᠢ ᠦᠨᠳᠦᠰᠦᠯᠡᠨ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠭᠤᠨ ᠤᠲᠠᠰᠤᠨ ᠤ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ ᠪᠤᠰᠤ ᠭᠤᠮᠣᠳᠠᠯ ᠱᠠᠭᠠᠷᠳᠠᠯᠭ᠎ᠠ ᠶᠢ 12345 ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠲᠥᠷᠥᠯ ᠤᠨ ᠭᠤᠮᠣᠳᠠᠯ ᠱᠠᠭᠠᠷᠳᠠᠯᠭ᠎ᠠ ᠶᠢ 110 ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠵᠥᠪᠳᠡᠯᠴᠡᠬᠦ ᠳᠤ ᠭᠤᠮᠣᠳᠠᠯ ᠱᠠᠭᠠᠷᠳᠠᠯᠭ᠎ᠠ ᠳᠤ ᠬᠤᠯᠪᠣᠭᠳᠠᠬᠤ ᠰᠠᠯᠠᠭ᠎ᠠ ᠮᠥᠴᠢᠷ ᠤᠨ ᠡᠷᠭᠢᠯᠡᠨ ᠬᠠᠮᠢᠶᠠᠷᠬᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠵᠥᠪᠳᠡᠯᠴᠡᠭᠡᠳ ᠰᠢᠶ᠋ᠳᠪᠦᠷᠢᠯᠡᠵᠦ ᠳᠡᠶᠢᠯᠬᠦ ᠥᠬᠡᠶ ᠭᠤᠮᠣᠳᠠᠯ ᠱᠠᠭᠠᠷᠳᠠᠯᠭ᠎ᠠ ᠶᠢ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠤᠨ᠎ᠠ᠃ 12345 ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠮᠢᠶ᠎ᠠ ᠪᠥᠬᠦᠶ ᠪᠦᠷᠢᠯᠳᠦᠬᠦᠨ  ᠨᠢᠭᠡᠴᠢ  ᠨᠦᠭᠦᠳ ᠠᠵᠢᠯ ᠤᠨ ᠠᠵᠢᠯᠯᠠᠭᠠᠨ ᠤ ᠪᠠᠶᠢᠳᠠᠯ ᠢᠶᠠᠨ ᠮᠡᠳᠡᠭᠳᠡᠵᠦ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ᠂ ᠬᠠᠷᠢᠯᠴᠠᠨ ᠠᠵᠢᠯᠲᠠᠨ ᠲᠣᠮᠢᠯᠠᠵᠤ ᠨᠥᠭᠦᠭᠡ ᠡᠲᠡᠭᠡᠳ ᠤᠨ ᠢᠶᠠᠨ ᠲᠠᠪᠴᠠᠩ ᠳᠤ ᠰᠠᠭᠤᠯᠭᠠᠬᠤ ᠪᠤᠶᠤ ᠨᠢᠭᠡ ᠴᠤᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠶ᠋ᠳᠪᠦᠷᠢᠯᠡᠨ᠎ᠡ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 12345 ᠪᠣᠯᠤᠨ 110 ᠬᠤᠤᠰ ᠴᠢᠭᠯᠡᠯ ᠢᠶᠠᠷ ᠰᠠᠯᠭᠠᠨ ᠶᠠᠪᠤᠭᠤᠯᠤᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠥᠨᠳᠥᠷ ᠳᠠᠪᠲᠠᠮᠵᠢ ᠶᠢᠨ ᠬᠡᠷᠡᠭ ᠢ ᠵᠠᠳᠠᠯᠤᠨ ᠰᠢᠨᠵᠢᠯᠡᠵᠦ᠂ ᠬᠡᠯᠪᠡᠷᠢᠯ ᠤᠨ ᠴᠢᠨᠠᠷᠲᠠᠶ᠂ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠡᠷᠢᠨ ᠭᠠᠷᠭᠠᠵᠤ᠂ ᠬᠠᠯᠠᠭᠤᠨ ᠴᠡᠭ ᠤᠨ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠷᠢᠭᠤ ᠥᠭᠬᠦ᠂ ᠭᠡᠨᠡᠳᠲᠡ ᠶᠢᠨ ᠬᠡᠷᠡᠭ ᠢ ᠴᠠᠭ ᠲᠤᠬᠠᠶ ᠳᠤᠨᠢ ᠤᠷᠢᠳᠴᠢᠯᠠᠨ ᠰᠡᠷᠡᠮᠵᠢᠯᠡᠭᠦᠯᠬᠦ ᠶᠢ ᠪᠡᠶᠡᠯᠡᠭᠦᠯᠦᠨ᠂ ᠲᠤᠰᠠᠯᠠᠬᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃    5. ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ᠃ 12345 ᠪᠠ 110 ᠰᠢᠪᠠᠳᠠᠨ  ᠰᠢᠢᠳᠪᠦᠷᠢᠯᠡᠬᠦᠯᠬᠦ᠂ ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠷᠭᠢᠯᠲᠡ ᠶᠢᠨ ᠠᠯᠪᠠᠨ ᠬᠡᠷ ᠤᠨ ᠪᠣᠳᠠᠲᠠᠶ ᠲᠦᠷᠢᠮ ᠪᠠ ᠵᠦᠢᠯᠡᠰ ᠤᠨ ᠨᠠᠷᠢᠨ ᠲᠠᠩᠰᠠ ᠶᠢ ᠨᠠᠷᠢᠯᠢᠬᠵᠢᠭᠤᠯᠤᠨ ᠬᠤᠪᠢᠶᠠᠵᠤ᠂ ᠭᠤᠮᠣᠳᠠᠯ ᠱᠠᠭᠠᠷᠳᠠᠯᠭ᠎ᠠ ᠶᠢ  ᠭᠦᠢᠴᠡᠳᠭᠡᠬᠦ ᠨᠢᠭᠡᠴᠢ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠵᠡᠷᠭᠡ  ᠭᠦᠢᠴᠡᠳᠭᠡᠯ ᠲᠤᠭ᠎ᠠ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠨ᠎ᠠ᠃ ᠰᠢᠪᠠᠳᠠᠨ  ᠰᠢᠢᠳᠪᠦᠷᠢᠯᠡᠬᠦᠯᠬᠦ ᠬᠠᠭᠤᠳᠠᠰᠤ᠂ ᠲᠤᠰᠬᠠᠶ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ ᠵᠦᠢᠯ  ᠤᠨ ᠠᠷᠭ᠎ᠠ ᠮᠠᠶ᠋ᠢᠭ ᠢ ᠬᠡᠷᠡᠭᠯᠡᠨ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ  ᠨᠢᠭᠡᠴᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ᠂ ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ᠂ ᠲᠡᠷᠡ ᠳᠠᠷᠤᠶ ᠳᠤᠨᠢ ᠰᠢᠯᠵᠢᠭᠦᠯᠦᠨ  ᠰᠢᠢᠳᠪᠦᠷᠢᠯᠡᠭᠦᠯᠬᠦ᠂ ᠴᠠᠭ ᠬᠢᠵᠠᠭᠠᠷᠯᠠᠨ ᠭᠦᠢᠴᠡᠳᠭᠡᠬᠦ᠂ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠬᠦ ᠶᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ 12345᠂ 110 ᠦᠨᠡᠯᠡᠨ ᠵᠢᠱᠢᠬᠦ ᠪᠦᠷᠢᠨ ᠲᠡᠭᠦᠯᠳᠡᠷ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ᠂ ᠭᠤᠮᠣᠳᠠᠯ ᠱᠠᠭᠠᠷᠳᠠᠯᠭ᠎ᠠ ᠶᠢ  ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 12345 ᠶᠢ ᠲᠦᠭᠰᠢᠭᠦᠷᠢ ᠭᠥᠯᠢᠶᠡᠨ ᠠᠪᠴᠤ ᠰᠢᠢᠳᠪᠦᠷᠢᠯᠡᠬᠦ 110 ᠰᠢᠰᠲ᠋ᠧᠮ ᠳᠤ ᠰᠢᠯᠵᠢᠭᠦᠯᠦᠭᠰᠡᠨ  ᠵᠦᠢᠯᠡᠰ  ᠲᠤ᠂ 110 ᠶᠢ ᠬᠤᠯᠪᠣᠭᠳᠠᠯ ᠪᠥᠬᠦᠶ ᠪᠦᠷᠢᠯᠳᠦᠬᠦᠨ  ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠬᠡᠷᠡᠭᠲᠡᠶ᠂ 12345 ᠶᠢᠨ ᠪᠦᠷᠢᠯᠳᠦᠬᠦᠨ  ᠨᠢᠭᠡᠴᠢ  ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠥᠬᠡᠶ︔ 110 ᠪᠠᠶᠢᠭᠰᠠᠨ ᠠᠴᠠ 12345 ᠳᠤ ᠰᠢᠯᠵᠢᠭᠰᠡᠨ ᠵᠦᠢᠯᠡᠰ ᠲᠤ 12345 ᠨᠢ ᠬᠤᠯᠪᠣᠭᠳᠠᠯ ᠪᠥᠬᠦᠶ ᠪᠦᠷᠢᠯᠳᠦᠬᠦᠨ  ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠨ᠎ᠠ᠂ 110 ᠨᠢ ᠪᠦᠷᠢᠯᠳᠦᠬᠦᠨ ᠨᠢᠭᠡᠴᠡ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠥᠬᠡᠶ᠃    ᠵᠢᠷᠭᠤᠭ᠎ᠠ᠂ ᠲᠠᠪᠴᠠᠩ ᠢ ᠵᠣᠯᠭᠠᠭᠤᠯᠬᠤ    ᠰᠢᠰᠲ᠋ᠧᠮ ᠤᠨ ᠲᠤᠯᠭᠠᠭᠤᠷᠢᠯᠠᠯ ᠪᠠ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠴᠢᠩᠭᠠᠳᠬᠠᠨ᠎ᠠ᠃ 12345 ᠪᠣᠯᠤᠨ 110 ᠥᠨᠳᠥᠷ ᠪᠦᠲᠦᠮᠵᠢᠲᠡᠢ ᠪᠠᠷ ᠵᠣᠯᠭᠠᠭᠤᠯᠵᠤ ᠬᠤᠯᠪᠣᠭᠠᠯᠠᠨ ᠬᠥᠳᠡᠯᠦᠯᠴᠡᠬᠦ ᠶᠢᠨ ᠲᠣᠭᠤᠷᠢᠨ ᠳᠤ᠂ ᠬᠤᠶᠠᠷ ᠲᠠᠯ᠎ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ᠂ ᠶᠡᠷᠦᠩᠬᠡᠶᠢᠯᠡᠨ ᠬᠡᠷᠡᠭᠯᠡᠬᠦ ᠶᠢ ᠠᠬᠢᠭᠤᠯᠵᠤ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ᠂ ᠣᠷᠣᠨ ᠬᠡᠰᠡᠭ ᠤᠨ ᠬᠡᠯᠬᠢ᠊ ᠡᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ᠂ ᠲᠠᠪᠴᠠᠩ ᠢ ᠵᠣᠯᠭᠠᠭᠤᠯᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠦᠷᠳᠡᠭ ᠢ ᠠᠭᠤᠳᠠᠯᠬᠤ ᠶᠢ ᠲᠦᠷᠭᠡᠨ ᠪᠡᠶᠡᠯᠡᠭᠦᠯᠦᠨ᠎ᠡ᠃    1. ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠤᠨ᠎ᠠ᠃ ︽ᠰᠢᠰᠲ᠋ᠧᠮ ᠢ ᠠᠭᠤᠰᠤᠯᠴᠠᠭᠤᠯᠤᠨ ᠵᠠᠯᠭᠠᠬᠤ᠂ ᠲᠤᠭ᠎ᠠ ᠪᠠᠷᠢᠮᠲᠠ ᠶᠢ ᠠᠭᠤᠰᠤᠯᠴᠠᠭᠤᠯᠤᠨ᠂ ᠲᠣᠭᠲᠠᠴᠠ ᠶᠢ ᠠᠭᠤᠰᠤᠯᠴᠠᠭᠤᠯᠤᠨ ᠰᠢᠯᠢᠳᠡᠭᠵᠢᠭᠦᠯᠬᠦ︾ ᠶᠡᠷᠦᠩᠬᠡᠶ ᠰᠡᠳᠬᠢᠮᠵᠢ ᠶᠢᠨ ᠶᠣᠰᠣᠭᠠᠷ᠂ 12345 ᠪᠠ 110 ᠠᠵᠢᠯ ᠤᠨ ᠲᠠᠪᠴᠠᠩ ᠢ ᠨᠡᠪᠲᠡᠷᠡᠭᠦᠯᠵᠦ᠂ ᠠᠵᠢᠯ ᠤᠨ ᠬᠠᠭᠤᠳᠠᠰᠤ᠂ ᠴᠠᠭᠳᠠᠭᠠᠨ ᠤ ᠬᠠᠭᠤᠳᠠᠰᠤ ᠶᠢᠨ ᠬᠠᠷᠢᠯᠴᠠᠨ ᠨᠡᠪᠲᠡᠷᠡᠬᠦ ᠵᠠᠮ ᠢ ᠪᠠᠶᠢᠭᠤᠯᠤᠨ᠂ ᠵᠣᠯᠭᠠᠭᠤᠯᠬᠤ  ᠵᠦᠢᠯᠡᠰ ᠢ ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠳᠠᠭᠠᠵᠤ ᠰᠢᠮᠳᠠᠭᠤᠯᠤᠨ  ᠭᠦᠢᠴᠡᠳᠭᠡᠬᠦ᠂ ᠬᠠᠷᠢᠭᠤ ᠲᠤᠰᠬᠠᠵᠤ ᠬᠠᠷᠢᠭᠤ ᠰᠤᠷᠪᠤᠯᠵᠢᠯᠠᠬᠤ᠂ ᠣᠶᠤᠨᠴᠢ ᠪᠠᠷ ᠬᠢᠨᠠᠨ ᠬᠠᠮᠢᠶᠠᠷᠬᠤ ᠪᠢᠲᠡᠭᠦᠤ ᠴᠠᠭᠠᠷᠢᠭ ᠠᠵᠢᠯᠯᠠᠭᠠᠨ ᠤ ᠵᠠᠭᠪᠤᠷ ᠢ ᠪᠡᠶᠡᠯᠡᠭᠦᠯᠦᠨ᠎ᠡ᠃ 12345 ᠪᠣᠯᠤᠨ 110 ᠨᠢ ᠬᠠᠷᠢᠯᠴᠠᠨ ᠠᠵᠢᠯᠳᠠᠨ ᠲᠣᠮᠢᠯᠠᠨ ᠰᠠᠭᠤᠯᠭᠠᠵᠤ᠂ ᠬᠠᠮᠵᠢᠯᠴᠠᠨ ᠰᠢᠢᠳᠪᠦᠷᠢᠯᠡᠬᠦ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠤᠶᠤᠨᠴᠢᠯᠠᠬᠤ ᠶᠢ ᠠᠬᠢᠭᠤᠯᠬᠤ ᠬᠡᠷᠡᠭᠲᠡᠢ᠃    2. ᠳ᠋ᠠᠶᠢᠲ᠋ᠠ ᠶᠢᠨ ᠠᠮᠤᠷ ᠲᠦᠪᠰᠢᠨ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ 12345 ᠪᠠ 110 ᠣᠲᠣ ᠶᠢᠨ ᠪᠠᠶᠢᠭ᠎ᠠ ᠰᠢᠰᠲ᠋ᠧᠮ ᠳᠤ ᠲᠦᠰᠢᠭᠯᠡᠨ᠂ ᠪᠥᠬᠦ ᠣᠷᠣᠨ ᠤ ᠨᠢᠭᠡᠳᠦᠯᠲᠡᠶ ᠵᠢᠷᠤᠮᠵᠢᠭᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ᠂ ᠠᠵᠢᠯ ᠤᠨ ᠬᠠᠭᠤᠳᠠᠰᠤ ᠪᠠ ᠴᠠᠭᠳᠠᠭᠠᠨ ᠤ ᠬᠠᠭᠤᠳᠠᠰᠤ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ ᠲᠤᠰᠬᠠᠬᠤ ᠲᠥᠷᠥᠯ ᠵᠦᠢᠯ ᠵᠡᠷᠭᠡ ᠰᠠᠭᠤᠷᠢ ᠲᠤᠭ᠎ᠠ ᠪᠠᠷᠢᠮᠲᠠ ᠪᠠ ᠭᠤᠤᠯ ᠰᠡᠳᠦᠪᠲᠦ ᠬᠡᠷᠡᠭᠯᠡᠭᠡᠨ ᠤ ᠲᠤᠭ᠎ᠠ ᠪᠠᠷᠢᠮᠲᠠ ᠶᠢ ᠭᠥᠯᠢᠶᠡᠨ ᠠᠪᠴᠤ  ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠡᠮᠬᠢᠯᠡᠨ ᠳᠢᠭᠯᠡᠵᠦ᠂ ᠬᠤᠯᠪᠣᠭᠠᠯᠠᠨ ᠨᠡᠪᠲᠡᠷᠡᠯᠴᠡᠬᠦ ᠪᠠᠷᠢᠮᠵᠢᠶ᠎ᠠ ᠶᠢ ᠵᠣᠯᠭᠠᠭᠤᠯᠤᠨ᠂ ᠲᠤᠭ᠎ᠠ ᠪᠠᠷᠢᠮᠲᠠ ᠶᠢᠨ ᠠᠭᠤᠰᠤᠯᠴᠠᠬᠤ ᠬᠡᠪᠴᠢᠶ᠎ᠡ ᠶᠢ ᠵᠣᠯᠭᠠᠭᠤᠯᠤᠨ᠎ᠠ᠃ ︽ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠲᠤ ᠪᠠᠷ ᠡᠳ᠋ᠯᠡᠬᠦ ᠦᠭᠡᠶ ᠪᠠᠷ ᠣᠨᠴᠠᠭᠠᠶ ᠵᠦᠢᠯ ᠪᠣᠯᠭᠠᠬᠤ︾ ᠶᠢ ᠪᠠᠷᠢᠮᠲᠠᠯᠠᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ 12345 ᠪᠣᠯᠤᠨ 110 ᠶᠢ ᠰᠠᠯᠭᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢᠯᠡᠰ ᠤᠨ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠳᠤ ᠦᠢᠯᠡᠴᠢᠯᠡᠭᠡᠨ ᠤ ᠵᠠᠯᠭᠠᠰᠤ ᠶᠢ ᠬᠤᠣᠰ ᠴᠢᠭᠯᠡᠯ ᠢᠶᠠᠷ ᠬᠠᠮᠲᠤ ᠪᠠᠷ ᠡᠳ᠋ᠯᠡᠬᠦ ᠠᠷᠭ᠎ᠠ ᠬᠡᠮᠵᠢᠶ᠎ᠡ ᠠᠪᠴᠤ᠂ ᠳᠤᠮᠳᠠᠬᠢ ᠳ᠋ᠠᠶᠢᠲ᠋ᠠ ᠶᠢᠨ ᠬᠥᠮᠥᠷᠭᠡ ᠶᠢᠨ ᠬᠠᠮᠲᠤᠪᠠᠷ ᠡᠳ᠋ᠯᠡᠬᠦ ᠳ᠋ᠠᠶᠢᠲ᠋ᠠ ᠶᠢ ᠬᠠᠮᠲᠤᠪᠠᠷ ᠪᠠᠶᠢᠭᠤᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠠᠵᠢᠯ ᠤᠨ ᠬᠠᠭᠤᠳᠠᠰᠤ ᠰᠡᠷᠡᠮᠵᠢ ᠶᠢᠨ ᠬᠠᠭᠤᠳᠠᠰᠤ ᠶᠢ ᠬᠤᠣᠰ ᠴᠢᠭᠯᠡᠯ ᠢᠶᠠᠷ ᠡᠷᠭᠢᠯᠳᠦᠭᠦᠯᠵᠦ᠂ ᠬᠠᠷᠢᠭᠤ ᠲᠤᠰᠬᠠᠯ ᠤᠨ ᠪᠢᠲᠡᠭᠦᠦ ᠴᠠᠭᠠᠷᠢᠭ ᠤᠨ ᠠᠵᠢᠯᠯᠠᠭᠠᠨ ᠢ ᠬᠦᠯᠢᠶᠡᠨ ᠠᠪᠴᠤ  ᠰᠢᠢᠳᠪᠦᠷᠢᠯᠡᠨ᠎ᠡ᠃ ᠬᠡᠷᠡᠭᠯᠡᠭᠡᠨ ᠤ ᠬᠤᠶᠠᠷ ᠲᠠᠯ᠎ᠠ ᠶᠢᠨ ᠮᠡᠳᠡᠯᠭᠡ ᠶᠢᠨ ᠬᠥᠮᠥᠷᠭᠡ᠂ ᠲᠤᠰᠬᠠᠶ ᠮᠡᠷᠭᠡᠵᠢᠯᠲᠡᠨ ᠤ ᠬᠥᠮᠥᠷᠭᠡ ᠵᠡᠷᠭᠡ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢᠨ ᠬᠠᠮᠲᠤ ᠬᠠᠷᠢᠯᠴᠠᠨ ᠣᠶᠢᠯᠠᠭᠠᠵᠤ ᠮᠡᠳᠡᠬᠦ ᠪᠤᠰᠤᠳ  ᠵᠦᠢᠯᠡᠰ‌ᠢ ᠬᠠᠮᠲᠤ ᠪᠠᠷ ᠡᠳ᠋ᠯᠡᠬᠦ ᠪᠠᠷ ᠵᠥᠪᠳᠡᠯᠴᠡᠨ ᠲᠣᠭᠲᠠᠭᠠᠵᠤ᠂ ᠣᠶᠢᠯᠠᠭᠠᠵᠤ ᠮᠡᠳᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠪᠠᠶᠢᠴᠠᠭᠠᠵᠤ ᠪᠣᠯᠬᠤ᠂ ᠨᠡᠬᠡᠮᠵᠢᠯᠡᠵᠦ ᠪᠣᠯᠬᠤ᠂ ᠬᠡᠷᠡᠭᠯᠡᠵᠦ ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠪᠠᠶᠢᠩᠭᠤᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ ᠪᠠᠶᠢᠳᠠᠯ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠰᠤᠳᠤᠯᠤᠨ ᠮᠠᠭᠠᠳᠯᠠᠬᠤ ᠶᠢ ᠪᠡᠶᠡᠯᠡᠭᠦᠯᠦᠨ᠎ᠡ᠃    3. ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ 12345 ᠪᠣᠯᠤᠨ 110 ᠨᠢ ᠲᠤᠰ ᠲᠠᠯ᠎ᠠ ᠶᠢᠨ ᠲᠠᠪᠴᠠᠩ ᠤᠨ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠥᠨᠳᠥᠷ ᠳᠠᠪᠲᠠᠮᠵᠢ ᠶᠢᠨ ᠯᠠᠪᠯᠠᠯᠭ᠎ᠠ ᠶᠢᠨ ᠲᠥᠷᠥᠯ ᠤᠨ ᠠᠰᠠᠭᠤᠳᠠᠯ᠂ ᠥᠨᠳᠥᠷ ᠳᠠᠪᠲᠠᠮᠵᠢ ᠶᠢᠨ ᠰᠢᠯᠵᠢᠭᠦᠯᠦᠨ ᠭᠦᠢᠴᠡᠳᠬᠡᠬᠦ ᠤᠴᠢᠷ ᠶᠠᠪᠤᠳᠠᠯ ᠢ ᠡᠮᠬᠢᠯᠡᠨ ᠳᠢᠭᠯᠡᠵᠦ᠂ ᠬᠤᠯᠪᠣᠭᠳᠠᠯ ᠢᠶᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠴᠠᠭᠳᠠᠭ᠎ᠠ ᠶᠢᠨ ᠪᠠᠶᠢᠳᠠᠯ ᠢ ᠠᠮᠤᠷ ᠲᠦᠪᠰᠢᠨ ᠪᠣᠯᠭᠠᠵᠤ᠂ ᠠᠷᠠᠳ ᠤᠨ ᠰᠠᠨᠠᠭᠠᠨ ᠤ ᠬᠠᠯᠠᠮᠰᠢᠯ ᠴᠡᠭ᠂ ᠠᠶᠤᠯ ᠲᠦᠭᠰᠢᠭᠦᠷᠢ ᠶᠢᠨ ᠳᠠᠯᠳᠠ ᠬᠡᠮ᠂ ᠵᠥᠷᠢᠴᠡᠯ ᠠᠰᠠᠭᠤᠳᠠᠯ ᠢ ᠪᠦᠲᠦᠮᠵᠢᠲᠡᠶ ᠵᠢᠭᠰᠠᠭᠠᠨ ᠪᠠᠶᠢᠴᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠲᠠᠢ ᠪᠠᠨ ᠤᠶᠠᠯᠳᠤᠭᠤᠯᠤᠨ ᠲᠣᠰ ᠲᠣᠰ ᠲᠤᠨᠢ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠬᠠᠮᠲᠤᠷᠠᠨ ᠰᠤᠳᠤᠯᠤᠨ ᠮᠠᠭᠠᠳᠯᠠᠬᠤ᠂ ᠲᠤᠰᠬᠠᠶ ᠰᠡᠳᠦᠪ ᠢᠶᠠᠷ ᠰᠤᠳᠤᠯᠤᠨ ᠮᠠᠭᠠᠳᠯᠠᠬᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ 12345 ᠬᠢᠭᠡᠳ 110 ᠥᠨᠳᠥᠷ ᠪᠦᠲᠦᠮᠵᠢᠲᠡᠶ ᠵᠣᠯᠭᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠦᠨᠡᠨᠬᠦ ᠠᠬᠢᠭᠤᠯᠵᠤ᠂ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠨ᠂ ᠴᠠᠭᠳᠠᠭᠠᠨ ᠤ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠬᠤ ᠶᠢ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠪᠠᠷ ᠰᠠᠯᠭᠠᠨ ᠲᠣᠬᠢᠷᠠᠭᠤᠯᠵᠤ᠂ ᠬᠠᠮᠵᠢᠯᠴᠠᠨ  ᠦᠢᠯᠡᠴᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠤᠳᠤᠷᠢᠳᠤᠯᠭ᠎ᠠ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠦᠢᠯᠡᠴᠢᠯᠡᠨ᠎ᠡ᠃    ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ᠡᠯ᠎ᠡ ᠭᠠᠵᠠᠷ ᠤᠨ ᠬᠢᠨ 12345 ᠪᠣᠯᠤᠨ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ ᠪᠤᠳᠤᠯ ᠢᠶᠠᠨ ᠦᠨᠡᠨᠬᠦ ᠴᠢᠩᠭᠠᠳᠬᠠᠵᠤ᠂ 12345 ᠲᠠᠪᠴᠠᠩ ᠪᠣᠯᠤᠨ 110 ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠵᠤ᠂ ᠪᠠᠲᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ 12345 ᠶᠢ ᠬᠦᠯᠢᠶᠡᠨ ᠠᠪᠴᠤ ᠭᠦᠢᠴᠡᠳᠬᠡᠬᠦ ᠶᠠᠰᠤ ᠴᠢᠨᠠᠷ ᠦᠷ᠎ᠡ ᠠᠰᠢᠭ ᠪᠣᠯᠤᠨ 110 ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠪᠠ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ 12345 ᠬᠢᠭᠡᠳ 110 ᠶᠢ ᠦᠨᠡᠯᠡᠨ ᠵᠢᠱᠢᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠠᠮᠲᠤᠷᠠᠨ ᠬᠥᠳᠡᠯᠦᠯᠴᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠬᠠᠮᠢᠶᠠᠷᠬᠤ ᠪᠠᠨ ᠴᠢᠩᠭᠠᠳᠬᠠᠵᠤ᠂ ᠬᠡᠷᠡᠭᠵᠢᠭᠦᠯᠬᠦ ᠨᠠᠷᠢᠨ ᠲᠦᠷᠢᠮ ᠲᠣᠭᠲᠠᠭᠠᠨ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠢᠳᠡᠪᠬᠢᠲᠡᠶ ᠵᠣᠬᠢᠴᠠᠭᠤᠯᠤᠨ  ᠰᠢᠢᠳᠪᠦᠷᠢᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ  ᠭᠦᠢᠴᠡᠳᠭᠡᠭᠰᠡᠨ᠂ ᠲᠣᠰ ᠲᠣᠰ ᠤᠨ ᠬᠠᠷᠢᠭᠤᠴᠠᠯᠭ᠎ᠠ ᠪᠠᠨ  ᠭᠦᠢᠴᠡᠳᠭᠡᠭᠰᠡᠨ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ ᠦᠨᠡᠨᠬᠦ ᠪᠠᠶᠢᠭᠤᠯᠵᠤ᠂ ᠴᠠᠭ ᠲᠤᠬᠠᠶ ᠳᠤᠨᠢ ᠳᠠᠭᠠᠵᠤ᠂ ᠬᠦᠴᠦᠲᠡᠶ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃    ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠵᠠᠷᠤᠳᠠᠯ ᠤᠨ ᠠᠷᠭ᠎ᠠ ᠵᠠᠮ ᠢ ᠨᠢᠭᠡᠳᠦᠯᠲᠡᠶ ᠲᠥᠯᠥᠪᠯᠡᠨ ᠠᠰᠢᠭᠯᠠᠵᠤ᠂ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠳᠤ ᠬᠡᠷᠡᠭᠰᠡᠬᠦ ᠵᠠᠷᠤᠳᠠᠯ ᠢ ᠪᠠᠲᠤᠯᠠᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ ᠳᠡᠮᠵᠢᠨ ᠠᠬᠢᠭᠤᠯᠬᠤ ᠬᠡᠷᠡᠭᠲᠡᠶ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ  ᠨᠢᠭᠡᠴᠢ ᠶᠢᠨ ᠲᠠᠰ ᠳᠡᠪᠰᠢᠭᠦᠯᠦᠨ ᠰᠢᠯᠢᠳᠡᠭᠵᠢᠭᠦᠯᠬᠦ ᠰᠢᠰᠲ᠋ᠧᠮ ᠤᠨ ᠲᠠᠪᠴᠠᠩ ᠠᠴᠠ ᠪᠣᠶ ᠪᠣᠯᠤᠭᠰᠠᠨ ᠵᠠᠷᠤᠳᠠᠯ ᠪᠠ ᠠᠵᠢᠯᠲᠠᠨ ᠤ ᠵᠠᠷᠤᠳᠠᠯ ᠢ ᠪᠦᠷᠢᠯᠳᠦᠬᠦᠨ ᠨᠢᠭᠡᠴᠡ ᠥᠪᠡᠰᠦᠪᠡᠨ ᠡᠭᠦᠷᠭᠡᠯᠡᠨ᠎ᠡ᠃    ︵ᠭᠤᠷᠪᠠ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 12345 ᠪᠠ 110 ᠳ᠋ᠢᠶᠠᠩᠬᠤᠸᠠ ᠵᠠᠯᠭᠠᠯᠲᠠ ᠶᠢᠨ ᠬᠡᠮᠵᠢᠶ᠎ᠡ ᠶᠢ ᠦᠨᠳᠦᠰᠦᠯᠡᠨ᠂ ᠳ᠋ᠢᠶᠠᠩᠬᠤᠸᠠ ᠵᠠᠯᠭᠠᠯᠲᠠ ᠶᠢᠨ ᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠳ᠋ᠢᠶᠠᠩᠬᠤᠸᠠ ᠵᠠᠯᠭᠠᠯᠲᠠ ᠶᠢᠨ ᠠᠵᠢᠯᠲᠠᠨ ᠢ ᠭᠦᠢᠴᠡᠳ ᠳᠣᠭᠢᠷᠠᠭᠤᠯᠤᠨ ᠴᠢᠩᠭ᠎ᠠ ᠳᠣᠭᠢᠷᠠᠭᠤᠯᠵᠤ᠂ ᠨᠢᠭᠡᠳᠦᠭᠡᠷ ᠹᠷᠣᠨᠲ ᠤᠨ ᠠᠵᠢᠯᠲᠠᠨ ᠢ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠤᠨ᠂ ᠬᠤᠯᠪᠣᠭᠳᠠᠯ ᠪᠥᠬᠦᠶ ᠠᠵᠢᠯ ᠮᠡᠷᠭᠡᠵᠢᠯ ᠤᠨ ᠲᠥᠯᠥᠪᠵᠢᠭᠦᠯᠭᠡ᠂ ᠴᠠᠯᠢᠩ ᠬᠥᠯᠥᠰᠥ ᠣᠯᠭᠤᠮᠵᠢ᠂ ᠡᠷᠬᠡ ᠠᠰᠢᠭ ᠤᠨ ᠬᠠᠮᠠᠭᠠᠯᠠᠯᠲᠠ᠂ ᠰᠠᠶᠢᠰᠢᠶᠠᠨ ᠬᠥᠬᠢᠭᠦᠯᠬᠦ ᠵᠡᠷᠭᠡ ᠲᠠᠯ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠬᠠᠮᠲᠤ 12345 ᠪᠣᠯᠤᠨ 110 ᠠᠵᠢᠯᠲᠠᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠳ᠋ᠢᠶᠠᠩᠬᠤᠸᠠ ᠵᠠᠯᠭᠠᠯᠲᠠ ᠶᠢᠨ ᠲᠥᠯᠥᠭᠡᠯᠡᠭᠴᠢ᠂ ᠴᠠᠭᠳᠠᠭᠠᠴᠢ ᠶᠢᠨ ᠰᠣᠯᠢᠯᠴᠠᠭᠠᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠨ᠂ ᠬᠤᠯᠪᠣᠭᠠᠯᠠᠨ ᠬᠠᠮᠵᠢᠯᠴᠠᠬᠤ ᠶᠢ ᠴᠢᠩᠭᠠᠳᠬᠠᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠪᠦᠷᠢᠯᠳᠦᠬᠦᠨ  ᠨ᠊ ᠨᠢᠭᠡᠴᠢ ᠨᠦᠭᠦᠳ ᠠᠵᠢᠯ ᠤᠨ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ ᠯᠤᠭ᠎ᠠ ᠵᠣᠬᠢᠴᠠᠯᠳᠤᠭᠰᠠᠨ ᠠᠵᠢᠯ ᠤᠨ ᠵᠠᠭᠪᠤᠷ ᠢ ᠲᠦᠷᠭᠡᠳᠬᠡᠨ ᠪᠠᠶᠢᠭᠤᠯᠵᠤ᠂ ︽7 × 24 ᠴᠠᠭ︾ ᠤᠨ ᠵᠢᠵᠢᠭᠦᠷᠯᠡᠨ ᠰᠠᠬᠢᠬᠤ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ᠂ 12345 ᠬᠢᠭᠡᠳ 110 ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠂ ᠰᠢᠯᠵᠢᠭᠦᠯᠦᠨ ᠭᠦᠶ᠋ᠴᠡᠳᠬᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ 12345 ᠪᠠ 110 ᠶᠢ ᠵᠥᠪ ᠬᠡᠷᠡᠭᠯᠡᠭᠦᠯᠬᠦ ᠬᠡᠷᠡᠭᠲᠡᠶ᠃ ᠮᠠᠭᠤ ᠰᠠᠨᠠᠭ᠎ᠠ ᠲᠠᠢ ᠪᠠᠷ ᠲᠦᠢᠪᠡᠭᠡᠭᠰᠡᠨ 12345 ᠪᠠ 110 ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠡᠶᠢᠭᠡᠮ ᠤᠨ ᠪᠦᠯᠬᠦᠮ᠂ ᠠᠷᠠᠳ ᠤᠯᠠᠨ ᠪᠠ ᠵᠠᠭᠤᠴᠢᠯᠠᠭᠤᠷ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 12345 ᠪᠠ 110 ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃    ᠳᠠᠭᠠᠯᠳᠤᠭᠤᠯᠤᠯ᠄ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯᠳᠠᠭᠠᠯᠳᠤᠭᠤᠯᠤᠯ    12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠡᠯᠡᠬᠦ ᠦᠢᠯᠡᠴᠢᠯᠡᠭᠡᠨ ᠤ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢᠨ ᠬᠤᠪᠢᠶᠠᠷᠢᠯᠠᠯ    ᠨᠢᠭᠡ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠭᠥᠯᠢᠶᠡᠨ ᠠᠪᠴᠤ ᠰᠢᠢᠳᠪᠦᠷᠢᠯᠡᠬᠦ ᠶᠣᠰᠣᠲᠠᠶ ᠴᠠᠭᠳᠠᠭᠠᠨ ᠤ ᠶᠠᠪᠤᠳᠠᠯ ᠤᠨ ᠪᠤᠰᠤ ᠲᠥᠷᠥᠯ ᠤᠨ ᠭᠤᠮᠣᠳᠠᠯ ᠱᠠᠭᠠᠷᠳᠠᠯᠭ᠎ᠠ ︵ᠭᠤᠤᠯᠳᠠᠭᠤ 16 ᠲᠥᠷᠥᠯ ᠬᠤᠪᠢᠶᠠᠨ᠎ᠠ︶    ︵ᠨᠢᠭᠡ︶ ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ᠄ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠠᠩᠭᠠᠬᠤ᠂ ᠰᠢᠲᠠᠮᠠᠬᠠᠶ ᠬᠡᠢ᠂ ᠳᠤᠯᠠᠭᠠᠯᠠᠭ᠎ᠠ᠂ ᠵᠠᠮ ᠤᠨ ᠳ᠋ᠧᠩ᠂ ᠭᠠᠯ ᠤᠨᠲᠠᠷᠠᠭᠠᠬᠤ ᠪᠥᠭᠯᠡᠭᠡᠰᠦ᠂ ᠤᠲᠠᠰᠤ ᠲᠠᠲᠠᠯᠭ᠎ᠠ ᠶᠢᠨ ᠪᠠᠭᠠᠨ᠎ᠠ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠪᠡᠯᠡᠳᠬᠡᠮᠵᠢ ᠶᠢᠨ ᠡᠪᠳᠡᠷᠡᠨ ᠡᠪᠳᠡᠷᠡᠬᠦ᠂ ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ ᠳᠤᠲᠠᠭᠳᠠᠬᠤ᠂ ᠵᠠᠮ ᠤᠨ ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ ᠬᠡᠷᠡᠮ ᠪᠠ ᠵᠠᠷ ᠤᠨ ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠣᠶᠢᠴᠢᠬᠤ ; ᠤᠯᠠᠨ ᠨᠡᠶᠢᠲᠡ ᠶᠢᠨ ᠪᠡᠯᠡᠳᠬᠡᠮᠵᠢ ᠶᠢᠨ ᠲᠦᠷᠦᠯ ᠵᠦᠢᠯ︶ ᠡᠪᠳᠡᠷᠡᠨ ᠡᠪᠳᠡᠷᠡᠬᠦ᠂ ᠬᠥᠭᠦᠷᠭᠡ ᠡᠪᠳᠡᠷᠡᠬᠦ᠂ ᠵᠠᠮ ᠤᠨ ᠬᠤᠲᠣᠭᠤᠷ ᠭᠠᠵᠠᠷ᠂ ᠬᠤᠳᠳᠤᠭ ᠤᠨ ᠬᠠᠪᠬᠠᠭᠠᠰᠤ ᠳᠤᠲᠠᠭᠳᠠᠬᠤ᠂ ᠵᠠᠮ ᠤᠨ ᠮᠥᠰᠥ ᠠᠷᠢᠯᠭᠠᠬᠤ᠂ ᠰᠠᠭᠤᠭᠠᠯᠢ ᠠᠷᠠᠳ ᠤᠨ ᠲᠣᠭᠤᠷᠢᠭ ᠲᠤ ᠤᠰᠤ ᠬᠤᠷᠠᠬᠤ᠂ ᠬᠦᠷᠢᠶ᠎ᠡ ᠬᠡᠷᠡᠮ ᠪᠠ ᠵᠠᠷ ᠤᠨ ᠫᠠᠶᠢᠰᠠ ᠵᠡᠷᠭᠡ ᠲᠥᠬᠦᠭᠡᠷᠦᠮᠵᠢ ᠡᠪᠳᠡᠷᠡᠨ ᠡᠪᠳᠡᠷᠡᠬᠦ︔    ︵ᠬᠤᠶᠠᠷ︶ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠲᠥᠷᠥᠯ᠄ ᠲᠦᠷᠢᠮ ᠠᠴᠠ ᠵᠥᠷᠢᠴᠡᠨ ᠪᠠᠶᠢᠭᠤᠯᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ᠂ ᠵᠠᠮ ᠳᠡᠭᠡᠷ᠎ᠡ ᠤᠰᠤ ᠬᠤᠷᠠᠭᠤᠯᠬᠤ᠂ ᠵᠠᠮ ᠱᠦᠭᠦᠷᠳᠡᠬᠦ ᠂ ᠵᠠᠮ ᠳᠡᠭᠡᠷ᠎ᠡ ᠲᠣᠰᠣᠨ ᠤ ᠪᠣᠬᠢᠷᠲᠤᠯ᠂ ᠪᠣᠬᠢᠷ ᠤᠰᠤ ᠪᠢᠯᠬᠠᠬᠤ᠂ ᠦᠨᠡᠮᠯᠡᠯ ᠥᠬᠡᠶ ᠪᠠᠷ ᠳᠡᠯᠭᠡᠭᠡ ᠮᠠᠶᠢᠮᠠᠶ ᠬᠢᠬᠦ᠂ ᠵᠠᠮ ᠡᠵᠡᠯᠡᠨ ᠡᠵᠡᠩᠨᠡᠬᠦ᠂ ᠭᠤᠤᠯ ᠮᠥᠷᠡᠨ ᠤ ᠪᠣᠬᠢᠷᠲᠤᠯ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠢᠳᠡᠭᠡᠨ ᠤᠮᠳᠠᠭᠠᠨ ᠤ ᠲᠣᠰᠣᠨ ᠣᠲᠤᠭ᠎ᠠ᠂ ᠭᠤᠤᠯ ᠮᠥᠷᠡᠨ ᠤ ᠬᠤᠷᠠᠭᠰᠠᠨ ᠢ ᠴᠡᠪᠡᠷᠯᠡᠬᠦ᠂ ᠵᠠᠷ ᠨᠠᠭᠠᠬᠤ᠂ ᠬᠤᠲᠠ ᠶᠢᠨ ᠲᠡᠵᠢᠭᠡᠪᠦᠷᠢ ᠬᠡᠷ ᠤᠨ ᠲᠡᠵᠢᠭᠡᠪᠦᠷᠢ᠂ ᠲᠡᠨᠦᠭᠦᠯ ᠨᠣᠬᠠᠶ᠂ ᠮᠤᠤᠷ ᠨᠣᠬᠠᠶ ᠵᠡᠷᠭᠡ ᠠᠮᠢᠲᠠᠨ ᠤ ᠢᠯᠭᠠᠳᠠᠰᠤ ᠨᠢ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠬᠦ ᠵᠡᠷᠭᠡ︔    ︵ᠭᠤᠷᠪᠠ︶ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠥᠷᠥᠯ᠄ ᠮᠣᠳᠣ ᠶᠢ ᠠᠰᠬᠠᠵᠤ ᠤᠨᠠᠭᠠᠬᠤ᠂ ᠮᠣᠳᠣ ᠶᠢ ᠬᠠᠶᠢᠴᠢᠯᠠᠵᠤ ᠵᠠᠰᠠᠬᠤ᠂ ᠨᠣᠭᠤᠭᠠᠷᠠᠭᠤᠯᠤᠯᠲᠠ ᠶᠢ ᠡᠪᠳᠡᠬᠦ᠂ ᠬᠤᠷᠣᠬᠠᠶ ᠰᠢᠪᠠᠵᠢ ᠶᠢ ᠠᠷᠢᠯᠭᠠᠵᠤ ᠬᠥᠨᠥᠭᠡᠯ ᠢ ᠠᠷᠢᠯᠭᠠᠬᠤ᠂ ᠠᠮᠢᠲᠠᠨ ᠤ ᠦᠬᠦᠳᠡᠯ ᠢ ᠴᠡᠪᠡᠷᠯᠡᠬᠦ ᠵᠡᠷᠭᠡ︔    ︵ᠲᠥᠷᠪᠡ︶ ᠪᠠᠷᠢᠯᠭ᠎ᠠ ᠶᠢᠨ ᠠᠵᠢᠯ  ᠤᠨ ᠬᠠᠮᠢᠶᠠᠷᠤᠯᠲᠠ ᠶᠢᠨ ᠲᠥᠷᠥᠯ᠄ ᠪᠠᠷᠢᠯᠭ᠎ᠠ ᠶᠢᠨ ᠠᠵᠢᠯ  ᠤᠨ ᠱᠤᠤᠭᠢᠶᠠᠨ ᠠᠷᠠᠳ ᠢ ᠦᠢᠮᠡᠭᠦᠯᠬᠦ᠂ ᠲᠣᠭᠲᠠᠭᠠᠯ ᠠᠴᠠ ᠵᠥᠷᠢᠴᠡᠨ ᠮᠠᠯᠲᠠᠬᠤ᠂ ᠪᠠᠷᠢᠯᠭ᠎ᠠ ᠶᠢᠨ ᠭᠠᠵᠠᠷ ᠲᠣᠭᠤᠰᠣ ᠳᠡᠭᠳᠡᠬᠦ᠂ ᠠᠰᠬᠠᠵᠤ ᠭᠤᠭᠤᠵᠢᠭᠤᠯᠬᠤ᠂ ᠭᠡᠷ ᠪᠠᠶᠢᠰᠢᠩ ᠡᠪᠳᠡᠭᠳᠡᠬᠦ᠂ ᠲᠣᠭᠲᠠᠭᠠᠯ ᠠᠴᠠ ᠵᠥᠷᠢᠴᠡᠨ ᠬᠡᠷᠡᠮ ᠢ ᠨᠤᠷᠠᠭᠠᠵᠤ ᠥᠭᠡᠷᠡᠴᠢᠯᠡᠬᠦ ᠵᠡᠷᠭᠡ︔ ︵ᠲᠠᠪᠤ︶ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠦᠯ᠄ ᠲᠦᠷᠢᠶᠡᠰᠦᠨ ᠮᠠᠰᠢᠨ ᠲᠡᠷᠭᠡ ᠶᠢᠨ ᠡᠵᠡᠩᠨᠡᠯᠲᠡ᠂ ᠬᠠᠷ᠎ᠠ ᠲᠡᠷᠭᠡ ᠶᠢᠨ ᠡᠵᠡᠩᠨᠡᠯᠲᠡ ᠶᠢᠨ ᠡᠵᠡᠩᠨᠡᠯᠲᠡ᠂ ᠵᠣᠴᠢᠳ ᠢ ᠨᠢᠲᠤᠯᠬᠤ ᠪᠠ ᠵᠣᠴᠢᠳ ᠢ ᠲᠠᠶᠠᠭᠳᠠᠭᠰᠠᠳ︔    ︵ᠵᠢᠷᠭᠤᠭ᠎ᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠣᠷᠴᠢᠨ ᠠᠬᠤᠶ ᠶᠢᠨ ᠪᠣᠬᠢᠷᠲᠤᠯ᠂ ᠬᠤᠭ ᠨᠣᠪᠰᠢ᠂ ᠭᠡᠷᠡᠯ ᠤᠨ ᠪᠣᠬᠢᠷᠲᠤᠯ᠂ ᠤᠰᠤᠨ ᠴᠣᠭᠴᠠ ᠶᠢᠨ ᠪᠣᠬᠢᠷᠲᠤᠯ᠂ ᠠᠭᠠᠷ ᠤᠨ ᠪᠣᠬᠢᠷᠲᠤᠯ᠂ ᠴᠠᠬᠢᠯᠭᠠᠨ ᠰᠣᠷᠢᠨᠵᠢᠨ ᠤ ᠪᠣᠬᠢᠷᠲᠤᠯ᠂ ᠠᠵᠤ ᠦᠢᠯᠡᠳᠪᠦᠷᠢ ᠶᠢᠨ ᠱᠤᠤᠭᠢᠶᠠᠨ᠂ ᠪᠠᠷᠢᠯᠭ᠎ᠠ ᠶᠢᠨ ᠠᠵᠢᠯ ᠤᠨ ᠱᠤᠤᠭᠢᠶᠠᠨ᠂ ᠵᠠᠮ ᠲᠡᠭᠡᠭᠡᠪᠦᠷᠢ ᠶᠢᠨ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ ᠱᠤᠤᠭᠢᠶᠠᠨ ᠵᠡᠷᠭᠡ︔    ︵ᠲᠤᠯᠤᠭ᠎ᠠ︶ ᠬᠡᠷᠡᠭᠯᠡᠭᠡᠨ ᠤ ᠵᠢᠭᠤᠷᠠᠯᠳᠤᠭᠠᠨ ᠤ ᠲᠦᠷᠦᠯ᠄ ᠬᠤᠳᠠᠯ ᠬᠠᠭᠤᠷᠮᠠᠭ ᠤᠬᠠᠭᠤᠯᠭ᠎ᠠ᠂ ᠬᠡᠷᠡᠭᠯᠡᠭᠡᠨ ᠤ ᠵᠥᠷᠢᠯᠳᠦᠭᠡᠨ᠂ ᠪᠠᠷᠠᠭᠠᠨ ᠤ ᠦᠨ᠎ᠡ ᠶᠢᠨ ᠠᠰᠠᠭᠤᠳᠠᠯ᠂ ᠬᠡᠷᠡᠭᠯᠡᠭᠡᠨ ᠤ ᠪᠠᠷᠢᠮᠲᠠ᠂ ᠦᠢᠯᠡᠳᠬᠦᠨ ᠤ ᠶᠠᠰᠤ ᠴᠢᠨᠠᠷ᠂ ᠦᠢᠯᠡᠴᠢᠯᠡᠭᠡᠨ ᠤ ᠵᠠᠭᠠᠯᠳᠤᠯᠭ᠎ᠠ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ ᠵᠡᠷᠭᠡ︔    ︵ᠨᠠᠶ᠋ᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠦᠨᠡᠮᠯᠡᠯ ᠥᠬᠡᠶ ᠪᠠᠷ ᠡᠵᠡᠩᠨᠡᠬᠦ᠂ ᠪᠠᠷᠠᠭᠠᠨ ᠤ ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠵᠡᠷᠭᠡ︔    ︵ᠶᠢᠰᠦ︶ ᠰᠣᠶᠣᠯ ᠤᠨ ᠰᠣᠨᠢᠨ ᠮᠡᠳᠡᠭᠡᠨ ᠤ ᠲᠥᠷᠥᠯ᠄ ᠵᠤᠭ᠎ᠠ ᠴᠡᠩᠭᠡᠯ ᠤᠨ ᠲᠠᠯᠠᠪᠤᠷ ᠭᠠᠵᠠᠷ᠂ ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠣᠯᠠᠨ ᠲᠦᠮᠡᠨ ᠤ ᠢᠯᠡᠴᠢᠯᠡᠨ ᠮᠡᠳᠡᠭᠦᠯᠬᠦ ᠪᠠ ᠵᠠᠭᠠᠯᠳᠤᠬᠤ᠂ ᠨᠠᠰᠤᠨ ᠳᠤ ᠥᠯᠥ ᠭᠦᠷᠦᠭᠰᠡᠳ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ ᠣᠷᠣᠵᠤ ᠭᠠᠷᠬᠤ ᠵᠡᠷᠭᠡ︔    ︵ᠠᠷᠪᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠷᠦᠯ᠄ ᠡᠮᠴᠢ ᠡᠪᠡᠳᠴᠢᠲᠡᠨ ᠤ ᠵᠢᠭᠤᠷᠠᠯᠳᠤᠭᠠᠨ᠂ ᠬᠠᠤᠯᠢ ᠪᠤᠰᠤ ᠪᠠᠷ ᠡᠮᠴᠢᠯᠡᠬᠦ᠂ ᠡᠮᠴᠢᠯᠡᠭᠡᠨ ᠤ ᠭᠡᠨᠡᠳᠡᠯ᠂ ᠡᠮᠴᠢᠯᠡᠭᠡᠨ ᠤ ᠠᠪᠤᠷᠠᠨ ᠲᠤᠰᠠᠯᠠᠯᠲᠠ᠂ ᠡᠮᠴᠢ ᠶᠢᠨ ᠮᠣᠷᠠᠯ ᠰᠤᠷᠲᠠᠯ᠂ ᠡᠮᠴᠢ ᠰᠤᠪᠢᠯᠠᠭᠴᠢ ᠶᠢᠨ ᠦᠢᠯᠡᠴᠢᠯᠡᠭᠡ ᠵᠡᠷᠭᠡ︔    ︵ᠠᠷᠪᠠᠨ ᠨᠢᠭᠡ︶ ᠰᠤᠷᠭᠠᠨ ᠬᠥᠮᠦᠵᠢᠯ ᠤᠨ ᠲᠥᠷᠥᠯ᠄ ᠲᠣᠭᠲᠠᠭᠠᠯ ᠠᠴᠠ ᠵᠥᠷᠢᠴᠡᠨ ᠬᠢᠴᠢᠶᠡᠯ ᠨᠥᠬᠦᠪᠥᠷᠢᠯᠡᠬᠦ ᠂ ᠲᠣᠭᠲᠠᠭᠠᠯ ᠠᠴᠠ ᠵᠥᠷᠢᠴᠡᠨ  ᠰᠦᠢᠳᠭᠡᠯ ᠬᠤᠷᠢᠶᠠᠬᠤ᠂ ᠰᠤᠷᠭᠠᠭᠤᠯᠢ ᠶᠢᠨ ᠲᠡᠷᠭᠡ ᠶᠢᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠤᠷᠭᠠᠭᠤᠯᠢ ᠳᠤ ᠣᠷᠣᠬᠤ ᠠᠰᠠᠭᠤᠳᠠᠯ᠂ ᠰᠤᠷᠤᠯᠭ᠎ᠠ ᠶᠢᠨ ᠰᠦᠢᠳᠭᠡᠯ ᠤᠨ ᠨᠥᠬᠦᠪᠥᠷᠢ᠂ ᠰᠤᠷᠤᠯᠭ᠎ᠠ ᠶᠢᠨ ᠨᠠᠮᠲᠠᠷ ᠤᠨ ᠰᠢᠯᠭᠠᠯᠲᠠ᠂ ᠪᠤᠰᠤᠳ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠵᠡᠷᠭᠡ︔    ︵ᠠᠷᠪᠠᠨ ᠬᠤᠶᠠᠷ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥᠯ᠄ ᠪᠠᠭᠤᠷᠠᠶ ᠬᠠᠮᠲᠤᠯᠢᠭ ᠢ ᠠᠪᠤᠷᠠᠨ ᠲᠤᠰᠠᠯᠠᠬᠤ ︵ᠵᠢᠱᠢᠶᠡᠯᠡᠪᠡᠯ ᠲᠡᠨᠦᠭᠦᠯᠴᠢᠨ᠂ ᠭᠤᠶᠢᠷᠠᠨᠴᠢ᠂ ᠭᠤᠯᠣᠭᠳᠠᠭᠰᠠᠨ ᠨᠢᠯᠬ᠎ᠠ ᠬᠡᠤᠬᠡᠳ᠂ ᠵᠡᠮᠳᠡᠭ ᠬᠥᠮᠦᠨ᠂ ᠮᠡᠳᠡᠷᠡᠯ ᠤᠨ ᠡᠪᠡᠳᠴᠢᠲᠡᠨ ᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠠᠪᠤᠷᠠᠨ ᠲᠤᠰᠠᠯᠠᠬᠤ ᠴᠢᠬᠤᠯᠠᠲᠠᠶ᠂ ᠬᠡᠷ ᠲᠡᠭᠡᠨ ᠮᠡᠳᠡᠷᠡᠯ ᠤᠨ ᠡᠪᠡᠳᠴᠢᠲᠡᠨ ᠢ ᠮᠡᠳᠡᠷᠡᠯ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠬᠦᠷᠭᠡᠵᠦ ᠲᠤᠰᠠᠯᠠᠮᠵᠢ ᠭᠤᠶᠤᠴᠢᠯᠠᠬᠤ ᠴᠢᠬᠤᠯᠠᠲᠠᠶ᠂ ᠮᠡᠳᠡᠷᠡᠯ ᠤᠨ ᠡᠪᠡᠳᠴᠢᠲᠡᠨ ᠢ ᠡᠮᠨᠡᠯᠭᠡ ᠶᠢᠨ ᠬᠤᠷᠢᠶ᠎ᠠ ᠳᠤ ᠬᠦᠷᠭᠡᠬᠦ ᠵᠣᠭᠤᠰ ᠥᠬᠡᠶ ᠪᠣᠯ ᠵᠠᠰᠠᠭ ᠤᠨ ᠣᠷᠳᠣᠨ ᠠᠴᠠ ᠠᠪᠤᠷᠠᠨ ᠲᠤᠰᠠᠯᠠᠬᠤ ᠴᠢᠬᠤᠯᠠᠲᠠᠶ ᠵᠡᠷᠭᠡ︶᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ᠂ ᠣᠷᠣᠰᠢᠭᠤᠯᠭ᠎ᠠ ᠶᠢᠨ ᠠᠰᠠᠭᠤᠳᠠᠯ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ ᠨᠡᠶᠢᠭᠡᠮ ᠤᠨ ᠳᠠᠭᠠᠳᠬᠠᠯ᠂ ᠠᠳᠠᠯ ᠦᠶ᠋ᠯᠡᠰ ᠴᠣᠭᠴᠠᠯᠠᠬᠤ ᠶᠢᠨ ᠲᠡᠳᠬᠦᠮᠵᠢ᠂ ᠴᠡᠷᠢᠭ ᠠᠴᠠ ᠪᠠᠭᠤᠭᠰᠠᠳ ᠢ ᠲᠥᠪᠬᠢᠨᠡᠭᠦᠯᠬᠦ᠂ ᠠᠵᠢᠯᠴᠢᠨ ᠤ ᠡᠪᠯᠡᠯ᠂ ᠦᠨᠳᠦᠰᠦᠲᠡᠨ ᠱᠠᠰᠢᠨ ᠰᠤᠷᠲᠠᠬᠤᠨ ᠵᠡᠷᠭᠡ︔    ︵ᠠᠷᠪᠠᠨ ᠭᠤᠷᠪᠠ︶ ᠬᠡᠭᠡᠷ᠎ᠡ ᠶᠢᠨ ᠠᠮᠢᠲᠠᠨ ᠤ ᠲᠥᠷᠥᠯ᠄ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ︔    ︵ᠠᠷᠪᠠᠨ ᠲᠦᠷᠪᠡ︶ ᠭᠡᠨᠡᠳᠲᠡ ᠶᠢᠨ ᠬᠡᠷᠡᠭ ᠤᠨ ᠲᠦᠷᠦᠯ᠄ ᠲᠦᠭᠡᠭᠡᠯ ᠤᠰᠤᠨ ᠤ ᠬᠤᠭᠤᠯᠠᠶ ᠬᠠᠭᠠᠷᠠᠬᠤ᠂ ᠳᠤᠯᠠᠭᠠᠮᠵᠢ ᠶᠢᠨ ᠬᠤᠭᠤᠯᠠᠶ ᠬᠠᠭᠠᠷᠠᠬᠤ᠂ ᠴᠠᠬᠢᠯᠭᠠᠨ ᠬᠠᠩᠭᠠᠯᠭ᠎ᠠ ᠳᠤ ᠰᠠᠭᠠᠳ ᠭᠠᠷᠬᠤ᠂ ᠤᠰᠤ ᠬᠠᠩᠭᠠᠬᠤ ᠳᠤ ᠰᠠᠭᠠᠳ ᠭᠠᠷᠬᠤ᠂ ᠰᠢᠲᠠᠮᠠᠬᠠᠶ ᠬᠡᠢ ᠯᠡᠪᠡᠷᠡᠬᠦ ᠵᠡᠷᠭᠡ︔    ︵ᠠᠷᠪᠠᠨ ᠲᠠᠪᠤ︶ ᠪᠤᠰᠤᠳ ᠲᠤᠰᠠᠯᠠᠮᠵᠢ ᠭᠤᠶᠤᠴᠢᠯᠠᠬᠤ ᠲᠥᠷᠥᠯ᠄ ᠲᠡᠷᠭᠡ ᠰᠢᠯᠵᠢᠭᠦᠯᠬᠦ᠂ ᠲᠡᠷᠭᠡ ᠬᠥᠰᠬᠡ ᠲᠣᠰᠣ ᠥᠬᠡᠶ᠂ ᠴᠠᠬᠢᠯᠭᠠᠨ ᠥᠬᠡᠶ᠂ ᠰᠠᠭᠠᠳ ᠲᠣᠳᠬᠠᠷ ᠲᠠᠢ᠂ ᠱᠠᠯᠪᠠᠭ ᠲᠤ ᠤᠨᠠᠭᠰᠠᠨ᠂ ᠤᠰᠤᠨ ᠳᠤ ᠠᠪᠲᠠᠭᠰᠠᠨ ᠵᠡᠷᠭᠡ᠂ ᠵᠢᠵᠢᠭ ᠲᠣᠭᠤᠷᠢᠭ ᠲᠤ ︽ᠦᠬᠦᠰᠢᠷᠡᠮᠡᠯ ᠲᠡᠷᠭᠡ︾᠂ ᠪᠠᠩᠬᠢ ᠶᠢᠨ ATM ᠮᠠᠰᠢᠨ ᠢᠶᠠᠷ ᠵᠠᠯᠭᠢᠭᠰᠠᠨ ᠺᠠᠷᠲ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ᠂ ᠬᠠᠮᠲᠤ ᠪᠠᠷ ᠡᠳ᠋ᠯᠡᠬᠦ ᠳᠤᠭᠤᠶ ᠲᠡᠷᠭᠡᠨ ᠳᠤ ᠭᠡᠭᠡᠭᠰᠡᠨ ᠡᠳ᠋ ᠪᠣᠳᠠᠰ ᠵᠡᠷᠭᠡ ᠶᠢ ᠢᠯᠡᠷᠡᠭᠦᠯᠪᠡ︔    ︵ᠠᠷᠪᠠᠨ ᠵᠢᠷᠭᠤᠭ᠎ᠠ︶ ᠪᠤᠰᠤᠳ ᠬᠡᠷᠡᠭ ᠶᠠᠪᠤᠳᠠᠯ ᠤᠨ ᠲᠥᠷᠥᠯ᠄ ᠠᠮᠢᠲᠠᠨ ᠤᠷᠭᠤᠮᠠᠯ ᠤᠨ ᠬᠢᠵᠢᠭ ᠤᠨ ᠪᠠᠶᠢᠳᠠᠯ᠂ ᠠᠮᠢᠲᠠᠨ ᠢ ᠫᠠᠨᠽᠠᠯᠠᠬᠤ᠂ ᠠᠳᠠᠯ ᠠᠬᠤᠶ ᠶᠢᠨ ᠬᠠᠮᠢᠶᠠᠷᠤᠯᠲᠠ᠂ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠥᠯᠥ  ᠦᠢᠯᠡᠳᠭᠦᠢ ᠪᠤᠶᠤ  ᠦᠢᠯᠡᠴᠢᠯᠡᠬᠦ ᠣᠪᠣᠷ ᠢᠶᠠᠷ ᠮᠠᠭᠤ ᠭᠡᠵᠦ ᠵᠠᠭᠠᠯᠳᠤᠬᠤ᠂ ᠠᠰᠠᠭᠤᠨ ᠯᠠᠪᠯᠠᠵᠤ ᠵᠠᠭᠠᠯᠳᠤᠬᠤ ᠪᠠ ᠠᠪᠤᠷᠠᠨ ᠲᠤᠰᠠᠯᠠᠬᠤ  ᠦᠢᠯᠡᠴᠢᠯᠡᠭᠡ ︵12345 ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠠᠬᠢ  ᠦᠢᠯᠡᠴᠢᠯᠡᠭᠡ︶᠂ ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠬᠤ ᠦᠢᠯᠡᠴᠢᠯᠡᠭᠡ᠂ 110 ᠬᠢᠭᠡᠳ 12345 ᠶᠢᠨ ᠵᠥᠪᠳᠡᠯᠴᠡᠭᠰᠡᠨ ᠪᠤᠰᠤᠳ  ᠵᠦᠢᠯᠡᠰ ᠵᠡᠷᠭᠡ᠃    ᠬᠤᠶᠠᠷ᠂ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ ᠶᠣᠰᠣᠲᠠᠢ ᠴᠠᠭᠳᠠᠭᠠᠨ ᠤ ᠶᠠᠪᠤᠳᠠᠯ ᠤᠨ ᠲᠦᠷᠦᠯ ᠤᠨ ᠭᠤᠮᠣᠳᠠᠯ ᠱᠠᠭᠠᠷᠳᠠᠯᠭ᠎ᠠ ︵ᠭᠤᠣᠯᠳᠠᠭᠤ 7 ᠲᠦᠷᠦᠯ ᠳᠤ ᠬᠤᠪᠢᠶᠠᠨ᠎ᠠ︶    ︵ᠨᠢᠭᠡ︶ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷᠢᠶᠠᠯᠠᠯ ᠳᠠᠬᠢ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ︵ᠠᠮᠤᠷ ᠢ ᠬᠠᠮᠠᠭᠠᠯᠠᠬᠤ︶ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠰᠦᠪᠡᠭᠴᠢ︔    ︵ᠬᠤᠶᠠᠷ︶ ᠬᠠᠮᠲᠤᠯᠢᠭ ᠤᠨ ᠴᠢᠨᠠᠷᠲᠠᠶ ᠬᠡᠷᠡᠭ᠄ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ᠂ ᠠᠮᠤᠷ ᠢ ᠬᠠᠮᠠᠭᠠᠯᠠᠬᠤ ᠡᠮᠬᠢ ᠵᠢᠷᠤᠮ ᠢ ᠬᠠᠷᠰᠢᠯᠠᠭᠰᠠᠨ ᠪᠤᠶᠤ ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ ᠴᠢᠨᠠᠷᠲᠠᠶ ᠬᠡᠷᠡᠭ︔    ︵ᠭᠤᠷᠪᠠ︶ ᠵᠠᠮ ᠬᠠᠷᠢᠯᠴᠠᠭᠠᠨ ᠤ ᠬᠠᠮᠢᠶᠠᠷᠤᠯᠲᠠ᠄ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ ᠪᠤᠰᠤ ᠭᠡᠨᠡᠳᠡᠯ᠂ ᠤᠰᠤᠨ ᠳᠡᠭᠡᠷᠡᠬᠢ ᠵᠠᠮ ᠬᠠᠷᠢᠯᠴᠠᠭᠠᠨ ᠤ ᠭᠡᠨᠡᠳᠡᠯ᠂ ᠵᠠᠮ ᠬᠠᠷᠢᠯᠴᠠᠭᠠᠨ ᠤ ᠲᠦᠭᠵᠢᠷᠡᠯ᠂ ᠲᠡᠷᠭᠡ ᠬᠥᠰᠬᠡ ᠶᠢᠨ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠵᠠᠮ ᠬᠠᠷᠢᠯᠴᠠᠭᠠᠨ ᠤ ᠲᠥᠬᠦᠭᠡᠷᠦᠮᠵᠢ ᠡᠪᠳᠡᠷᠡᠵᠦ ᠰᠦᠢᠳᠦᠭᠰᠡᠨ ᠵᠢᠴᠢ ᠳᠤᠷ᠎ᠠ ᠪᠠᠷ ᠢᠶᠠᠨ ᠥᠭᠡᠷᠡᠴᠢᠯᠡᠨ ᠲᠣᠨᠣᠭᠯᠠᠭᠰᠠᠨ ᠮᠠᠰᠢᠨᠲᠤ ᠲᠡᠷᠭᠡ ᠶᠢ ᠵᠢᠯᠣᠭᠤᠳᠬᠤ ᠳᠤ ᠬᠦᠷᠴᠢᠭᠢᠨᠡᠬᠦ᠂ ᠲᠦᠷᠭᠡᠨ ᠳᠠᠪᠬᠢᠬᠤ ᠵᠡᠷᠭᠡ ᠠᠷᠭ᠎ᠠ ᠮᠠᠶ᠋ᠢᠭ ᠢᠶᠠᠷ ᠪᠤᠶᠤ ᠲᠣᠭᠲᠠᠭᠠᠯ ᠶᠣᠰᠣᠭᠠᠷ ᠳᠠᠭᠤ ᠴᠢᠮᠡᠭᠡᠨ ᠤ ᠲᠣᠨᠣᠭᠯᠠᠯ ᠢ ᠬᠡᠷᠡᠭᠯᠡᠭᠰᠡᠨ ᠦᠭᠡᠢ ᠠᠴᠠ ᠪᠣᠯᠤᠭᠰᠠᠨ ᠳᠠᠭᠤ ᠱᠤᠤᠭᠢᠶᠠᠨ ᠤ ᠪᠣᠬᠢᠷᠲᠤᠯ︔    ︵ᠲᠦᠷᠪᠡ︶ ᠠᠮᠤᠷ ᠢ ᠬᠠᠮᠠᠭᠠᠯᠠᠬᠤ ᠭᠠᠶ ᠭᠠᠮᠰᠢᠭ ᠤᠨ ᠡ᠊ᠨᠳᠡᠯ᠄ ᠠᠶᠤᠯᠲᠠᠶ ᠬᠢᠮᠢ ᠶᠢᠨ ᠪᠣᠳᠠᠰ ᠤᠨ ᠭᠤᠭᠤᠵᠢᠭᠰᠠᠨ ᠡ᠊ᠨᠳᠡᠯ᠂ ᠬᠤᠣᠷᠳᠠᠭᠳᠠᠭᠰᠠᠨ ᠡ᠊ᠨᠳᠡᠯ᠂ ᠳᠡᠯᠪᠡᠷᠡᠯᠲᠡ ᠶᠢᠨ ᠡ᠊ᠨᠳᠡᠯ᠂ ᠭᠠᠯ ᠤᠨ ᠠᠶᠤᠯ ᠤᠨ ᠡ᠊ᠨᠳᠡᠯ᠂ ᠣᠩᠭᠤᠴᠠ ᠵᠢᠪᠪᠦᠭᠰᠡᠨ ᠡ᠊ᠨᠳᠡᠯ᠂ ᠰᠢᠬᠠᠨ ᠳᠠᠷᠤᠵᠤ ᠦᠬᠦᠭᠦᠯᠵᠦ ᠰᠢᠷᠬᠠᠲᠤᠭᠤᠯᠤᠭᠰᠠᠨ ᠡ᠊ᠨᠳᠡᠯ᠂ ᠪᠠᠷᠢᠯᠭ᠎ᠠ ᠶᠢᠨ ᠨᠤᠷᠠᠵᠤ ᠶᠡᠭᠦᠷᠡᠭᠰᠡᠨ ᠡ᠊ᠨᠳᠡᠯ᠂ ᠬᠢᠵᠢᠭ ᠤᠨ ᠭᠠᠶ ᠭᠠᠮᠰᠢᠭ᠂ ᠪᠠᠶᠢᠭᠠᠯᠢ ᠶᠢᠨ ᠴᠠᠭ ᠠᠭᠤᠷ ᠤᠨ ᠭᠠᠶ ᠭᠠᠮᠰᠢᠭ ᠵᠡᠷᠭᠡ ᠡ᠊ᠨᠳᠡᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠢᠳᠪᠦᠷᠢᠯᠡᠬᠦ ᠳᠤ ᠣᠷᠣᠯᠴᠠᠭᠤᠯᠬᠤ ᠴᠢᠬᠤᠯᠠᠲᠠᠶ ᠪᠠᠶᠢᠬᠤ︔    ︵ᠲᠠᠪᠤ︶ ᠣᠯᠠᠨ ᠲᠦᠮᠡᠨ ᠤ ᠠᠪᠤᠷᠠᠨ ᠲᠤᠰᠠᠯᠠᠬᠤ ᠦᠶ᠋ᠯᠡᠴᠢᠯᠡᠭᠡ᠄ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ ᠵᠢᠴᠢ ᠤᠶᠤᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠦᠢᠯᠡ ᠠᠵᠢᠯᠯᠠᠭ᠎ᠠ ᠶᠢᠨ ᠴᠢᠳᠠᠪᠤᠷᠢ ᠲᠠᠢ᠂ ᠢᠯᠭᠠᠨ ᠲᠠᠨᠢᠬᠤ ᠴᠢᠳᠠᠪᠤᠷᠢ ᠪᠠᠷ ᠠᠨᠠᠶ ᠬᠥᠮᠦᠰ ᠨᠢ ᠲᠥᠭᠡᠷᠢᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠣᠲᠣᠷ᠎ᠠ ᠬᠠᠪᠰᠤᠷᠴᠤ ᠡᠷᠢᠬᠦ ᠴᠢᠬᠤᠯᠠᠲᠠᠶ ᠪᠣᠯᠤᠭᠰᠠᠨ᠂ ᠵᠢᠴᠢ ᠤᠰᠤᠨ ᠳᠤ ᠴᠠᠴᠠᠬᠤ᠂ ᠥᠨᠳᠥᠷ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠬᠥᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠵᠢᠴᠢ ᠣᠯᠠᠨ ᠨᠡᠶᠢᠲᠡ ᠳᠤ ᠪᠤᠰᠤᠳ ᠠᠶᠤᠯ ᠲᠦᠭᠰᠢᠭᠦᠷᠢ ᠲᠤᠯᠭᠠᠷᠠᠵᠤ᠂ ᠲᠤᠰᠠᠯᠠᠮᠵᠢ ᠦᠭᠡᠢ ᠭᠠᠭᠴᠠᠭᠠᠷᠳᠠᠭᠰᠠᠨ ᠪᠠᠶᠢᠳᠠᠯ ᠳᠤ ᠣᠷᠣᠰᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠶ ᠪᠣᠯᠤᠭᠰᠠᠨ︔    ︵ᠵᠢᠷᠭᠤᠭ᠎ᠠ︶ ᠠᠶᠤᠯ ᠠᠴᠠ ᠠᠪᠤᠷᠠᠨ ᠭᠠᠮᠰᠢᠭ ᠲᠠᠢ ᠲᠡᠮᠡᠴᠡᠵᠦ ᠠᠪᠤᠷᠠᠨ ᠲᠤᠰᠠᠯᠠᠬᠤ᠄ ᠤᠰᠤ᠂ ᠴᠠᠬᠢᠯᠭᠠᠨ᠂ ᠲᠤᠰᠤ᠂ ᠭᠡᠢ᠂ ᠢᠯᠴᠢ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ ᠳᠤ ᠬᠤᠯᠪᠣᠭᠳᠠᠵᠤ᠂ ᠤᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ  ᠰᠢᠢᠳᠪᠦᠷᠢᠯᠡᠯᠳᠡ ᠳᠤ ᠣᠷᠣᠯᠴᠠᠭᠤᠯᠬᠤ ᠴᠢᠬᠤᠯᠠᠲᠠᠶ ᠵᠢᠴᠢ ᠭᠠᠵᠠᠷ ᠬᠥᠳᠡᠯᠦᠯᠲᠡ᠂ ᠦᠶᠡᠷ ᠤᠰᠤᠲᠤᠯ᠂ ᠰᠢᠪᠠᠷ ᠴᠢᠯᠠᠭᠤᠨ ᠤ ᠤᠷᠤᠰᠬᠠᠯ ᠵᠡᠷᠭᠡ ᠪᠠᠶᠢᠭᠠᠯᠢ ᠶᠢᠨ ᠭᠠᠶ ᠭᠠᠮᠰᠢᠭ ᠤᠨ ᠲᠦᠭᠰᠢᠭᠦᠷᠢᠲᠦ ᠪᠠᠶᠢᠳᠠᠯ ᠡᠭᠦᠰᠴᠦ᠂ ᠤᠯᠠᠨ ᠨᠡᠶᠢᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠪᠤᠶᠤ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠪᠠᠴᠢᠮ ᠰᠢᠶ᠋ᠳᠪᠦᠷᠢᠯᠡᠯᠲᠡ ᠳᠤ ᠣᠷᠣᠯᠴᠠᠭᠤᠯᠬᠤ ᠴᠢᠬᠤᠯᠠᠲᠠᠶ ᠪᠠᠶᠢᠬᠤ︔    ︵ᠳᠣᠯᠤᠭ᠎ᠠ︶ ᠴᠠᠭᠳᠠᠭ᠎ᠠ ᠳᠤ ᠬᠤᠯᠪᠣᠭᠳᠠᠭᠰᠠᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠄ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ ᠣᠲᠣ ᠶᠠᠭ ᠡᠭᠦᠰᠴᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠪᠠ ᠠᠷᠠᠳ ᠤᠨ ᠴᠠᠭᠳᠠᠭ᠎ᠠ ᠶᠢᠨ ᠡᠯ᠎ᠡ  ᠵᠦᠢᠯ ᠤᠨ ᠰᠠᠬᠢᠯᠭ᠎ᠠ ᠪᠠᠲᠤ ᠶᠢᠨ ᠲᠣᠭᠲᠠᠭᠠᠯ ᠢ ᠵᠥᠷᠢᠴᠡᠵᠦ᠂ ᠬᠠᠤᠯᠢ ᠶᠢ ᠵᠥᠷᠢᠴᠡᠨ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠥᠬᠡᠶ᠂ ᠡᠯ᠎ᠡ  ᠵᠦᠢᠯ ᠤᠨ ᠬᠠᠤᠯᠢ ᠬᠡᠷᠡᠭᠵᠢᠭᠦᠯᠬᠦ᠂ ᠦᠢᠯᠡᠴᠢᠯᠡᠬᠦ᠂ ᠵᠣᠬᠢᠶᠠᠨ ᠪᠠᠶᠢᠭᠤᠯᠬᠤ᠂ ᠬᠠᠮᠢᠶᠠᠷᠬᠤ ᠲᠦᠷᠢᠮ ᠢ ᠵᠢᠷᠤᠮᠯᠠᠬᠤ ᠥᠬᠡᠶ ᠪᠠ ᠠᠵᠢᠯ ᠮᠡᠷᠭᠡᠵᠢᠯ ᠤᠨ ᠶᠣᠰᠣ ᠮᠣᠷᠠᠯ ᠢ ᠵᠥᠷᠢᠴᠡᠭᠰᠡᠨ ᠡᠯ᠎ᠡ  ᠵᠦᠢᠯ ᠤᠨ  ᠦᠢᠯᠡ ᠠᠵᠢᠯᠯᠠᠭ᠎ᠠ᠃    ᠭᠤᠷᠪᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠬᠠᠮᠤᠭ ᠤᠨ ᠲᠡᠷᠢᠭᠦᠨ ᠳᠤ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠳᠤ ᠰᠢᠯᠵᠢᠭᠦᠯᠦᠨ ᠲᠤᠰᠢᠶᠠᠬᠤ ᠶᠢᠨ ᠬᠠᠮᠲᠤ᠂ ᠭᠤᠮᠣᠳᠠᠯ ᠲᠣᠭᠠᠴᠢᠬᠤ ᠵᠦᠢᠯᠡᠰ ᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠮᠣᠳᠠᠯ ᠲᠣᠭᠠᠴᠢᠬᠤ ︵ᠭᠤᠤᠯᠳᠠᠭᠤ 4 ᠲᠥᠷᠥᠯ ᠤᠨ ᠪᠠᠴᠢᠮ ᠬᠡᠷᠡᠭ︶ ᠳᠤ ᠰᠢᠯᠵᠢᠭᠦᠯᠦᠨ  ᠰᠢᠢᠳᠪᠦᠷᠢᠯᠡᠬᠦᠯᠬᠦ ᠪᠠᠷ ᠭᠤᠶᠤᠴᠢᠯᠠᠬᠤ ᠬᠡᠷᠡᠭᠲᠡᠶ ︵ᠭᠤᠤᠯᠳᠠᠭᠤ 4 ᠲᠥᠷᠥᠯ ᠤᠨ ᠪᠠᠴᠢᠮ ᠬᠡᠷᠡᠭ︶    ︵ᠨᠢᠭᠡ︶ ᠬᠤᠪᠢ ᠬᠥᠮᠦᠨ ᠤ ᠬᠡᠲᠦᠷᠡᠮᠡᠬᠡᠢ ᠬᠡᠷᠡᠭ᠄ 12345 ᠭᠤᠮᠣᠳᠠᠯ ᠲᠣᠭᠠᠴᠢᠭᠴᠢ ᠶᠢ ᠬᠦᠯᠢᠶᠡᠨ ᠠᠪᠤᠭᠰᠠᠨ ᠬᠥᠮᠦᠨ ᠤ ᠬᠡᠯᠡᠬᠦ ᠪᠠᠷ ᠬᠤᠪᠢ ᠬᠥᠮᠦᠨ ᠤ ᠬᠡᠲᠦᠷᠡᠮᠡᠬᠡᠢ ᠦᠢᠯᠡ ᠠᠵᠢᠯᠯᠠᠭ᠎ᠠ ᠶᠢᠨ ᠬᠡᠷᠡᠭ ᠲᠠᠢ ᠪᠠᠶᠢᠬᠤ︔    ︵ᠬᠤᠶᠠᠷ︶ ᠨᠡᠶᠢᠭᠡᠮ ᠠᠴᠠ ᠬᠠᠷᠢᠭᠤ ᠠᠪᠤᠭᠰᠠᠨ ᠬᠡᠷᠡᠭ ᠶᠠᠪᠤᠳᠠᠯ ᠤᠨ ᠲᠤᠬᠠᠶ ᠴᠤᠤᠷᠬᠠᠯ ᠲᠠᠯᠪᠢᠬᠤ᠄ ᠭᠤᠮᠣᠳᠠᠯ ᠲᠣᠭᠠᠴᠢᠭᠰᠠᠳ ᠢ ᠬᠦᠯᠢᠶᠡᠨ ᠠᠪᠤᠭᠰᠠᠨ ᠬᠥᠮᠦᠨ ᠨᠢ ᠵᠠᠰᠠᠭ ᠤᠨ ᠣᠷᠳᠣᠨ ᠪᠠ ᠨᠡᠶᠢᠭᠡᠮ ᠳᠤ ᠳᠤᠷ᠎ᠠ ᠦᠭᠡᠶᠢᠴᠡᠵᠦ ᠪᠠᠶᠢᠬᠤ᠂ ᠬᠡᠲᠦᠷᠡᠮᠡᠬᠡᠶ ᠠᠷᠭ᠎ᠠ ᠪᠠᠷ ᠨᠡᠶᠢᠭᠡᠮ ᠠᠴᠠ ᠬᠠᠷᠢᠭᠤ ᠠᠪᠬᠤ ᠪᠤᠶᠤ ᠪᠡᠶ᠎ᠡ ᠪᠠᠨ ᠬᠤᠣᠷᠯᠠᠬᠤ ᠵᠡᠷᠭᠡ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠢ ᠰᠢᠬᠠᠮᠳᠠᠭᠤᠯᠵᠤ ᠪᠠᠶᠢᠭᠠᠳ ᠠᠰᠠᠭᠤᠳᠠᠯ ᠢ  ᠰᠢᠢᠳᠪᠦᠷᠢᠯᠡᠬᠦᠯᠦᠨ᠎ᠡ ᠭᠡᠵᠦ ᠴᠤᠤᠷᠬᠠᠯ ᠲᠠᠯᠪᠢᠭᠰᠠᠨ︔    ︵ᠭᠤᠷᠪᠠ︶ ᠬᠠᠮᠲᠤᠯᠢᠭ ᠤᠨ ᠴᠢᠨᠠᠷᠲᠠᠶ ᠴᠤᠭᠯᠠᠷᠠᠯ ᠤᠨ ᠬᠡᠷᠡᠭ᠄ ᠭᠤᠮᠣᠳᠠᠯ ᠲᠣᠭᠠᠴᠢᠭᠴᠢ ᠶᠢ ᠬᠦᠯᠢᠶᠡᠨ ᠠᠪᠤᠭᠰᠠᠨ ᠬᠥᠮᠦᠨ ᠤ ᠨᠡᠶᠢᠭᠡᠮ ᠤᠨ ᠲᠠᠯ᠎ᠠ ᠪᠤᠶᠤ ᠴᠢᠬᠤᠯᠠ ᠲᠠᠯᠠᠪᠤᠷ ᠲᠤ ᠬᠥᠮᠦᠨ ᠴᠤᠭᠯᠠᠷᠠᠭᠰᠠᠨ ᠵᠡᠷᠭᠡ ᠬᠠᠮᠲᠤᠯᠢᠭ ᠤᠨ ᠴᠢᠨᠠᠷᠲᠠᠶ ᠬᠡᠷᠡᠭ︔    ︵ᠳᠥᠷᠪᠡ︶ ᠣᠯᠠᠨ ᠨᠡᠶᠢᠲᠡ᠂ ᠬᠥᠮᠦᠨ ᠤ ᠪᠡᠶ᠎ᠡ ᠪᠤᠶᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠬᠡᠷᠡᠭ᠄ 12345 ᠠᠵᠢᠯ ᠤᠨ ᠬᠠᠭᠤᠳᠠᠰᠤ ᠶᠢ  ᠭᠦᠢᠴᠡᠳᠭᠡᠬᠦ ᠶᠠᠪᠤᠴᠠ ᠳᠤ᠂ ᠬᠡᠲᠦᠷᠡᠮᠡᠬᠡᠶ  ᠦᠢᠯᠡ ᠠᠵᠢᠯᠯᠠᠭ᠎ᠠ ᠬᠢᠬᠦ᠂ ᠵᠥᠷᠢᠴᠡᠯ ᠵᠢᠭᠤᠷᠠᠯᠳᠤᠭᠠᠨ ᠰᠢᠷᠦᠭᠦᠰᠬᠦ᠂ ᠬᠡᠷᠡᠭ ᠤᠨ ᠪᠠᠶᠢᠳᠠᠯ ᠢ ᠡᠵᠡᠮᠳᠡᠬᠦ ᠳᠤ ᠪᠡᠷᠬᠡᠲᠡᠶ ᠪᠤᠶᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠪᠠᠶᠢᠳᠠᠯ ᠲᠣᠬᠢᠶᠠᠯᠳᠤᠵᠤ᠂ 110 ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠴᠢᠬᠤᠯᠠᠲᠠᠶ  ᠵᠦᠢᠯᠡᠰ᠃    ᠳᠥᠷᠪᠡ᠂ 110 ᠴᠠᠭᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠤᠷᠢᠳᠠᠪᠠᠷ  ᠰᠢᠢᠳᠪᠦᠷᠢᠯᠡᠵᠦ᠂ ᠳᠠᠷᠠᠭ᠎ᠠ ᠨᠢ ᠪᠣᠳᠠᠲᠠᠶ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠭᠤᠶᠤᠴᠢᠯᠠᠯ ᠢ ᠰᠢᠯᠵᠢᠭᠦᠯᠦᠨ ᠲᠤᠰᠢᠶᠠᠨ᠎ᠠ ︵ᠭᠤᠤᠯᠳᠠᠭᠤ 7 ᠲᠥᠷᠥᠯ ᠤᠨ ᠣᠯᠠᠨ ᠲᠦᠮᠡᠨ ᠠᠴᠠ ᠲᠤᠰᠠᠯᠠᠮᠵᠢ ᠭᠤᠶᠤᠴᠢᠯᠠᠨ᠎ᠠ︶    ︵ᠨᠢᠭᠡ︶ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠲᠦᠷᠦᠯ᠄ ᠵᠠᠮ ᠬᠠᠷᠢᠯᠴᠠᠭᠠᠨ ᠤ ᠢᠯᠡᠳᠬᠡᠮᠵᠢ ᠳᠡᠮᠳᠡᠭ ᠤᠨ ᠫᠠᠶᠢᠰᠠ᠂ ᠵᠠᠮ ᠬᠠᠷᠢᠯᠴᠠᠭᠠᠨ ᠤ ᠳᠤᠬᠢᠶᠠᠨ ᠳ᠋ᠧᠩ᠂ ᠵᠠᠮ ᠬᠠᠷᠢᠯᠴᠠᠭᠠᠨ ᠤ ᠬᠠᠯᠬᠠᠪᠴᠢ ᠬᠡᠷᠡᠰᠬᠡ᠂ ᠵᠠᠮ ᠤᠨ ᠳᠤᠬᠢᠶ᠎ᠠ ᠶᠢ ᠦᠵᠡᠭᠦᠯᠬᠦ ᠳᠡᠯᠭᠡᠴᠡ ᠵᠡᠷᠭᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠳᠤ ᠬᠤᠯᠪᠣᠭᠳᠠᠬᠤ ᠲᠦᠭᠰᠢᠭᠦᠷᠢ ᠮᠡᠳᠡᠭᠦᠯᠬᠦ︔    ︵ᠬᠤᠶᠠᠷ︶ ᠵᠡᠭᠡᠯᠢ ᠳᠡᠭᠡᠷᠡᠬᠢ ᠡᠮᠬᠢ ᠳᠢᠭᠯᠢᠮ ᠤᠨ ᠲᠦᠷᠦᠯ᠄ ᠲᠦᠷᠢᠮ ᠢ ᠵᠥᠷᠢᠴᠡᠨ ᠲᠡᠷᠭᠡ ᠵᠣᠭᠰᠣᠭᠠᠬᠤ᠂ ᠵᠠᠮ ᠲᠦᠭᠵᠢᠷᠡᠬᠦ᠂ ᠵᠠᠰᠠᠬᠤ᠂ ᠵᠡᠭᠡᠯᠢ ᠳᠡᠭᠡᠷ᠎ᠡ ᠡᠪᠡᠳᠴᠢᠯᠡᠭᠰᠡᠨ ᠬᠥᠮᠦᠰ᠂ ᠵᠠᠮ ᠲᠡᠭᠡᠭᠡᠪᠦᠷᠢ ᠶᠢᠨ ᠱᠤᠤᠭᠢᠶᠠᠨ ᠵᠡᠷᠭᠡ ᠵᠡᠭᠡᠯᠢ ᠳᠡᠭᠡᠷᠡᠬᠢ ᠠᠮᠤᠷ ᠲᠦᠪᠰᠢᠨ ᠤ ᠡᠮᠬᠢ ᠳᠢᠭᠯᠢᠮ ᠲᠠᠢ ᠬᠤᠯᠪᠣᠭᠳᠠᠬᠤ ᠰᠡᠷᠡᠮᠵᠢ ᠶᠢᠨ ᠳᠤᠬᠢᠶ᠎ᠠ︔    ︵ᠭᠤᠷᠪᠠ︶ ᠣᠷᠴᠢᠨ ᠠᠬᠤᠶ ᠶᠢᠨ ᠬᠠᠮᠠᠭᠠᠯᠠᠯᠲᠠ ᠶᠢᠨ ᠲᠦᠷᠦᠯ᠄ ᠬᠤᠭ ᠨᠣᠪᠰᠢ ᠶᠢ ᠰᠢᠲᠠᠭᠠᠬᠤ ᠵᠡᠷᠭᠡ ︵ᠭᠠᠯ ᠤᠨ ᠠᠶᠤᠯ ᠠᠮᠠᠷᠬᠠᠨ ᠭᠠᠷᠬᠤ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠦᠷᠴᠦ ᠤᠷᠢᠳᠠᠪᠠᠷ ᠰᠢᠢᠳᠪᠦᠷᠢᠯᠡᠬᠦ ᠬᠡᠷᠡᠭᠲᠡᠶ︶︔    ︵ᠳᠥᠷᠪᠡ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠷᠥᠯ᠄ ᠨᠠᠰᠤᠨ ᠳᠤ ᠥᠯᠥ ᠭᠦᠷᠦᠭᠰᠡᠳ ᠡᠵᠡᠩᠨᠡᠯᠲᠡ ᠶᠢᠨ ᠴᠢᠨᠠᠷᠲᠠᠶ ᠵᠤᠭ᠎ᠠ ᠴᠡᠩᠭᠡᠯ ᠤᠨ ᠲᠠᠯᠠᠪᠤᠷ ᠲᠤ ᠣᠷᠣᠵᠤ ᠭᠠᠷᠬᠤ ︵ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠬᠠᠶ ᠶᠢᠨ ᠲᠠᠯᠠᠪᠤᠷ ᠲᠤ ᠬᠦᠷᠴᠦ ᠤᠷᠢᠳ ᠢᠶᠠᠷ ᠰᠢᠢᠳᠪᠦᠷᠢᠯᠡᠬᠦ ᠬᠡᠷᠡᠭᠲᠡᠶ︶ ᠵᠡᠷᠭᠡ︔    ︵ᠲᠠᠪᠤ︶ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠦᠷᠦᠯ᠄ ᠤᠯᠠᠨ ᠢᠶᠠᠷ ᠢᠶᠠᠨ ᠲᠦᠷᠢᠶᠡᠰᠦᠯᠡᠬᠦ ᠠᠰᠠᠭᠤᠳᠠᠯ᠂ ᠨᠣᠬᠠᠶ ᠶᠢᠨ ᠲᠦᠷᠦᠯ ᠢᠶᠠᠷ ᠬᠥᠮᠦᠨ ᠢ ᠰᠢᠷᠬᠠᠲᠤᠭᠤᠯᠬᠤ᠂ ᠬᠤᠳᠠ ᠶᠢᠨ ᠲᠡᠵᠢᠭᠡᠪᠦᠷᠢ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ᠂ ᠠᠮᠤᠷ ᠢ ᠬᠠᠮᠠᠭᠠᠯᠠᠬᠤ ᠢᠯᠡᠴᠢᠯᠡᠨ ᠮᠡᠳᠡᠭᠦᠯᠬᠦ ᠲᠦᠷᠦᠯ ᠤᠨ ᠠᠰᠠᠭᠤᠳᠠᠯ᠂ ᠠᠷᠠᠯ ᠤᠨ ᠱᠠᠷ ᠫᠢᠶᠣᠣ ᠰᠠᠷᠢᠭᠠᠯᠠᠬᠤ ᠵᠡᠷᠭᠡ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠬᠤᠯᠪᠣᠭᠳᠠᠬᠤ ᠴᠠᠭᠳᠠᠭ᠎ᠠ ᠶᠢᠨ ᠮᠡᠳᠡᠭᠦᠯᠦᠯᠲᠡ︔    ︵ᠵᠢᠷᠭᠤᠭ᠎ᠠ︶ ᠤᠯᠠᠨ ᠨᠡᠶᠢᠲᠡ ᠶᠢᠨ ᠲᠥᠬᠦᠭᠡᠷᠦᠮᠵᠢ ᠶᠢᠨ ᠲᠦᠷᠦᠯ᠄ ᠬᠤᠳᠳᠤᠭ ᠤᠨ ᠪᠦᠷᠬᠦᠭᠡᠰᠦ ᠳᠤᠲᠠᠭᠳᠠᠬᠤ᠂ ᠬᠥᠭᠦᠷᠭᠡ ᠡᠪᠳᠡᠷᠡᠬᠦ᠂ ᠬᠦᠷᠢᠶ᠎ᠡ ᠬᠡᠷᠡᠮ ᠨᠤᠷᠠᠬᠤ᠂ ᠵᠠᠷ ᠤᠨ ᠫᠠᠶᠢᠰᠠ᠂ ᠪᠠᠷᠢᠯᠭ᠎ᠠ ᠡᠪᠳᠡᠷᠡᠬᠦ ︵ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠦᠷ ᠴᠠᠭ ᠤᠨ ᠰᠡᠷᠡᠮᠵᠢ ᠶᠢᠨ ᠢᠯᠡᠳᠬᠡᠮᠵᠢ ᠳᠡᠮᠳᠡᠭ ᠲᠠᠯᠪᠢᠬᠤ ᠴᠢᠬᠤᠯᠠᠲᠠᠶ︶᠂ ᠤᠲᠠᠰᠤ ᠳᠡᠭᠡᠰᠦᠨ ᠤ ᠴᠠᠬᠢᠯᠭᠠᠨ ᠪᠠᠭᠠᠨ᠎ᠠ ᠡᠪᠳᠡᠷᠡᠬᠦ ︵ᠵᠣᠷᠢᠭᠤᠳᠠ ᠡᠪᠳᠡᠭᠰᠡᠨ ᠡᠰᠡᠬᠦ ᠶᠢ ᠤᠷᠢᠳᠠᠪᠠᠷ ᠰᠢᠢᠳᠪᠦᠷᠢᠯᠡᠬᠦ ᠴᠢᠬᠤᠯᠠᠲᠠᠶ︶ ᠵᠡᠷᠭᠡ︔    ︵ᠲᠤᠯᠤᠭ᠎ᠠ︶ ᠭᠡᠨᠡᠳᠲᠡ ᠶᠢᠨ ᠬᠡᠷᠡᠭ ᠤᠨ ᠲᠦᠷᠦᠯ᠄ ᠠᠮᠢᠳᠠᠨ ᠤᠷᠭᠤᠮᠠᠯ ᠤᠨ ᠲᠦᠷᠦᠯ ᠤᠨ ᠬᠢᠵᠢᠭ ᠤᠨ ᠪᠠᠶᠢᠳᠠᠯ᠂ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠬᠤ ︵ᠤᠰᠤᠨ ᠳᠤ ᠴᠠᠴᠠᠬᠤ᠂ ᠠᠰᠠᠷ ᠠᠴᠠ ᠤᠨᠠᠬᠤ᠂ ᠪᠡᠶ᠎ᠡ ᠪᠠᠨ ᠬᠤᠣᠷᠯᠠᠬᠤ ᠵᠡᠷᠭᠡ ᠪᠠᠶᠢᠳᠠᠯ ᠭᠠᠷᠴᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠪᠠᠴᠢᠮ ᠠᠪᠤᠷᠠᠨ ᠲᠤᠰᠠᠯᠠᠬᠤ ᠴᠢᠬᠤᠯᠠᠲᠠᠶ ᠪᠣᠯᠤᠭᠰᠠᠨ︔ ᠨᠠᠰᠤᠲᠠᠶᠢᠴᠤᠳ᠂ ᠬᠡᠦᠬᠡᠳ ᠵᠢᠴᠢ ᠣᠶᠣᠨ ᠤ ᠰᠠᠭᠠᠳ ᠲᠠᠢ ᠬᠥᠮᠦᠰ᠂ ᠣᠶᠣᠨ ᠮᠡᠳᠡᠷᠡᠯ ᠤᠨ ᠡᠪᠡᠳᠴᠢᠲᠡᠨ ᠵᠡᠷᠭᠡ ᠬᠥᠮᠦᠰ ᠤᠨ ᠲᠥᠭᠡᠷᠢᠭᠰᠡᠨ ᠪᠠᠶᠢᠳᠠᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠵᠣᠬᠢᠬᠤ ᠬᠡᠪᠴᠢᠶᠡᠨ ᠳᠤ ᠡᠷᠢᠬᠦ ᠴᠢᠬᠤᠯᠠᠲᠠᠶ ᠪᠠᠶᠢᠬᠤ︔ ᠣᠯᠠᠨ ᠨᠡᠶᠢᠲᠡ ᠠᠶᠤᠯ ᠲᠦᠭᠰᠢᠭᠦᠷᠢ ᠳᠤ ᠤᠴᠠᠷᠠᠭᠠᠳ ᠲᠤᠰᠠᠯᠠᠮᠵᠢ ᠥᠬᠡᠶ ᠭᠠᠭᠴᠠᠭᠠᠷᠳᠠᠭᠰᠠᠨ ᠪᠠᠶᠢᠳᠠᠯ ᠳᠤ ᠪᠠᠶᠢᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠷᠡ ᠳᠠᠷᠤᠶ ᠳᠤᠨᠢ ᠠᠪᠤᠷᠠᠨ ᠲᠤᠰᠠᠯᠠᠬᠤ ᠴᠢᠬᠤᠯᠠᠲᠠᠶ ᠪᠠᠶᠢᠬᠤ︶᠂ ᠬᠠᠮᠲᠤᠯᠢᠭ ᠤᠨ ᠴᠢᠨᠠᠷᠲᠠᠶ ᠬᠡᠷᠡᠭ᠂ ᠤᠰᠤ ᠴᠠᠬᠢᠯᠭᠠᠨ ᠬᠡᠢ ᠶᠢᠨ ᠬᠦᠨᠳᠦ ᠶᠡᠭᠡ ᠰᠠᠭᠠᠳ᠂ ᠠᠶᠤᠯᠲᠠᠶ ᠬᠢᠮᠢ ᠶᠢᠨ ᠪᠣᠳᠠᠰ ᠤᠨ ᠬᠦᠨᠳᠦ ᠶᠡᠭᠡ ᠭᠤᠭᠤᠵᠢᠭᠰᠠᠨ ᠬᠡᠷᠡᠭ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠪᠤᠶᠤ ᠪᠤᠰᠤᠳ ᠲᠦᠭᠰᠢᠭᠦᠷᠢ ᠮᠡᠳᠡᠭᠦᠯᠦᠭᠰᠡᠨ ᠬᠡᠷᠡᠭ ᠶᠠᠪᠤᠳᠠᠯ᠃                     ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠴᠠᠬᠢᠯᠭᠠᠨ ᠮᠡᠳᠡᠭᠡ ᠶᠢᠨ ᠰᠠᠯᠠᠭ᠎ᠠ                      2023 ᠣᠨ ᠤ 4 ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号