ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠵᠢᠨ‌ᠬᠤᠷᠢᠶ᠎ᠠ ᠶᠢᠨ ᠳᠣᠯᠣᠳᠤᠭᠠᠷ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2023/9/19
    9 ᠰᠠᠷ᠎ᠠ ᠶᠢᠨ 13 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠬᠤᠷᠠᠯ ᠬᠤᠷᠠᠯᠳᠤᠵᠤ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ ᠱᠦ ᠴᠧᠩ ᠬᠤᠷᠠᠯ ᠡᠷᠭᠢᠯᠡᠬᠦ ᠶᠢᠨ ᠬᠠᠮᠲᠤ ᠶᠠᠷᠢᠶ᠎ᠠ ᠲᠠᠯᠪᠢᠪᠠ᠃ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠬᠢᠩᠭᠠᠨ ᠠᠶᠢᠮᠠᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠳᠣᠯᠣᠳᠤᠭᠠᠷ ᠤᠳᠠᠭ᠎ᠠ ᠶᠢᠨ ᠬᠤᠷᠠᠯ ᠤᠨ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠵᠦ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠠᠢ ᠤᠶᠠᠯᠳᠤᠭᠤᠯᠤᠨ ᠲᠤᠰᠬᠠᠶ ᠰᠡᠳᠦᠪᠲᠦ ᠬᠢᠨᠠᠯᠲᠠ ᠶᠢᠨ ᠴᠢᠨᠠᠷᠲᠠᠶ ᠵᠥᠪᠯᠡᠯᠭᠡ ᠥᠷᠨᠢᠭᠦᠯᠪᠡ᠃    ᠬᠤᠷᠠᠯ ᠠᠴᠠ  ᠴᠢᠩᠭᠠᠳᠬᠠᠭᠰᠠᠨ ᠨᠢ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠶᠡᠷᠦᠩᠬᠡᠶᠢᠯᠡᠨ ᠬᠦᠴᠦᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠵᠣᠬᠢᠴᠠᠭᠤᠯᠵᠤ ᠪᠠᠶᠢᠭᠠᠳ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠪᠣᠳᠠᠲᠠᠢ ᠶᠢ ᠡᠷᠬᠢᠮᠯᠡᠨ ᠤᠯᠤᠰ ᠲᠦᠷᠦ ᠶᠢᠨ ᠵᠥᠪᠯᠡᠯᠭᠡᠨ ᠤ ᠵᠥᠪᠯᠡᠯᠭᠡ ᠪᠣᠯᠤᠨ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠭᠤᠯᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号