ᠠᠶᠢᠮᠠᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/9/19
     9 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ  ᠬᠤᠷᠢᠶ᠎ᠠ ᠭᠤᠣᠯ ᠰᠡᠳᠦᠪᠲᠦ ᠬᠥᠮᠦᠵᠢᠯ ᠤᠨ ᠠᠩᠬᠠᠳᠤᠭᠠᠷ ᠬᠤᠭᠤᠴᠠᠭᠠᠨ ᠤ ᠨᠣᠮ ᠤᠩᠰᠢᠬᠤ ᠠᠩᠬᠢ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠰᠢᠤᠢ ᠵᠦᠸᠧ᠂ ᠯᠢᠦ  ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ ᠣᠷᠣᠯᠴᠠᠪᠠ᠃    ᠨᠣᠮ ᠤᠩᠰᠢᠬᠤ ᠠᠩᠬᠢ ᠶᠢ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠬᠠᠮᠲᠤ ᠪᠠᠷ ᠨᠣᠮ ᠤᠩᠰᠢᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ ᠶᠢ ᠤᠶᠠᠯᠳᠤᠭᠤᠯᠬᠤ ᠠᠷᠭ᠎ᠠ ᠪᠠᠷ  ᠶᠠᠪᠤᠭᠳᠠᠭᠤᠯᠪᠠ᠃ ᠬᠤᠶᠠᠷ ᠡᠳᠦᠷ ᠤᠨ ᠲᠤᠷᠰᠢ᠂ ᠨᠣᠮ ᠤᠩᠰᠢᠬᠤ ᠠᠩᠭᠢ ᠳᠤ ᠣᠷᠣᠯᠴᠠᠭᠰᠠᠨ ᠠᠶᠢᠮᠠᠭ ᠤᠨ ᠳᠡᠰ ᠤᠨ ᠤᠳᠤᠷᠢᠳᠤᠯᠭ᠎ᠠ ᠤᠤᠯ ᠵᠣᠬᠢᠶᠠᠯ ᠳᠠᠭᠠᠨ ︽ᠰᠢ ᠶᠢᠨ ᠫᠢᠩ ᠵᠣᠬᠢᠶᠠᠯ ᠤᠨ ᠰᠣᠩᠭᠤᠮᠠᠯ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠤᠨ ᠲᠤᠰᠬᠠᠶ ᠰᠡᠳᠦᠪ ᠤᠨ ᠲᠣᠪᠴᠢᠯᠠᠯ︾ ᠵᠡᠷᠭᠡ ᠠᠭᠤᠯᠭ᠎ᠠ ᠶᠢ ᠰᠤᠷᠤᠯᠴᠠᠪᠠ᠃ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠦᠶ᠎ᠡ︾ ᠵᠡᠷᠭᠡ ᠲᠤᠰᠬᠠᠢ ᠰᠡᠳᠦᠪᠲᠦ ᠹᠢᠯᠢᠮ ᠢ ᠦᠵᠡᠵᠦ᠂ ᠲᠥᠪ ᠤᠨ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠶᠤᠸᠠᠢ ᠯᠢᠶᠠᠩ ᠤᠨ ᠬᠢᠭᠰᠡᠨ ︽  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠤᠨ ᠠᠷᠭ᠎ᠠ ᠶᠢᠨ ᠤᠨᠤᠯ︾ ᠭᠡᠬᠦ ᠰᠡᠳᠦᠪ ᠢᠶᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠲᠠᠶᠢᠯᠤᠮᠵᠢ ᠶᠢ ᠰᠣᠨᠣᠰᠴᠠᠢ᠃ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠨ᠂ ᠤᠯᠠᠨ ᠢᠶᠠᠷ ᠢᠶᠠᠨ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠨᠡᠩ ᠪᠦᠬᠦ ᠲᠠᠯ᠎ᠠ ᠪᠠᠷ ᠡᠵᠡᠮᠰᠢᠵᠦ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠤᠨᠤᠯ ᠤᠨ ᠪᠣᠯᠪᠠᠰᠤᠷᠠᠯ ᠢᠶᠠᠨ ᠴᠢᠨᠠᠭᠰᠢᠳᠠ ᠳᠡᠭᠡᠭᠰᠢᠯᠡᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠥᠷᠢᠯᠡᠵᠦ᠂ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠠᠢ᠃    ᠵᠠᠩ ᠰᠢᠶᠤᠤ ᠪᠢᠩ ᠤᠯᠠᠨ ᠲᠠᠢ ᠰᠤᠷᠤᠯᠴᠠᠭᠰᠠᠨ ᠲᠦᠷᠦᠭᠳᠡᠯ ᠪᠠ ᠲᠦᠷᠦᠭᠳᠡᠯ ᠢᠶᠠᠨ ᠬᠤᠪᠢᠶᠠᠯᠴᠠᠬᠤ ᠶᠢᠨ ᠬᠠᠮᠲᠤ ᠠᠶᠢᠮᠠᠭ ᠤᠨ ᠨᠠᠮ ᠤᠨ  ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠡᠷᠡ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠨᠢᠭᠡᠨ ᠥᠷᠭᠡᠨ ᠳᠡᠯᠭᠡᠷ ᠭᠦᠨ ᠭᠦᠨᠵᠡᠭᠡᠢ ᠤᠨᠤᠯ ᠤᠨ ᠰᠢᠰᠲ᠋ᠧᠮ ᠮᠥᠨ᠂ ᠪᠠᠰᠠ ᠴᠤ ᠨᠢᠭᠡᠨ ᠲᠠᠰᠤᠷᠠᠯᠳᠡ ᠦᠭᠡᠢ ᠪᠠᠶᠠᠯᠢᠭᠵᠢᠨ ᠬᠥᠭᠵᠢᠭᠰᠡᠨ ᠤᠨᠤᠯ ᠤᠨ ᠰᠢᠰᠲ᠋ᠧᠮ ᠮᠥᠨ᠃ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ᠂ ᠭᠦᠨᠵᠡᠭᠡᠢ ᠰᠡᠳᠬᠢᠵᠦ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ᠂ ᠣᠪᠣᠷ ᠢᠶᠠᠨ ᠲᠥᠪ ᠪᠣᠯᠭᠠᠨ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠨ  ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠪᠣᠳᠠᠲᠠᠢ ᠳᠤ ᠭᠦᠨᠵᠡᠭᠡᠶᠢᠷᠡᠭᠦᠯᠬᠦ᠂ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ︽ᠭᠤᠷᠪᠠ ᠶᠢ ᠲᠣᠭᠲᠠᠪᠤᠷᠢᠵᠢᠭᠤᠯᠵᠤ ᠲᠠᠪᠤ ᠶᠢ ᠠᠬᠢᠭᠤᠯᠬᠤ︾ ᠵᠡᠷᠭᠡ ᠠᠵᠢᠯ ᠢ ᠰᠠᠶᠢᠲᠤᠷ ᠠᠳᠬᠤᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠵᠡᠯ ᠰᠠᠨᠠᠭᠠᠨ ᠤ ᠶᠡᠭᠡ ᠴᠢᠯᠥᠭᠡᠯᠡᠯᠲᠡ᠂ ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ᠨᠡᠩ ᠤᠯᠠᠨ ᠬᠢᠩᠭᠠᠨ ᠤ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号