ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠢᠵᠡᠢ
ᠨᠡᠶᠢᠲᠡᠯᠡᠭᠰᠡᠨ ᠴᠠᠭ᠄
2023/9/21
         ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ  ᠰᠠᠶᠢᠲᠤᠷ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠤᠯᠠᠨ ᠲᠦᠮᠡᠨ ᠤ ᠭᠠᠵᠢᠭᠤ ᠨᠣᠮᠯᠠᠯ ᠤᠨ  ᠨᠡᠪᠴᠢᠯᠳᠡ ᠶᠢ ᠰᠡᠷᠭᠡᠶᠢᠯᠡᠨ ᠬᠤᠷᠢᠭᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ  ᠲᠥᠯᠥᠭᠡ᠂ 9 ᠰᠠᠷ᠎ᠠ ᠶᠢᠨ 19 ᠤ ᠡᠳᠦᠷ᠂  ᠷᠠᠰᠢᠶᠠᠨ ᠬᠤᠳᠠ ᠶᠢᠨ ᠸᠧᠨᠴᠢᠤᠸᠠᠨ ᠵᠡᠭᠡᠯᠢ ᠶᠢᠨ ᠾᠧ ᠪᠢᠨ  ᠨᠡᠶᠢᠭᠡᠮ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃        ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠨᠡᠶᠢᠭᠡᠮ ᠲᠣᠭᠤᠷᠢᠭ ᠤᠨ ᠠᠵᠢᠯᠲᠠᠨ᠂ ᠲᠤᠤᠷᠵᠢᠭᠤᠯᠤᠭᠴᠢ   ᠠᠴᠠ ᠣᠯᠠᠨ ᠲᠦᠮᠡᠨ ᠢ ᠸᠢᠴᠠᠲ᠂ ᠪᠢᠴᠢᠯ ᠪᠯᠤᠭ᠂ ᠣᠯᠠᠨ ᠨᠡᠶᠢᠲᠡ ᠶᠢᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠤᠨ  ᠪᠠᠭᠠᠵᠢ ᠶᠢ ᠠᠰᠢᠭᠯᠠᠨ᠂ ᠰᠢᠨᠵᠢᠯᠡᠬᠦ ᠤᠬᠠᠭᠠᠨ ᠤ ᠳᠠᠮᠵᠢᠭᠤᠯᠭ᠎ᠠ ᠶᠢᠨ ᠠᠴᠢᠶᠠᠯᠠᠪᠤᠷᠢ ᠶᠢ ᠥᠷᠭᠡᠳᠬᠡᠨ᠂ ᠰᠢᠨᠵᠢᠯᠡᠬᠦ  ᠤᠬᠠᠭᠠᠨ ᠤ ᠮᠡᠳᠡᠯᠭᠡ ᠪᠠ ᠰᠢᠨᠵᠢᠯᠡᠬᠦ ᠤᠬᠠᠭᠠᠨ ᠤ ᠠᠷᠭ᠎ᠠ ᠶᠢ ᠲᠦᠭᠡᠮᠡᠯᠵᠢᠭᠦᠯᠵᠦ᠂ ︽ᠰᠢᠨᠵᠢᠯᠡᠬᠦ ᠤᠬᠠᠭᠠᠨ ᠢ  ᠲᠦᠭᠡᠮᠡᠯᠵᠢᠭᠦᠯᠬᠦ ᠳᠤᠮᠳᠠᠳᠤ ᠤᠯᠤᠰ︾ ︽ᠷᠠᠰᠢᠶᠠᠨ ᠬᠤᠲᠠ ᠶᠢᠨ ᠸᠧᠨᠴᠢᠤᠸᠠᠨ ᠵᠡᠭᠡᠯᠢ ᠶᠢᠨ ᠬᠡᠷᠡᠭ ᠡᠷᠬᠢᠯᠡᠬᠦ  ᠭᠠᠵᠠᠷ︾ ᠵᠡᠷᠭᠡ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠢ ᠠᠩᠬᠠᠷᠴᠤ᠂ ᠬᠠᠮᠢᠶ᠎ᠠ ᠪᠥᠬᠦᠶ ᠮᠡᠳᠡᠭᠡ ᠵᠠᠩᠭᠢ ᠶᠢ  ᠴᠠᠭ ᠲᠤᠬᠠᠶ ᠳᠤᠨᠢ ᠡᠷᠢᠵᠦ ᠦᠵᠡᠬᠦ ᠶᠢ ᠬᠦᠳᠦᠯᠦᠨ ᠵᠢᠯᠤᠭᠤᠳᠴᠠᠢ᠃ ᠭᠠᠵᠢᠭᠤ ᠨᠣᠮᠯᠠᠯ ᠤᠨ ︿ᠪᠦᠷᠢᠨ  ᠴᠢᠳᠠᠪᠤᠷᠢᠲᠤ ᠰᠠᠬᠢᠭᠤᠯᠰᠤᠨ﹀ ᠤ ᠱᠤᠭ ᠵᠢᠷᠤᠭ ᠤᠨ ᠦᠵᠡᠭᠦᠯᠭᠡ︾ ᠶᠢ ᠢᠯᠡᠴᠢᠯᠡᠬᠦ ᠲᠠᠢ ᠤᠶᠠᠯᠳᠤᠭᠤᠯᠤᠨ  ᠬᠤᠯᠪᠣᠭᠳᠠᠯ ᠪᠦᠬᠦᠢ ᠮᠡᠳᠡᠯᠭᠡ ᠨᠢ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠰᠤᠷᠤᠯᠴᠠᠯᠭ᠎ᠠ ᠶᠢᠨ ᠰᠣᠨᠢᠷᠬᠠᠯᠲᠤ  ᠴᠢᠨᠠᠷ ᠢ ᠨᠡᠮᠡᠭᠳᠡᠭᠦᠯᠦᠭᠰᠡᠨ ᠤ ᠬᠠᠮᠲᠤ ᠪᠠᠰᠠ ᠭᠠᠵᠢᠭᠤ ᠨᠣᠮᠯᠠᠯ ᠢ ᠡᠰᠡᠷᠭᠦᠴᠡᠬᠦ ᠡᠯ᠎ᠡ ᠵᠦᠢᠯ ᠤᠨ ᠤᠬᠠᠭᠤᠯᠭ᠎ᠠ ᠶᠢᠨ  ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠳᠤ ︽ᠰᠠᠬᠢᠭᠤᠯᠰᠤᠨ ᠢ ᠢᠲᠡᠭᠡᠬᠦ ᠪᠠᠷ ᠢᠶᠠᠨ ᠥᠪᠡᠷ ᠢ ᠪᠠᠨ  ᠢᠲᠡᠭᠡᠬᠦ ᠬᠡᠷᠡᠭᠳᠡᠢ᠂ ᠰᠠᠬᠢᠭᠤᠯᠰᠤᠨ ᠳᠤ ᠮᠥᠷᠭᠦᠬᠦ ᠪᠠᠷ ᠢᠶᠠᠨ ᠪᠣᠳᠠᠲᠠᠶ ᠠᠵᠢᠯᠯᠠᠬᠤ ᠬᠡᠷᠡᠭᠳᠡᠢ︾ ᠭᠡᠵᠦ ᠰᠠᠨᠠᠭᠤᠯᠵᠠᠶ᠃            ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠤᠬᠠᠭᠤᠯᠭ᠎ᠠ ᠶᠢᠨ ᠮᠠᠲ᠋ᠧᠷᠢᠶᠠᠯ ᠵᠢᠴᠢ  ᠤᠬᠠᠭᠤᠯᠭ᠎ᠠ ᠶᠢᠨ ᠬᠡᠷᠡᠭᠰᠡᠯ ᠢ ᠲᠠᠷᠬᠠᠭᠠᠵᠤ᠂ ᠮᠠᠨ ᠤ ᠬᠠᠷᠢᠶ᠎ᠠ ᠣᠷᠣᠨ ᠳᠤ ᠭᠠᠵᠢᠭᠤ ᠨᠣᠮᠯᠠᠯ ᠢ ᠡᠰᠡᠷᠭᠦᠴᠡᠬᠦ  ᠲᠡᠮᠡᠴᠡᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠤ  ᠣᠷᠣᠯᠴᠠᠬᠤ ᠬᠠᠯᠠᠭᠤᠨ ᠰᠡᠳᠬᠢᠯᠭᠡ ᠪᠠ ᠭᠠᠵᠢᠭᠤ ᠨᠣᠮᠯᠠᠯ ᠢ ᠲᠠᠨᠢᠬᠤ᠂ ᠭᠠᠵᠢᠭᠤ ᠨᠣᠮᠯᠠᠯ ᠢ ᠢᠯᠭᠠᠬᠤ᠂ ᠭᠠᠵᠢᠭᠤ  ᠨᠣᠮᠯᠠᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ᠠᠮᠤᠷ  ᠠᠮᠤᠭᠤᠯᠠᠩ ᠷᠠᠰᠢᠶᠠᠨ ᠬᠤᠲᠠ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃          
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号