ᠰᠦᠬᠡ ᠨᠠᠷ ᠶᠦᠨᠨᠠᠨ ᠤ ᠵᠦᠩ ᠶᠠᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠰᠢᠨᠵᠢᠯᠡᠨ ᠪᠠᠶᠢᠴᠠᠭᠠᠵᠤ ᠵᠣᠯᠭᠠᠭᠤᠯᠪᠠ
ᠨᠡᠶᠢᠲᠡᠯᠡᠭᠰᠡᠨ ᠴᠠᠭ᠄
2023/9/21
     9 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠨᠠᠷ ᠺᠦᠨᠮᠢᠩ ᠬᠤᠲᠠ ᠳᠤ ᠶᠦᠨᠨᠠᠨ ᠤ ᠵᠥᠩ ᠶᠠᠨ ᠶᠡᠷᠦᠩᠬᠡᠶ ᠳᠠᠭᠠᠭᠠᠮᠠᠯ᠂ ᠬᠤᠩ ᠶᠦᠨ ᠬᠤᠩ ᠾᠧ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠦ ᠬᠤᠩ ᠡᠦ ᠨᠡᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠪᠣᠯᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠯᠠᠭᠠᠨᠬᠤᠲᠠ ᠶᠢᠨ ᠶᠠᠨᠵᠤᠤᠷ ᠲᠠᠮᠠᠬᠢ ᠶᠢᠨ ᠦᠢᠯᠡᠳᠪᠦᠷᠢ ᠶᠢᠨ ᠪᠦᠲᠦᠴᠡ ᠶᠢ ᠰᠢᠯᠢᠳᠡᠭᠵᠢᠭᠦᠯᠬᠦ᠂ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠬᠦ᠂ ᠪᠣᠷᠣᠯᠠᠭᠤᠯᠭ᠎ᠠ ᠶᠢᠨ  ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠵᠤ᠂ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃ ᠬᠤᠶᠠᠷ ᠲᠠᠯ᠎ᠠ ᠪᠠᠷ ᠢᠶᠠᠨ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠬᠠᠮᠲᠤᠪᠠᠷ ᠲᠡᠮᠡᠴᠡᠨ ᠣᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ᠬᠢᠩᠭᠠᠨ ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ ᠵᠢᠴᠢ  ᠤᠯᠠᠭᠠᠨᠬᠤᠳᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃    
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号