ᠷᠠᠰᠢᠶᠠᠨ ᠬᠤᠲᠠ 2023 ᠣᠨ ᠤ ᠲᠠᠪᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠨᠠᠮ ᠤᠨ  ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2023/9/21
    9 ᠰᠠᠷ᠎ᠠ ᠶᠢᠨ 19 ᠤ ᠡᠳᠦᠷ᠂ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ 2023 ᠣᠨ ᠤ  ᠲᠠᠪᠤᠳᠤᠭᠠᠷ ᠤᠳᠠᠭ᠎ᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ  ᠬᠤᠷᠠᠯ ᠬᠤᠷᠠᠯᠳᠤᠭᠤᠯᠪᠠ᠃ ᠬᠤᠷᠠᠯ ᠠᠴᠠ᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ  ᠲᠦᠷᠦ ᠶᠢᠨ ᠲᠣᠪᠴᠢᠶᠠᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢ ᠶᠢᠨ ᠫᠢᠩ  ᠨᠥᠬᠦᠷ ᠤᠨ ᠶᠠᠷᠢᠶ᠎ᠠ︾ ︽ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠬᠠᠶ ᠮᠡᠳᠡᠭᠳᠡᠯ︾  ︽ᠰᠦᠨ ᠱᠣᠣ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ︾ ︽ᠬᠢᠩᠭᠠᠨ ᠠᠶᠢᠮᠠᠭ ᠤᠨ ᠰᠢ ᠶᠢᠨ  ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ︾ ᠵᠡᠷᠭᠡ  ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠡᠭᠦᠨ ᠤ ᠬᠠᠮᠲᠤ ᠷᠠᠰᠢᠶᠠᠨ ᠬᠤᠲᠠ ᠶᠢᠨ  ᠠᠷᠠᠳ ᠤᠨ ᠵᠠᠰᠠᠭ ᠤᠨ ᠣᠷᠳᠣᠨ ᠤ 7 — 8 ᠳ᠋ᠤᠭᠠᠷ ᠰᠠᠷ᠎ᠠ ᠳᠤ ︽ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ︾  ᠠᠵᠢᠯ ᠢ ᠠᠬᠢᠭᠤᠯᠤᠭᠰᠠᠨ ᠲᠤᠰᠢᠶᠠᠯ ᠤᠨ ᠮᠡᠳᠡᠭᠦᠯᠦᠯᠲᠡ ᠶᠢᠨ ᠦᠨᠡᠯᠡᠯᠲᠡ ᠶᠢᠨ ᠦᠷ᠎ᠡ ᠳ᠋ᠦᠩ ᠢ ᠵᠠᠷᠯᠠᠨ ᠮᠡᠳᠡᠭᠳᠡᠪᠡ᠃         ᠬᠤᠷᠠᠯ ᠠᠴᠠ᠂ ᠪᠦᠬᠦ ᠬᠤᠳᠠ ᠪᠠᠷ ᠢᠶᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ  ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠨᠡ ᠤᠳᠠᠭ᠎ᠠ ᠶᠢᠨ ᠭᠤᠣᠯ ᠰᠡᠳᠦᠪᠲᠦ  ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠰᠢᠨ᠎ᠡ  ᠡᠭᠦᠳᠦᠯᠲᠡ ᠶᠢᠨ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ  ᠠᠵᠢᠯᠯᠠᠭ᠎ᠠ ᠪᠠᠨ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ  ᠦᠭᠡᠢ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ  ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ  ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠬᠦ᠂  ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ  ᠴᠢᠩᠭᠠᠳᠬᠠᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠰᠤᠷᠤᠯᠴᠠᠯᠭ᠎ᠠ ᠪᠠᠷ  ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ  ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ  ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠡᠯ᠎ᠡ  ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠵᠠᠰᠠᠭ ᠤᠨ ᠣᠷᠳᠣᠨ ᠤ ᠰᠢᠰᠲ᠋ᠧᠮ ᠳᠤ ᠲᠡᠷᠡ  ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号