ᠬᠢᠩᠭᠠᠨ ᠠᠳᠠᠷ ᠬᠠᠭᠠᠯᠪᠤᠷᠢᠯᠠᠯᠲᠠ ᠶᠢᠨ ᠣᠲᠣ ᠦᠶ᠎ᠡ ᠶᠢᠨ ᠦᠬᠡᠷ ᠤᠨ ᠠᠵᠤ  ᠦᠢᠯᠡᠰ ᠤᠨ ᠬᠦᠷᠢᠶᠡᠯᠡᠩ ᠤᠨ ᠲᠥᠷᠥᠯ  ᠵᠦᠢᠯ  ᠢ ᠡᠮᠬᠢ ᠳᠢᠭᠯᠢᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/9/19
 
    9 ᠰᠠᠷ᠎ᠠ ᠶᠢᠨ 11 ᠤ ᠡᠳᠦᠷ᠂  ᠬᠦᠬᠡ ᠡᠳᠤᠭᠤᠨ ᠲᠠᠯᠠᠪᠠᠢ ᠳᠤ ᠪᠠᠶᠢᠭ᠎ᠠ ᠬᠢᠩᠭᠠᠨ ᠤ ᠠᠳᠠᠷ ᠬᠠᠭᠠᠯᠪᠤᠷᠢᠯᠠᠯᠲᠠ ᠶᠢᠨ ᠤᠳᠤ ᠦᠶ᠎ᠡ ᠶᠢᠨ ᠦᠬᠡᠷ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠶᠠᠭ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠶᠠᠪᠤᠭᠳᠠᠵᠤ ᠪᠤᠢ᠃ ᠣᠶᠢᠯᠠᠭᠠᠭᠰᠠᠨ ᠢᠶᠠᠷ᠂ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠵᠢᠯ ᠤᠨ ᠳᠣᠲᠣᠷ᠎ᠠ ᠳᠠᠭᠤᠰᠬᠠᠬᠤ ᠶᠢᠨ ᠬᠠᠮᠲᠤ ᠦᠬᠡᠷ ᠢ ᠲᠠᠯᠠᠪᠠᠶ ᠳᠤ ᠣᠷᠣᠭᠤᠯᠬᠤ ᠪᠣᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ ᠲᠥᠯᠥᠪᠵᠢᠭᠦᠯᠭᠡ ᠶᠢᠨ ᠡᠵᠡᠯᠡᠬᠦ ᠲᠠᠯᠠᠪᠠᠶ ᠨᠢ 1.5 ᠲᠦᠮᠡᠨ ᠮᠥ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 28 ᠳ᠋ᠦᠩᠰᠢᠭᠤᠷ ᠲᠥᠭᠦᠷᠢᠭ ᠪᠠᠶᠢᠵᠤ᠂ 15 ᠲᠦᠮᠡᠨ ᠦᠬᠡᠷ ᠮᠠᠯᠵᠢᠯ ᠤᠨ ᠲᠠᠯᠠᠪᠠᠶ ᠵᠢᠴᠢ ᠲᠡᠭᠦᠨ ᠤ ᠬᠡᠪᠴᠢᠶ᠎ᠡ ᠲᠠᠢ ᠵᠣᠬᠢᠴᠠᠯᠳᠤᠭᠰᠠᠨ ᠲᠡᠵᠢᠭᠡᠨ ᠦᠷᠡᠵᠢᠭᠦᠯᠬᠦ ᠲᠥᠬᠦᠭᠡᠷᠦᠮᠵᠢ᠂ ᠠᠯᠪᠠᠯᠠᠬᠤ ᠠᠮᠢᠳᠤᠷᠠᠯ ᠤᠨ ᠲᠣᠭᠤᠷᠢᠭ ᠵᠡᠷᠭᠡ ᠶᠢ ᠪᠥᠲᠥᠭᠡᠨ ᠪᠠᠶᠢᠭᠤᠯᠤᠨ᠎ᠠ᠃ ᠲᠣᠰ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠬᠦᠷᠢᠶᠡᠯᠡᠩ ᠲᠣᠭᠤᠷᠢᠭ ᠲᠤ ︽ᠳᠠᠷᠢᠵᠤ ᠲᠡᠵᠢᠭᠡᠬᠦ ᠰᠤᠳᠤᠯᠬᠤ ᠨᠡᠮᠡᠬᠦ ᠬᠠᠳᠠᠭᠠᠯᠠᠬᠤ ᠲᠡᠭᠡᠭᠡᠪᠦᠷᠢᠯᠡᠨ ᠪᠣᠷᠣᠯᠠᠭᠤᠯᠬᠤ︾ ᠪᠥᠬᠦ ᠶᠠᠪᠤᠴᠠ ᠶᠢ ᠮᠥᠷᠳᠡᠵᠦ ᠪᠣᠯᠬᠤ᠂ ᠨᠠᠷᠢᠯᠢᠬᠵᠢᠭᠤᠯᠬᠤ᠂ ᠤᠶᠤᠨᠴᠢᠯᠠᠬᠤ ᠪᠥᠬᠦ ᠠᠵᠤ  ᠦᠢᠯᠡᠰ ᠤᠨ ᠬᠡᠯᠬᠢᠶᠡᠵᠢᠯ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠵᠦ᠂ ᠪᠥᠬᠦ ᠠᠶᠢᠮᠠᠭ ᠤᠨ ᠦᠬᠡᠷ ᠤᠨ ᠠᠵᠤ  ᠦᠢᠯᠡᠰ ᠤᠨ ᠬᠥᠭᠵᠢᠯᠲᠡ ᠳᠤ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ  ᠦᠢᠯᠡᠳᠦᠯ ᠦᠵᠡᠭᠦᠯᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号