ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠩᠭᠠᠨ ᠠᠶᠢᠮᠠᠭ ᠤᠨ  ᠠᠵᠢᠯ ᠤᠨ ᠵᠦᠪᠯᠡᠯ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/21
   9 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠩᠭᠠᠨ ᠠᠶᠢᠮᠠᠭ ᠤᠨ ᠠᠵᠢᠯ ᠤᠨ ᠵᠦᠪᠯᠡᠯ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ  ᠵᠦᠸᠧ ᠬᠤᠷᠠᠯ ᠡᠷᠭᠢᠯᠡᠵᠦ᠂ ᠳᠡᠳ᠋ ᠡᠷᠬᠢᠯᠡᠭᠴᠢ ᠲᠦᠩ  ᠪᠦᠷᠢᠨ᠂ ᠪᠦᠦ ᠰᠢᠨ ᠮᠢᠨ᠂ ᠯᠢ ᠰᠢᠶᠤᠤ ᠭᠤᠸᠠᠩ᠂ ᠭᠦᠸᠧ ᠲᠠᠩ᠂ ᠯᠢᠦ ᠵᠥᠩ ᠬᠤᠷᠠᠯ ᠳᠤ ᠣᠷᠣᠯᠴᠠᠵᠠᠶ᠃    ᠬᠤᠷᠠᠯ ᠠᠴᠠ ᠠᠶᠢᠮᠠᠭ ᠤᠨ ᠵᠠᠬᠢᠷᠭ᠎ᠠ ᠶᠢᠨ ︽︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠶ ᠲᠣᠭᠲᠠᠭᠠᠯ ᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠪᠠᠲᠤ ᠴᠤᠭᠴᠠᠯᠠᠬᠤ︾  ᠶᠢ ᠡᠭᠦᠳᠦᠨ ᠪᠠᠶᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ︽ᠪᠦᠬᠦ ᠠᠶᠢᠮᠠᠭ ᠢᠶᠠᠷ ᠢᠶᠠᠨ ᠠᠮᠢᠳᠤᠯᠢᠭ ᠠᠵᠢᠯ ᠣᠯᠭᠤᠯᠲᠠ ᠶᠢ ᠠᠬᠢᠭᠤᠯᠬᠤ ᠲᠤᠬᠠᠶ᠂ ᠬᠦᠴᠢᠷᠳᠡᠯ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠦᠨᠳᠦᠰᠦᠨ ᠵᠦᠢᠯ ᠢ ᠪᠠᠲᠤᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠵᠦᠪᠯᠡᠵᠦ᠂ ︽ᠡᠨᠡ ᠵᠢᠯ ᠠᠴᠠ ᠨᠠᠰᠢᠬᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠪᠠ ︽2022 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠲᠥᠰᠦᠯ ᠪᠠ ᠡᠨᠡ ᠵᠢᠯ ᠠᠴᠠ ᠨᠠᠰᠢᠬᠢ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠵᠡᠷᠭᠡ 7 ᠮᠡᠳᠡᠭᠦᠯᠦᠯᠲᠡ ᠶᠢ ᠰᠣᠨᠣᠰᠴᠤ ᠬᠢᠨᠠᠨ ᠪᠠᠶᠢᠴᠠᠭᠠᠪᠠ᠃ ᠬᠢᠨᠠᠨ ᠵᠥᠪᠯᠡᠵᠦ ᠬᠢᠨᠠᠨ ᠪᠠᠶᠢᠴᠠᠭᠠᠭᠠᠳ ᠲᠤᠰ ᠤᠳᠠᠭᠠᠨ ᠤ ᠬᠤᠷᠠᠯᠳᠤᠭᠠᠨ ᠠᠴᠠ ᠡᠨᠡ 7 ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃    ᠬᠤᠷᠠᠯ ᠠᠴᠠ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠨᠠᠨ ᠵᠥᠪᠯᠡᠵᠦ ᠬᠢᠨᠠᠨ ᠪᠠᠶᠢᠴᠠᠭᠠᠭᠰᠠᠨ ᠰᠠᠨᠠᠯ ᠢ ᠨᠠᠷᠢᠨ ᠬᠢᠨᠠᠮᠠᠭᠠᠢ ᠭᠦᠢᠴᠡᠳᠬᠡᠵᠦ᠂ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号